ᠪᠠᠶᠠᠨᠨᠠᠭᠤᠷ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠤᠷᠠᠳ ᠤᠨ ᠬᠤᠶᠢᠲᠤ ᠬᠤᠰᠢᠭᠤᠨ ᠤ ᠶᠡᠭᠡ ᠠᠩᠭᠢ ᠨᠢ ᠪᠠᠶᠠᠷ ᠤᠨ ᠡᠳᠦᠷ ᠠᠴᠠ ᠡᠮᠦᠨᠡᠬᠢ ᠵᠢᠯᠣᠭᠤᠴᠢ ᠶᠢᠨ ᠰᠤᠷᠭᠠᠭᠤᠯᠢ ᠶᠢᠨ ᠠᠶᠤᠯᠭᠦᠶ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠢ ᠥᠷᠨᠢᠭᠦᠯᠪᠡ
ᠨᠡᠶᠢᠲᠡᠯᠡᠭᠰᠡᠨ ᠴᠠᠭ᠄
2021/9/17
     2021 ᠣᠨ ᠤ ᠨᠠᠢᠮᠠᠨ ᠰᠠᠷ᠎ᠠ ᠶᠢᠨ ᠲᠡᠷᠭᠡᠯ ᠤᠨ ᠪᠠᠶᠡᠷ᠂ ᠤᠯᠤᠰ ᠤᠨ ᠪᠠᠶᠠᠷ ᠪᠣᠯᠬᠤ ᠲᠠᠰᠢᠷᠠᠮ ᠳᠤ᠂ ︽ᠬᠤᠤᠰ ᠪᠠᠶᠠᠷ︾ ᠤᠨ ᠬᠤᠭᠤᠴᠠᠭᠠᠨ ᠳᠠᠬᠢ ᠤᠷᠠᠳ ᠤᠨ ᠬᠤᠶᠢᠲᠤ ᠬᠤᠰᠢᠭᠤᠨ ᠤ ᠮᠠᠰᠢᠨ ᠲᠡᠷᠭᠡᠨ ᠤ ᠵᠢᠯᠣᠭᠤᠴᠢ ᠶᠢᠨ ᠪᠣᠯᠪᠠᠰᠤᠷᠠᠯ ᠤᠨ ᠠᠵᠢᠯ ᠲᠥᠷᠥᠯ ᠤᠨ ᠠᠶᠤᠯᠭᠦᠶ ᠦᠢᠯᠡᠳᠪᠦᠷᠢᠯᠡᠯ ᠤᠨ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ ︽ᠪᠥᠬᠦ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠠᠵᠢᠯ︾ ᠤᠨ ᠬᠠᠮᠢᠶ᠎ᠠ ᠪᠥᠬᠦᠶ ᠱᠠᠭᠠᠷᠳᠠᠯᠭ᠎ᠠ ᠲᠠᠢ ᠤᠶᠠᠯᠳᠤᠭᠤᠯᠤᠨ᠂ 9 ᠳ᠋ᠦ᠋ᠭᠡᠷ ᠰᠠᠷ᠎ᠠ ᠶᠢᠨ 14 ᠤ ᠡᠳᠦᠷ᠂ ᠪᠠᠶᠠᠨᠨᠠᠭᠤᠷ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠤᠷᠠᠳ ᠤᠨ ᠬᠤᠶᠢᠲᠤ ᠬᠤᠰᠢᠭᠤᠨ ᠤ ᠶᠡᠭᠡ ᠠᠩᠭᠢ ᠨᠢ ᠬᠠᠷᠢᠶᠠᠲᠦ ᠣᠷᠣᠨ ᠤ ᠵᠢᠯᠣᠭᠤᠴᠢ ᠶᠢᠨ ᠰᠤᠷᠭᠠᠭᠤᠯᠢ ᠳᠤ ᠠᠶᠤᠯᠭᠦᠶ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠬᠢᠪᠠ᠃      ᠲᠣᠰ ᠤᠳᠠᠭᠠᠨ ᠤ ᠠᠶᠤᠯᠭᠦᠶ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠵᠣᠷᠢᠯᠭ᠎ᠠ ᠪᠣᠯ ᠬᠠᠷᠢᠶᠠᠲᠦ ᠣᠷᠣᠨ ᠤ ᠮᠠᠰᠢᠨ ᠲᠡᠷᠭᠡᠨ ᠤ ᠵᠢᠯᠣᠭᠤᠴᠢ ᠶᠢᠨ ᠪᠣᠯᠪᠠᠰᠤᠷᠠᠯ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠵᠤ᠂ ᠮᠠᠰᠢᠨ ᠲᠡᠷᠭᠡᠨ ᠤ ᠵᠢᠯᠣᠭᠤᠴᠢ ᠶᠢᠨ ᠪᠣᠯᠪᠠᠰᠤᠷᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠵᠤ᠂ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠪᠠᠷ ᠭᠠᠷᠳᠠᠴᠠ ᠪᠣᠯᠭᠠᠵᠤ᠂ ᠮᠠᠰᠢᠨ ᠲᠡᠷᠭᠡᠨ ᠤ ᠵᠢᠯᠣᠭᠤᠴᠢ ᠶᠢᠨ ᠪᠣᠯᠪᠠᠰᠤᠷᠠᠯ ᠤᠨ ᠠᠵᠢᠯ ᠲᠥᠷᠥᠯ ᠤᠨ ᠠᠮᠤᠷ ᠲᠦᠪᠰᠢᠨ ᠤ ᠲᠤᠤᠷ ᠢ ᠪᠠᠬᠢᠵᠢᠭᠦᠯᠵᠦ᠂ ᠠᠶᠤᠯᠭᠦᠶ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠠᠵᠢᠯ ᠤᠨ ᠦᠨᠡᠨ ᠬᠦ ᠦᠷ᠎ᠡ ᠪᠦᠲᠦᠮᠵᠢ ᠤᠯᠬᠤ ᠶᠢ ᠪᠠᠲᠤᠯᠠᠬᠤ ᠶᠢᠨ ᠲᠥᠯᠥᠭᠡ ᠶᠤᠮ᠃      ᠪᠠᠶᠢᠴᠠᠭᠠᠬᠤ ᠠᠵᠢᠯᠳᠠᠨ ᠠᠴᠠ ᠵᠢᠯᠣᠭᠤᠴᠢ ᠶᠢᠨ ᠰᠤᠷᠭᠠᠭᠤᠯᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ᠂ ᠵᠢᠭᠠᠨ ᠰᠤᠷᠭᠠᠭᠴᠢ ᠶᠢᠨ ᠬᠠᠮᠢᠶᠠᠷᠤᠯᠲᠠ ᠶᠢᠨ ᠲᠦᠷᠢᠮ᠂ ᠰᠣᠷᠣᠭᠴᠢ ᠶᠢᠨ ᠬᠠᠮᠢᠶᠠᠷᠤᠯᠲᠠ ᠶᠢᠨ ᠲᠦᠷᠢᠮ ᠵᠡᠷᠭᠡ ᠮᠠᠲ᠋ᠧᠷᠢᠶᠠᠯ ᠢ ᠨᠠᠷᠢᠨ ᠬᠢᠨᠠᠮᠠᠭᠠᠶ ᠪᠠᠶᠢᠴᠠᠭᠠᠨ ᠦᠵᠡᠪᠡ᠃ ᠵᠢᠯᠣᠭᠤᠴᠢ ᠶᠢᠨ ᠰᠤᠷᠭᠠᠭᠤᠯᠢ ᠶᠢᠨ ᠠᠮᠤᠷ ᠲᠦᠪᠰᠢᠨ ᠤ ᠰᠠᠭᠤᠷᠢ ᠲᠥᠬᠦᠭᠡᠷᠦᠮᠵᠢ ᠵᠢᠴᠢ ᠵᠢᠭᠠᠨ ᠰᠤᠷᠭᠠᠬᠤ ᠲᠥᠬᠦᠭᠡᠷᠦᠮᠵᠢ᠂ ᠪᠡᠯᠡᠳᠭᠡᠮᠵᠢ ᠪᠠ ᠲᠠᠯᠠᠪᠤᠷ ᠢ ᠲᠤᠬᠠᠶ ᠶᠢᠨ ᠭᠠᠵᠠᠷ ᠲᠤ ᠨᠢ ᠪᠠᠶᠢᠴᠠᠭᠠᠭᠰᠠᠨ ᠤ ᠬᠠᠮᠲᠤ᠂ ᠵᠢᠭᠠᠨ ᠪᠣᠯᠪᠠᠰᠤᠷᠠᠭᠤᠯᠬᠤ ᠲᠡᠷᠭᠡᠨ ᠤ ᠮᠡᠷᠭᠡᠵᠢᠯ ᠤᠨ ᠪᠠᠶᠢᠳᠠᠯ᠂ ᠭᠠᠯ ᠤᠨᠲᠠᠷᠠᠭᠠᠭᠤᠷ ᠤᠨ ᠪᠦᠷᠢᠨ ᠭᠦᠢᠴᠡᠳ ᠬᠦᠴᠦᠨ ᠲᠠᠢ ᠪᠠᠶᠢᠬᠤ ᠡᠰᠡᠬᠦ᠂ ᠵᠢᠭᠠᠨ ᠰᠤᠷᠭᠠᠭᠴᠢ ᠶᠢᠨ ᠠᠵᠢᠯ ᠤᠨ ᠪᠠᠶᠢᠷᠢ ᠠᠴᠠ ᠪᠠᠨ ᠰᠠᠯᠵᠤ ᠵᠢᠭᠠᠨ ᠰᠤᠷᠭᠠᠭᠰᠠᠨ ᠡᠰᠡᠬᠦ᠂ ᠰᠤᠷᠤᠭᠴᠢᠳ ᠤᠨ ᠠᠮᠤᠷ ᠲᠦᠪᠰᠢᠨ ᠤ ᠪᠦᠰᠡ ᠪᠦᠰᠡᠯᠡᠭᠰᠡᠨ ᠡᠰᠡᠬᠦ ᠵᠡᠷᠭᠡ ᠪᠠᠶᠢᠳᠠᠯ ᠢ ᠨᠢᠭᠡᠳ ᠨᠢᠭᠡ ᠪᠠᠷ ᠨᠠᠷᠢᠨ ᠪᠠᠶᠢᠴᠠᠭᠠᠵᠤ᠂ ᠠᠮᠤᠷ ᠲᠦᠪᠰᠢᠨ ᠤ ᠳᠠᠯᠳᠠ ᠬᠡᠮ ᠢ ︽ᠪᠦᠬᠦᠨ ᠢ ᠬᠠᠮᠤᠷᠴᠤ᠂ ᠥᠴᠦᠬᠡᠨ ᠴᠦ ᠠᠭᠤᠴᠢᠯᠠᠬᠤ ᠥᠬᠡᠶ︾ ᠪᠠᠶᠢᠬᠤ ᠶᠢ ᠦᠨᠡᠨ ᠬᠦ ᠪᠠᠲᠤᠯᠠᠪᠠ᠃      ᠲᠣᠰ ᠤᠳᠠᠭᠠᠨ ᠤ ᠠᠶᠤᠯᠭᠦᠶ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠪᠠᠷ ᠳᠠᠮᠵᠢᠭᠤᠯᠤᠨ᠂ ᠬᠠᠷᠢᠶᠠᠲᠦ ᠣᠷᠣᠨ ᠤ ᠵᠢᠯᠣᠭᠤᠴᠢ ᠶᠢᠨ ᠰᠤᠷᠭᠠᠭᠤᠯᠢ ᠶᠢᠨ ᠠᠮᠤᠷ ᠲᠦᠪᠰᠢᠨ ᠤ ᠬᠠᠷᠢᠭᠤᠴᠠᠯᠭ᠎ᠠ ᠪᠠ ᠰᠡᠷᠭᠡᠶᠢᠯᠡᠬᠦ ᠦᠵᠡᠯ ᠤᠬᠠᠮᠰᠠᠷ ᠢ ᠴᠢᠩᠭᠠᠷᠠᠭᠤᠯᠵᠤ᠂ ᠵᠢᠭᠠᠨ ᠰᠤᠷᠭᠠᠭᠴᠢ ᠪᠠ ᠰᠣᠷᠣᠭᠴᠢ ᠶᠢᠨ ᠠᠮᠤᠷ ᠲᠦᠪᠰᠢᠨ ᠤ ᠦᠵᠡᠯ ᠤᠬᠠᠮᠰᠠᠷ ᠢ ᠳᠡᠭᠡᠭᠰᠢᠯᠡᠭᠦᠯᠦᠨ᠂ ᠵᠢᠯᠣᠭᠤᠴᠢ ᠪᠠ ᠪᠣᠯᠪᠠᠰᠤᠷᠠᠯ ᠤᠨ ᠠᠵᠢᠯ ᠲᠥᠷᠥᠯ ᠤᠨ ᠡᠷᠡᠭᠦᠯ ᠢᠶᠠᠷ ᠬᠥᠭᠵᠢᠬᠦ ᠶᠢ ᠪᠦᠲᠦᠮᠵᠢᠲᠡᠶ ᠠᠬᠢᠭᠤᠯᠪᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号