ᠳᠡᠭᠡᠳᠦ ᠬᠤᠷᠳᠤ ᠶᠢᠨ ᠵᠠᠰᠠᠮᠠᠯ ᠵᠠᠮ ᠤᠨ ᠵᠦᠷᠢᠶᠡᠴᠢᠯᠡᠭᠰᠡᠠ ᠰᠦᠢᠳᠭᠡᠯ ᠬᠤᠷᠢᠶᠠᠬᠤ ᠲᠤᠷᠰᠢᠯᠲᠠ ᠶᠢᠨ ᠴᠡᠭ ᠢ ᠬᠡᠷᠡᠭᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ  ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ  ᠡᠳ᠋ ᠤᠨ ᠵᠠᠰᠠᠭ ᠤᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2021/9/17
     ᠡᠯ᠎ᠡ ᠠᠶᠢᠮᠠᠭ ᠬᠤᠲᠠ᠂ ᠲᠦᠯᠦᠪᠯᠡᠭᠡᠨ ᠳᠤ ᠵᠢᠭᠰᠠᠭᠠᠯᠲᠠ ᠲᠠᠢ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠷᠦᠩᠬᠡᠶ ᠠᠩᠭᠢ᠂ ᠡᠯ᠎ᠡ ᠳᠡᠭᠡᠳᠦ ᠬᠤᠷᠳᠤ ᠶᠢᠨ ᠵᠠᠰᠠᠮᠠᠯ ᠵᠠᠮ ᠤᠨ ᠡᠵᠡᠩᠨᠡᠯᠲᠡ ᠬᠠᠮᠢᠶᠠᠷᠤᠯᠲᠠ ᠶᠢᠨ ᠨᠢᠭᠡᠴᠢ ᠳᠤ᠄      ︽︿ᠳᠡᠭᠡᠳᠦ ᠬᠤᠷᠳᠤ ᠶᠢᠨ ᠵᠠᠰᠠᠮᠠᠯ ᠵᠠᠮ ᠤᠨ ᠵᠦᠷᠢᠶᠡᠴᠢᠯᠡᠭᠰᠡᠨ ᠰᠦᠢᠳᠭᠡᠯ ᠬᠤᠷᠢᠶᠠᠬᠤ ᠶᠢ ᠬᠡᠷᠡᠭᠵᠢᠭᠦᠯᠬᠦ ᠲᠥᠰᠦᠯ ᠢ ᠪᠥᠬᠦ ᠲᠠᠯ᠎ᠠ ᠪᠠᠷ ᠳᠡᠯᠭᠡᠷᠡᠭᠦᠯᠬᠦ﹀ ᠶᠢ ᠳᠠᠷᠤᠮᠠᠯᠯᠠᠨ ᠲᠠᠷᠬᠠᠭᠠᠬᠤ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ  ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶ᠎ᠠ  ᠡᠳ᠋ ᠤᠨ ᠵᠠᠰᠠᠭ ᠤᠨ ᠶᠠᠮᠤᠨ ᠤ ᠮᠡᠳᠡᠭᠳᠡᠯ︾ ︵ᠵᠠᠮ ᠬᠠᠷᠢᠯᠴᠠᠭ᠎ᠠ ᠵᠠᠰᠠᠮᠠᠯ ᠵᠠᠮ ᠤᠨ ᠵᠠᠬᠢᠳᠠᠯ ﹇2021﹈ 228 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠣᠤᠷ ᠤᠨ ᠨᠡᠪᠲᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠳᠡᠭᠡᠳᠦ ᠬᠤᠷᠳᠤ ᠶᠢᠨ ᠵᠠᠰᠠᠮᠠᠯ ᠵᠠᠮ ᠤᠨ ᠶᠠᠪᠤᠵᠤ ᠰᠠᠭᠤᠬᠤ ᠥᠪᠡᠷ ᠤᠨ ᠥᠷᠲᠡᠭ ᠢ ᠪᠠᠭᠤᠷᠠᠭᠤᠯᠵᠤ᠂ ᠪᠠᠷᠠᠭᠠᠨ ᠤ ᠭᠦᠢᠯᠭᠡᠭᠡᠨ ᠤ  ᠦᠢᠯᠡᠰ ᠤᠨ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠮᠠᠨ ᠤ ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠣᠷᠣᠨ ᠤ ᠳᠣᠲᠣᠷᠠᠬᠢ ᠬᠡᠰᠡᠭ ᠳᠡᠭᠡᠳᠦ ᠬᠤᠷᠳᠤ ᠶᠢᠨ ᠵᠠᠰᠠᠮᠠᠯ ᠵᠠᠮ ᠤᠨ ᠬᠡᠰᠡᠭ ᠤᠨ ᠪᠠᠷᠠᠭᠠᠨ ᠤ ᠲᠡᠷᠭᠡ ᠶᠢᠨ ᠨᠡᠪᠲᠡᠷᠡᠬᠦ ᠰᠦᠢᠳᠭᠡᠯ ᠤᠨ ᠰᠦᠢᠳᠭᠡᠯ ᠬᠤᠷᠢᠶᠠᠬᠤ ᠪᠠᠷᠢᠮᠵᠢᠶ᠎ᠠ ᠳᠤ ᠵᠦᠷᠢᠶᠡᠴᠢᠯᠡᠭᠰᠡᠨ ᠰᠦᠢᠳᠭᠡᠯ ᠬᠤᠷᠢᠶᠠᠬᠤ ᠲᠤᠷᠰᠢᠯᠲᠠ ᠶᠢᠨ ᠴᠡᠭ ᠢ ᠬᠡᠷᠡᠭᠵᠢᠭᠦᠯᠦᠨ᠎ᠡ᠃ ᠡᠳᠦᠭᠡ ᠬᠤᠯᠪᠣᠭᠳᠠᠯ ᠪᠥᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ      ᠨᠢᠭᠡ᠂ ᠵᠦᠷᠢᠶᠡᠴᠢᠯᠡᠭᠰᠡᠠ ᠲᠦᠷᠦ ᠶᠢᠨ ᠪᠤᠳᠦᠯᠭ᠎ᠠ      ︵ᠨᠢᠭᠡ︶ ᠮᠠᠨ ᠤ ᠣᠷᠣᠨ ᠤ ᠳᠡᠭᠡᠳᠦ ᠬᠤᠷᠳᠤ ᠶᠢᠨ ᠵᠠᠰᠠᠮᠠᠯ ᠵᠠᠮ ᠤᠨ ᠰᠦᠢᠳᠭᠡᠯ ᠬᠤᠷᠢᠶᠠᠬᠤ ᠪᠠᠷᠢᠮᠵᠢᠶ᠎ᠠ ᠶᠢᠨ ᠵᠦᠷᠢᠶᠡᠴᠢᠯᠡᠭᠰᠡᠠ ᠰᠦᠢᠳᠭᠡᠯ ᠬᠤᠷᠢᠶᠠᠬᠤ ᠶᠢ ᠪᠣᠯ ᠣᠲᠣ ᠶᠢᠨ ᠬᠡᠷᠡᠭᠵᠢᠭᠦᠯᠵᠦ ᠪᠠᠶᠢᠭ᠎ᠠ ᠰᠦᠢᠳᠭᠡᠯ ᠬᠤᠷᠢᠶᠠᠬᠤ ᠪᠠᠷᠢᠮᠵᠢᠶ᠎ᠠ ᠪᠠᠷ ᠰᠠᠭᠤᠷᠢ ᠪᠣᠯᠭᠠᠵᠤ᠂ ᠵᠦᠷᠢᠶᠡᠵᠢᠬᠦᠯᠦᠨ ᠳᠣᠷᠣᠭᠰᠢᠯᠠᠭᠤᠯᠬᠤ ᠵᠠᠷᠴᠢᠮ ᠢᠶᠠᠷ ᠰᠤᠳᠤᠯᠤᠨ ᠲᠣᠭᠲᠠᠭᠠᠨ᠎ᠠ᠃      ︵ᠬᠤᠶᠠᠷ︶ G55 ᠡᠷᠢᠶᠡᠨ ᠠᠴᠠ ᠭᠤᠸᠠᠩᠵᠸᠦ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠰᠠᠶᠢᠬᠠᠨᠲᠠᠯ᠎ᠠ ᠠᠴᠠ ᠪᠠᠶᠠᠨᠴᠠᠭᠠᠨ ᠬᠥᠷᠬᠦ ᠬᠡᠰᠡᠭ ᠢ ᠲᠤᠷᠰᠢᠯᠲᠠ ᠶᠢᠨ ᠴᠡᠭ ᠪᠣᠯᠭᠠᠬᠤ ᠪᠠᠷ ᠲᠦᠯᠦᠪᠯᠡᠨ ᠲᠣᠭᠲᠠᠭᠠᠵᠤ ᠂ ᠡᠭᠦᠳᠡᠨ ᠵᠢᠶᠠᠰᠠ ᠶᠢᠨ ᠨᠡᠪᠲᠡᠷᠡᠬᠦ ᠲᠤᠭ᠎ᠠ ᠪᠠᠷᠢᠮᠲᠠ ᠪᠠᠷ ᠪᠠᠷᠢᠮᠵᠢᠶ᠎ᠠ ᠪᠣᠯᠭᠠᠵᠤ᠂ ᠲᠣᠰ ᠵᠠᠮ ᠤᠨ ᠬᠡᠰᠡᠭ ᠢᠶᠠᠷ ᠨᠡᠪᠲᠡᠷᠡᠬᠦ ᠳᠤ ETC ᠬᠡᠷᠡᠭᠯᠡᠬᠦ ᠬᠠᠤᠯᠢ ᠶᠣᠰᠣᠨ ᠤ ᠲᠡᠭᠡᠭᠡᠪᠦᠷᠢ ᠶᠢᠨ ᠪᠠᠷᠠᠭᠠᠨ ᠤ ᠲᠡᠷᠭᠡ ᠳᠤ ETC ᠶᠢᠨ 9.5 ᠨᠤᠭᠤᠯᠤᠭᠠᠰᠤ ᠶᠢᠨ ᠰᠠᠭᠤᠷᠢᠨ ᠳᠡᠭᠡᠷ᠎ᠡ᠂ ᠨᠡᠪᠲᠡᠷᠡᠬᠦ ᠰᠦᠢᠳᠭᠡᠯ ᠳᠤ 6 ᠨᠤᠭᠤᠯᠤᠭᠠᠰᠤ ᠶᠢᠨ ᠬᠠᠷᠠᠭᠠᠯᠵᠠᠯ ᠦᠵᠡᠭᠦᠯᠦᠨ᠎ᠡ᠃      ︵ᠭᠤᠷᠪᠠ︶ G1013 ᠬᠠᠶᠢᠯᠠᠷ ᠠᠴᠠ ᠵᠠᠩ ᠵᠢᠶᠠ ᠺᠧᠦ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ ᠤᠨ  ᠰᠢᠯᠢᠩᠬᠤᠲᠠ ᠠᠴᠠ ᠭᠤᠷᠪᠠᠳᠤᠭᠠᠷ ᠨᠣᠮᠧᠷᠲᠤ ᠭᠠᠵᠠᠷ ᠤᠨ ᠬᠡᠰᠡᠭ ᠢᠶᠠᠷ ᠲᠤᠷᠰᠢᠯᠲᠠ ᠶᠢᠨ ᠴᠡᠭ ᠪᠣᠯᠭᠠᠬᠤ  ᠪᠠᠷ ᠲᠦᠯᠦᠪᠯᠡᠨ ᠲᠣᠭᠲᠠᠭᠠᠵᠤ᠂ ᠡᠭᠦᠳᠡᠨ ᠵᠢᠶᠠᠰᠠ ᠶᠢᠨ ᠨᠡᠪᠲᠡᠷᠡᠬᠦ ᠲᠤᠭ᠎ᠠ ᠪᠠᠷᠢᠮᠲᠠ ᠪᠠᠷ ᠪᠠᠷᠢᠮᠵᠢᠶ᠎ᠠ ᠪᠣᠯᠭᠠᠵᠤ᠂ ᠲᠣᠰ ᠵᠠᠮ ᠤᠨ ᠬᠡᠰᠡᠭ ᠢᠶᠠᠷ ᠨᠡᠪᠲᠡᠷᠡᠬᠦ ᠳᠤ ETC ᠬᠡᠷᠡᠭᠯᠡᠬᠦ 3 ᠠᠴᠠ 5 ᠬᠡᠯᠪᠡᠷᠢ ᠶᠢᠨ ᠬᠠᠤᠯᠢ ᠶᠣᠰᠣᠨ ᠤ ᠲᠡᠭᠡᠭᠡᠪᠦᠷᠢ ᠶᠢᠨ ᠪᠠᠷᠠᠭᠠᠨ ᠤ ᠲᠡᠷᠭᠡ ᠳᠤ 9.5 ᠨᠤᠭᠤᠯᠤᠭᠠᠰᠤ ᠶᠢᠨ ᠰᠠᠭᠤᠷᠢᠨ ᠳᠡᠭᠡᠷ᠎ᠡ᠂ ᠨᠡᠪᠲᠡᠷᠡᠬᠦ ᠰᠦᠢᠳᠭᠡᠯ ᠳᠤ 6 ᠨᠤᠭᠤᠯᠤᠭᠠᠰᠤ ᠶᠢᠨ ᠬᠠᠷᠠᠭᠠᠯᠵᠠᠯ ᠦᠵᠡᠭᠦᠯᠦᠨ᠎ᠡ︔ ETC ᠬᠡᠷᠡᠭᠯᠡᠬᠦ ᠶᠡᠷᠦᠩᠬᠡᠶ ᠬᠦᠨᠳᠦ ᠨᠢ 20 ᠲᠣᠨ ᠠᠴᠠ ᠪᠠᠭ᠎ᠠ ᠪᠤᠶᠤ ᠲᠡᠭᠦᠨ ᠲᠠᠢ ᠲᠡᠩᠴᠡᠭᠦᠤ 6 ᠬᠡᠯᠪᠡᠷᠢ ᠶᠢᠨ ᠬᠠᠤᠯᠢ ᠶᠣᠰᠣᠨ ᠤ ᠲᠡᠭᠡᠭᠡᠪᠦᠷᠢ ᠶᠢᠨ ᠪᠠᠷᠠᠭᠠᠨ ᠤ ᠲᠡᠷᠭᠡ ᠳᠤ 9.5 ᠨᠤᠭᠤᠯᠤᠭᠠᠰᠤ ᠶᠢᠨ ᠰᠠᠭᠤᠷᠢᠨ ᠳᠡᠭᠡᠷ᠎ᠡ᠂ ᠨᠡᠪᠲᠡᠷᠡᠬᠦ ᠰᠦᠢᠳᠭᠡᠯ ᠳᠤ 5 ᠨᠤᠭᠤᠯᠤᠭᠠᠰᠤ ᠶᠢᠨ ᠬᠠᠷᠠᠭᠠᠯᠵᠠᠯ ᠦᠵᠡᠭᠦᠯᠦᠨ᠎ᠡ᠃      ︵ᠳᠥᠷᠪᠡ︶ ETC ᠬᠡᠷᠡᠭᠯᠡᠵᠦ ᠨᠡᠪᠲᠡᠷᠡᠬᠦ ᠲᠡᠷᠭᠡ ᠬᠥᠰᠬᠡ ᠨᠢ OBU ᠶᠢᠨ ᠳᠣᠲᠣᠷᠠᠬᠢ ᠲᠡᠷᠭᠡᠨ ᠤ ᠬᠡᠯᠪᠡᠷᠢ ᠨᠢ ᠨᠡᠪᠲᠡᠷᠡᠬᠦ ᠦᠶ᠎ᠡ ᠶᠢᠨ ᠪᠣᠳᠠᠲᠠᠶ ᠲᠡᠷᠭᠡᠨ ᠤ ᠬᠡᠯᠪᠡᠷᠢ ᠲᠠᠢ ᠨᠡᠶᠢᠴᠡᠬᠦ ᠥᠬᠡᠶ ᠲᠡᠷᠭᠡ ᠬᠥᠰᠬᠡ ᠳᠤ ᠶᠠᠮᠠᠷᠪᠠ ᠨᠡᠪᠲᠡᠷᠡᠬᠦ ᠰᠦᠢᠳᠭᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠲᠡᠭᠡᠬᠦ ᠥᠬᠡᠶ᠃      ᠬᠤᠶᠠᠷ᠂ ᠲᠤᠷᠰᠢᠨ ᠬᠡᠷᠡᠭᠵᠢᠭᠦᠯᠬᠦ ᠴᠠᠭ      ᠳᠡᠭᠡᠳᠦ ᠬᠤᠷᠳᠤ ᠶᠢᠨ ᠵᠠᠰᠠᠮᠠᠯ ᠵᠠᠮ  ᠤᠨ ᠵᠦᠷᠢᠶᠡᠴᠢᠯᠡᠭᠰᠡᠨ ᠰᠦᠢᠳᠭᠡᠯ ᠬᠤᠷᠢᠶᠠᠬᠤ ᠲᠤᠷᠰᠢᠯᠲᠠ ᠶᠢᠨ ᠴᠡᠭ  ᠤᠨ ᠲᠤᠷᠰᠢᠨ ᠬᠡᠷᠡᠭᠵᠢᠭᠦᠯᠬᠦ ᠬᠤᠭᠤᠴᠠᠭ᠎ᠠ ᠨᠢ 2021 ᠣᠨ ᠤ 10 ᠳ᠋ᠤᠭᠠᠷ ᠰᠠᠷ᠎ᠠ ᠶᠢᠨ 11 ᠤ ᠡᠳᠦᠷ ᠠᠴᠠ ᠡᠬᠢᠯᠡᠨ 2022 ᠣᠨ ᠤ 12 ᠳ᠋ᠤᠭᠠᠷ ᠰᠠᠷ᠎ᠠ ᠶᠢᠨ 31 ᠤ ᠡᠳᠦᠷ ᠳᠠᠭᠤᠰᠤᠨ᠎ᠠ᠃      ᠭᠤᠷᠪᠠ᠂ ᠬᠠᠮᠢᠶ᠎ᠠ ᠪᠥᠬᠦᠶ ᠱᠠᠭᠠᠷᠳᠠᠯᠭ᠎ᠠ      ︵ᠨᠢᠭᠡ︶ ᠬᠠᠮᠢᠶ᠎ᠠ ᠪᠥᠬᠦᠶ ᠳᠡᠭᠡᠳᠦ ᠬᠤᠷᠳᠤ ᠶᠢᠨ ᠵᠠᠰᠠᠮᠠᠯ ᠵᠠᠮ ᠤᠨ ᠡᠵᠡᠩᠨᠡᠯᠲᠡ ᠬᠠᠮᠢᠶᠠᠷᠤᠯᠲᠠ ᠶᠢᠨ ᠨᠢᠭᠡᠴᠢ ᠨᠢ ᠲᠤᠷᠰᠢᠯᠲᠠ ᠶᠢᠨ ᠴᠡᠭ ᠤᠨ ᠵᠠᠮ ᠤᠨ ᠬᠡᠰᠡᠭ ᠤᠨ ᠡᠬᠢᠯᠡᠯᠲᠡ ᠶᠢᠨ ᠴᠡᠭ ᠲᠤ ᠳᠡᠭᠡᠳᠦ ᠬᠤᠷᠳᠤ ᠶᠢᠨ ᠵᠠᠰᠠᠮᠠᠯ ᠵᠠᠮ ᠤᠨ ᠵᠦᠷᠢᠶᠡᠴᠢᠯᠡᠭᠰᠡᠨ ᠰᠦᠢᠳᠭᠡᠯ ᠬᠤᠷᠢᠶᠠᠬᠤ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠪᠠ ᠰᠦᠢᠳᠭᠡᠯ ᠬᠤᠷᠢᠶᠠᠬᠤ ᠪᠠᠷᠢᠮᠵᠢᠶ᠎ᠠ ᠶᠢᠨ ᠮᠡᠳᠡᠭᠡ ᠵᠠᠩᠭᠢ ᠶᠢ ᠢᠯᠡ ᠪᠣᠯᠭᠠᠬᠤ ᠶᠢ ᠰᠠᠶᠢᠲᠤᠷ ᠬᠢᠵᠦ᠂ ᠭᠠᠵᠠᠷ ᠤᠨ ᠵᠢᠷᠤᠭ ᠤᠨ ᠠᠶᠠᠯᠠᠯ ᠵᠠᠯᠠᠬᠤ ᠵᠡᠷᠭᠡ ᠪᠠᠭᠠᠵᠢ ᠶᠢ ᠭᠦᠢᠴᠡᠳ ᠠᠰᠢᠭᠯᠠᠨ᠂ ᠨᠡᠪᠲᠡᠷᠡᠬᠦ ᠵᠠᠮ ᠱᠤᠭᠤᠮ ᠪᠠ ᠲᠡᠷᠭᠡ ᠬᠥᠰᠬᠡ ᠶᠢᠨ ᠨᠡᠪᠲᠡᠷᠡᠬᠦ ᠰᠦᠢᠳᠭᠡᠯ ᠢ ᠪᠠᠷᠤᠭᠯᠠᠨ ᠪᠤᠳᠤᠬᠤ ᠴᠢᠳᠠᠮᠵᠢ ᠶᠢ ᠴᠢᠩᠭᠠᠷᠠᠭᠤᠯᠵᠤ᠂ ᠰᠦᠢᠳᠭᠡᠯ ᠬᠤᠷᠢᠶᠠᠬᠤ ᠢᠯᠡ ᠲᠣᠳᠣ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃      ︵ᠬᠤᠶᠠᠷ︶ ᠬᠠᠮᠢᠶ᠎ᠠ ᠪᠥᠬᠦᠶ ᠳᠡᠭᠡᠳᠦ ᠬᠤᠷᠳᠤ ᠶᠢᠨ ᠵᠠᠰᠠᠮᠠᠯ ᠵᠠᠮ ᠤᠨ ᠡᠵᠡᠩᠨᠡᠯᠲᠡ ᠬᠠᠮᠢᠶᠠᠷᠤᠯᠲᠠ ᠶᠢᠨ ᠨᠢᠭᠡᠴᠢ ᠨᠢ ᠵᠦᠷᠢᠶᠡᠴᠢᠯᠡᠭᠰᠡᠨ ᠰᠦᠢᠳᠭᠡᠯ ᠬᠤᠷᠢᠶᠠᠬᠤ ᠶᠢ ᠬᠡᠷᠡᠭᠵᠢᠭᠦᠯᠦᠭᠰᠡᠨ ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ ᠵᠢᠱᠢᠯᠲᠡ ᠬᠢᠵᠦ᠂ ᠬᠡᠷᠡᠭᠵᠢᠭᠦᠯᠦᠭᠰᠡᠨ ᠦᠷ᠎ᠡ ᠪᠦᠲᠦᠮᠵᠢ ᠪᠠᠨ ᠵᠠᠳᠠᠯᠤᠨ᠂ ᠲᠤᠷᠰᠢᠯᠲᠠ ᠶᠢᠨ ᠴᠡᠭ ᠤᠨ ᠵᠠᠮ ᠤᠨ ᠬᠡᠰᠡᠭ ᠤᠨ ᠨᠡᠪᠲᠡᠷᠡᠬᠦ ᠰᠦᠢᠳᠭᠡᠯ ᠤᠨ ᠰᠦᠢᠳᠭᠡᠯ ᠬᠤᠷᠢᠶᠠᠭᠰᠠᠨ ᠪᠠᠶᠢᠳᠠᠯ ᠢᠶᠠᠨ ᠮᠡᠳᠡᠭᠦᠯᠦᠨ ᠬᠦᠷᠭᠡᠨ᠎ᠡ᠃ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ ᠨᠢ ᠲᠤᠷᠰᠢᠨ ᠬᠡᠷᠡᠭᠵᠢᠭᠦᠯᠬᠦ ᠬᠤᠭᠤᠴᠠᠭ᠎ᠠ ᠳᠠᠭᠤᠰᠬᠤ ᠠᠴᠠ ᠡᠮᠦᠨ᠎ᠡ᠂ ᠬᠡᠷᠡᠭᠵᠢᠭᠦᠯᠦᠭᠰᠡᠨ ᠪᠠᠶᠢᠳᠠᠯ ᠢᠶᠠᠨ ᠦᠨᠳᠦᠰᠦᠯᠡᠨ᠂ ᠭᠤᠷᠪᠠᠳᠠᠬᠢ ᠡᠲᠡᠭᠡᠳ ᠤᠨ ᠦᠨᠡᠯᠡᠨ ᠵᠢᠱᠢᠯᠲᠡ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠴᠠᠭ ᠲᠤ ᠨᠢ ᠳᠣᠭᠢᠷᠠᠭᠤᠯᠤᠨ ᠰᠢᠯᠢᠳᠡᠭᠵᠢᠭᠦᠯᠵᠦ᠂ ᠳᠡᠭᠡᠳᠦ ᠬᠤᠷᠳᠤ ᠶᠢᠨ ᠵᠠᠰᠠᠮᠠᠯ ᠵᠠᠮ ᠤᠨ ᠵᠦᠷᠢᠶᠡᠴᠢᠯᠡᠭᠰᠡᠨ ᠰᠦᠢᠳᠭᠡᠯ ᠬᠤᠷᠢᠶᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃      ︵ᠭᠤᠷᠪᠠ︶ ᠵᠥᠭᠡᠯᠡᠨ ᠲᠣᠨᠤᠭ ᠢ ᠲᠤᠷᠰᠢᠨ ᠲᠣᠬᠢᠷᠠᠭᠤᠯᠬᠤ ᠳᠤ ᠬᠡᠷᠡᠭᠰᠡᠬᠦ ᠵᠠᠷᠤᠳᠠᠯ ᠢ ᠡᠯ᠎ᠡ ᠲᠤᠷᠰᠢᠯᠲᠠ ᠶᠢᠨ ᠴᠡᠭ ᠤᠨ ᠵᠠᠮ ᠤᠨ ᠬᠡᠰᠡᠭ ᠤᠨ ᠡᠵᠡᠩᠨᠡᠯᠲᠡ ᠶᠢᠨ ᠨᠢᠭᠡᠴᠢ ᠠᠴᠠ ᠡᠭᠦᠷᠭᠡᠯᠡᠨ᠎ᠡ᠃         ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ        ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ      ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号