ᠵᠢᠷᠤᠭ ᠲᠥᠯᠥᠪᠯᠡᠭᠡ ᠶᠢ ᠰᠢᠯᠢᠳᠡᠭᠵᠢᠭᠦᠯᠵᠦ ᠶᠠᠪᠤᠵᠤ ᠰᠠᠭᠤᠬᠤ ᠬᠦᠴᠢᠷ ᠠᠰᠠᠭᠤᠳᠠᠯ ᠢ ᠰᠢᠢᠳᠪᠦᠷᠢᠯᠡᠪᠡ
ᠨᠡᠶᠢᠲᠡᠯᠡᠭᠰᠡᠨ ᠴᠠᠭ᠄
2021/9/17
     ᠪᠠᠶᠠᠨᠨᠠᠭᠤᠷ ᠬᠤᠲᠠ ᠶᠢᠨ ᠯᠢᠨᠾᠧ ᠲᠣᠭᠤᠷᠢᠭ ᠤᠨ ᡁᠢ ᠹᠧᠩ ᠵᠠᠮ ᠪᠣᠯᠤᠨ ᠱᠦᠸᠧ ᠹᠠᠩ ᠵᠠᠮ ᠤᠨ ᠵᠠᠮ ᠤᠨ ᠵᠢᠷᠤᠭ ᠲᠥᠯᠥᠪᠯᠡᠭᠡ ᠶᠢᠨ ᠠᠰᠠᠭᠤᠳᠠᠯ ᠪᠣᠯ ᠡᠨᠡ ᠵᠢᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ 14 ᠲᠥᠷᠥᠯ ᠵᠦᠶᠯ ᠤᠨ ᠳᠣᠲᠣᠷᠠᠬᠢ ᠨᠢᠭᠡ ᠨᠢ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠢ ᠬᠤᠯᠪᠣᠭᠳᠠᠯ ᠪᠥᠬᠦᠶ ᠠᠶᠢᠮᠠᠭ ᠬᠤᠲᠠ ᠪᠣᠯᠤᠨ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠨᠢᠭᠡᠴᠢ ᠶᠢ ᠢᠳᠡᠪᠬᠢᠲᠡᠶ ᠪᠠᠷ ᠵᠣᠬᠢᠴᠠᠭᠤᠯᠵᠤ ᠪᠠᠶᠢᠭᠠᠳ ᠠᠰᠠᠭᠤᠳᠠᠯ ᠢ ᠰᠢᠶᠳᠪᠦᠷᠢᠯᠡᠬᠦ ᠶᠢ ᠠᠬᠢᠭᠤᠯᠪᠠ᠃      ᠡᠨᠡ ᠵᠢᠯ ᠤᠨ 4 ᠳ᠋ᠦ᠋ᠭᠡᠷ ᠰᠠᠷ᠎ᠠ ᠳᠤ᠂ ᠣᠯᠠᠨ ᠲᠦᠮᠡᠨ ᠤ ᠲᠤᠰᠬᠠᠭᠰᠠᠨ ᠢᠶᠠᠷ ᠪᠠᠶᠠᠨᠨᠠᠭᠤᠷ ᠬᠤᠲᠠ ᠶᠢᠨ ᠯᠢᠨᠾᠧ ᠲᠣᠭᠤᠷᠢᠭ ᠤᠨ ᠱᠦᠸᠧ ᠹᠠᠩ ᠵᠠᠮ ᠬᠢᠭᠡᠳ ᡁᠢ ᠹᠧᠩ ᠵᠡᠭᠡᠯᠢ ᠨᠢ ᠨᠡᠪᠲᠡᠷᠡᠭᠡᠳᠦᠶ ᠪᠠᠶᠢᠵᠤ᠂ ᠣᠶᠢᠷ᠎ᠠ ᠬᠠᠪᠢ ᠶᠢᠨ ᠬᠤᠳᠠᠯᠳᠤᠭᠠᠴᠢᠨ ᠬᠢᠭᠡᠳ ᠰᠠᠭᠤᠭᠠᠯᠢ ᠠᠷᠠᠳ ᠤᠨ ᠶᠠᠪᠤᠵᠤ ᠰᠠᠭᠤᠬᠤ ᠶᠢ ᠨᠥᠯᠦᠭᠡᠯᠡᠪᠡ᠃ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠢ ᠪᠠᠶᠠᠨᠨᠠᠭᠤᠷ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠲᠠᠢ ᠨᠡᠪᠲᠡᠷᠡᠯᠴᠡᠬᠦ ᠪᠠᠷ ᠳᠠᠮᠵᠢᠭᠤᠯᠤᠨ ᠯᠢᠨᠾᠧ ᠲᠣᠭᠤᠷᠢᠭ ᠤᠨ ᠵᠠᠰᠠᠭ  ᠤᠨ ᠣᠷᠳᠣᠨ᠂ ᠬᠤᠲᠠ ᠲᠣᠭᠤᠷᠢᠭ ᠬᠤᠶᠠᠷ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠥᠪᠥᠷ ᠮᠣᠩᠭᠤᠯ ᠤᠨ ᠳᠡᠭᠡᠳᠦ ᠲᠠᠰ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠨᠡᠭᠡᠭᠡᠨ ᠬᠥᠭᠵᠢᠭᠦᠯᠬᠦ ᠺᠣᠮᠫᠠᠨᠢ ᠵᠡᠷᠭᠡ ᠬᠠᠮᠢᠶ᠎ᠠ ᠪᠦᠬᠦᠢ ᠨᠢᠭᠡᠴᠢ ᠶᠢ ᠵᠣᠬᠢᠴᠠᠭᠤᠯᠤᠨ ᠲᠡᠭᠰᠢ ᠵᠠᠮ ᠤᠨ ᠠᠭᠤᠯᠵᠠᠷ ᠭᠠᠷᠭᠠᠬᠤ ᠠᠷᠭ᠎ᠠ ᠮᠠᠶ᠋ᠢᠭ ᠢᠶᠠᠷ ᠠᠰᠠᠭᠤᠳᠠᠯ ᠢ ᠰᠢᠶᠳᠪᠦᠷᠢᠯᠡᠵᠦ᠂ ᠤᠷᠢᠳ ᠬᠤᠵᠢᠳ ᠬᠤᠶᠠᠷ ᠤᠳᠠᠭ᠎ᠠ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᡁᠢ ᠹᠧᠩ ᠵᠡᠭᠡᠯᠢ ᠬᠢᠭᠡᠳ ᠱᠦᠸᠧ ᠹᠠᠩ ᠵᠠᠮ ᠤᠨ ᠲᠡᠭᠰᠢ ᠵᠠᠮ ᠤᠨ ᠠᠭᠤᠯᠵᠠᠷ ᠭᠠᠷᠭᠠᠬᠤ ᠲᠥᠰᠦᠯ ᠤᠨ ᠨᠤᠲᠠᠯᠠᠬᠤ ᠬᠤᠷᠠᠯ ᠳᠤ ᠣᠷᠣᠯᠴᠠᠭᠤᠯᠵᠤ᠂ ᠵᠢᠷᠤᠭ ᠲᠥᠯᠥᠪᠯᠡᠭᠡ ᠶᠢᠨ ᠲᠥᠰᠦᠯ  ᠢᠶᠠᠨ ᠲᠣᠭᠲᠠᠭᠠᠪᠠ᠃ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠢ ᠬᠠᠮᠢᠶ᠎ᠠ ᠪᠥᠬᠦᠶ ᠬᠠᠤᠯᠢ ᠶᠣᠰᠤᠨ ᠤ ᠵᠢᠷᠤᠮ ᠶᠣᠰᠣᠭᠠᠷ ︽ᠵᠠᠰᠠᠮᠠᠯ ᠵᠠᠮ ᠤᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠵᠥᠪᠰᠢᠶᠡᠷᠡᠯ ᠤᠨ ᠦᠨᠡᠮᠯᠡᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠲᠣᠭᠲᠠᠭᠠᠯ ᠤᠨ ᠪᠢᠴᠢᠭ︾ ᠢ ᠲᠠᠷᠬᠠᠭᠠᠵᠤ᠂ ᠬᠠᠮᠢᠶ᠎ᠠ ᠪᠥᠬᠦᠶ ᠵᠥᠪᠰᠢᠶᠡᠷᠡᠯ ᠤᠨ ᠭᠠᠷᠳᠠᠮ ᠢ 7 ᠳ᠋ᠤᠭᠠᠷ ᠰᠠᠷ᠎ᠠ ᠶᠢᠨ ᠰᠡᠭᠦᠯᠴᠢ ᠳᠤ ᠨᠢᠭᠡᠨᠲᠡ ᠭᠦᠶᠴᠡᠳᠬᠡᠵᠦ ᠳᠠᠭᠤᠰᠬᠠᠪᠠ᠃ ᠣᠳᠣᠬᠠᠨ ᠳᠤ᠂ ᠯᠢᠨᠾᠧ ᠲᠣᠭᠤᠷᠢᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠨᠢ ᠶᠠᠭ ᠪᠠᠷᠢᠯᠭ᠎ᠠ ᠶᠢᠨ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢᠶᠠᠨ ᠬᠢᠵᠦ ᠪᠣᠢ᠂ ᠡᠭᠦᠨ ᠳᠤ ᠴᠡᠴᠡᠷᠯᠢᠭ ᠤᠨ ᠰᠠᠯᠠᠭ᠎ᠠ ᠮᠥᠴᠢᠷ ᠲᠠᠢ ᠵᠣᠬᠢᠴᠠᠯᠵᠠᠵᠤ ᠮᠣᠳᠣ ᠶᠢ ᠰᠢᠯᠵᠢᠭᠦᠯᠬᠦ᠂ ᠵᠠᠮ ᠬᠠᠷᠢᠯᠴᠠᠭᠠᠨ ᠤ ᠳᠣᠬᠢᠶᠠᠨ ᠳ᠋ᠧᠩ ᠤᠨ ᠬᠠᠩᠭᠠᠯᠭ᠎ᠠ ᠶᠢᠨ ᠬᠤᠳᠠᠯᠳᠤᠭᠠᠴᠢᠨ ᠲᠠᠢ ᠬᠠᠷᠢᠯᠴᠠᠬᠤ ᠵᠡᠷᠭᠡ ᠤᠴᠢᠷ ᠶᠠᠪᠤᠳᠠᠯ ᠪᠠᠭᠲᠠᠬᠤ ᠶᠢᠨ ᠬᠠᠮᠲᠤ᠂ ᠢᠳᠡᠪᠬᠢᠲᠡᠶ ᠪᠠᠷ ᠪᠡᠯᠡ ᠮᠥᠩᠭᠦ ᠴᠤᠭᠯᠠᠭᠤᠯᠤᠨ ᠪᠠᠷᠢᠯᠭ᠎ᠠ ᠶᠢᠨ ᠠᠵᠢᠯ ᠢᠶᠠᠨ ᠪᠡᠯᠡᠳᠬᠡᠵᠦ ᠪᠠᠶᠢᠨ᠎ᠠ᠃      ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠦᠷᠭᠦᠯᠵᠢᠯᠡᠨ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠶᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠣᠯᠠᠨ ᠲᠦᠮᠡᠨ ᠤ ᠶᠠᠪᠤᠵᠤ ᠰᠠᠭᠤᠬᠤ ᠳᠤ ᠳᠥᠭᠦᠮ ᠳᠥᠲᠡ ᠦᠶᠯᠡᠴᠢᠯᠡᠭᠡ ᠬᠠᠩᠭᠠᠵᠤ᠂ ᠠᠷᠠᠳ ᠣᠯᠠᠨ ᠤ ᠠᠮᠤᠷ ᠲᠦᠪᠰᠢᠨ ᠤ ᠲᠥᠷᠥᠭᠳᠡᠯ᠂ ᠬᠦᠷᠲᠡᠭᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号