311 ᠮᠤᠵᠢ ᠶᠢᠨ ᠵᠠᠮ ᠤᠨ ᠦᠴᠦᠸᠠᠨ ᠠᠴᠠ ᠶᠠᠩ ᠱᠣ᠋ ᠪᠠ ᠬᠥᠷᠬᠦ ᠬᠡᠰᠡᠭ ᠨᠢ ᠠᠵᠢᠯ ᠡᠬᠢᠯᠡᠨ ᠪᠦᠲᠦᠭᠡᠨ ᠪᠠᠶᠢᠭᠤᠯᠪᠠ
ᠨᠡᠶᠢᠲᠡᠯᠡᠭᠰᠡᠨ ᠴᠠᠭ᠄
2021/9/18
     ᠣᠶᠢᠷ᠎ᠠ ᠳᠤ᠂ 311 ᠮᠤᠵᠢ ᠶᠢᠨ ᠵᠠᠮ ᠤᠨ ᠦᠴᠦᠸᠠᠨ ᠠᠴᠠ ᠶᠠᠩ ᠱᠣ᠋ ᠪᠠ ᠬᠥᠷᠬᠦ ᠬᠡᠰᠡᠭ ᠤᠨ ᠵᠠᠰᠠᠮᠠᠯ ᠵᠠᠮ ᠨᠢ ᠠᠵᠢᠯ ᠡᠬᠢᠯᠡᠨ ᠪᠦᠲᠦᠭᠡᠨ ᠪᠠᠶᠢᠭᠤᠯᠪᠠ᠃      ᠲᠣᠰ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠵᠠᠮ ᠤᠨ ᠣᠷᠳᠣ ᠨᠢ 99 ᠺᠢᠯᠣᠮᠧᠲᠷ᠂ ᠭᠤᠤᠯ ᠱᠤᠭᠤᠮ ᠤᠨ ᠡᠬᠢᠯᠡᠯᠲᠡ ᠶᠢᠨ ᠴᠡᠭ ᠨᠢ ᠦᠴᠦᠸᠠᠨ ᠰᠢᠶᠠᠨ ᠤ ᠬᠥᠬᠡ ᠡᠷᠭᠢ ᠪᠠᠯᠭᠠᠰᠤᠨ ᠤ ᠡᠮᠦᠨ᠎ᠡ ᠲᠠᠯ᠎ᠠ ᠳᠤ ᠪᠠᠶᠢᠷᠢᠯᠡᠵᠦ᠂ 209 ᠤᠯᠤᠰ ᠤᠨ ᠵᠠᠮ ᠲᠠᠢ ᠵᠠᠯᠭᠠᠯᠳᠤᠵᠤ᠂ ᠲᠡᠭᠦᠰᠭᠡᠯ ᠤᠨ ᠴᠡᠭ ᠨᠢ ᠦᠴᠦᠸᠠᠨ ᠰᠢᠶᠠᠨ ᠪᠣᠯᠤᠨ ᠭᠦᠶᠡᠩ ᠰᠢᠶᠠᠨ ᠤ ᠠᠭᠤᠯᠵᠠᠷ ᠲᠤ ᠪᠠᠶᠢᠷᠢᠯᠡᠵᠦ᠂ ᠭᠤᠤᠯ ᠱᠤᠭᠤᠮ ᠤᠨ ᠣᠷᠳᠣ ᠨᠢ ᠪᠠᠷᠤᠭ 78.8 ᠺᠢᠯᠣᠮᠧᠲᠷ᠃ ᠬᠤᠯᠪᠣᠬᠤ ᠱᠤᠭᠤᠮ ᠨᠢ ᠵᠠᠩ ᠵᠧᠩ ᠾᠧᠩ ᠭᠸᠦ ᠶᠢᠨ ᠬᠤᠶᠢᠲᠤ ᠲᠠᠯ᠎ᠠ ᠠᠴᠠ ᠡᠬᠢᠯᠡᠵᠦ᠂ ᠪᠤᠭᠤᠲᠤ ᠶᠢᠨ ᠬᠢᠯᠢ ᠳᠣᠲᠣᠷᠠᠬᠢ ᠪᠠᠲᠤᠬᠠᠭᠠᠯᠭ᠎ᠠ ᠠᠴᠠ ᠰᠢᠷᠠᠮᠦ᠋ᠷᠡᠨ ᠬᠦᠷᠬᠦ ᠨᠢᠭᠡᠳᠦᠭᠡᠷ ᠳᠡᠰ ᠤᠨ ᠵᠠᠰᠠᠮᠠᠯ ᠵᠠᠮ ᠲᠠᠢ ᠵᠠᠯᠭᠠᠵᠤ᠂ ᠬᠤᠯᠪᠣᠬᠤ ᠱᠤᠭᠤᠮ ᠤᠨ ᠤᠷᠳᠤ ᠨᠢ ᠪᠠᠷᠤᠭ 20.2 ᠺᠢᠯᠣᠮᠧᠲᠷ᠃ ᠭᠤᠤᠯ ᠱᠤᠭᠤᠮ ᠵᠢᠴᠢ ᠬᠤᠯᠪᠣᠬᠤ ᠱᠤᠭᠤᠮ  ᠨᠢ ᠴᠥᠮ ᠳᠥᠷᠪᠡᠨ ᠲᠡᠷᠭᠡᠨ ᠵᠠᠮ ᠤᠨ ᠨᠢᠭᠡᠳᠦᠭᠡᠷ ᠳᠡᠰ ᠤᠨ ᠵᠠᠰᠠᠮᠠᠯ ᠵᠠᠮ ᠤᠨ ᠪᠠᠷᠢᠮᠵᠢᠶ᠎ᠠ ᠶᠢ ᠬᠡᠷᠡᠭᠯᠡᠵᠦ᠂ ᠲᠦᠢᠮᠣ ᠲᠥᠰᠦᠪ ᠤᠨ ᠪᠡᠯᠡ ᠣᠷᠣᠭᠤᠯᠤᠯᠲᠠ ᠨᠢ 29.7 ᠳ᠋ᠦᠩᠰᠢᠭᠤᠷ ᠲᠥᠭᠦᠷᠢᠭ᠂ ᠵᠢᠱᠢᠯᠲᠡ ᠪᠠᠷ 2023 ᠣᠨ ᠤ ᠰᠡᠭᠦᠯᠴᠢ ᠪᠠᠷ ᠭᠤᠤᠯ ᠴᠣᠭᠴᠠ ᠶᠢᠨ ᠪᠠᠷᠢᠯᠭ᠎ᠠ ᠨᠢ ᠠᠵᠢᠯ ᠳᠠᠭᠤᠰᠴᠤ ᠲᠡᠷᠭᠡ ᠨᠡᠪᠲᠡᠷᠡᠨ᠎ᠡ᠃      ᠲᠠᠨᠢᠯᠴᠠᠭᠤᠯᠤᠭᠰᠠᠨ ᠢᠶᠠᠷ᠂ 311 ᠮᠤᠵᠢ ᠶᠢᠨ ᠵᠠᠮ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠤᠯ ᠱᠤᠭᠤᠮ ᠤᠨ ᠵᠠᠰᠠᠮᠠᠯ ᠵᠠᠮ ᠤᠨ ᠲᠤᠤᠷ ᠤᠨ ᠪᠦᠷᠢᠯᠳᠦᠬᠦᠨ ᠬᠡᠰᠡᠭ ᠮᠥᠨ᠂ ᠵᠡᠭᠦᠨ ᠠᠴᠠ ᠦᠴᠦᠸᠠᠨ ᠰᠢᠶᠠᠨ ᠠᠴᠠ ᠡᠬᠢᠯᠡᠵᠦ᠂ ᠪᠠᠷᠠᠭᠤᠨᠰᠢ ᠪᠠᠨ ᠠᠯᠠᠱᠠ ᠠᠶᠢᠮᠠᠭ ᠤᠨ ᠡᠵᠡᠨ᠎ᠡ ᠬᠤᠰᠢᠭᠤᠨ ᠤ ᠨᠤᠭᠤᠭᠠᠨᠳᠡᠯᠭᠡᠷ ᠬᠦᠷᠴᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠠᠭᠤᠨ ᠬᠡᠰᠡᠭ ᠢ ᠬᠥᠨᠳᠡᠯᠡᠨ ᠢᠶᠠᠷ ᠦᠡᠭᠭᠡᠷᠡᠵᠦ᠂ 110 ᠤᠯᠤᠰ ᠤᠨ ᠵᠠᠮ ᠤᠨ ᠳᠠᠷᠠᠭᠠᠬᠢ ᠪᠠᠰᠠ ᠨᠢᠭᠡᠨ ᠵᠡᠭᠦᠨᠰᠢ ᠪᠠᠷᠠᠭᠤᠨᠰᠢ ᠬᠥᠨᠳᠡᠯᠡᠨ ᠨᠡᠪᠲᠡᠷᠡᠬᠦ ᠵᠠᠮ ᠪᠣᠯᠤᠨ᠎ᠠ᠂ ᠮᠥᠨ ᠴᠦ ᠬᠥᠬᠡᠬᠤᠲᠠ ᠠᠴᠠ ᠡᠷᠢᠶᠡᠨ ᠬᠤᠲᠠ᠂ ᠮᠠᠨᠳᠤᠯ ᠪᠣᠭᠤᠮᠲᠠ ᠬᠥᠷᠬᠦ ᠵᠠᠮ ᠬᠠᠷᠢᠯᠴᠠᠭᠠᠨ ᠤ ᠴᠢᠬᠤᠯᠠ ᠵᠠᠮ ᠪᠣᠯᠤᠨ᠎ᠠ᠃      ᠲᠣᠰ ᠲᠥᠷᠥᠯ ᠵᠦᠢᠯ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠠ ᠬᠥᠬᠡᠬᠤᠲᠠ ᠶᠢᠨ ᠭᠤᠤᠯᠳᠠᠯᠭ᠎ᠠ ᠲᠠᠢ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯᠤᠨ᠎ᠠ᠂ ᠬᠥᠬᠡᠬᠤᠲᠠ ᠠᠴᠠ ᠪᠤᠭᠤᠲᠤ ᠬᠥᠷᠬᠦ ᠪᠠ ᠤᠯᠠᠭᠠᠨᠴᠠᠪ ᠢ ᠬᠤᠯᠪᠣᠬᠤ ᠴᠢᠬᠤᠯᠠ ᠨᠡᠪᠲᠡᠷᠡᠬᠦ ᠵᠠᠮ ᠪᠠᠶᠢᠵᠤ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠮᠵᠢᠯᠴᠠᠨ ᠬᠥᠭᠵᠢᠬᠦ ᠴᠢᠳᠠᠪᠤᠷᠢ ᠪᠠ ᠣᠷᠣᠨ ᠪᠦᠰᠡ ᠶᠢᠨ ᠨᠡᠪᠲᠡᠷᠡᠬᠦ ᠴᠢᠳᠠᠪᠤᠷᠢ ᠶᠢ ᠳᠡᠭᠡᠭᠰᠢᠯᠡᠭᠦᠯᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠣᠭᠤᠮᠢ ᠶᠢ ᠨᠠᠮᠳᠠᠭᠤᠯᠵᠤ ᠪᠣᠯᠤᠨ᠎ᠠ᠃ ᠲᠤᠰ ᠲᠦᠷᠦᠯ ᠵᠦᠢᠯ ᠨᠢ ᠵᠠᠮ ᠳᠠᠭᠠᠤ ᠦᠴᠦᠸᠠᠨ ᠰᠢᠶᠠᠨ ᠤ 5 ᠰᠢᠶᠠᠩ ᠪᠠᠯᠭᠠᠰᠤ ᠶᠢᠨ 22 ᠵᠠᠰᠠᠭ ᠵᠠᠬᠢᠷᠭᠠᠨ ᠤ ᠲᠣᠰᠬᠤᠨ ᠢᠶᠠᠷ ᠥᠩᠭᠡᠷᠡᠵᠦ᠂ ᠪᠡᠯᠡ ᠣᠷᠣᠭᠤᠯᠤᠯᠲᠠ ᠶᠢᠨ ᠣᠷᠴᠢᠨ ᠠᠬᠤᠢ ᠶᠢ ᠰᠠᠶᠢᠵᠢᠷᠠᠭᠤᠯᠬᠤ᠂ ᠵᠠᠮ ᠳᠠᠭᠠᠤ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠳᠠᠶᠢᠴᠢᠯᠠᠬᠤ ᠦᠢᠯᠡᠳᠦᠯ ᠲᠠᠢ ᠶᠤᠮ᠃ ︵ᠳ᠋ᠤᠸᠠᠨ ᠬᠤᠶ ᠮᠢᠨ︶
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号