2021 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠳᠣᠤᠷ᠎ᠠ ᠬᠠᠭᠠᠰ ᠵᠢᠯ ᠤᠨ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠣᠷᠢᠬᠤ ᠠᠯᠪᠠᠨ ᠵᠠᠷ
ᠨᠡᠶᠢᠲᠡᠯᠡᠭᠰᠡᠨ ᠴᠠᠭ᠄
2021/9/18
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠬᠠᠷᠢᠶ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠠᠵᠢᠯᠯᠠᠭᠠᠨ ᠢ ᠬᠢᠨᠠᠨ ᠬᠡᠮᠵᠢᠬᠦ ᠬᠢᠭᠡᠳ ᠪᠠᠴᠢᠮ ᠪᠠᠶᠢᠳᠠᠯ ᠢ ᠠᠷᠭᠠᠴᠠᠭᠠᠨ ᠵᠢᠯᠤᠭᠤᠳᠬᠤ ᠲᠦᠪ ᠪᠣᠯ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠢ ᠪᠣᠯᠤᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠢ ᠬᠢᠨᠠᠨ ᠬᠡᠮᠵᠢᠵᠦ ᠰᠢᠯᠭᠠᠨ ᠲᠣᠭᠲᠠᠭᠠᠬᠤ ᠥᠷᠲᠡᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠤᠷᠭᠠᠨ ᠬᠥᠮᠦᠵᠢᠯ ᠤᠨ ᠲᠥᠪ ᠪᠣᠯ ᠨᠡᠶᠢᠲᠡ ᠶᠢᠨ ᠠᠰᠠᠷᠠᠮᠵᠢ ᠶᠢᠨ ᠬᠤᠶᠠᠳᠤᠭᠠᠷ ᠲᠥᠷᠥᠯ ᠤᠨ ᠠᠵᠢᠯ ᠦᠢᠯᠡᠰ ᠤᠨ ᠨᠢᠭᠡᠴᠢ ᠪᠣᠯᠤᠨ᠎ᠠ᠃ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠵᠥᠪᠰᠢᠶᠡᠷᠡᠭᠦᠯᠬᠦ ᠪᠠᠷ ᠳᠡᠮᠵᠢᠨ᠂ ᠣᠲᠣ ᠨᠡᠶᠢᠭᠡᠮ ᠨᠡᠶᠢᠲᠡ ᠠᠴᠠ ᠠᠵᠢᠯ ᠦᠢᠯᠡᠰ ᠤᠨ ᠣᠷᠣᠨ ᠲᠣᠭᠠᠨ ᠤ ᠠᠵᠢᠯᠲᠠᠨ ᠢ 30 ᠬᠥᠮᠦᠨ ᠢᠯᠡ ᠪᠠᠷ ᠤᠷᠢᠨ᠎ᠠ᠂ ᠪᠣᠳᠠᠲᠠᠶ ᠨᠢ ᠳᠣᠤᠷᠠᠬᠢ ᠮᠡᠲᠦ᠄      ᠨᠢᠭᠡ᠂ ᠤᠷᠢᠬᠤ ᠨᠥᠬᠦᠴᠡᠯ      ︵ᠨᠢᠭᠡ︶ ᠦᠨᠳᠦᠰᠦᠨ ᠨᠥᠬᠦᠴᠡᠯ      1. ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠬᠠᠷᠢᠶ᠎ᠠ ᠲᠠᠢ︔      2. ᠤᠯᠤᠰ ᠤᠨ ᠦᠨᠳᠦᠰᠦᠨ ᠬᠠᠤᠯᠢ ᠪᠠ ᠬᠠᠤᠯᠢ ᠴᠠᠭᠠᠵᠠ ᠶᠢ ᠵᠢᠷᠤᠮᠯᠠᠨ ᠰᠠᠬᠢᠬᠤ︔      3. ᠰᠠᠶᠢᠨ ᠰᠠᠶᠢᠬᠠᠨ ᠵᠠᠩ ᠰᠤᠷᠲᠠᠯ ᠪᠠ ᠲᠤᠰᠢᠶᠠᠯ ᠬᠠᠷᠢᠭᠤᠴᠠᠯᠭ᠎ᠠ ᠪᠠᠨ ᠬᠡᠪ ᠤᠨ ᠶᠣᠰᠣᠭᠠᠷ ᠭᠦᠢᠴᠡᠳᠬᠡᠬᠦ ᠪᠡᠶ᠎ᠡ ᠮᠠᠬᠠᠪᠣᠳ ᠤᠨ ᠨᠥᠬᠦᠴᠡᠯ ᠲᠠᠢ ᠪᠠᠶᠢᠬᠤ︔      4. ᠨᠠᠰᠤᠨ ᠤ ᠱᠠᠭᠠᠷᠳᠠᠯᠭ᠎ᠠ᠄ ᠪᠦᠬᠦᠯᠢ 35 ᠨᠠᠰᠤ ᠵᠢᠴᠢ ᠲᠡᠭᠦᠨ ᠠᠴᠠ ᠳᠤᠷᠤᠭᠰᠢ ︵1985 ᠣᠨ ᠤ 9 ᠳ᠋ᠦ᠋ᠭᠡᠷ ᠰᠠᠷ᠎ᠠ ᠶᠢᠨ 5 ᠤ ᠡᠳᠦᠷ ᠠᠴᠠ ᠰᠡᠭᠦᠯᠡᠷ ᠲᠥᠷᠥᠭᠰᠡᠨ︶︔      5. ᠤᠷᠢᠭᠳᠠᠬᠤ ᠠᠵᠢᠯ ᠤᠨ ᠪᠠᠶᠢᠷᠢ ᠳᠤ ᠱᠠᠭᠠᠷᠳᠠᠭᠰᠠᠨ ᠪᠤᠰᠤᠳ ᠬᠢᠷᠢ ᠬᠡᠮ ᠤᠨ ᠨᠥᠬᠦᠴᠡᠯ ᠢ ᠪᠦᠷᠢᠳᠦᠭᠦᠯᠦᠭᠰᠡᠨ ᠪᠠᠶᠢᠬᠤ ᠬᠡᠷᠡᠭᠲᠡᠶ᠃      ᠪᠣᠳᠠᠲᠠᠶ ᠤᠷᠢᠬᠤ ᠨᠥᠬᠦᠴᠡᠯ ᠢ ︽2021 ᠣᠨ ᠤ ᠳᠣᠤᠷ᠎ᠠ ᠬᠠᠭᠠᠰ ᠵᠢᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠠᠵᠢᠯᠲᠠᠨ ᠣᠷᠢᠬᠤ ᠠᠵᠢᠯ ᠤᠨ ᠪᠠᠶᠢᠷᠢ ᠶᠢᠨ ᠬᠡᠷᠡᠭᠴᠡᠭᠡ ᠱᠠᠭᠠᠷᠳᠠᠯᠭ᠎ᠠ ᠶᠢᠨ ᠬᠦᠰᠦᠨᠦᠭᠲᠦ︾ ᠳᠤ ᠨᠠᠷᠢᠪᠴᠢᠯᠠᠨ ᠦᠵᠡᠭᠡᠷᠡᠶ᠃ ᠤᠷᠢᠭᠳᠠᠭᠰᠠᠳ ᠤᠨ ᠰᠤᠷᠤᠯᠭ᠎ᠠ ᠶᠢᠨ ᠨᠠᠮᠲᠠᠷ᠂ ᠡᠷᠳᠡᠮ ᠤᠨ ᠴᠣᠯᠠ ᠤᠯᠬᠤ ᠡᠳᠦᠷ ᠬᠤᠭᠤᠴᠠᠭ᠎ᠠ ᠨᠢ 2021 ᠣᠨ ᠤ 7 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠬᠢᠵᠠᠭᠠᠷᠯᠠᠨ᠎ᠠ᠃ ᠪᠤᠰᠤᠳ ᠨᠥᠬᠦᠴᠡᠯ ᠢ ᠤᠯᠬᠤ ᠴᠠᠭ ᠤᠨ ᠱᠠᠭᠠᠷᠳᠠᠯᠭ᠎ᠠ ᠪᠣᠯ ᠢᠯᠡ ᠪᠠᠷ ᠤᠷᠢᠵᠤ ᠨᠡᠷ᠎ᠡ ᠮᠡᠳᠡᠭᠦᠯᠬᠦ ᠡᠬᠢᠯᠡᠬᠦ ᠠᠴᠠ ᠡᠮᠦᠨ᠎ᠡ ᠪᠠᠶᠢᠬᠤ ᠬᠡᠷᠡᠭᠲᠡᠶ᠃      ︵ᠬᠤᠶᠠᠷ︶ ᠳᠣᠤᠷᠠᠬᠢ ᠬᠥᠮᠦᠰ ᠤᠷᠢᠭᠳᠠᠵᠤ ᠪᠣᠯᠬᠤ ᠥᠬᠡᠶ᠄      ᠠᠯᠪᠠᠨ ᠴᠡᠷᠢᠭ︔ ᠰᠤᠷᠤᠯᠴᠠᠵᠤ ᠪᠠᠶᠢᠭ᠎ᠠ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ᠂ ᠠᠰᠫᠢᠷᠠᠨᠲ ︵2021 ᠣᠨ ᠤ 7 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠲᠡᠭᠦᠰᠦᠭᠰᠡᠨ ᠡᠩ ᠤᠨ ᠳᠡᠭᠡᠳᠦ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠲᠣᠰ ᠵᠢᠯ ᠤᠨ ᠲᠡᠭᠦᠰᠦᠭᠰᠡᠳ ᠪᠠᠭᠲᠠᠬᠤ ᠥᠬᠡᠶ︶︔ ᠲᠤᠷᠰᠢᠨ ᠬᠡᠷᠡᠭᠯᠡᠬᠦ ᠬᠤᠭᠤᠴᠠᠭᠠᠨ ᠳᠤ ᠪᠠ ᠦᠢᠯᠡᠴᠢᠯᠡᠭᠡᠨ ᠤ ᠨᠠᠭᠠᠳᠤ ᠵᠠᠬ᠎ᠠ ᠶᠢᠨ ᠵᠢᠯ ᠬᠤᠭᠤᠴᠠᠭ᠎ᠠ ᠨᠢ ᠳᠦᠭᠦᠷᠦᠭᠡᠳᠦᠶ ᠠᠵᠢᠯ ᠦᠢᠯᠡᠰ ᠤᠨ ᠨᠢᠭᠡᠴᠢ ᠶᠢᠨ ᠠᠵᠢᠯᠲᠠᠨ ︵ᠣᠷᠣᠨ ᠲᠤᠭ᠎ᠠ ᠳᠤ ᠵᠢᠭᠰᠠᠭᠠᠵᠤ ᠤᠷᠢᠬᠤ︶ ᠪᠠ ᠠᠯᠪᠠᠲᠠᠨ ︵ᠠᠯᠪᠠᠨ ᠤ ᠠᠵᠢᠯ ᠳᠤ ᠣᠷᠣᠯᠴᠠᠭᠴᠢ︶︔ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠭ᠎ᠠ ᠠᠴᠠ ᠬᠠᠨᠳᠤᠯᠭ᠎ᠠ  ᠲᠠᠢ ᠪᠠᠷ ᠡᠯᠰᠡᠨ ᠬᠡᠷᠡᠭᠯᠡᠵᠦ ᠬᠥᠮᠦᠵᠢᠭᠦᠯᠦᠭᠰᠡᠨ ᠠᠯᠪᠠᠲᠠᠨ ᠢ ᠡᠯᠰᠡᠭᠰᠡᠨ ᠤ ᠳᠠᠷᠠᠭ᠎ᠠ ᠬᠠᠮᠤᠭ ᠤᠨ ᠳᠤᠤᠷ᠎ᠠ ᠦᠢᠯᠡᠴᠢᠯᠡᠭᠡᠨ ᠤ ᠵᠢᠯ ᠬᠤᠭᠤᠴᠠᠭ᠎ᠠ ᠳᠤ ᠥᠯᠥ ᠬᠦᠷᠦᠭᠰᠡᠨ ᠬᠥᠮᠦᠰ᠃      ᠶᠠᠯ᠎ᠠ ᠬᠢᠭᠰᠡᠨ ᠠᠴᠠ ᠪᠤᠯᠵᠤ ᠡᠷᠡᠭᠦᠦ ᠶᠢᠨ ᠰᠢᠢᠳᠭᠡᠯ ᠣᠯᠵᠤ ᠥᠩᠭᠡᠷᠡᠭᠰᠡᠨ ᠪᠠ ᠠᠯᠪᠠᠨ ᠲᠤᠰᠢᠶᠠᠯ ᠠᠴᠠ ᠪᠠᠨ ᠬᠥᠭᠡᠭᠡᠭᠳᠡᠵᠦ ᠥᠩᠭᠡᠷᠡᠭᠰᠡᠨ ᠬᠥᠮᠦᠰ︔ ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠬᠠᠷᠢᠶ᠎ᠠ ᠠᠴᠠ ᠪᠠᠨ ᠬᠥᠭᠡᠭᠡᠭᠳᠡᠭᠰᠡᠨ ᠬᠥᠮᠦᠰ︔ ᠬᠠᠤᠯᠢ ᠶᠣᠰᠣᠭᠠᠷ ᠢᠲᠡᠭᠡᠯ ᠠᠯᠳᠠᠭᠰᠠᠳ ᠢ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠡᠲᠡᠭᠡᠳ ᠲᠤ ᠵᠢᠭᠰᠠᠭᠠᠭᠳᠠᠭᠰᠠᠨ ᠬᠥᠮᠦᠰ︔ ᠠᠯᠪᠠᠲᠠᠨ ᠡᠯᠰᠡᠬᠦ ᠰᠢᠯᠭᠠᠯᠲᠠ ᠪᠤᠶᠤ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠤᠷᠢᠬᠤ ᠳᠤ ᠬᠡᠮ ᠬᠢᠭᠰᠡᠨ ᠢᠶᠠᠷ ᠮᠠᠭᠠᠳᠯᠠᠨ ᠲᠣᠭᠲᠠᠭᠠᠭᠳᠠᠭᠰᠠᠨ ᠵᠡᠷᠭᠡ ᠡᠯᠰᠡᠨ ᠬᠡᠷᠡᠭᠯᠡᠬᠦ᠂ ᠤᠷᠢᠨ ᠬᠡᠷᠡᠭᠯᠡᠬᠦ ᠰᠠᠬᠢᠯᠭ᠎ᠠ ᠪᠠᠲᠤ ᠶᠢ ᠬᠦᠨᠳᠦ ᠨᠣᠴᠢᠲᠠᠶ ᠵᠥᠷᠢᠴᠡᠭᠰᠡᠨ ᠦᠢᠯᠡ ᠠᠵᠢᠯᠯᠠᠭ᠎ᠠ ᠲᠠᠢ ᠪᠥᠭᠡᠳ ᠰᠢᠯᠭᠠᠯᠲᠠ ᠶᠢ ᠴᠠᠭᠠᠵᠠᠯᠠᠬᠤ ᠬᠤᠭᠤᠴᠠᠭᠠᠨ ᠳᠤ ᠪᠠᠶᠢᠭ᠎ᠠ ᠬᠦᠮᠦᠰ︔ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠢᠶᠠᠷ ᠤᠷᠢᠵᠤ ᠬᠡᠷᠡᠭᠯᠡᠵᠦ ᠪᠣᠯᠬᠤ ᠦᠭᠡᠶ ᠪᠤᠰᠤᠳ ᠪᠠᠶᠢᠳᠠᠯ ᠲᠠᠢ ᠬᠥᠮᠦᠰ᠃ ᠤᠷᠢᠭᠳᠠᠬᠤ ᠬᠦᠮᠦᠰ ᠨᠢ ᠤᠷᠢᠵᠤ ᠬᠡᠷᠡᠭᠯᠡᠭᠰᠡᠨ ᠤ ᠳᠠᠷᠠᠭ᠎ᠠ ᠳᠠᠷᠤᠶ ᠵᠠᠶᠢᠯᠠᠬᠤ ᠬᠠᠷᠢᠴᠠᠭ᠎ᠠ ᠲᠠᠢ ᠪᠣᠯᠬᠤ ᠠᠵᠢᠯ ᠤᠨ ᠪᠠᠶᠢᠷᠢ ᠳᠤ  ᠤᠷᠢᠭᠳᠠᠵᠤ ᠪᠣᠯᠬᠤ ᠦᠭᠡᠶ᠃      ︵ᠭᠤᠷᠪᠠ︶ ︽ᠲᠥᠷᠥᠯ ᠵᠦᠢᠯ ᠤᠨ ᠠᠵᠢᠯᠲᠠᠨ︾ ᠢ ᠬᠠᠨᠳᠤᠯᠭ᠎ᠠ ᠲᠠᠢ ᠪᠠᠷ ᠤᠷᠢᠬᠤ ᠠᠵᠢᠯ ᠤᠨ ᠪᠠᠶᠢᠷᠢ ᠳᠤ᠂  ᠤᠷᠢᠭᠳᠠᠭᠴᠢ ᠶᠢ ᠱᠠᠭᠠᠷᠳᠠᠬᠤ ᠨᠢ ᠡᠷᠬᠡᠪᠰᠢ 2021 ᠣᠨ ᠤ 9 ᠳ᠋ᠦ᠋ᠭᠡᠷ ᠰᠠᠷ᠎ᠠ ᠶᠢᠨ 5 ᠤ ᠡᠳᠦᠷ ︵ᠪᠠᠭᠲᠠᠬᠤ ᠥᠬᠡᠶ︶ ᠠᠴᠠ ᠡᠮᠦᠨᠡᠬᠢ ᠦᠢᠯᠡᠴᠢᠯᠡᠭᠡᠨ ᠤ ᠬᠤᠭᠤᠴᠠᠭ᠎ᠠ ᠨᠢ ᠳᠦᠭᠦᠷᠦᠭᠰᠡᠨ ᠮᠥᠷᠲᠡᠭᠡᠨ ᠬᠢᠨᠠᠨ ᠰᠢᠯᠭᠠᠭᠠᠳ ᠬᠢᠷᠢ ᠲᠡᠩᠴᠡᠭᠰᠡᠨ ︽ᠦᠨᠳᠦᠰᠦᠨ ᠱᠠᠲᠤᠨ ᠤ ᠲᠥᠷᠥᠯ ᠵᠦᠢᠯ ᠳᠤ ᠦᠢᠯᠡᠴᠢᠯᠡᠬᠦ ᠠᠵᠢᠯᠲᠠᠨ︾ ᠪᠤᠶᠤ 2021 ᠣᠨ ᠤ 9 ᠳ᠋ᠦ᠋ᠭᠡᠷ ᠰᠠᠷ᠎ᠠ ᠶᠢᠨ 5 ᠤ ᠡᠳᠦᠷ ︵ᠪᠠᠭᠲᠠᠬᠤ ᠥᠬᠡᠶ︶ ᠠᠴᠠ ᠡᠮᠦᠨ᠎ᠡ ᠨᠢᠭᠡᠨᠲᠡ ᠴᠡᠷᠢᠭ ᠤᠨ ᠠᠯᠪᠠᠨ ᠠᠴᠠ ᠬᠠᠯᠠᠭᠳᠠᠭᠰᠠᠨ ᠣᠶᠤᠲᠠᠨ ᠪᠠᠶᠢᠯᠳᠤᠭᠴᠢ ᠪᠣᠯᠣᠨ᠎ᠠ᠃ 2021 ᠣᠨ ᠤ 9 ᠳ᠋ᠦ᠋ᠭᠡᠷ ᠰᠠᠷ᠎ᠠ ᠶᠢᠨ 5 ᠤ ᠡᠳᠦᠷ ᠪᠣᠯᠲᠠᠯ᠎ᠠ ᠦᠢᠯᠡᠴᠢᠯᠡᠭᠡᠨ ᠤ ᠬᠤᠭᠤᠴᠠᠭ᠎ᠠ ᠨᠢ ᠳᠦᠭᠦᠷᠦᠭᠡᠳ ︵ᠪᠤᠶᠤ ᠴᠡᠷᠢᠭ ᠤᠨ ᠠᠯᠪᠠᠨ ᠠᠴᠠ ᠬᠠᠯᠠᠭᠳᠠᠭᠰᠠᠨ︶ 3 ᠵᠢᠯ ᠠᠴᠠ ᠬᠡᠲᠦᠷᠡᠭᠰᠡᠨ ᠪᠤᠶᠤ ᠨᠢᠭᠡᠨᠲᠡ ᠠᠯᠪᠠᠲᠠᠨ ︵ᠠᠯᠪᠠᠨ ᠳᠤ ᠣᠷᠣᠯᠴᠠᠭᠰᠠᠨ ᠨᠢᠭᠡᠴᠢ ᠶᠢᠨ ᠠᠵᠢᠯᠲᠠᠨ ᠪᠠᠭᠲᠠᠨ᠎ᠠ︶ ᠢᠶᠠᠷ ᠡᠯᠰᠡᠭᠳᠡᠭᠰᠡᠨ᠂ ᠠᠵᠢᠯ  ᠦᠢᠯᠡᠰ ᠤᠨ ᠨᠢᠭᠡᠴᠢ ︵ᠣᠷᠣᠨ ᠲᠤᠭ᠎ᠠ ᠳᠤ ᠵᠢᠭᠰᠠᠭᠠᠵᠤ ᠤᠷᠢᠨ ᠬᠡᠷᠡᠭᠯᠡᠭᠰᠡᠨ︶ ᠪᠠᠷ ᠤᠷᠢᠨ ᠬᠡᠷᠡᠭᠯᠡᠭᠳᠡᠭᠰᠡᠨ ᠠᠵᠢᠯᠲᠠᠨ  ᠪᠦᠬᠦᠨ ︽ᠲᠥᠷᠥᠯ ᠵᠦᠢᠯ ᠤᠨ ᠠᠵᠢᠯᠲᠠᠨ︾ ᠤ ᠠᠵᠢᠯ ᠤᠨ ᠪᠠᠶᠢᠷᠢ ᠳᠤ ᠳᠠᠭᠢᠵᠤ ᠤᠷᠢᠭᠳᠠᠵᠤ ᠪᠣᠯᠬᠤ ᠥᠬᠡᠶ᠂ ᠵᠥᠪᠬᠡᠨ ᠪᠤᠰᠤᠳ ᠠᠵᠢᠯ ᠤᠨ ᠪᠠᠶᠢᠷᠢ ᠳᠤ ᠤᠷᠢᠭᠳᠠᠨ᠎ᠠ᠃      ︵ᠳᠥᠷᠪᠡ︶ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠤᠷᠢᠬᠤ ᠲᠥᠯᠥᠪᠯᠡᠭᠡ ᠶᠢᠨ ᠶᠡᠷᠦᠩᠬᠡᠶ ᠲᠤᠭ᠎ᠠ ᠶᠢᠨ ᠳᠣᠲᠣᠷ᠎ᠠ ᠠᠴᠠ ᠬᠡᠰᠡᠭ ᠠᠵᠢᠯ ᠤᠨ ᠪᠠᠶᠢᠷᠢ ᠶᠢ ᠭᠠᠷᠭᠠᠵᠤ ᠬᠠᠨᠳᠤᠯᠭ᠎ᠠ ᠲᠠᠢ ᠪᠠᠷ ᠤᠷᠢᠨ᠎ᠠ᠄      1. 2021 ᠣᠨ ᠤ ᠪᠥᠬᠦ ᠤᠯᠤᠰ ᠤᠨ ᠡᠩ ᠤᠨ ᠳᠡᠭᠡᠳᠦ ᠰᠤᠷᠭᠠᠭᠤᠯᠢ ᠶᠢᠨ ᠲᠣᠰ ᠵᠢᠯ ᠤᠨ ᠲᠡᠭᠦᠰᠦᠭᠰᠡᠳ ︵ᠬᠤᠶᠠᠷ ᠵᠢᠯ ᠤᠨ ᠠᠵᠢᠯ ᠰᠣᠩᠭᠤᠬᠤ ᠬᠤᠭᠤᠴᠠᠭᠠᠨ ᠳᠤ ᠠᠵᠢᠯᠯᠠᠬᠤ ᠨᠢᠭᠡᠴᠢ ᠪᠠᠨ ᠨᠠᠶᠢᠳᠠᠪᠤᠷᠢᠵᠢᠭᠤᠯᠤᠭᠰᠠᠨ ᠥᠬᠡᠶ ᠳᠡᠭᠡᠳᠦ ᠰᠤᠷᠭᠠᠭᠤᠯᠢ ᠲᠡᠭᠦᠰᠦᠭᠰᠡᠳ ᠪᠠᠭᠲᠠᠨ᠎ᠠ︶ ︵ᠳᠣᠷᠣᠭᠰᠢ ︽ᠳᠡᠭᠡᠳᠦ  ᠰᠤᠷᠭᠠᠭᠤᠯᠢ ᠲᠡᠭᠦᠰᠦᠭᠰᠡᠳ︾ ᠭᠡᠵᠦ ᠲᠣᠪᠴᠢᠯᠠᠨ᠎ᠠ︶︔      2. ᠥᠪᠥᠷ ᠮᠣᠩᠭᠤᠯ ᠳᠤ ᠦᠢᠯᠡᠴᠢᠯᠡᠬᠦ ᠬᠤᠭᠤᠴᠠᠭ᠎ᠠ ᠨᠢ ᠳᠦᠭᠦᠷᠦᠭᠰᠡᠨ᠂ ᠬᠢᠨᠠᠨ ᠰᠢᠯᠭᠠᠭᠠᠳ ᠬᠢᠷᠢ ᠲᠡᠩᠴᠡᠭᠰᠡᠨ ᠪᠥᠭᠡᠳ ᠲᠣᠭᠲᠠᠭᠠᠭᠰᠠᠨ ᠴᠠᠭ ᠬᠤᠭᠤᠴᠠᠭᠠᠨ ᠳᠤ ᠪᠠᠶᠢᠭ᠎ᠠ ᠳᠡᠭᠡᠳᠦ ᠰᠤᠷᠭᠠᠭᠤᠯᠢ ᠲᠡᠭᠦᠰᠦᠭᠰᠡᠳ ᠤᠨ ᠦᠨᠳᠦᠰᠦᠨ ᠱᠠᠲᠤᠨ ᠳᠤ ᠦᠢᠯᠡᠴᠢᠯᠡᠬᠦ ᠲᠥᠷᠥᠯ ᠵᠦᠢᠯ ᠤᠨ ᠠᠵᠢᠯᠲᠠᠨ ᠪᠠ ᠴᠡᠷᠢᠭ ᠤᠨ ᠠᠯᠪᠠᠨ ᠠᠴᠠ ᠬᠠᠯᠠᠭᠳᠠᠭᠰᠠᠨ ᠣᠶᠤᠲᠠᠨ ᠪᠠᠶᠢᠯᠳᠤᠭᠴᠢ ᠶᠢ ︽ᠲᠥᠷᠥᠯ ᠵᠦᠢᠯ ᠤᠨ ᠠᠵᠢᠯᠲᠠᠨ︾ ᠭᠡᠵᠦ ᠲᠣᠪᠴᠢᠯᠠᠨ᠎ᠠ᠂ ᠦᠢᠯᠡᠴᠢᠯᠡᠬᠦ ᠬᠠᠮᠤᠭ ᠤᠨ ᠳᠤᠤᠷ᠎ᠠ ᠵᠢᠯ ᠬᠤᠭᠤᠴᠠᠭ᠎ᠠ ᠨᠢ 2 ᠵᠢᠯ ᠪᠣᠯᠤᠨ᠎ᠠ︶︔      ᠬᠤᠶᠠᠷ ᠵᠢᠯ ᠤᠨ ᠠᠵᠢᠯ ᠰᠣᠩᠭᠤᠬᠤ ᠬᠤᠭᠤᠴᠠᠭᠠᠨ ᠳᠤ ᠠᠵᠢᠯᠯᠠᠬᠤ ᠨᠢᠭᠡᠴᠢ ᠪᠠᠨ ᠨᠠᠶᠢᠳᠠᠪᠤᠷᠢᠵᠢᠭᠤᠯᠤᠭᠰᠠᠨ ᠥᠬᠡᠶ ᠳᠡᠭᠡᠳᠦ ᠰᠤᠷᠭᠠᠭᠤᠯᠢ ᠲᠡᠭᠦᠰᠦᠭᠰᠡᠳ ᠭᠡᠳᠡᠭ ᠨᠢ ᠤᠯᠤᠰ ᠠᠴᠠ ᠨᠢᠭᠡᠳᠦᠯᠲᠡᠶ ᠰᠣᠷᠣᠭᠴᠢ ᠡᠯᠰᠡᠭᠰᠡᠨ ᠡᠩ ᠤᠨ ᠳᠡᠭᠡᠳᠦ ᠰᠤᠷᠭᠠᠭᠤᠯᠢ ᠲᠡᠭᠦᠰᠦᠭᠰᠡᠳ ᠨᠢ ᠰᠤᠷᠭᠠᠭᠤᠯᠢ ᠠᠴᠠ ᠪᠠᠨ ᠰᠠᠯᠬᠤ ᠦᠶ᠎ᠡ ᠳᠤ ᠪᠠ ᠤᠯᠤᠰ ᠠᠴᠠ ᠲᠣᠭᠲᠠᠭᠠᠭᠰᠠᠨ ᠠᠵᠢᠯ ᠰᠣᠩᠭᠤᠬᠤ ᠬᠤᠭᠤᠴᠠᠭᠠᠨ ᠳᠤ ᠠᠵᠢᠯᠯᠠᠬᠤ ᠨᠢᠭᠡᠴᠢ ᠪᠠᠨ ᠨᠠᠶᠢᠳᠠᠪᠤᠷᠢᠵᠢᠭᠤᠯᠤᠭᠰᠠᠨ ᠥᠬᠡᠶ᠂ ᠲᠡᠭᠦᠨ ᠤ ᠡᠷᠦᠬᠡ ᠠᠮᠠ᠂ ᠲᠠᠩᠰᠠ ᠡᠪᠬᠡᠮᠡᠯ᠂ ᠵᠣᠬᠢᠶᠠᠨ ᠪᠠᠶᠢᠭᠤᠯᠤᠯᠲᠠ ᠶᠢᠨ ᠬᠠᠷᠢᠴᠠᠭ᠎ᠠ ᠶᠢ ᠮᠥᠨ ᠬᠦ ᠤᠤᠯ ᠤᠨ ᠲᠡᠭᠦᠰᠦᠭᠰᠡᠨ ᠰᠤᠷᠭᠠᠭᠤᠯᠢ ᠳᠤ ᠦᠯᠡᠳᠡᠭᠡᠬᠦ ᠪᠤᠶᠤ ᠡᠯ᠎ᠡ ᠱᠠᠲᠤᠨ ᠤ ᠲᠡᠭᠦᠰᠦᠭᠰᠡᠳ ᠲᠤ ᠠᠵᠢᠯ ᠣᠯᠭᠤᠬᠤ ᠶᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ︵ᠲᠡᠭᠦᠰᠦᠭᠰᠡᠳ ᠲᠤ ᠠᠵᠢᠯ ᠣᠯᠭᠤᠬᠤ ᠶᠢ ᠵᠢᠯᠣᠭᠤᠳᠬᠤ ᠦᠢᠯᠡᠴᠢᠯᠡᠭᠡᠨ ᠤ ᠲᠥᠪ︶᠂ ᠡᠯ᠎ᠡ ᠱᠠᠲᠤᠨ ᠤ ᠴᠢᠳᠠᠪᠤᠷᠢᠲᠠᠨ ᠤ ᠰᠣᠯᠢᠯᠴᠠᠭᠠᠨ ᠤ ᠦᠢᠯᠡᠴᠢᠯᠡᠭᠡᠨ ᠤ ᠪᠠᠶᠢᠭᠤᠯᠤᠮᠵᠢ ᠪᠣᠯᠤᠨ ᠡᠯ᠎ᠡ ᠱᠠᠲᠤᠨ ᠤ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠲᠡᠭᠦᠰᠦᠭᠰᠡᠳ ᠲᠤ ᠦᠯᠡᠳᠡᠭᠡᠵᠦ ᠪᠠᠶᠢᠬᠤ ᠶᠢ ᠵᠢᠭᠠᠵᠤ ᠪᠣᠢ᠃      ᠳᠡᠭᠡᠳᠦ ᠰᠤᠷᠭᠠᠭᠤᠯᠢ ᠲᠡᠭᠦᠰᠦᠭᠰᠡᠳ ᠤᠨ ᠦᠨᠳᠦᠰᠦᠨ ᠱᠠᠲᠤᠨ ᠳᠤ ᠦᠢᠯᠡᠴᠢᠯᠡᠬᠦ ᠲᠥᠷᠥᠯ ᠵᠦᠢᠯ ᠤᠨ ᠠᠵᠢᠯᠲᠠᠨ ᠭᠡᠳᠡᠭ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠠᠴᠠ ᠲᠦᠷᠦᠭᠦᠯᠡᠨ ᠵᠣᠬᠢᠶᠠᠨ ᠪᠠᠶᠢᠭᠤᠯᠤᠭᠰᠠᠨ ᠳᠡᠭᠡᠳᠦ ᠰᠤᠷᠭᠠᠭᠤᠯᠢ ᠲᠡᠭᠦᠰᠦᠭᠰᠡᠳ ᠢ ᠰᠣᠩᠭᠤᠨ ᠤᠷᠢᠵᠤ ᠭᠠᠴᠠᠭ᠎ᠠ ᠲᠣᠰᠬᠤᠨ ᠳᠤ ᠠᠵᠢᠯ ᠡᠭᠦᠷᠭᠡᠯᠡᠬᠦ ᠠᠵᠢᠯᠲᠠᠨ︔ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠲᠦᠷᠦᠭᠦᠯᠡᠨ ᠵᠣᠬᠢᠶᠠᠨ ᠪᠠᠶᠢᠭᠤᠯᠤᠭᠰᠠᠨ ᠳᠡᠭᠡᠳᠦ ᠰᠤᠷᠭᠠᠭᠤᠯᠢ ᠲᠡᠭᠦᠰᠦᠭᠰᠡᠳ ᠤᠨ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠲᠥᠯᠥᠪᠯᠡᠭᠡ ᠶᠢᠨ ᠠᠵᠢᠯᠲᠠᠨ᠂ ᠳᠡᠭᠡᠳᠦ ᠰᠤᠷᠭᠠᠭᠤᠯᠢ ᠲᠡᠭᠦᠰᠦᠭᠰᠡᠳ ᠤᠨ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠠᠵᠢᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠯᠥᠪᠯᠡᠭᠡ ᠶᠢᠨ ᠠᠵᠢᠯᠲᠠᠨ᠂ ᠳᠤᠮᠳᠠ ᠵᠢᠵᠢᠭ ᠠᠵᠤ ᠠᠬᠤᠶᠢᠯᠠᠯ ᠪᠠ ᠨᠡᠶᠢᠲᠡ ᠶᠢᠨ ᠪᠤᠰᠤ ᠦᠮᠴᠢᠯᠡᠯᠲᠦ  ᠠᠵᠤ ᠠᠬᠤᠶᠢᠯᠠᠯ ᠳᠤ ᠬᠠᠨᠳᠤᠭᠤᠯᠤᠨ ᠳᠡᠭᠡᠳᠦ ᠰᠤᠷᠭᠠᠭᠤᠯᠢ ᠲᠡᠭᠦᠰᠦᠭᠰᠡᠳ ᠢ ᠰᠢᠯᠭᠠᠷᠠᠭᠤᠯᠵᠤ ᠨᠦᠬᠡᠴᠡᠯᠡᠬᠦ ᠲᠥᠯᠥᠪᠯᠡᠭᠡ ᠶᠢᠨ ᠠᠵᠢᠯᠲᠠᠨ︔ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠲᠦᠷᠦᠭᠦᠯᠡᠨ ᠵᠣᠬᠢᠶᠠᠨ ᠪᠠᠶᠢᠭᠤᠯᠤᠭᠰᠠᠨ ᠲᠠᠷᠢᠶᠠᠯᠠᠬᠤ ᠮᠠᠯᠵᠢᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠦᠶ᠎ᠡ ᠶᠢᠨ ᠰᠤᠷᠭᠠᠭᠤᠯᠢ ᠶᠢᠨ ᠪᠠᠭᠰᠢ ᠶᠢᠨ ᠣᠨᠴᠠᠭᠠᠢ ᠠᠵᠢᠯ ᠤᠨ ᠪᠠᠶᠢᠷᠢ ᠲᠣᠭᠲᠠᠭᠠᠬᠤ ᠲᠥᠯᠥᠪᠯᠡᠭᠡ ᠶᠢᠨ ᠠᠵᠢᠯᠲᠠᠨ︔ ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ ᠠᠴᠠ ᠲᠦᠷᠦᠭᠦᠯᠡᠨ ᠵᠣᠬᠢᠶᠠᠨ ᠪᠠᠶᠢᠭᠤᠯᠤᠭᠰᠠᠨ ᠤᠶᠤᠲᠠᠳ ᠤᠨ ᠰᠠᠶᠢᠨ ᠳᠤᠷ᠎ᠠ ᠠᠴᠠ ᠪᠠᠨ ᠪᠠᠷᠠᠭᠤᠨ ᠣᠷᠣᠨ ᠳᠤ ᠦᠢᠯᠡᠴᠢᠯᠡᠬᠦ ᠲᠦᠯᠦᠪᠯᠡᠭᠡ ᠶᠢᠨ ᠠᠵᠢᠯᠲᠠᠨ ᠢ ᠵᠢᠭᠠᠵᠤ ᠪᠣᠶ᠃      ᠴᠡᠷᠢᠭ ᠤᠨ ᠠᠯᠪᠠᠨ ᠠᠴᠠ ᠬᠠᠯᠠᠭᠳᠠᠭᠰᠠᠨ ᠣᠶᠤᠲᠠᠨ ᠪᠠᠶᠢᠯᠳᠤᠭᠴᠢ ᠭᠡᠳᠡᠭ ᠨᠢ ᠤᠯᠤᠰ ᠤᠨ ᠬᠤᠯᠪᠣᠭᠳᠠᠯ ᠪᠥᠬᠦᠢ ᠲᠣᠭᠲᠠᠭᠠᠯ ᠶᠣᠰᠣᠭᠠᠷ ᠡᠩ ᠤᠨ ᠳᠡᠭᠡᠳᠦ ᠰᠤᠷᠭᠠᠭᠤᠯᠢ ᠶᠡᠭᠡ ᠰᠤᠷᠭᠠᠭᠤᠯᠢ ᠶᠢᠨ ᠲᠤᠰᠬᠠᠶ ᠮᠡᠷᠭᠡᠵᠢᠯ ᠠᠴᠠ ᠳᠡᠭᠡᠭᠰᠢ ᠰᠤᠷᠤᠯᠭ᠎ᠠ ᠶᠢᠨ ᠨᠠᠮᠲᠠᠷ ᠲᠠᠢ ᠴᠡᠷᠢᠭ ᠤᠨ ᠠᠯᠪᠠᠨ ᠠᠴᠠ ᠬᠠᠯᠠᠭᠳᠠᠭᠰᠠᠨ ᠪᠠᠶᠢᠯᠳᠤᠭᠴᠢ ᠶᠢ ᠵᠢᠭᠠᠵᠤ ᠪᠤᠢ᠃      ︵ᠲᠠᠪᠤ︶ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠬᠢ᠂ ᠠᠰᠫᠢᠷᠠᠨᠲ ᠤᠨ ᠰᠤᠷᠭᠠᠭᠤᠯᠢ ᠳᠤ ᠰᠤᠷᠤᠯᠴᠠᠵᠤ ᠪᠠᠶᠢᠬᠤ ᠬᠤᠭᠤᠴᠠᠭᠠᠨ ᠳᠤ ᠪᠠᠨ ᠣᠷᠣᠯᠴᠠᠭᠰᠠᠨ ᠨᠡᠶᠢᠭᠡᠮ ᠤᠨ ᠦᠢᠯᠡᠳᠦᠯᠭᠡ ᠶᠢᠨ ᠥᠩᠭᠡᠷᠡᠯᠲᠡ ᠶᠢ ᠠᠵᠢᠯ ᠤᠨ ᠥᠩᠭᠡᠷᠡᠯᠲᠡ ᠪᠠᠷ ᠪᠤᠳᠤᠬᠤ ᠦᠭᠡᠢ᠃      ᠬᠤᠶᠠᠷ᠂ ᠨᠡᠷ᠎ᠡ ᠮᠡᠳᠡᠭᠦᠯᠬᠦ ᠲᠠᠰ ᠳᠠᠷᠠᠭᠠᠯᠠᠯ      ︵ᠨᠢᠭᠡ︶ ᠨᠡᠷ᠎ᠡ ᠮᠡᠳᠡᠭᠦᠯᠬᠦ      1᠂ ᠨᠡᠷ᠎ᠡ ᠮᠡᠳᠡᠭᠦᠯᠬᠦ ᠴᠠᠭ᠄      ︵1︶ ᠨᠢᠭᠡᠳᠦᠭᠡᠷ ᠱᠠᠲᠤ ᠦᠶ᠎ᠡ ᠶᠢᠨ ︽ᠲᠥᠷᠥᠯ ᠵᠦᠢᠯ ᠤᠨ ᠠᠵᠢᠯᠲᠠᠨ︾ ᠪᠠ ︽ᠳᠡᠭᠡᠳᠦ ᠰᠤᠷᠭᠠᠭᠤᠯᠢ ᠲᠡᠭᠦᠰᠦᠭᠰᠡᠳ︾ ᠤᠨ ᠠᠵᠢᠯ ᠤᠨ ᠪᠠᠶᠢᠷᠢ ᠳᠤ ᠨᠡᠷ᠎ᠡ ᠮᠡᠳᠡᠭᠦᠯᠬᠦ      ᠨᠡᠷ᠎ᠡ ᠮᠡᠳᠡᠭᠦᠯᠬᠦ ᠴᠠᠭ᠄ 2021 ᠣᠨ ᠤ 9 ᠳ᠋ᠦ᠋ᠭᠡᠷ ᠰᠠᠷ᠎ᠠ ᠶᠢᠨ 5 ᠤ ᠡᠳᠦᠷ ᠤᠨ 9᠄ 00 — 9 ᠳ᠋ᠦ᠋ᠭᠡᠷ ᠰᠠᠷ᠎ᠠ ᠶᠢᠨ 8 ᠤ ᠡᠳᠦᠷ ᠤᠨ 12᠄ 00︔ ᠬᠢᠷᠢ ᠬᠡᠮ ᠤᠨ ᠠᠩᠬᠠᠨ ᠤ ᠬᠢᠨᠠᠯᠲᠠ ᠶᠢᠨ ᠳᠠᠭᠤᠰᠬᠤ ᠴᠠᠭ ᠨᠢ 2021 ᠣᠨ ᠤ 9 ᠳ᠋ᠦ᠋ᠭᠡᠷ ᠰᠠᠷ᠎ᠠ ᠶᠢᠨ 8 ᠤ ᠡᠳᠦᠷ ᠤᠨ 15᠄ 00 ᠪᠣᠯᠤᠨ᠎ᠠ︔ ᠰᠦᠢᠳᠭᠡᠯ ᠲᠤᠰᠢᠶᠠᠬᠤ ᠴᠠᠭ ᠨᠢ 2021 ᠣᠨ ᠤ 9 ᠳ᠋ᠦ᠋ᠭᠡᠷ ᠰᠠᠷ᠎ᠠ ᠶᠢᠨ 8 ᠤ ᠡᠳᠦᠷ ᠤᠨ 24᠄ 00 ᠪᠣᠯᠤᠨ᠎ᠠ᠃ ᠨᠡᠷ᠎ᠡ ᠮᠡᠳᠡᠭᠦᠯᠵᠦ ᠰᠦᠢᠳᠭᠡᠯ ᠲᠤᠰᠢᠶᠠᠬᠤ ᠴᠠᠭ ᠳᠠᠭᠤᠰᠤᠭᠰᠠᠨ ᠤ ᠳᠠᠷᠠᠭ᠎ᠠ ᠬᠡᠷᠪᠡ ︽ᠲᠥᠷᠥᠯ ᠵᠦᠢᠯ ᠤᠨ ᠠᠵᠢᠯᠲᠠᠨ︾᠂ ︽ᠳᠡᠭᠡᠳᠦ ᠰᠤᠷᠭᠠᠭᠤᠯᠢ ᠲᠡᠭᠦᠰᠦᠭᠰᠡᠳ︾ ᠤᠨ ᠠᠵᠢᠯ ᠤᠨ ᠪᠠᠶᠢᠷᠢ ᠨᠢ ᠪᠢᠷ ᠤᠨ ᠰᠢᠯᠭᠠᠯᠲᠠ ᠶᠢᠨ ᠰᠢᠯᠭᠠᠯᠲᠠ ᠡᠬᠢᠯᠡᠬᠦ ᠬᠠᠷᠢᠴᠠᠯ ᠳᠤ ᠬᠥᠷᠬᠦ ᠥᠬᠡᠶ ᠪᠣᠯ᠂ ᠬᠤᠶᠠᠳᠤᠭᠠᠷ ᠱᠠᠲᠤᠨ ᠳᠤ ᠲᠠᠯᠪᠢᠵᠤ ᠨᠡᠷ᠎ᠡ ᠮᠡᠳᠡᠭᠦᠯᠬᠦ ᠶᠢ ᠳᠠᠭᠢᠵᠤ ᠵᠣᠬᠢᠶᠠᠨ ᠪᠠᠶᠢᠭᠤᠯᠤᠨ᠎ᠠ ︵ᠤᠷᠢᠬᠤ ᠠᠵᠢᠯ ᠤᠨ ᠪᠠᠶᠢᠷᠢ᠂ ᠤᠷᠢᠬᠤ ᠨᠥᠬᠦᠴᠡᠯ ᠨᠢ ᠠᠳᠠᠯᠢ ᠪᠣᠯ ᠨᠡᠶᠢᠯᠡᠭᠦᠯᠦᠨ ᠤᠷᠢᠬᠤ ᠪᠠᠷ ᠲᠦᠯᠦᠪᠯᠡᠨ᠎ᠡ︶᠃      ︵2︶ ᠬᠤᠶᠠᠳᠤᠭᠠᠷ ᠱᠠᠲᠤᠨ ᠤ ᠡᠩ ᠤᠨ ᠠᠵᠢᠯ ᠤᠨ ᠪᠠᠶᠢᠷᠢ ᠪᠠ ᠰᠢᠨᠵᠢ ᠴᠢᠨᠠᠷ ᠢ ᠨᠢ ᠬᠤᠪᠢᠷᠠᠭᠤᠯᠤᠭᠰᠠᠨ ᠬᠡᠰᠡᠭ ᠠᠵᠢᠯ ᠤᠨ ᠪᠠᠶᠢᠷᠢ ᠳᠤ ᠨᠡᠷ᠎ᠡ ᠮᠡᠳᠡᠭᠦᠯᠬᠦ      ᠨᠡᠷ᠎ᠡ ᠮᠡᠳᠡᠭᠦᠯᠬᠦ ᠴᠠᠭ᠄ 2021 ᠣᠨ ᠤ 9 ᠳ᠋ᠦ᠋ᠭᠡᠷ ᠰᠠᠷ᠎ᠠ ᠶᠢᠨ 12 ᠤᠨ ᠡᠳᠦᠷ ᠤᠨ 9᠄ 00 — 9 ᠳ᠋ᠦ᠋ᠭᠡᠷ ᠰᠠᠷ᠎ᠠ ᠶᠢᠨ 15 ᠤ ᠡᠳᠦᠷ ᠤᠨ 12᠄ 00︔ ᠬᠢᠷᠢ ᠬᠡᠮ ᠤᠨ ᠠᠩᠬᠠᠨ ᠤ ᠬᠢᠨᠠᠯᠲᠠ ᠶᠢᠨ ᠳᠠᠭᠤᠰᠬᠤ ᠴᠠᠭ ᠨᠢ 2021 ᠣᠨ ᠤ 9 ᠳ᠋ᠦ᠋ᠭᠡᠷ ᠰᠠᠷ᠎ᠠ ᠶᠢᠨ 15 ᠤ ᠡᠳᠦᠷ ᠤᠨ 15᠄ 00 ᠪᠣᠯᠤᠨ᠎ᠠ︔ ᠰᠦᠢᠳᠭᠡᠯ ᠲᠤᠰᠢᠶᠠᠬᠤ ᠴᠠᠭ ᠨᠢ 2021 ᠣᠨ ᠤ 9 ᠳ᠋ᠦ᠋ᠭᠡᠷ ᠰᠠᠷ᠎ᠠ ᠶᠢᠨ 15 ᠤ ᠡᠳᠦᠷ ᠤᠨ 24᠄ 00 ᠪᠣᠯᠤᠨ᠎ᠠ᠃      ᠨᠡᠷ᠎ᠡ ᠮᠡᠳᠡᠭᠦᠯᠵᠦ ᠰᠦᠢᠳᠭᠡᠯ ᠲᠤᠰᠢᠶᠠᠬᠤ ᠴᠠᠭ ᠳᠠᠭᠤᠰᠤᠭᠰᠠᠨ ᠤ ᠳᠠᠷᠠᠭ᠎ᠠ᠂ ᠪᠢᠷ ᠤᠨ ᠰᠢᠯᠭᠠᠯᠲᠠ ᠶᠢᠨ ᠰᠢᠯᠭᠠᠯᠲᠠ ᠡᠬᠢᠯᠡᠬᠦ ᠬᠠᠷᠢᠴᠠᠯ ᠳᠤ ᠬᠥᠷᠬᠦ ᠥᠬᠡᠶ ᠠᠵᠢᠯ ᠤᠨ ᠪᠠᠶᠢᠷᠢ ᠶᠢᠨ ᠠᠵᠢᠯᠲᠠᠨ ᠤᠷᠢᠬᠤ ᠲᠥᠯᠥᠪᠯᠡᠭᠡ ᠶᠢᠨ ᠲᠤᠭ᠎ᠠ ᠶᠢ ᠪᠠᠭᠠᠰᠬᠠᠬᠤ ᠪᠤᠶᠤ ᠬᠦᠴᠦᠨ ᠥᠬᠡᠶ ᠪᠣᠯᠭᠠᠬᠤ ᠶᠢᠨ ᠬᠠᠮᠲᠤ ᠨᠡᠷ᠎ᠡ ᠮᠡᠳᠡᠭᠦᠯᠬᠦ ᠰᠦᠯᠵᠢᠶᠡᠨ ᠳᠡᠭᠡᠷ᠎ᠡ ᠨᠡᠶᠢᠲᠡᠯᠡᠨ᠎ᠡ᠃      ᠨᠡᠷ᠎ᠡ ᠮᠡᠳᠡᠭᠦᠯᠬᠦ ᠰᠦᠯᠵᠢᠶ᠎ᠡ ᠨᠢ ᠥᠪᠥᠷ ᠮᠣᠩᠭᠤᠯ ᠤᠨ ᠠᠵᠢᠯᠲᠠᠨ ᠤ ᠶᠠᠪᠤᠳᠠᠯ ᠤᠨ ᠰᠢᠯᠭᠠᠯᠲᠠ ᠪᠠ ᠪᠣᠯᠪᠠᠰᠤᠷᠠᠭᠤᠯᠤᠯ ᠤᠨ ᠰᠦᠯᠵᠢᠶ᠎ᠡ ︵ᠰᠦᠯᠵᠢᠶᠡᠨ ᠤ ᠬᠠᠶ᠋ᠢᠭ http://www.impta.com.cn      2. ᠨᠡᠷ᠎ᠡ ᠮᠡᠳᠡᠭᠦᠯᠬᠦ ᠦᠶ᠎ᠡ ᠳᠤ ᠡᠷᠬᠡᠪᠰᠢ ᠱᠠᠭᠠᠷᠳᠠᠯᠭ᠎ᠠ ᠶᠣᠰᠣᠭᠠᠷ ︽ᠨᠡᠷ᠎ᠡ ᠮᠡᠳᠡᠭᠦᠯᠬᠦ ᠬᠦᠰᠦᠨᠦᠭᠲᠦ︾ ᠶᠢᠨ ᠬᠤᠯᠪᠣᠭᠳᠠᠯ ᠪᠦᠬᠦᠢ ᠮᠡᠳᠡᠭᠡ ᠵᠠᠩᠭᠢ ᠶᠢ ᠲᠠᠭᠯᠠᠨ ᠪᠢᠴᠢᠬᠦ ᠬᠡᠷᠡᠭᠲᠡᠶ ᠪᠥᠭᠡᠳ ᠲᠤᠰ ᠬᠥᠮᠦᠨ ᠤ ᠣᠶᠢᠷ᠎ᠠ ᠶᠢᠨ ᠬᠤᠭᠤᠴᠠᠭᠠᠨ ᠤ ᠮᠠᠯᠠᠭᠠᠶ ᠦᠭᠡᠶ ᠪᠠᠷ 2 ᠢᠮᠠᠬᠤ ᠶᠢᠨ ᠲᠣᠭᠠᠨ ᠤ ᠪᠤᠳᠤᠭᠲᠤ ᠭᠡᠷᠡᠯ ᠵᠢᠷᠤᠭ ︵jpg ᠬᠡᠯᠪᠡᠷᠢ᠂ ᠶᠡᠭᠡ ᠪᠠᠭ᠎ᠠ ᠨᠢ 20KB ᠠᠴᠠ ᠳᠣᠷᠣᠭᠰᠢ︶ ᠢ ᠰᠦᠯᠵᠢᠶᠡᠨ ᠳᠤ ᠣᠷᠤᠭᠤᠯᠬᠤ ᠬᠡᠷᠡᠭᠲᠡᠶ᠃ ᠬᠤᠪᠢ ᠬᠥᠮᠦᠨ ᠤ ᠲᠣᠪᠴᠢ ᠨᠠᠮᠲᠠᠷ ᠢᠶᠠᠨ ᠲᠠᠭᠯᠠᠬᠤ ᠳᠤ ᠪᠠᠨ ᠡᠷᠬᠡᠪᠰᠢ ᠥᠪᠡᠷ ᠤᠨ ᠰᠤᠷᠤᠯᠴᠠᠭᠰᠠᠨ ᠥᠩᠭᠡᠷᠡᠯᠲᠡ᠂ ᠨᠡᠷ᠎ᠡ ᠮᠡᠳᠡᠭᠦᠯᠬᠦ ᠡᠳᠦᠷ ᠡᠬᠢᠯᠡᠬᠦ ᠬᠦᠷᠲᠡᠯᠡᠬᠢ ᠠᠵᠢᠯ ᠤᠨ ᠥᠩᠭᠡᠷᠡᠯᠲᠡ ᠪᠠᠨ ᠪᠦᠷᠢᠨ ᠪᠦᠲᠦᠨ ᠲᠠᠭᠯᠠᠨ ᠪᠢᠴᠢᠬᠦ ᠬᠡᠷᠡᠭᠲᠡᠶ᠂ ᠱᠠᠭᠠᠷᠳᠠᠯᠭ᠎ᠠ ᠶᠣᠰᠣᠭᠠᠷ ᠲᠠᠭᠯᠠᠨ ᠪᠢᠴᠢᠬᠦ ᠥᠬᠡᠶ ᠪᠣᠯ ᠬᠢᠨᠠᠨ ᠬᠠᠷᠭᠤᠭᠤᠯᠵᠤ ᠪᠠᠲᠤᠯᠠᠬᠤ ᠥᠬᠡᠶ᠃      3. ᠤᠷᠢᠭᠳᠠᠭᠴᠢ ᠡᠷᠬᠡᠪᠰᠢ ᠰᠦᠯᠵᠢᠶᠡᠨ ᠳᠡᠭᠡᠷ᠎ᠡ ᠲᠠᠭᠯᠠᠨ ᠮᠡᠳᠡᠭᠦᠯᠦᠭᠰᠡᠨ ᠮᠡᠳᠡᠭᠡ ᠵᠠᠩᠭᠢ ᠶᠢᠨ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ ᠪᠠ ᠪᠦᠷᠢᠨ ᠪᠦᠲᠦᠨ ᠴᠢᠨᠠᠷ ᠲᠤ ᠬᠠᠷᠢᠭᠤᠴᠠᠬᠤ ᠬᠡᠷᠡᠭᠲᠡᠶ᠃ ᠬᠤᠳᠠᠯ ᠬᠠᠭᠤᠷᠮᠠᠭ ᠮᠡᠳᠡᠭᠡ ᠵᠠᠩᠭᠢ ᠶᠢ ᠲᠠᠭᠯᠠᠨ ᠮᠡᠳᠡᠭᠦᠯᠦᠭᠰᠡᠨ ᠪᠤᠶᠤ ᠴᠢᠬᠤᠯᠠ ᠮᠡᠳᠡᠭᠡ ᠵᠠᠩᠭᠢ ᠶᠢ ᠨᠢᠭᠤᠨ ᠳᠠᠯᠳᠠᠯᠠᠭᠰᠠᠨ ᠦᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠲᠡᠭᠦᠨ ᠤ ᠰᠢᠯᠭᠠᠬᠤ᠂ ᠤᠷᠢᠨ ᠬᠡᠷᠡᠭᠯᠡᠬᠦ ᠬᠢᠷᠢ ᠬᠡᠮ ᠢ ᠨᠢ ᠬᠦᠴᠦᠨ ᠥᠬᠡᠶ ᠪᠣᠯᠭᠠᠬᠤ ᠶᠢᠨ ᠬᠠᠮᠲᠤ ᠲᠣᠰ ᠬᠥᠮᠦᠨ ᠤ ᠢᠲᠡᠭᠡᠮᠵᠢ ᠶᠢᠨ ᠲᠠᠩᠰᠠ ᠡᠪᠬᠡᠮᠡᠯ ᠳᠤ ᠲᠡᠮᠳᠡᠭᠯᠡᠨ ᠣᠷᠣᠭᠤᠯᠤᠨ᠎ᠠ᠃      ︵ᠬᠤᠶᠠᠷ︶ ᠬᠢᠷᠢ ᠬᠡᠮ ᠤᠨ ᠠᠩᠬᠠᠨ ᠤ ᠬᠢᠨᠠᠯᠲᠠ ᠵᠢᠴᠢ ᠰᠦᠢᠳᠭᠡᠯ ᠲᠤᠰᠢᠶᠠᠬᠤ      1. ᠬᠢᠷᠢ ᠬᠡᠮ ᠤᠨ ᠠᠩᠬᠠᠨ ᠤ ᠬᠢᠨᠠᠯᠲᠠ ᠶᠢᠨ ᠠᠵᠢᠯ ᠢ ᠰᠦᠯᠵᠢᠶᠡᠨ ᠳᠡᠭᠡᠷ᠎ᠡ ᠶᠠᠪᠤᠭᠳᠠᠭᠤᠯᠤᠨ᠎ᠠ᠃ ᠤᠷᠢᠭᠳᠠᠭᠴᠢ ᠰᠦᠯᠵᠢᠶᠡᠨ ᠳᠡᠭᠡᠷ᠎ᠡ ᠨᠡᠷ᠎ᠡ ᠮᠡᠳᠡᠭᠦᠯᠦᠭᠰᠡᠨ ᠮᠡᠳᠡᠭᠡ ᠵᠠᠩᠭᠢ ᠪᠠᠨ ᠠᠮᠵᠢᠯᠲᠠ ᠲᠠᠢ ᠲᠤᠰᠢᠶᠠᠭᠰᠠᠨ ᠤ ᠳᠠᠷᠠᠭ᠎ᠠ ᠴᠠᠭ ᠲᠤᠬᠠᠶ ᠳᠤ ᠨᠢ ᠨᠡᠷ᠎ᠡ ᠮᠡᠳᠡᠭᠦᠯᠬᠦ ᠰᠦᠯᠵᠢᠶᠡᠨ ᠳᠤ ᠭᠠᠷᠴᠤ ᠥᠪᠡᠷ ᠤᠨ ᠬᠢᠷᠢ ᠬᠡᠮ ᠤᠨ ᠠᠩᠬᠠᠨ ᠤ ᠬᠢᠨᠠᠯᠲᠠ ᠶᠢᠨ ᠦᠷ᠎ᠡ ᠳ᠋ᠦᠩ ᠢᠶᠠᠨ ᠪᠠᠶᠢᠴᠠᠭᠠᠨ ᠯᠠᠪᠯᠠᠬᠤ ᠬᠡᠷᠡᠭᠲᠡᠶ᠂ ᠠᠩᠬᠠᠨ ᠤ ᠬᠢᠨᠠᠯᠲᠠ ᠶᠢ ᠪᠠᠲᠤᠯᠠᠭᠰᠠᠨ ᠤ ᠳᠠᠷᠠᠭ᠎ᠠ ᠨᠡᠷ᠎ᠡ ᠮᠡᠳᠡᠭᠦᠯᠦᠭᠰᠡᠨ ᠮᠡᠳᠡᠭᠡ ᠵᠠᠩᠭᠢ ᠪᠠᠨ ᠳᠠᠭᠢᠵᠤ ᠵᠠᠰᠠᠵᠤ ᠪᠣᠯᠬᠤ ᠥᠬᠡᠶ᠃        2. ︽ᠤᠷᠢᠬᠤ ᠠᠵᠢᠯ ᠤᠨ ᠪᠠᠶᠢᠷᠢ ᠶᠢᠨ ᠬᠦᠰᠦᠨᠦᠭᠲᠦ︾ ᠳᠤ ᠬᠤᠯᠪᠣᠭᠳᠠᠬᠤ ᠰᠤᠷᠤᠯᠭ᠎ᠠ ᠶᠢᠨ ᠨᠠᠮᠲᠠᠷ᠂ ᠰᠢᠨᠵᠢᠯᠡᠭᠡᠨ ᠤ ᠰᠠᠯᠠᠭ᠎ᠠ᠂ ᠲᠤᠰᠬᠠᠶ ᠮᠡᠷᠭᠡᠵᠢᠯ ᠵᠡᠷᠭᠡ ᠬᠢᠷᠢ ᠬᠡᠮ ᠤᠨ ᠨᠥᠬᠦᠴᠡᠯ ᠤᠨ ᠲᠠᠯ᠎ᠠ ᠶᠢᠨ ᠠᠰᠠᠭᠤᠳᠠᠯ ᠢ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠬᠠᠷᠢᠭᠤᠴᠠᠨ ᠲᠠᠶᠢᠯᠪᠤᠷᠢᠯᠠᠨ᠎ᠠ᠃      3. ᠠᠩᠬᠠᠨ ᠤ ᠬᠢᠨᠠᠯᠲᠠ ᠳᠤ ᠬᠢᠷᠢ ᠲᠡᠩᠴᠡᠭᠰᠡᠨ ᠠᠵᠢᠯᠲᠠᠨ ᠡᠷᠬᠡᠪᠰᠢ ᠱᠠᠭᠠᠷᠳᠠᠯᠭ᠎ᠠ ᠶᠣᠰᠣᠭᠠᠷ ᠨᠡᠷ᠎ᠡ ᠮᠡᠳᠡᠭᠦᠯᠬᠦ ᠰᠦᠯᠵᠢᠶᠡᠨ ᠳᠡᠭᠡᠷ᠎ᠡ ᠰᠦᠢᠳᠭᠡᠯ ᠲᠤᠰᠢᠶᠠᠬᠤ ᠬᠡᠷᠡᠭᠲᠡᠶ᠃ ᠰᠦᠢᠳᠬᠡᠯ ᠲᠤᠰᠢᠶᠠᠵᠤ ᠪᠠᠷᠠᠮᠠᠭᠴᠠ ᠨᠡᠷ᠎ᠡ ᠮᠡᠳᠡᠭᠦᠯᠦᠭᠡᠳ ᠠᠮᠵᠢᠯᠲᠠ ᠣᠯᠤᠭᠰᠠᠨ ᠢ ᠨᠤᠲᠠᠯᠠᠨ ᠵᠥᠪᠰᠢᠶᠡᠷᠡᠨ᠎ᠡ᠃ ᠰᠢᠯᠭᠠᠯᠲᠠ ᠳᠤ 120 ᠲᠥᠭᠦᠷᠢᠭ ︵ᠬᠦᠮᠦᠨ ᠪᠦᠷᠢ ᠬᠢᠴᠢᠶᠡᠯ ᠪᠦᠷᠢ ᠨᠢ 50 ᠲᠥᠭᠦᠷᠢᠭ᠂ ᠨᠡᠷ᠎ᠡ ᠮᠡᠳᠡᠭᠦᠯᠬᠦ ᠵᠠᠷᠤᠳᠠᠯ ᠨᠢ 20 ᠲᠥᠭᠦᠷᠢᠭ︶ ᠬᠤᠷᠢᠶᠠᠨ᠎ᠠ᠃ ᠰᠦᠢᠳᠭᠡᠯ ᠲᠤᠰᠢᠶᠠᠬᠤ ᠬᠤᠭᠤᠴᠠᠭ᠎ᠠ ᠳᠠᠭᠤᠰᠬᠤ ᠠᠴᠠ ᠡᠮᠦᠨ᠎ᠡ ᠰᠦᠢᠳᠭᠡᠯ ᠲᠤᠰᠢᠶᠠᠵᠤ ᠳᠠᠭᠤᠰᠬᠠᠭᠰᠠᠨ ᠥᠬᠡᠶ ᠪᠠᠶᠢᠪᠠᠯ ᠨᠡᠷ᠎ᠡ ᠮᠡᠳᠡᠭᠦᠯᠬᠦ ᠪᠠᠨ ᠪᠤᠯᠢᠭᠰᠠᠨ ᠢᠶᠠᠷ ᠦᠵᠡᠵᠦ᠂ ᠪᠢᠷ ᠤᠨ ᠰᠢᠯᠭᠠᠯᠲᠠ ᠳᠤ ᠰᠠᠭᠠᠲᠠᠭᠰᠠᠨ ᠪᠠᠶᠢᠪᠠᠯ ᠳᠠᠭᠢᠵᠤ ᠰᠦᠢᠳᠭᠡᠯ ᠢ ᠨᠢ ᠪᠤᠴᠠᠭᠠᠬᠤ ᠥᠬᠡᠶ᠃      ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ 2021 ᠣᠨ ᠤ ᠲᠣᠰ ᠵᠢᠯ ᠤᠨ ᠲᠡᠭᠦᠰᠦᠭᠰᠡᠳ ᠨᠢ ᠰᠢᠯᠭᠠᠯᠲᠠ ᠳᠤ ᠨᠡᠷ᠎ᠡ ᠮᠡᠳᠡᠭᠦᠯᠬᠦ ᠰᠦᠢᠳᠭᠡᠯ ᠲᠤᠰᠢᠶᠠᠬᠤ ᠥᠬᠡᠶ ᠪᠠᠶᠢᠵᠤ ᠪᠣᠯᠤᠨ᠎ᠠ᠂ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ 2020 ᠣᠨ ᠳᠤ ᠲᠡᠭᠦᠰᠦᠭᠰᠡᠳ ᠠᠴᠠ ᠬᠠᠭᠠᠰ ᠢᠶᠠᠷ ᠬᠠᠰᠤᠵᠤ ᠬᠤᠷᠢᠶᠠᠨ᠎ᠠ᠂ ᠡᠨᠡ ᠬᠤᠶᠠᠷ ᠲᠥᠷᠥᠯ ᠤᠨ ᠤᠷᠢᠭᠳᠠᠭᠰᠠᠳ ᠤᠨ ᠰᠢᠯᠭᠠᠯᠲᠠ ᠳᠤ ᠨᠡᠷ᠎ᠡ ᠮᠡᠳᠡᠭᠦᠯᠬᠦ ᠰᠦᠢᠳᠭᠡᠯ ᠢ ᠬᠠᠰᠤᠵᠤ ᠭᠡᠯᠳᠦᠷᠢᠭᠦᠯᠬᠦ ᠳᠤ ᠤᠷᠢᠳ ᠢᠶᠠᠷ ᠲᠤᠰᠢᠶᠠᠵᠤ ᠳᠠᠷᠠᠭ᠎ᠠ ᠨᠢ ᠪᠤᠴᠠᠭᠠᠬᠤ ᠠᠷᠭ᠎ᠠ ᠮᠠᠶ᠋ᠢᠭ ᠢ ᠬᠡᠷᠡᠭᠯᠡᠨ᠎ᠡ᠃ ᠤᠷᠢᠭᠳᠠᠭᠰᠠᠳ ᠪᠢᠷ ᠤᠨ ᠰᠢᠯᠭᠠᠯᠲᠠ ᠳᠠᠭᠤᠰᠤᠭᠰᠠᠨ ᠤ ᠳᠠᠷᠠᠭᠠᠬᠢ 20 ᠡᠳᠦᠷ ᠤᠨ ᠳᠣᠲᠣᠷ᠎ᠠ᠂ ᠨᠡᠷ᠎ᠡ ᠮᠡᠳᠡᠭᠦᠯᠬᠦ ᠰᠦᠯᠵᠢᠶᠡᠨ ᠳᠡᠭᠡᠷ᠎ᠡ ᠠᠴᠠ ︽ᠨᠡᠷ᠎ᠡ ᠮᠡᠳᠡᠭᠦᠯᠬᠦ ᠰᠦᠢᠳᠬᠡᠯ ᠢ ᠬᠠᠰᠤᠵᠤ ᠬᠡᠯᠲᠦᠷᠢᠭᠦᠯᠬᠦ ᠭᠤᠶᠤᠴᠢᠯᠠᠯ ᠤᠨ ᠬᠦᠰᠦᠨᠦᠭᠲᠦ︾ ᠶᠢ ᠪᠠᠭᠤᠯᠭᠠᠨ ᠲᠠᠭᠯᠠᠬᠤ ᠶᠢᠨ ᠬᠠᠮᠲᠤ᠂ ᠲᠣᠰ ᠬᠥᠮᠦᠨ ᠤ ᠪᠡᠶ᠎ᠡ ᠶᠢᠨ ᠦᠨᠡᠮᠯᠡᠯ ᠪᠠ ᠲᠡᠭᠦᠰᠦᠭᠰᠡᠨ ᠦᠨᠡᠮᠯᠡᠯ ︵2021 ᠣᠨ ᠤ ᠲᠣᠰ ᠵᠢᠯ ᠤᠨ ᠲᠡᠭᠦᠰᠦᠭᠰᠡᠳ ᠲᠡᠭᠦᠰᠦᠭᠰᠡᠨ ᠦᠨᠡᠮᠯᠡᠯ ᠣᠯᠤᠭᠰᠠᠨ ᠥᠬᠡᠶ ᠪᠠᠶᠢᠪᠠᠯ᠂ ᠪᠠᠶᠢᠭ᠎ᠠ ᠳᠡᠭᠡᠳᠦ ᠰᠤᠷᠭᠠᠭᠤᠯᠢ ︿ᠰᠠᠯᠪᠤᠷᠢ﹀ ᠪᠠ ᠰᠤᠷᠭᠠᠭᠤᠯᠢ ᠶᠢᠨ ᠬᠢᠴᠢᠶᠡᠯ ᠬᠥᠮᠦᠵᠢᠯ ᠤᠨ ᠭᠠᠵᠠᠷ ︿ᠰᠤᠳᠤᠯᠤᠨ ᠰᠤᠷᠤᠭᠴᠢᠳ ᠤᠨ ᠬᠦᠷᠢᠶᠡᠯᠡᠩ᠂ ᠭᠠᠵᠠᠷ﹀ ᠤᠨ ᠠᠯᠪᠠᠨ ᠲᠠᠮᠠᠭ᠎ᠠ ᠶᠢ ᠳᠠᠷᠤᠭᠰᠠᠨ ᠭᠡᠷᠡᠴᠢ︶ ᠶᠢᠨ ᠣᠭ ᠮᠠᠲ᠋ᠧᠷᠢᠶᠠᠯ ᠵᠢᠴᠢ  ᠬᠠᠭᠤᠯᠪᠤᠷᠢ ︵ᠨᠡᠷ᠎ᠡ ᠮᠡᠳᠡᠭᠦᠯᠦᠭᠰᠡᠨ ᠳ᠋ᠤᠭᠠᠷ ᠪᠠ ᠬᠠᠷᠢᠯᠴᠠᠬᠤ ᠤᠲᠠᠰᠤ ᠶᠢ ᠲᠣᠳᠣᠷᠬᠠᠶᠢᠯᠠᠨ᠎ᠠ︶ ᠪᠠᠨ ᠠᠪᠴᠤ᠂ ᠠᠵᠢᠯ ᠤᠨ ᠡᠳᠦᠷ ᠲᠤ ᠣᠶᠢᠷ᠎ᠠ ᠬᠠᠪᠢ ᠶᠢᠨ ᠠᠵᠢᠯᠲᠠᠨ ᠤ ᠶᠠᠪᠤᠳᠠᠯ ᠤᠨ ᠰᠢᠯᠭᠠᠯᠲᠠ ᠶᠢᠨ ᠪᠠᠶᠢᠭᠤᠯᠤᠮᠵᠢ ᠳᠤ ᠬᠦᠷᠴᠦ ᠬᠢᠨᠠᠨ ᠬᠠᠷᠭᠤᠭᠤᠯᠵᠤ ᠨᠤᠲᠠᠯᠠᠭᠠᠳ  ᠰᠦᠢᠳᠭᠡᠯ ᠪᠤᠴᠠᠭᠠᠬᠤ ᠭᠠᠷᠳᠠᠮ ᠢ ᠭᠦᠢᠴᠡᠳᠭᠡᠨ᠎ᠡ᠃ ᠰᠦᠢᠳᠭᠡᠯ ᠢ ᠬᠠᠰᠤᠵᠤ ᠭᠡᠯᠳᠦᠷᠢᠭᠦᠯᠦᠭᠰᠡᠨ ᠤᠷᠢᠭᠳᠠᠭᠰᠠᠳ ᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠲᠠᠨ ᠤ ᠶᠠᠪᠤᠳᠠᠯ ᠤᠨ ᠰᠢᠯᠭᠠᠯᠲᠠ ᠪᠠ ᠪᠣᠯᠪᠠᠰᠤᠷᠠᠭᠤᠯᠤᠯ ᠤᠨ ᠲᠥᠪ ᠠᠴᠠ ᠰᠦᠯᠵᠢᠶᠡᠨ ᠳᠡᠭᠡᠷᠡᠬᠢ ᠪᠠᠩᠬᠢ ᠪᠠᠷ ᠳᠡᠮᠵᠢᠨ ᠲᠤᠰᠢᠶᠠᠭᠰᠠᠨ ᠵᠠᠷᠤᠳᠠᠯ ᠢ ᠨᠢ ᠤᠷᠢᠭᠳᠠᠭᠰᠠᠳ ᠤᠨ ᠰᠦᠢᠳᠭᠡᠯ ᠲᠤᠰᠢᠶᠠᠬᠤ ᠪᠠᠩᠬᠢ ᠶᠢᠨ ᠲᠠᠩᠰᠠᠨ ᠡᠷᠦᠬᠡ ᠳᠤ  ᠠᠦ᠋ᠲ᠋ᠣ᠋ ᠪᠤᠴᠠᠭᠠᠨ᠎ᠠ᠃      ᠲᠠᠷᠢᠶᠠᠯᠠᠬᠤ ᠮᠠᠯᠵᠢᠬᠤ ᠣᠷᠣᠨ ᠤ ᠳᠡᠩᠰᠡᠯᠡᠨ ᠺᠠᠷᠲᠯᠠᠭᠰᠠᠨ ᠶᠠᠳᠠᠭᠤ ᠬᠦᠴᠢᠷᠳᠡᠯᠲᠡᠶ ᠬᠡᠷ ᠪᠦᠯᠢ ᠪᠣᠯᠤᠨ ᠬᠤᠲᠠ ᠪᠠᠯᠭᠠᠰᠤ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠭᠥᠷᠳᠡᠵᠦ ᠪᠠᠶᠢᠭ᠎ᠠ ᠬᠡᠷ ᠪᠦᠯᠢ ᠶᠢᠨ ᠤᠷᠢᠭᠳᠠᠭᠰᠠᠳ ᠨᠢ ᠰᠢᠯᠭᠠᠯᠲᠠ ᠳᠤ ᠨᠡᠷ᠎ᠡ ᠮᠡᠳᠡᠭᠦᠯᠬᠦ ᠰᠦᠢᠳᠭᠡᠯ ᠢ ᠲᠤᠰᠢᠶᠠᠬᠤ ᠥᠬᠡᠶ ᠪᠠᠶᠢᠵᠤ ᠪᠣᠯᠤᠨ᠎ᠠ᠃ ᠡᠨᠡ ᠬᠤᠶᠠᠷ ᠲᠥᠷᠥᠯ ᠤᠨ ᠤᠷᠢᠭᠳᠠᠭᠰᠠᠳ ᠤᠨ ᠪᠠᠶᠢᠭ᠎ᠠ ᠭᠠᠵᠠᠷ ᠤᠨ ᠬᠤᠰᠢᠭᠤ ᠰᠢᠶᠠᠨ ︵ᠬᠤᠲᠠ᠂ ᠲᠣᠭᠤᠷᠢᠭ︶ ᠤ ᠶᠠᠳᠠᠭᠤ ᠶᠢ ᠲᠡᠳᠬᠦᠬᠦ ᠰᠠᠯᠠᠭ᠎ᠠ ᠮᠥᠴᠢᠷ ᠤᠨ ᠲᠠᠷᠬᠠᠭᠠᠭᠰᠠᠨ ᠳᠠᠩᠰᠠ ᠡᠪᠬᠡᠮᠡᠯ ᠤᠨ ᠺᠠᠷᠲ ︵ᠭᠠᠷ ᠳᠡᠪᠲᠡᠷ︶ ᠪᠤᠶᠤ ᠭᠠᠷᠭᠠᠵᠤ ᠥᠭᠭᠦᠭᠰᠡᠨ ᠶᠠᠳᠠᠭᠤ ᠬᠦᠴᠢᠷᠳᠡᠯ ᠤᠨ ᠭᠡᠷᠡᠴᠢ ᠶᠢᠨ ᠬᠠᠭᠤᠯᠪᠤᠷᠢ᠂ ᠪᠠᠶᠢᠭ᠎ᠠ ᠭᠠᠵᠠᠷ ᠤᠨ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠭᠠᠷᠭᠠᠵᠤ ᠥᠭᠭᠦᠭᠰᠡᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠬᠦᠷᠲᠡᠬᠦ ᠭᠡᠷᠡᠴᠢ ᠪᠤᠶᠤ ᠳᠣᠣᠷ᠎ᠠ ᠪᠠᠲᠤᠯᠠᠭ᠎ᠠ ᠶᠢᠨ ᠬᠠᠭᠤᠯᠪᠤᠷᠢ᠂ ᠤᠷᠢᠭᠳᠠᠭᠰᠠᠳ ᠤᠨ ᠪᠡᠶ᠎ᠡ ᠶᠢᠨ ᠦᠨᠡᠮᠯᠡᠯ ᠤᠨ ᠬᠠᠭᠤᠯᠪᠤᠷᠢ ︵ᠨᠡᠷ᠎ᠡ ᠮᠡᠳᠡᠭᠦᠯᠬᠦ ᠳ᠋ᠤᠭᠠᠷ ᠪᠠ ᠬᠠᠷᠢᠯᠴᠠᠬᠤ ᠤᠲᠠᠰᠤ ᠶᠢ ᠲᠣᠳᠣᠷᠬᠠᠶᠢᠯᠠᠨ᠎ᠠ︶ ᠲᠠᠢ ᠬᠠᠮᠲᠤ ᠳᠤ ᠨᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠲᠠᠨ ᠤ ᠶᠠᠪᠤᠳᠠᠯ ᠤᠨ ᠰᠢᠯᠭᠠᠯᠲᠠ ᠪᠠ ᠪᠣᠯᠪᠠᠰᠤᠷᠠᠭᠤᠯᠤᠯ ᠤᠨ ᠲᠥᠪ ︵ᠡᠯᠧᠺᠲᠷᠣᠨ ᠰᠢᠤᠳᠠᠨ ᠤ ᠬᠠᠶᠢᠷᠴᠠᠭ᠄ imptasybtf@126.com︶ ᠲᠤ ᠢᠮᠸᠢᠢᠯ ᠢ ᠢᠯᠡᠭᠡᠨ᠎ᠡ᠂ ᠨᠢᠭᠡᠳᠦᠭᠡᠷ ᠨᠡᠷ᠎ᠡ ᠮᠡᠳᠡᠭᠦᠯᠬᠦ ᠱᠠᠲᠤᠨ ᠤ ᠢᠯᠡᠭᠡᠬᠦ ᠳᠠᠭᠤᠰᠬᠤ ᠡᠳᠦᠷ ᠨᠢ 2021 ᠣᠨ ᠤ 9 ᠳ᠋ᠦ᠋ᠭᠡᠷ ᠰᠠᠷ᠎ᠠ ᠶᠢᠨ 8 ᠤ ᠡᠳᠦᠷ ᠤᠨ 24᠄ 00᠂ ᠬᠤᠶᠠᠳᠤᠭᠠᠷ ᠨᠡᠷ᠎ᠡ ᠮᠡᠳᠡᠭᠦᠯᠬᠦ ᠱᠠᠲᠤᠨ ᠤ ᠢᠯᠡᠭᠡᠬᠦ ᠳᠠᠭᠤᠰᠬᠤ ᠡᠳᠦᠷ ᠨᠢ 2021 ᠣᠨ ᠤ 9 ᠳ᠋ᠦ᠋ᠭᠡᠷ ᠰᠠᠷ᠎ᠠ ᠶᠢᠨ 15 ᠤ ᠡᠳᠦᠷ ᠤᠨ 24᠄ 00᠂ ᠬᠢᠨᠠᠨ ᠬᠠᠷᠭᠤᠭᠤᠯᠵᠤ ᠨᠤᠲᠠᠯᠠᠭᠰᠠᠨ ᠤ ᠳᠠᠷᠠᠭ᠎ᠠ᠂ ᠨᠡᠷ᠎ᠡ ᠮᠡᠳᠡᠭᠦᠯᠬᠦ ᠰᠦᠢᠳᠭᠡᠯ ᠲᠤᠰᠢᠶᠠᠬᠤ ᠥᠬᠡᠶ ᠪᠠᠶᠢᠵᠤ ᠪᠣᠯᠤᠨ᠎ᠠ᠃          ᠭᠤᠷᠪᠠ᠂ ᠰᠢᠯᠭᠠᠯᠲᠠ      ︵ᠨᠢᠭᠡ︶ ᠪᠢᠷ ᠤᠨ ᠰᠢᠯᠭᠠᠯᠲᠠ      1. ᠪᠢᠷ ᠤᠨ ᠰᠢᠯᠭᠠᠯᠲᠠ ᠶᠢᠨ ᠰᠢᠯᠭᠠᠯᠲᠠ ᠡᠬᠢᠯᠡᠬᠦ ᠬᠠᠷᠢᠴᠠᠯ ︵ᠤᠷᠢᠭᠳᠠᠵᠤ ᠰᠦᠢᠳᠭᠡᠯ ᠲᠤᠰᠢᠶᠠᠬᠤ ᠬᠥᠮᠦᠨ ᠤ ᠲᠤᠭ᠎ᠠ ᠬᠢᠭᠡᠳ ᠠᠵᠢᠯ ᠤᠨ ᠪᠠᠶᠢᠷᠢ ᠶᠢᠨ ᠠᠵᠢᠯᠲᠠᠨ ᠤᠷᠢᠬᠤ ᠲᠥᠯᠥᠪᠯᠡᠭᠡ ᠶᠢᠨ ᠲᠣᠭᠠᠨ ᠤ ᠬᠠᠷᠢᠴᠠᠯ︶ ᠨᠢ 4᠄ 1 ᠪᠣᠯᠤᠨ᠎ᠠ᠃      2. ᠪᠢᠷ ᠤᠨ ᠰᠢᠯᠭᠠᠯᠲᠠ ᠳᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠪᠠ ᠮᠣᠩᠭᠤᠯ ᠬᠡᠯᠡ ᠬᠤᠶᠠᠷ ᠵᠦᠢᠯ ᠤᠨ ᠰᠢᠯᠭᠠᠯᠲᠠ ᠶᠢᠨ ᠬᠠᠭᠤᠳᠠᠰᠤ ᠶᠢ ᠬᠠᠩᠭᠠᠨ᠎ᠠ᠃ ᠤᠷᠢᠭᠳᠠᠭᠴᠢ ᠰᠢᠯᠭᠠᠯᠲᠠ ᠶᠢᠨ ᠬᠠᠭᠤᠳᠠᠰᠤ ᠶᠢᠨ ᠬᠡᠯᠡᠨ ᠤ ᠲᠥᠷᠥᠯ ᠢ ᠥᠪᠡᠰᠦᠪᠡᠨ ᠰᠣᠩᠭᠤᠬᠤ ᠪᠥᠭᠡᠳ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠳᠤ ᠪᠠᠨ ᠳᠣᠶ᠋ᠢᠵᠤ ᠨᠣᠲᠠᠯᠠᠨ᠎ᠠ᠃ ᠰᠢᠯᠭᠠᠯᠲᠠ ᠶᠢᠨ ᠬᠠᠭᠤᠳᠠᠰᠤ ᠶᠢᠨ ᠬᠡᠯᠡᠨ ᠤ ᠲᠦᠷᠦᠯ ᠢ ᠰᠣᠩᠭᠤᠨ ᠲᠣᠭᠲᠠᠭᠠᠮᠠᠭᠴᠠ ᠬᠤᠪᠢᠷᠠᠭᠤᠯᠵᠤ ᠪᠣᠯᠬᠤ ᠦᠭᠡᠢ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠢᠯᠭᠠᠯᠲᠠ ᠶᠢᠨ ᠬᠠᠭᠤᠳᠠᠰᠤ ᠶᠢ ᠰᠣᠩᠭᠤᠬᠤ ᠳᠤ ᠡᠷᠬᠡᠪᠰᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢᠶᠠᠷ ᠬᠠᠷᠢᠭᠤᠯᠬᠤ ᠬᠡᠷᠡᠭᠲᠡᠶ᠂ ᠮᠣᠩᠭᠤᠯ ᠬᠡᠯᠡᠨ ᠤ ᠰᠢᠯᠭᠠᠯᠲᠠ ᠶᠢᠨ ᠬᠠᠭᠤᠳᠠᠰᠤ ᠶᠢ ᠰᠣᠩᠭᠤᠬᠤ ᠳᠤ ᠡᠷᠬᠡᠪᠰᠢ ᠮᠣᠩᠭᠤᠯ ᠬᠡᠯᠡ ᠪᠠᠷ ᠬᠠᠷᠢᠭᠤᠯᠬᠤ ᠬᠡᠷᠡᠭᠲᠡᠶ᠂ ᠠᠳᠠᠯᠢ ᠨᠢᠭᠡ ᠲᠥᠷᠥᠯ ᠤᠨ ᠰᠢᠯᠭᠠᠯᠲᠠ  ᠶᠢᠨ ᠬᠠᠭᠤᠳᠠᠰᠤ ᠶᠢ ᠬᠤᠶᠠᠷ ᠪᠤᠶᠤ ᠬᠤᠶᠠᠷ ᠠᠴᠠ ᠳᠡᠭᠡᠭᠰᠢ ᠥᠰᠥᠭ ᠪᠢᠴᠢᠭ ᠢᠶᠠᠷ ᠬᠠᠷᠢᠭᠤᠯᠪᠠᠯ᠂ ᠲᠡᠭ ᠬᠤᠪᠢ  ᠪᠠᠷ ᠰᠢᠢᠳᠪᠦᠷᠢᠯᠡᠨ᠎ᠡ᠃      3. ᠰᠢᠯᠭᠠᠭᠤᠯᠬᠤ ᠲᠡᠮᠳᠡᠭ ᠢ ᠳᠠᠷᠤᠮᠠᠯᠯᠠᠬᠤ ᠴᠠᠭ᠄ 2021 ᠣᠨ ᠤ 10 ᠳ᠋ᠤᠭᠠᠷ ᠰᠠᠷ᠎ᠠ ᠶᠢᠨ 20 ᠤ ᠡᠳᠦᠷ ᠤᠨ 9᠄ 00 — 2021 ᠣᠨ ᠤ 10 ᠳ᠋ᠤᠭᠠᠷ ᠰᠠᠷ᠎ᠠ ᠶᠢᠨ 22 ᠤᠨ ᠡᠳᠦᠷ ᠤᠨ 24᠄ 00᠃      4. ᠪᠢᠷ ᠤᠨ ᠰᠢᠯᠭᠠᠯᠲᠠ ᠶᠢᠨ ᠴᠠᠭ᠄ 2021 ᠣᠨ ᠤ 10 ᠳ᠋ᠤᠭᠠᠷ ᠰᠠᠷ᠎ᠠ ᠶᠢᠨ 23 ᠤ ᠡᠳᠦᠷ ᠤᠨ ᠦᠳᠡ ᠶᠢᠨ ᠡᠮᠦᠨ᠎ᠡ᠃      08᠄ 30 — 10᠄ 00 ︽ᠠᠵᠢᠯ ᠮᠡᠷᠭᠡᠵᠢᠯ ᠤᠨ ᠴᠢᠳᠠᠪᠤᠷᠢ ᠶᠢᠨ ᠬᠡᠯᠪᠡᠷᠢᠯ ᠤᠨ ᠬᠡᠮᠵᠢᠨ ᠪᠠᠶᠢᠴᠠᠭᠠᠯᠲᠠ︾      10᠄ 00 — 12᠄ 00 ︽ᠶᠡᠷᠦᠩᠬᠡᠶᠢᠯᠡᠭᠰᠡᠨ ᠬᠡᠷᠡᠭᠯᠡᠭᠡᠨ ᠤ ᠴᠢᠳᠠᠪᠤᠷᠢ︾      ᠰᠢᠯᠭᠠᠯᠲᠠ ᠶᠢᠨ ᠭᠠᠵᠠᠷ ᠢ ᠰᠢᠯᠭᠠᠭᠤᠯᠬᠤ ᠲᠡᠮᠳᠡᠭ ᠲᠤ ᠨᠠᠷᠢᠪᠴᠢᠯᠠᠨ ᠦᠵᠡᠭᠡᠷᠡᠶ᠃ ᠪᠥᠬᠦ ᠣᠷᠣᠨ ᠳᠤ 12 ᠰᠢᠯᠭᠠᠯᠲᠠ ᠶᠢᠨ ᠲᠣᠭᠤᠷᠢᠭ ᠬᠤᠪᠢᠶᠠᠨ ᠪᠠᠶᠢᠭᠤᠯᠤᠨ᠎ᠠ᠄ ᠣᠷᠣᠨ ᠤ ᠰᠢᠭᠤᠳ ᠬᠠᠷᠢᠶ᠎ᠠ ︵ᠬᠥᠬᠡᠬᠤᠲᠠ︶᠂ ᠪᠤᠭᠤᠲᠤ ᠬᠤᠲᠠ᠂ ᠬᠥᠯᠥᠨ ᠪᠤᠶᠢᠷ ᠬᠤᠲᠠ ︵ᠮᠠᠨᠵᠤᠤᠷ ᠬᠤᠲᠠ ᠪᠠᠭᠲᠠᠨ᠎ᠠ︶᠂ ᠬᠢᠩᠭᠠᠨ ᠠᠶᠢᠮᠠᠭ᠂ ᠲᠦᠩᠯᠢᠶᠣᠤ ᠬᠤᠲᠠ᠂ ᠤᠯᠠᠭᠠᠨᠬᠠᠳᠠ ᠬᠤᠲᠠ᠂ ᠰᠢᠯᠢ ᠶᠢᠨ ᠭᠤᠤᠯ ᠠᠶᠢᠮᠠᠭ ︵ᠡᠷᠢᠶᠡᠨ ᠬᠤᠲᠠ ᠪᠠᠭᠲᠠᠨ᠎ᠠ︶᠂ ᠤᠯᠠᠭᠠᠨᠴᠠᠪ ᠬᠤᠲᠠ᠂ ᠣᠷᠳᠣᠰ ᠬᠤᠲᠠ᠂ ᠪᠠᠶᠠᠨᠨᠠᠭᠤᠷ ᠬᠤᠲᠠ᠂ ᠦᠬᠠᠶ ᠬᠤᠲᠠ ᠪᠠ ᠠᠯᠠᠱᠠ ᠠᠶᠢᠮᠠᠭ ᠤᠨ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠠᠶᠢᠭ᠎ᠠ ᠭᠠᠵᠠᠷ᠃ 5. ᠰᠢᠯᠭᠠᠯᠲᠠ ᠶᠢᠨ ᠬᠢᠴᠢᠶᠡᠯ ᠲᠥᠷᠥᠯ ᠨᠢ ︽ᠠᠵᠢᠯ ᠮᠡᠷᠭᠡᠵᠢᠯ ᠤᠨ ᠴᠢᠳᠠᠪᠤᠷᠢ ᠶᠢᠨ ᠬᠡᠯᠪᠡᠷᠢᠯ ᠤᠨ ᠬᠡᠮᠵᠢᠨ ᠪᠠᠶᠢᠴᠠᠭᠠᠯᠲᠠ︾ ᠪᠠ ︽ᠶᠡᠷᠦᠩᠬᠡᠶᠢᠯᠡᠭᠰᠡᠨ ᠬᠡᠷᠡᠭᠯᠡᠭᠡᠨ ᠤ ᠴᠢᠳᠠᠪᠤᠷᠢ︾ ᠭᠡᠬᠦ ᠬᠤᠶᠠᠷ ᠬᠢᠴᠢᠶᠡᠯ ᠪᠠᠶᠢᠵᠤ᠂ ᠰᠢᠯᠭᠠᠯᠲᠠ ᠶᠢᠨ ᠬᠠᠭᠤᠳᠠᠰᠤ ᠨᠢ ᠬᠤᠶᠠᠷ ᠰᠢᠯᠭᠠᠯᠲᠠ ᠶᠢᠨ ᠬᠢᠴᠢᠶᠡᠯ ᠤᠨ ᠨᠡᠶᠢᠯᠡᠭᠦᠯᠦᠭᠰᠡᠨ ᠳᠡᠪᠲᠡᠷ ᠪᠠᠶᠢᠵᠤ᠂ ᠪᠦᠷᠢᠨ ᠬᠤᠪᠢ ᠨᠢ ᠲᠣᠰ ᠲᠣᠰ 150 ᠬᠤᠪᠢ ᠪᠣᠯᠤᠨ᠎ᠠ᠃ ᠰᠢᠯᠭᠠᠯᠲᠠ ᠶᠢᠨ ᠬᠡᠪᠴᠢᠶ᠎ᠡ ᠶᠢ ︽ᠠᠵᠢᠯ ᠦᠢᠯᠡᠰ ᠤᠨ ᠨᠢᠭᠡᠴᠢ ᠶᠢᠨ ᠢᠯᠡ ᠪᠠᠷ ᠠᠵᠢᠯᠲᠠᠨ ᠤᠷᠢᠬᠤ ᠲᠥᠷᠥᠯ ᠬᠤᠪᠢᠶᠠᠭᠰᠠᠨ ᠰᠢᠯᠭᠠᠯᠲᠠ ᠶᠢᠨ ᠣᠯᠠᠨ ᠨᠡᠶᠢᠲᠡ ᠶᠢᠨ ᠬᠢᠴᠢᠶᠡᠯ ᠤᠨ ᠪᠢᠷ ᠤᠨ ᠰᠢᠯᠭᠠᠯᠲᠠ ᠶᠢᠨ ᠬᠥᠲᠥᠯᠪᠦᠷᠢ︾ ︵2021 ᠣᠨ ᠤ ᠬᠡᠪᠯᠡᠯ︶ ᠪᠠᠷ ᠯᠠᠪᠯᠠᠯᠲᠠ ᠪᠣᠯᠭᠠᠨ᠎ᠠ᠃      ᠪᠢᠷ ᠤᠨ ᠰᠢᠯᠭᠠᠯᠲᠠ ᠶᠢᠨ ᠶᠡᠷᠦᠩᠬᠡᠶ ᠬᠢᠷᠢ ᠪᠦᠲᠦᠮᠵᠢ = ︵︽ᠠᠵᠢᠯ ᠮᠡᠷᠭᠡᠵᠢᠯ ᠤᠨ ᠴᠢᠳᠠᠪᠤᠷᠢ ᠶᠢᠨ ᠬᠡᠯᠪᠡᠷᠢᠯ ᠤᠨ ᠬᠡᠮᠵᠢᠨ ᠪᠠᠶᠢᠴᠠᠭᠠᠯᠲᠠ︾ ᠶᠢᠨ ᠬᠢᠷᠢ ᠪᠦᠲᠦᠮᠵᠢ÷1.5︶ × 50%+ ︵︽ᠶᠡᠷᠦᠩᠬᠡᠶᠢᠯᠡᠭᠰᠡᠨ ᠬᠡᠷᠡᠭᠯᠡᠭᠡᠨ ᠤ ᠴᠢᠳᠠᠪᠤᠷᠢ︾ ᠶᠢᠨ ᠬᠢᠷᠢ ᠪᠦᠲᠦᠮᠵᠢ÷1.5︶ × 50%᠃      6. ᠬᠤᠪᠢ ᠨᠡᠮᠡᠬᠦ ᠲᠥᠷᠥ ᠶᠢᠨ ᠪᠣᠳᠣᠯᠭ᠎ᠠ ᠳᠤ ᠨᠡᠶᠢᠴᠡᠪᠡᠯ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃      7. ᠪᠢᠷ ᠤᠨ ᠰᠢᠯᠭᠠᠯᠲᠠ ᠳᠠᠭᠤᠰᠤᠭᠰᠠᠨ ᠤ ᠳᠠᠷᠠᠭ᠎ᠠ᠂ ᠪᠢᠷ ᠤᠨ ᠰᠢᠯᠭᠠᠯᠲᠠ ᠶᠢᠨ ᠬᠠᠮᠤᠭ ᠤᠨ ᠳᠣᠤᠷ᠎ᠠ ᠬᠢᠷᠢ ᠲᠡᠩᠴᠡᠭᠦ ᠬᠤᠪᠢ ᠶᠢᠨ ᠱᠤᠭᠤᠮ ᠢ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠰᠤᠳᠤᠯᠤᠨ ᠲᠣᠭᠲᠠᠭᠠᠨ᠎ᠠ᠃ ᠤᠷᠢᠭᠳᠠᠭᠰᠠᠳ ᠤᠨ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠪᠠ ᠪᠢᠷ ᠤᠨ ᠰᠢᠯᠭᠠᠯᠲᠠ ᠶᠢᠨ ᠬᠠᠮᠤᠭ ᠤᠨ ᠳᠣᠤᠷ᠎ᠠ ᠬᠢᠷᠢ ᠲᠡᠩᠴᠡᠭᠦ ᠬᠤᠪᠢ ᠶᠢᠨ ᠱᠤᠭᠤᠮ ᠢ ᠥᠪᠥᠷ ᠮᠣᠩᠭᠤᠯ ᠤᠨ ᠠᠵᠢᠯᠲᠠᠨ ᠤ ᠶᠠᠪᠤᠳᠠᠯ ᠤᠨ ᠰᠢᠯᠭᠠᠯᠲᠠ ᠪᠠ ᠪᠣᠯᠪᠠᠰᠤᠷᠠᠭᠤᠯᠤᠯ ᠤᠨ ᠰᠦᠯᠵᠢᠶᠡᠨ ᠳᠡᠭᠡᠷ᠎ᠡ ᠨᠡᠶᠢᠲᠡᠯᠡᠨ᠎ᠡ᠃      ︵ᠬᠤᠶᠠᠷ︶ ᠬᠢᠷᠢ ᠬᠡᠮ ᠢ ᠲᠠᠬᠢᠨ ᠬᠢᠨᠠᠬᠤ      1. ᠬᠢᠷᠢ ᠬᠡᠮ ᠢ ᠳᠠᠬᠢᠨ ᠬᠢᠨᠠᠬᠤ ᠠᠵᠢᠯ ᠢ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠢᠯᠡ ᠪᠠᠷ ᠠᠵᠢᠯᠲᠠᠨ ᠤᠷᠢᠬᠤ ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ ᠪᠡᠶᠡᠯᠡᠭᠦᠯᠦᠨ᠎ᠡ᠃ ᠬᠢᠷᠢ ᠬᠡᠮ ᠤᠨ ᠳᠠᠬᠢᠨ ᠬᠢᠨᠠᠯᠲᠠ ᠪᠠ ᠨᠢᠭᠤᠷᠲᠠᠨ ᠰᠢᠯᠭᠠᠯᠲᠠ ᠶᠢᠨ ᠬᠤᠯᠪᠣᠭᠳᠠᠯ ᠪᠥᠬᠦᠶ ᠱᠠᠭᠠᠷᠳᠠᠯᠭ᠎ᠠ ᠶᠢ 7 ᠡᠳᠦᠷ ᠤᠨ ᠡᠮᠦᠨ᠎ᠡ ᠨᠡᠷ᠎ᠡ ᠮᠡᠳᠡᠭᠦᠯᠬᠦ ᠰᠦᠯᠵᠢᠶᠡᠨ ᠳᠡᠭᠡᠷ᠎ᠡ ᠵᠠᠷᠯᠠᠨ ᠨᠡᠶᠢᠲᠡᠯᠡᠨ᠎ᠡ᠃      2. ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠠᠴᠠ ᠬᠠᠮᠤᠭ ᠤᠨ ᠳᠣᠤᠷ᠎ᠠ ᠬᠢᠷᠢ ᠲᠡᠩᠴᠡᠭᠦ ᠬᠤᠪᠢ ᠶᠢᠨ ᠱᠤᠭᠤᠮ ᠳᠤ ᠭᠦᠷᠦᠭᠰᠡᠨ ᠤᠷᠢᠭᠳᠠᠭᠰᠠᠳ ᠤᠨ ᠳᠣᠲᠣᠷ᠎ᠠ᠂ ᠠᠵᠢᠯ ᠤᠨ ᠪᠠᠶᠢᠷᠢ ᠨᠢᠭᠡᠪᠦᠷᠢ ᠶᠢᠨ ᠤᠷᠢᠭᠳᠠᠭᠰᠠᠳ ᠤᠨ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢᠨ ᠥᠨᠳᠥᠷ ᠠᠴᠠ ᠳᠣᠤᠷ᠎ᠠ ᠬᠦᠷᠲᠡᠯᠡᠬᠢ ᠳᠠᠷᠠᠭᠠᠯᠠᠯ ᠪᠠ 3᠄ 1 ᠶᠢᠨ ᠬᠠᠷᠢᠴᠠᠯ ᠢᠶᠠᠷ ᠬᠢᠷᠢ ᠬᠡᠮ ᠢ ᠳᠠᠬᠢᠨ ᠬᠢᠨᠠᠬᠤ ᠬᠡᠪᠴᠢᠶᠡᠨ ᠳᠤ ᠣᠷᠣᠭᠰᠠᠳ ᠢ ᠲᠣᠭᠲᠠᠭᠠᠨ᠎ᠠ︔ ᠬᠢᠷᠢ ᠬᠡᠮ ᠢ ᠳᠠᠬᠢᠨ ᠬᠢᠨᠠᠬᠤ ᠵᠢᠴᠢ ᠳᠠᠷᠠᠭᠠᠯᠠᠨ ᠨᠥᠬᠦᠪᠥᠷᠢᠯᠡᠭᠰᠡᠨ ᠤ ᠳᠠᠷᠠᠭ᠎ᠠ 3᠄ 1 ᠳᠤ ᠬᠥᠷᠬᠦ ᠥᠬᠡᠶ ᠪᠠᠶᠢᠪᠠᠯ᠂ ᠪᠣᠳᠠᠲᠠᠶ ᠬᠥᠮᠦᠨ ᠤ ᠲᠤᠭ᠎ᠠ ᠪᠠᠷ ᠨᠢᠭᠤᠷᠲᠠᠨ ᠰᠢᠯᠭᠠᠬᠤ ᠬᠡᠪᠴᠢᠶᠡᠨ ᠳᠤ ᠣᠷᠣᠭᠰᠠᠳ ᠢ ᠲᠣᠭᠲᠠᠭᠠᠨ᠎ᠠ᠃ ᠠᠳᠠᠯᠢ ᠨᠢᠭᠡᠨ ᠠᠵᠢᠯ ᠤᠨ ᠪᠠᠶᠢᠷᠢ ᠳᠤ ᠤᠷᠢᠭᠳᠠᠭᠰᠠᠳ ᠤᠨ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠨᠢ ᠵᠡᠷᠭᠡᠴᠡᠭᠰᠡᠨ ᠠᠴᠠ ᠪᠣᠯᠵᠣ 3᠄ 1 ᠶᠢᠨ ᠬᠠᠷᠢᠴᠠᠯ ᠠᠴᠠ ᠳᠠᠪᠠᠭᠰᠠᠨ ᠪᠠᠶᠢᠪᠠᠯ᠂ ᠪᠦᠬᠦᠨ ᠢ ᠬᠢᠷᠢ ᠬᠡᠮ ᠤᠨ ᠳᠠᠬᠢᠨ ᠬᠢᠨᠠᠯᠲᠠ ᠳᠤ ᠣᠷᠣᠭᠤᠯᠤᠨ᠎ᠠ᠃ ᠤᠷᠢᠬᠤ ᠲᠥᠯᠥᠪᠯᠡᠭᠡ ᠳᠤ ᠲᠣᠬᠢᠷᠠᠭᠤᠯᠤᠯᠲᠠ ᠬᠢᠭᠰᠡᠨ ᠪᠤᠶᠤ ᠬᠦᠴᠦᠨ ᠥᠬᠡᠶ ᠪᠣᠯᠭᠠᠭᠰᠠᠨ ᠠᠵᠢᠯ ᠤᠨ ᠪᠠᠶᠢᠷᠢ ᠶᠢ ᠨᠡᠷ᠎ᠡ ᠮᠡᠳᠡᠭᠦᠯᠬᠦ ᠰᠦᠯᠵᠢᠶᠡᠨ ᠳᠡᠭᠡᠷ᠎ᠡ ᠨᠡᠶᠢᠲᠡᠯᠡᠨ᠎ᠡ᠃      3. ᠬᠢᠷᠢ ᠬᠡᠮ ᠤᠨ ᠳᠠᠬᠢᠨ ᠬᠢᠨᠠᠯᠲᠠ ᠶᠢᠨ ᠬᠦᠷᠢᠶ᠎ᠡ ᠬᠡᠪᠴᠢᠶᠡᠨ ᠳᠤ ᠤᠷᠤᠭᠰᠠᠨ ᠤᠷᠢᠭᠳᠠᠭᠰᠠᠳ᠂ ᠲᠣᠭᠲᠠᠭᠰᠠᠨ ᠴᠠᠭ ᠪᠠ ᠭᠠᠵᠠᠷ ᠣᠷᠣᠨ ᠤ ᠶᠣᠰᠣᠭᠠᠷ ᠬᠢᠷᠢ ᠬᠡᠮ ᠤᠨ ᠳᠠᠬᠢᠨ ᠬᠢᠨᠠᠯᠲᠠ ᠳᠤ ᠣᠷᠣᠯᠴᠠᠨ᠎ᠠ᠃ ᠲᠣᠭᠲᠠᠭᠠᠭᠰᠠᠨ ᠴᠠᠭ ᠳᠠᠭᠤᠰᠬᠤ ᠠᠴᠠ ᠡᠮᠦᠨ᠎ᠡ ᠬᠢᠷᠢ ᠬᠡᠮ ᠤᠨ ᠳᠠᠬᠢᠨ ᠬᠢᠨᠠᠯᠲᠠ ᠳᠤ ᠣᠷᠣᠯᠴᠠᠭᠰᠠᠨ ᠥᠬᠡᠶ ᠪᠠᠶᠢᠪᠠᠯ᠂ ᠨᠢᠭᠤᠷᠲᠠᠨ ᠰᠢᠯᠭᠠᠬᠤ ᠬᠢᠷᠢ ᠬᠡᠮ ᠢ ᠨᠢ ᠬᠠᠰᠤᠨ᠎ᠠ᠃      ︵ᠭᠤᠷᠪᠠ︶ ᠨᠢᠭᠤᠷᠲᠠᠨ ᠰᠢᠯᠭᠠᠬᠤ ᠵᠢᠴᠢ ᠶᠡᠷᠦᠩᠬᠡᠶ ᠬᠢᠷᠢ ᠪᠦᠲᠦᠮᠵᠢ ᠶᠢ ᠪᠤᠳᠤᠬᠤ      1. ᠨᠢᠭᠤᠷᠲᠠᠨ ᠰᠢᠯᠭᠠᠬᠤ ᠶᠢ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠬᠠᠷᠢᠭᠤᠴᠠᠨ ᠵᠣᠬᠢᠶᠠᠨ ᠪᠠᠶᠢᠭᠤᠯᠤᠨ ᠶᠠᠪᠤᠭᠳᠠᠭᠤᠯᠵᠤ᠂ ᠪᠦᠲᠦᠴᠡᠴᠢᠯᠡᠨ ᠨᠢᠭᠤᠷᠲᠠᠨ ᠰᠢᠯᠭᠠᠬᠤ ᠠᠷᠭ᠎ᠠ ᠮᠠᠶ᠋ᠢᠭ ᠢᠶᠠᠷ ᠶᠠᠪᠤᠭᠳᠠᠭᠤᠯᠤᠨ᠎ᠠ᠃ ᠨᠢᠭᠤᠷᠲᠠᠨ ᠰᠢᠯᠭᠠᠯᠲᠠ ᠶᠢᠨ ᠪᠦᠷᠢᠨ ᠬᠤᠪᠢ ᠨᠢ 100 ᠬᠤᠪᠢ᠃      2. ᠤᠷᠢᠭᠳᠠᠭᠰᠠᠳ ᠨᠢᠭᠤᠷᠲᠠᠨ ᠰᠢᠯᠭᠠᠬᠤ ᠳᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢᠶᠠᠷ ᠬᠠᠷᠢᠭᠤᠯᠵᠤ ᠪᠣᠯᠤᠨ᠎ᠠ᠂ ᠪᠠᠰᠠ ᠮᠣᠩᠭᠤᠯ ᠬᠡᠯᠡ ᠪᠠᠷ ᠬᠠᠷᠢᠭᠤᠯᠵᠤ ᠪᠣᠯᠤᠨ᠎ᠠ ︵ᠤᠷᠢᠭᠳᠠᠭᠰᠠᠳ ᠡᠷᠬᠡᠪᠰᠢ ᠬᠢᠷᠢ ᠬᠡᠮ ᠢ ᠳᠠᠬᠢᠨ ᠬᠢᠨᠠᠬᠤ ᠦᠶ᠎ᠡ ᠳᠤ ᠠᠵᠢᠯᠲᠠᠳ ᠲᠤ ᠪᠠᠨ ᠲᠣᠳᠣᠷᠬᠠᠶᠢᠯᠠᠬᠤ ᠶᠢᠨ ᠬᠠᠮᠲᠤ ᠨᠢᠭᠤᠷᠲᠠᠨ ᠰᠢᠯᠭᠠᠬᠤ ᠮᠡᠳᠡᠭᠳᠡᠯ ᠤᠨ ᠪᠢᠴᠢᠭ ᠳᠡᠭᠡᠷ᠎ᠡ ᠲᠣᠳᠣᠷᠬᠠᠶᠢᠯᠠᠬᠤ ᠬᠡᠷᠡᠭᠲᠡᠶ︶᠂ ᠭᠡᠪᠡᠴᠦ ᠵᠥᠪᠬᠡᠨ ᠨᠢᠭᠡ ᠵᠦᠢᠯ ᠤᠨ ᠦᠭᠡ ᠬᠡᠯᠡ ᠶᠢ ᠬᠡᠷᠡᠭᠯᠡᠬᠦ ᠠᠴᠠ ᠪᠢᠰᠢ ᠬᠤᠳᠬᠤᠯᠳᠤᠭᠤᠯᠤᠨ ᠬᠡᠷᠡᠭᠯᠡᠵᠦ ᠪᠣᠯᠬᠤ ᠥᠬᠡᠶ᠃ ᠮᠣᠩᠭᠤᠯ ᠬᠡᠯᠡᠨ ᠤ ᠬᠠᠷᠢᠭᠤᠯᠲᠠ ᠳᠤ ᠤᠷᠢᠭᠳᠠᠭᠰᠠᠳ ᠲᠤ ᠬᠤᠶᠠᠷ ᠮᠣᠩᠭᠤᠯ ᠬᠡᠯᠡᠨ ᠤ ᠣᠷᠴᠢᠭᠤᠯᠤᠭᠴᠢ ᠲᠣᠬᠢᠷᠠᠭᠤᠯᠵᠤ ᠥᠭᠭᠦᠨ᠎ᠡ᠃      3. ᠨᠢᠭᠤᠷᠲᠠᠨ ᠰᠢᠯᠭᠠᠯᠲᠠ ᠳᠤ ᠪᠣᠳᠠᠲᠠᠶ ᠣᠷᠣᠯᠴᠠᠭᠰᠠᠨ ᠬᠥᠮᠦᠨ ᠤ ᠲᠤᠭ᠎ᠠ ᠨᠢ ᠲᠣᠰ ᠠᠵᠢᠯ ᠤᠨ ᠪᠠᠶᠢᠷᠢ ᠶᠢᠨ ᠪᠣᠳᠠᠲᠠᠶ  ᠤᠷᠢᠬᠤ ᠲᠥᠯᠥᠪᠯᠡᠭᠡ ᠶᠢᠨ ᠲᠤᠭ᠎ᠠ ᠲᠠᠢ ᠲᠡᠩᠴᠡᠬᠦ ᠪᠤᠶᠤ ᠲᠡᠭᠦᠨ ᠠᠴᠠ ᠳᠤᠲᠠᠭᠤ ᠠᠵᠢᠯ ᠤᠨ ᠪᠠᠶᠢᠷᠢ ᠳᠤ ᠪᠣᠯ᠂ ᠲᠣᠰ ᠠᠵᠢᠯ ᠤᠨ ᠪᠠᠶᠢᠷᠢ ᠳᠤ ᠤᠷᠢᠭᠳᠠᠭᠰᠠᠳ ᠤᠨ ᠨᠢᠭᠤᠷᠲᠠᠨ ᠰᠢᠯᠭᠠᠯᠲᠠ ᠶᠢᠨ ᠬᠢᠷᠢ ᠪᠦᠲᠦᠮᠵᠢ ᠨᠢ ᠡᠷᠬᠡᠪᠰᠢ ᠲᠡᠭᠦᠨ ᠤ ᠪᠠᠶᠢᠭ᠎ᠠ ᠰᠢᠯᠭᠠᠯᠲᠠ ᠶᠢᠨ ᠲᠠᠯᠠᠪᠤᠷ ︵ᠠᠳᠠᠯᠢ ᠰᠢᠯᠭᠠᠯᠲᠠ ᠶᠢᠨ ᠰᠡᠳᠦᠪ᠂ ᠠᠳᠠᠯᠢ ᠰᠢᠯᠭᠠᠯᠲᠠ ᠶᠢᠨ ᠲᠤᠰᠢᠶᠠᠯᠲᠠᠨ ᠤ ᠳᠤᠭᠤᠶᠢᠯᠠᠩ︶ ᠤᠨ ᠨᠢᠭᠤᠷᠲᠠᠨ ᠰᠢᠯᠭᠠᠯᠲᠠ ᠳᠤ ᠪᠣᠳᠠᠲᠠᠶ ᠣᠷᠣᠯᠴᠠᠭᠰᠠᠳ ᠤᠨ ᠳᠤᠮᠳᠠᠴᠢ ᠬᠢᠷᠢ ᠪᠦᠲᠦᠮᠵᠢ ᠳᠤ ᠭᠦᠷᠦᠭᠰᠡᠨ ᠪᠠᠶᠢᠪᠠᠯ ᠰᠠᠶ᠋ᠢ ᠲᠠᠷᠠᠭᠠᠴᠢ ᠶᠢᠨ ᠨᠢᠭᠡ ᠭᠤᠭᠴᠤᠭ᠎ᠠ ᠶᠢ ᠶᠠᠪᠤᠭᠳᠠᠭᠤᠯᠵᠤ ᠪᠣᠯᠤᠨ᠎ᠠ᠃      4. ᠰᠢᠯᠭᠠᠯᠲᠠ ᠶᠢᠨ ᠶᠡᠷᠦᠩᠬᠡᠶ ᠬᠢᠷᠢ ᠪᠦᠲᠦᠮᠵᠢ ᠶᠢ ᠪᠤᠳᠤᠬᠤ᠄      ᠰᠢᠯᠭᠠᠯᠲᠠ ᠶᠢᠨ ᠶᠡᠷᠦᠩᠬᠡᠶ ᠬᠢᠷᠢ ᠪᠦᠲᠦᠮᠵᠢ = ᠪᠢᠷ ᠤᠨ ᠰᠢᠯᠭᠠᠯᠲᠠ ᠶᠢᠨ ᠶᠡᠷᠦᠩᠬᠡᠶ ᠬᠢᠷᠢ ᠪᠦᠲᠦᠮᠵᠢ × 60% + ᠨᠢᠭᠤᠷᠲᠠᠨ ᠰᠢᠯᠭᠠᠯᠲᠠ ᠶᠢᠨ ᠬᠢᠷᠢ ᠪᠦᠲᠦᠮᠵᠢ × 40%      ᠤᠷᠢᠭᠳᠠᠭᠰᠠᠳ ᠤᠨ ᠰᠢᠯᠭᠠᠯᠲᠠ ᠶᠢᠨ ᠶᠡᠷᠦᠩᠬᠡᠶ ᠬᠢᠷᠢ ᠪᠦᠲᠦᠮᠵᠢ ᠶᠢ ᠨᠡᠷ᠎ᠡ ᠮᠡᠳᠡᠭᠦᠯᠬᠦ ᠰᠦᠯᠵᠢᠶᠡᠨ ᠳᠡᠭᠡᠷ᠎ᠡ ᠨᠡᠶᠢᠲᠡᠯᠡᠨ᠎ᠡ᠃      ᠲᠠᠪᠤ᠂ ᠪᠡᠶ᠎ᠡ ᠶᠢᠨ ᠪᠠᠶᠢᠴᠠᠭᠠᠯᠲᠠ ᠪᠠ ᠪᠠᠶᠢᠴᠠᠭᠠᠯᠲᠠ      ᠤᠷᠢᠭᠳᠠᠭᠰᠠᠳ ᠤᠨ ᠰᠢᠯᠭᠠᠯᠲᠠ ᠶᠢᠨ ᠶᠡᠷᠦᠩᠬᠡᠶ ᠬᠢᠷᠢ ᠪᠦᠲᠦᠮᠵᠢ ᠶᠢᠨ ᠥᠨᠳᠥᠷ ᠠᠴᠠ ᠳᠣᠤᠷ᠎ᠠ ᠪᠣᠯᠬᠤ ᠲᠠᠰ ᠳᠠᠷᠠᠭᠠᠯᠠᠯ ᠪᠠ ᠲᠣᠰ ᠠᠵᠢᠯ ᠤᠨ ᠪᠠᠶᠢᠷᠢ ᠶᠢᠨ ᠪᠣᠳᠠᠲᠠᠶ ᠤᠷᠢᠬᠤ ᠲᠥᠯᠥᠪᠯᠡᠭᠡ ᠶᠢᠨ ᠲᠤᠭ᠎ᠠ ᠶᠣᠰᠣᠭᠠᠷ᠂ ᠪᠡᠶ᠎ᠡ ᠶᠢᠨ ᠪᠠᠶᠢᠴᠠᠭᠠᠯᠲᠠ ᠪᠠ ᠪᠠᠶᠢᠴᠠᠭᠠᠯᠲᠠ ᠶᠢᠨ ᠬᠡᠪᠴᠢᠶᠡᠨ ᠳᠤ ᠣᠷᠣᠬᠤ ᠵᠢᠱᠢᠭᠳᠡᠭᠴᠢ ᠶᠢ ᠠᠳᠠᠯᠢ ᠲᠤᠭ᠎ᠠ ᠪᠠᠷ ᠲᠣᠭᠲᠠᠭᠠᠨ᠎ᠠ᠃ ᠠᠳᠠᠯᠢ ᠨᠢᠭᠡᠨ ᠠᠵᠢᠯ ᠤᠨ ᠪᠠᠶᠢᠷᠢ ᠶᠢᠨ ᠪᠡᠶ᠎ᠡ ᠶᠢᠨ ᠪᠠᠶᠢᠴᠠᠭᠠᠯᠲᠠ ᠪᠠ ᠪᠠᠶᠢᠴᠠᠭᠠᠯᠲᠠ ᠶᠢᠨ ᠬᠡᠪᠴᠢᠶᠡᠨ ᠳᠤ ᠤᠷᠤᠭᠰᠠᠨ ᠵᠢᠱᠢᠭᠳᠡᠭᠴᠢ ᠶᠢᠨ ᠬᠠᠮᠤᠭ ᠰᠡᠭᠦᠯᠴᠢ ᠶᠢᠨ ᠨᠢᠭᠡ ᠰᠢᠯᠭᠠᠯᠲᠠ ᠶᠢᠨ ᠶᠡᠷᠦᠩᠬᠡᠶ ᠬᠢᠷᠢ ᠪᠦᠲᠦᠮᠵᠢ ᠨᠢ ᠵᠡᠷᠭᠡᠴᠡᠭᠰᠡᠨ ᠪᠥᠭᠡᠳ ᠲᠣᠰ ᠠᠵᠢᠯ ᠤᠨ ᠪᠠᠶᠢᠷᠢ ᠶᠢᠨ ᠪᠣᠳᠠᠲᠠᠶ ᠤᠷᠢᠬᠤ ᠲᠥᠯᠥᠪᠯᠡᠭᠡ ᠶᠢᠨ ᠲᠤᠭ᠎ᠠ ᠠᠴᠠ ᠳᠠᠪᠠᠭᠰᠠᠨ ᠪᠠᠶᠢᠪᠠᠯ᠂ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢᠨ ᠥᠨᠳᠥᠷ ᠳᠣᠤᠷ᠎ᠠ ᠶᠢᠨ ᠳᠠᠷᠠᠭᠠᠯᠠᠯ ᠢᠶᠠᠷ᠂ ᠪᠡᠶ᠎ᠡ ᠶᠢᠨ ᠪᠠᠶᠢᠴᠠᠭᠠᠯᠲᠠ ᠪᠠ ᠪᠠᠶᠢᠴᠠᠭᠠᠯᠲᠠ ᠶᠢᠨ ᠬᠡᠪᠴᠢᠶᠡᠨ ᠳᠤ ᠣᠷᠤᠬᠤ ᠵᠢᠱᠢᠭᠳᠡᠭᠴᠢ ᠶᠢ ᠠᠳᠠᠯᠢ ᠲᠤᠭ᠎ᠠ ᠪᠠᠷ ᠲᠣᠭᠲᠠᠭᠠᠨ᠎ᠠ᠃ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠨᠢ ᠴᠦ ᠠᠳᠠᠯᠢ ᠪᠠᠶᠢᠪᠠᠯ᠂ ᠵᠣᠬᠢᠶᠠᠨ ᠪᠠᠶᠢᠭᠤᠯᠵᠤ ᠨᠡᠮᠡᠵᠦ ᠰᠢᠯᠭᠠᠨ᠎ᠠ ︵ᠨᠡᠮᠡᠵᠦ ᠰᠢᠯᠭᠠᠬᠤ ᠬᠡᠯᠪᠡᠷᠢ ᠶᠢ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠪᠣᠳᠠᠲᠠᠶ ᠪᠠᠨ ᠦᠨᠳᠦᠰᠦᠯᠡᠨ ᠲᠣᠭᠲᠠᠭᠠᠨ᠎ᠠ︶᠂ ᠪᠡᠶ᠎ᠡ ᠶᠢᠨ ᠪᠠᠶᠢᠴᠠᠭᠠᠯᠲᠠ ᠪᠠ ᠪᠠᠶᠢᠴᠠᠭᠠᠯᠲᠠ ᠶᠢᠨ ᠬᠡᠪᠴᠢᠶᠡᠨ ᠳᠤ ᠣᠷᠣᠬᠤ ᠵᠢᠱᠢᠭᠳᠡᠭᠴᠢ ᠶᠢ ᠠᠳᠠᠯᠢ ᠲᠤᠭ᠎ᠠ ᠪᠠᠷ ᠲᠣᠭᠲᠠᠭᠠᠨ᠎ᠠ᠃      ︵ᠨᠢᠭᠡ︶ ᠪᠡᠶ᠎ᠡ ᠶᠢᠨ ᠪᠠᠶᠢᠴᠠᠭᠠᠯᠲᠠ      ᠪᠡᠶ᠎ᠡ ᠶᠢᠨ ᠪᠠᠶᠢᠴᠠᠭᠠᠯᠲᠠ ᠶᠢ ᠥᠪᠡᠷᠲᠡᠭᠡᠨ ᠵᠠᠰᠠᠭ ᠣᠷᠣᠨ ᠤ ᠠᠵᠢᠯ ᠦᠢᠯᠡᠰ ᠤᠨ ᠨᠢᠭᠡᠴᠢ ᠶᠢᠨ ᠠᠵᠢᠯᠳᠠᠨ ᠤ ᠶᠠᠪᠤᠳᠠᠯ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠢᠭᠠᠨ ᠲᠣᠭᠲᠠᠭᠠᠭᠰᠠᠨ ᠡᠮᠨᠡᠯᠭᠡ ᠪᠡᠶ᠎ᠡ ᠶᠢᠨ ᠪᠠᠶᠢᠴᠠᠭᠠᠯᠲᠠ ᠶᠢᠨ ᠪᠠᠶᠢᠭᠤᠯᠤᠮᠵᠢ ᠳᠤ ᠶᠠᠪᠤᠭᠳᠠᠭᠤᠯᠤᠨ᠎ᠠ᠃ ᠪᠡᠶ᠎ᠡ ᠶᠢᠨ ᠪᠠᠶᠢᠴᠠᠭᠠᠯᠲᠠ ᠶᠢ ᠠᠯᠪᠠᠲᠠᠨ ᠡᠯᠰᠡᠨ ᠬᠡᠷᠡᠭᠯᠡᠬᠦ ᠪᠡᠶ᠎ᠡ ᠶᠢᠨ ᠪᠠᠶᠢᠴᠠᠭᠠᠯᠲᠠ ᠶᠢᠨ ᠬᠤᠯᠪᠣᠭᠳᠠᠯ ᠪᠥᠬᠦᠶ ᠲᠣᠭᠲᠠᠭᠠᠯ ᠢᠶᠠᠷ ᠯᠠᠪᠯᠠᠯᠲᠠ ᠪᠣᠯᠭᠠᠵᠤ ᠬᠡᠷᠡᠭᠵᠢᠭᠦᠯᠦᠨ᠎ᠡ᠃ ᠤᠷᠢᠭᠳᠠᠭᠰᠠᠳ ᠤᠨ ᠪᠡᠶ᠎ᠡ ᠶᠢᠨ ᠪᠠᠶᠢᠴᠠᠭᠠᠯᠲᠠ ᠨᠢ ᠬᠢᠷᠢ ᠲᠡᠩᠴᠡᠭᠰᠡᠨ ᠥᠬᠡᠶ ᠪᠤᠶᠤ ᠪᠡᠶ᠎ᠡ ᠶᠢᠨ ᠪᠠᠶᠢᠴᠠᠭᠠᠯᠲᠠ ᠶᠢᠨ ᠶᠠᠪᠤᠴᠠ ᠳᠤ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠭᠰᠠᠨ᠂ ᠴᠢᠬᠤᠯᠠ ᠡᠪᠡᠳᠴᠢᠨ ᠤ ᠲᠡᠤᠬᠡ ᠪᠠᠨ ᠨᠢᠭᠤᠨ ᠳᠠᠯᠳᠠᠯᠠᠭᠰᠠᠨ ᠠᠴᠠ ᠪᠣᠯᠵᠣ ᠪᠡᠶ᠎ᠡ ᠶᠢᠨ ᠪᠠᠶᠢᠴᠠᠭᠠᠯᠲᠠ ᠶᠢᠨ ᠦᠷ᠎ᠡ ᠳ᠋ᠦᠩ ᠨᠢ ᠦᠨᠡᠨ ᠪᠣᠳᠠᠲᠠᠶ ᠪᠢᠰᠢ ᠪᠣᠯᠤᠭᠰᠠᠨ ᠪᠠᠶᠢᠪᠠᠯ᠂ ᠤᠷᠢᠨ ᠬᠡᠷᠡᠭᠯᠡᠬᠦ ᠬᠢᠷᠢ ᠬᠡᠮ ᠢ ᠨᠢ ᠬᠠᠰᠤᠨ᠎ᠠ᠃      ︵ᠬᠤᠶᠠᠷ︶ ᠪᠠᠶᠢᠴᠠᠭᠠᠯᠲᠠ      ᠪᠠᠶᠢᠴᠠᠭᠠᠯᠲᠠ ᠶᠢᠨ ᠠᠵᠢᠯ ᠢ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠬᠠᠷᠢᠭᠤᠴᠠᠵᠤ᠂ ᠡᠷᠬᠡᠪᠰᠢ ᠪᠠᠶᠢᠴᠠᠭᠠᠯᠲᠠ ᠶᠢᠨ ᠳᠤᠭᠤᠶᠢᠯᠠᠩ ᠪᠠᠶᠢᠭᠤᠯᠵᠤ ᠤᠷᠢᠭᠳᠠᠭᠰᠠᠳ ᠲᠤ ᠨᠠᠷᠢᠨ ᠬᠢᠨᠠᠮᠠᠭᠠᠶ ᠪᠥᠬᠦ ᠲᠠᠯ᠎ᠠ ᠶᠢᠨ ᠪᠠᠶᠢᠴᠠᠭᠠᠯᠲᠠ ᠬᠢᠨ᠎ᠡ᠃ ᠤᠷᠢᠭᠳᠠᠭᠰᠠᠳ ᠪᠠᠶᠢᠴᠠᠭᠠᠯᠲᠠ ᠳᠤ ᠬᠢᠷᠢ ᠲᠡᠩᠴᠡᠭᠰᠡᠨ ᠥᠬᠡᠶ ᠪᠠᠶᠢᠪᠠᠯ᠂ ᠤᠷᠢᠬᠤ ᠠᠵᠢᠯ ᠤᠨ ᠤᠳᠤᠷᠢᠳᠬᠤ ᠳᠤᠭᠤᠶᠢᠯᠠᠩ ᠤᠨ ᠰᠤᠳᠤᠯᠤᠨ ᠲᠣᠭᠲᠠᠭᠠᠭᠰᠠᠨ ᠢᠶᠠᠷ᠂ ᠲᠡᠭᠦᠨ ᠤ ᠤᠷᠢᠨ ᠬᠡᠷᠡᠭᠯᠡᠬᠦ ᠬᠢᠷᠢ ᠬᠡᠮ ᠢ ᠨᠢ ᠬᠠᠰᠤᠵᠤ ᠪᠣᠯᠤᠨ᠎ᠠ᠃      ᠵᠢᠷᠭᠤᠭ᠎ᠠ᠂ ᠵᠠᠷᠯᠠᠨ ᠨᠡᠶᠢᠲᠡᠯᠡᠬᠦ ᠪᠠ ᠤᠷᠢᠨ ᠬᠡᠷᠡᠭᠯᠡᠬᠦ      ᠤᠷᠢᠭᠳᠠᠭᠰᠠᠳ ᠤᠨ ᠰᠢᠯᠭᠠᠯᠲᠠ ᠶᠢᠨ ᠶᠡᠷᠦᠩᠬᠡᠶ ᠬᠢᠷᠢ ᠪᠦᠲᠦᠮᠵᠢ ᠵᠢᠴᠢ ᠪᠡᠶ᠎ᠡ ᠶᠢᠨ ᠪᠠᠶᠢᠴᠠᠭᠠᠯᠲᠠ ᠪᠠ ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠨ ᠤᠷᠢᠨ ᠬᠡᠷᠡᠭᠯᠡᠬᠦ ᠪᠠᠷ ᠪᠠᠶᠢᠭ᠎ᠠ ᠬᠥᠮᠦᠰ ᠢ ᠲᠣᠭᠲᠠᠭᠠᠨ᠎ᠠ᠃ ᠤᠷᠢᠵᠤ ᠬᠡᠷᠡᠭᠯᠡᠬᠦ ᠪᠠᠷ ᠪᠠᠶᠢᠭ᠎ᠠ ᠬᠥᠮᠦᠰ ᠤᠨ ᠨᠡᠷᠡᠰ ᠢ ᠨᠡᠷ᠎ᠡ ᠮᠡᠳᠡᠭᠦᠯᠬᠦ ᠰᠦᠯᠵᠢᠶᠡᠨ ᠳᠡᠭᠡᠷ᠎ᠡ ᠵᠠᠷᠯᠠᠨ ᠨᠡᠶᠢᠲᠡᠯᠡᠨ᠎ᠡ᠂ ᠵᠠᠷᠯᠠᠨ ᠨᠡᠶᠢᠲᠡᠯᠡᠬᠦ ᠬᠤᠭᠤᠴᠠᠭ᠎ᠠ ᠨᠢ 7 ᠡᠳᠦᠷ ᠪᠣᠯᠤᠨ᠎ᠠ᠃ ᠵᠠᠷᠯᠠᠨ ᠨᠡᠶᠢᠲᠡᠯᠡᠬᠦ ᠬᠤᠭᠤᠴᠠᠭ᠎ᠠ ᠳᠠᠭᠤᠰᠲᠠᠯ᠎ᠠ ᠣᠨᠳᠣᠤ ᠰᠠᠨᠠᠯ ᠥᠬᠡᠶ ᠪᠠᠶᠢᠪᠠᠯ᠂ ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠤᠷᠢᠨ ᠬᠡᠷᠡᠭᠯᠡᠬᠦ ᠬᠥᠮᠦᠰ ᠯᠦᠭᠡ ᠤᠷᠢᠨ ᠬᠡᠷᠡᠭᠯᠡᠬᠦ ᠭᠡᠷ᠎ᠡ ᠲᠣᠭᠲᠠᠵᠤ᠂ ᠲᠤᠷᠰᠢᠨ ᠬᠡᠷᠡᠭᠯᠡᠬᠦ ᠬᠤᠭᠤᠴᠠᠭ᠎ᠠ ᠶᠢᠨ ᠲᠦᠷᠢᠮ ᠢ ᠬᠡᠷᠡᠭᠵᠢᠭᠦᠯᠦᠨ᠎ᠡ᠃      ᠤᠷᠢᠭᠳᠠᠭᠰᠠᠳ ᠨᠢ ᠲᠤᠰ ᠤᠳᠠᠭᠠᠨ ᠤ ᠢᠯᠡ ᠪᠠᠷ ᠤᠷᠢᠬᠤ ᠳᠤ ᠤᠷᠢᠨ ᠬᠡᠷᠡᠭᠯᠡᠬᠦ ᠶᠢ ᠳᠠᠩᠰᠠᠯᠠᠭᠤᠯᠬᠤ ᠭᠠᠷᠳᠠᠮ ᠭᠦᠢᠴᠡᠳᠬᠡᠬᠦ ᠠᠴᠠ ᠡᠮᠦᠨ᠎ᠡ ᠪᠤᠰᠤᠳ ᠨᠢᠭᠡᠴᠢ ᠳᠤ ᠤᠷᠢᠨ ᠬᠡᠷᠡᠭᠯᠡᠭᠳᠡᠭᠰᠡᠨ ᠪᠥᠭᠡᠳ ᠲᠤᠷᠰᠢᠨ ᠬᠡᠷᠡᠭᠯᠡᠬᠦ ᠬᠤᠭᠤᠴᠠᠭ᠎ᠠ ᠨᠢ ᠳᠦᠭᠦᠷᠦᠭᠡᠳᠦᠶ ᠪᠠᠶᠢᠪᠠᠯ ︵ᠣᠷᠣᠨ ᠲᠤᠭ᠎ᠠ ᠳᠤ ᠵᠢᠭᠰᠠᠭᠠᠵᠤ ᠤᠷᠢᠬᠤ ᠳᠤ᠂ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠶᠠᠪᠤᠳᠠᠯ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠪᠠᠭᠤᠯᠭᠠᠭᠰᠠᠨ ᠳᠠᠩᠰᠠᠯᠠᠭᠤᠯᠤᠯᠲᠠ ᠪᠤᠶᠤ ᠵᠥᠪᠰᠢᠶᠡᠷᠡᠯ ᠤᠨ ᠪᠢᠴᠢᠭ ᠮᠠᠲ᠋ᠧᠷᠢᠶᠠᠯ ᠢᠶᠠᠷ ᠪᠠᠷᠢᠮᠵᠢᠶ᠎ᠠ ᠪᠣᠯᠭᠠᠨ᠎ᠠ︶᠂ ᠡᠰᠡᠬᠦᠯ᠎ᠡ ᠠᠯᠪᠠᠲᠠᠨ ᠰᠢᠯᠭᠠᠨ ᠡᠯᠰᠡᠡᠬᠦ ᠳᠤ ᠰᠢᠨ᠎ᠡ ᠪᠠᠷ ᠡᠯᠰᠡᠭᠳᠡᠭᠰᠡᠨ ︵ᠡᠯᠰᠡᠨ ᠬᠡᠷᠡᠭᠯᠡᠬᠦ ᠶᠢ ᠭᠤᠤᠯᠯᠠᠨ ᠬᠠᠮᠢᠶᠠᠷᠬᠤ ᠪᠠᠶᠢᠭᠤᠯᠭ᠎ᠠ ᠠᠴᠠ ᠪᠠᠭᠤᠯᠭᠠᠭᠰᠠᠨ ᠡᠯᠰᠡᠨ ᠬᠡᠷᠡᠭᠯᠡᠬᠦ ᠶᠢ ᠳᠠᠩᠰᠠᠯᠠᠭᠤᠯᠬᠤ ᠪᠤᠶᠤ ᠵᠥᠪᠰᠢᠶᠡᠷᠡᠯ ᠤᠨ ᠪᠢᠴᠢᠭ ᠮᠠᠲ᠋ᠧᠷᠢᠶᠠᠯ ᠢᠶᠠᠷ ᠪᠠᠷᠢᠮᠵᠢᠶ᠎ᠠ ᠪᠣᠯᠭᠠᠨ᠎ᠠ︶᠂ ᠡᠰᠡᠬᠦᠯ᠎ᠡ ᠪᠦᠬᠦᠯᠢ ᠡᠳᠦᠷ ᠤᠨ ᠳᠦᠷᠢᠮᠲᠦ ᠰᠣᠷᠣᠭᠴᠢ ᠪᠣᠯᠤᠭᠰᠠᠨ ᠵᠢᠴᠢ ᠬᠤᠭᠤᠴᠠᠭ᠎ᠠ ᠶᠣᠰᠣᠭᠠᠷ ᠲᠡᠭᠦᠰᠦᠭᠰᠡᠨ ᠦᠨᠡᠮᠯᠡᠯ᠂ ᠡᠷᠳᠡᠮ ᠤᠨ ᠴᠣᠯᠠ ᠶᠢᠨ ᠦᠨᠡᠮᠯᠡᠯ ᠣᠯᠤᠭᠰᠠᠨ ᠥᠬᠡᠶ ᠲᠣᠰ ᠵᠢᠯ ᠤᠨ ᠲᠡᠭᠦᠰᠦᠭᠰᠡᠳ ᠤᠨ ᠤᠷᠢᠵᠤ ᠬᠡᠷᠡᠭᠯᠡᠬᠦ ᠬᠢᠷᠢ ᠬᠡᠮ ᠢ ᠨᠢ ᠬᠠᠰᠤᠨ᠎ᠠ᠃      ᠤᠷᠢᠭᠳᠠᠭᠰᠠᠳ ᠤᠨ ᠬᠢᠷᠢ ᠬᠡᠮ ᠤᠨ ᠬᠢᠨᠠᠨ ᠪᠠᠶᠢᠴᠠᠭᠠᠯᠲᠠ ᠶᠢ ᠠᠵᠢᠯ ᠦᠢᠯᠡᠰ ᠤᠨ ᠤᠨ ᠨᠢᠭᠡᠴᠢ ᠶᠢᠨ ᠢᠯᠡ ᠪᠠᠷ ᠤᠷᠢᠬᠤ ᠪᠥᠬᠦ ᠶᠠᠪᠤᠴᠠ ᠳᠤ ᠲᠣᠭᠤᠰᠢᠯᠠᠭᠤᠯᠵᠤ᠂ ᠢᠯᠡ ᠪᠠᠷ ᠤᠷᠢᠬᠤ ᠶᠠᠪᠤᠴᠠ ᠳᠤ ᠶᠠᠮᠠᠷᠪᠠ ᠵᠠᠩᠭᠢᠯᠠᠭ᠎ᠠ ᠳᠤ ᠮᠡᠳᠡᠭᠡ ᠵᠠᠩᠭᠢ ᠨᠢ ᠦᠨᠡᠨ ᠪᠣᠳᠠᠲᠠᠶ ᠪᠢᠰᠢ᠂ ᠨᠥᠬᠦᠴᠡᠯ ᠨᠢ ᠨᠡᠶᠢᠴᠡᠬᠦ ᠥᠬᠡᠶ᠂ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ ᠵᠡᠷᠭᠡ ᠤᠷᠢᠨ ᠬᠡᠷᠡᠭᠯᠡᠬᠦ ᠶᠢ ᠨᠥᠯᠥᠭᠡᠯᠡᠬᠦ ᠪᠠᠶᠢᠳᠠᠯ ᠭᠠᠷᠪᠠᠯ᠂ ᠲᠡᠭᠦᠨ ᠤ ᠲᠣᠰ ᠤᠳᠠᠭᠠᠨ ᠤ ᠤᠷᠢᠨ ᠬᠡᠷᠡᠭᠯᠡᠬᠦ ᠬᠢᠷᠢ ᠬᠡᠮ ᠢ ᠴᠥᠮ ᠬᠦᠴᠦᠨ ᠥᠬᠡᠶ ᠪᠣᠯᠭᠠᠨ᠎ᠠ᠃      ᠲᠤᠯᠤᠭ᠎ᠠ᠂ ᠪᠤᠰᠤᠳ ᠵᠦᠢᠯ      ︵ᠨᠢᠭᠡ︶ ᠲᠣᠰ ᠤᠳᠠᠭᠠᠨ ᠤ ᠤᠷᠢᠬᠤ ᠬᠢᠷᠢ ᠬᠡᠮ ᠢ ᠳᠠᠬᠢᠨ ᠬᠢᠨᠠᠬᠤ᠂ ᠨᠢᠭᠤᠷᠲᠠᠨ ᠰᠢᠯᠭᠠᠬᠤ᠂ ᠪᠡᠶ᠎ᠡ ᠶᠢᠨ ᠪᠠᠶᠢᠴᠠᠭᠠᠯᠲᠠ᠂ ᠪᠠᠶᠢᠴᠠᠭᠠᠯᠲᠠ ᠵᠡᠷᠭᠡ ᠭᠤᠭᠴᠤᠭ᠎ᠠ ᠳᠤ ᠣᠷᠣᠨ ᠲᠤᠭ᠎ᠠ ᠳᠤᠲᠠᠭᠳᠠᠭᠰᠠᠨ ᠪᠠᠶᠢᠪᠠᠯ᠂ ᠲᠠᠰ ᠳᠠᠷᠠᠭᠠᠯᠠᠨ ᠨᠥᠬᠦᠪᠥᠷᠢᠯᠡᠨ᠎ᠡ᠃ ᠠᠳᠠᠯᠢ ᠨᠢᠭᠡᠨ ᠠᠵᠢᠯ ᠤᠨ ᠪᠠᠶᠢᠷᠢ ᠳᠤ 2 ᠤᠳᠠᠭ᠎ᠠ ᠳᠠᠷᠠᠭᠠᠯᠠᠨ ᠨᠥᠬᠦᠪᠥᠷᠢᠯᠡᠨ᠎ᠡ᠃      ︵ᠬᠤᠶᠠᠷ︶ ᠲᠣᠰ ᠤᠳᠠᠭ᠎ᠠ ᠶᠢᠨ ᠢᠯᠡ ᠪᠠᠷ ᠤᠷᠢᠬᠤ ᠠᠯᠪᠠᠨ ᠵᠠᠷ ᠲᠤ ᠬᠢᠵᠦ ᠳᠠᠭᠤᠰᠤᠭᠠᠳᠤᠶ ᠵᠦᠢᠯᠡᠰ ᠵᠢᠴᠢ ᠬᠤᠯᠪᠣᠭᠳᠠᠯ ᠪᠥᠬᠦᠶ ᠮᠡᠳᠡᠭᠡ ᠵᠠᠩᠭᠢ ᠶᠢ ᠥᠪᠥᠷ ᠮᠣᠩᠭᠤᠯ ᠤᠨ ᠠᠵᠢᠯᠲᠠᠨ ᠤ ᠶᠠᠪᠤᠳᠠᠯ ᠤᠨ ᠰᠢᠯᠭᠠᠯᠲᠠ ᠪᠠ ᠪᠣᠯᠪᠠᠰᠤᠷᠠᠭᠤᠯᠤᠯ ᠤᠨ ᠰᠦᠯᠵᠢᠶᠡᠨ ᠳᠡᠭᠡᠷ᠎ᠡ ᠴᠠᠭ ᠲᠤᠬᠠᠶ ᠳᠤ ᠨᠢ ᠨᠡᠶᠢᠲᠡᠯᠡᠨ᠎ᠡ᠂ ᠠᠩᠬᠠᠷᠤᠯ ᠳᠤ ᠪᠠᠨ ᠠᠪᠤᠭᠠᠷᠠᠶ᠃      ︵ᠭᠤᠷᠪᠠ︶ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠣ᠂ ᠲᠣᠰ ᠤᠳᠠᠭᠠᠨ ᠤ ᠤᠷᠢᠬᠤ ᠰᠢᠯᠭᠠᠯᠲᠠ ᠶᠢᠨ ᠬᠤᠯᠪᠣᠭᠳᠠᠯ ᠪᠥᠬᠦᠶ ᠲᠠᠰ ᠳᠠᠷᠠᠭᠠᠯᠠᠯ᠂ ᠠᠯᠬᠤᠮ ᠳᠠᠷᠠᠭ᠎ᠠ᠂ ᠱᠠᠭᠠᠷᠳᠠᠯᠭ᠎ᠠ ᠵᠡᠷᠭᠡ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠡᠷᠡᠭᠴᠡᠭᠡ ᠠᠴᠠ ᠪᠣᠯᠵᠣ ᠲᠣᠬᠢᠷᠠᠭᠤᠯᠤᠯᠲᠠ ᠬᠢᠵᠦ ᠮᠡᠳᠡᠨ᠎ᠡ᠂ ᠲᠤᠬᠠᠶ ᠶᠢᠨ ᠦᠶ᠎ᠡ ᠳᠤ ᠥᠪᠥᠷ ᠮᠣᠩᠭᠤᠯ ᠤᠨ ᠠᠵᠢᠯᠲᠠᠨ ᠤ ᠶᠠᠪᠤᠳᠠᠯ ᠤᠨ ᠰᠢᠯᠭᠠᠯᠲᠠ ᠪᠠ ᠪᠣᠯᠪᠠᠰᠤᠷᠠᠭᠤᠯᠤᠯ ᠤᠨ ᠰᠦᠯᠵᠢᠶ᠎ᠡ ᠳᠤ ᠬᠠᠮᠢᠶ᠎ᠠ ᠪᠥᠬᠦᠶ ᠠᠯᠪᠠᠨ ᠵᠠᠷ ᠨᠡᠶᠢᠲᠡᠯᠡᠨ᠎ᠡ᠂ ᠤᠷᠢᠭᠳᠠᠭᠰᠠᠳ ᠴᠠᠭ ᠲᠤᠬᠠᠶ ᠳᠤ ᠨᠢ ᠠᠩᠬᠠᠷᠤᠯ ᠳᠤ ᠪᠠᠨ ᠠᠪᠤᠭᠠᠷᠠᠢ᠃ ᠤᠷᠢᠭᠳᠠᠭᠰᠠᠳ ᠰᠢᠯᠭᠠᠯᠲᠠ ᠠᠴᠠ ᠡᠮᠦᠨ᠎ᠡ ᠬᠤᠪᠢ ᠬᠥᠮᠦᠨ ᠤ ᠬᠠᠮᠠᠭᠠᠯᠠᠯᠲᠠ ᠪᠠᠨ ᠰᠠᠶᠢᠲᠤᠷ ᠬᠢᠵᠦ᠂ ᠴᠢᠬᠤᠯᠠ ᠪᠤᠰᠤ ᠰᠢᠯᠵᠢᠯᠲᠡ ᠶᠢ ᠪᠠᠭᠠᠰᠬᠠᠬᠤ ᠬᠡᠷᠡᠭᠲᠡᠶ᠃      ᠨᠠᠢᠮᠠ᠂ ᠠᠰᠠᠭᠤᠵᠤ ᠯᠠᠪᠯᠠᠬᠤ ᠤᠲᠠᠰᠤ ᠪᠣᠯᠤᠨ ᠬᠢᠨᠠᠯᠲᠠ ᠲᠠᠯᠪᠢᠬᠤ ᠤᠲᠠᠰᠤ      ︵ᠨᠢᠭᠡ︶ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠄ 0471 - 6515957 ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ      ︵ᠬᠤᠶᠠᠷ︶ ᠲᠥᠷᠥ ᠶᠢᠨ ᠪᠣᠳᠣᠯᠭ᠎ᠠ ᠶᠢᠨ ᠠᠰᠠᠭᠤᠨ ᠯᠠᠪᠯᠠᠬᠤ ᠤᠲᠠᠰᠤ᠄ 0471 - 4953172 ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ      ︵ᠭᠤᠷᠪᠠ︶ ᠰᠦᠯᠵᠢᠶ᠎ᠡ ᠪᠠᠷ ᠮᠡᠳᠡᠭᠦᠯᠬᠦ ᠮᠡᠷᠭᠡᠵᠢᠯ ᠤᠨ ᠠᠰᠠᠭᠤᠨ ᠯᠠᠪᠯᠠᠬᠤ ᠤᠲᠠᠰᠤ᠄ 0471-6601168᠂ 6600198 ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠲᠠᠨ ᠤ ᠶᠠᠪᠤᠳᠠᠯ ᠤᠨ ᠰᠢᠯᠭᠠᠯᠲᠠ ᠪᠠ ᠪᠣᠯᠪᠠᠰᠤᠷᠠᠭᠤᠯᠤᠯ ᠤᠨ ᠲᠥᠪ︶      ᠲᠣᠰ ᠠᠯᠪᠠᠨ ᠵᠠᠷ ᠢ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠬᠠᠷᠢᠭᠤᠴᠠᠨ ᠲᠠᠶᠢᠯᠪᠤᠷᠢᠯᠠᠨ᠎ᠠ᠃      ᠳᠠᠭᠠᠯᠳᠤᠭᠤᠯᠤᠯ᠄ 2021 ᠣᠨ ᠤ ᠳᠣᠤᠷ᠎ᠠ ᠬᠠᠭᠠᠰ ᠵᠢᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠠᠵᠢᠯᠲᠠᠨ ᠤᠷᠢᠬᠤ ᠠᠵᠢᠯ ᠤᠨ ᠪᠠᠶᠢᠷᠢ ᠶᠢᠨ ᠬᠡᠷᠡᠭᠴᠡᠭᠡ ᠱᠠᠭᠠᠷᠳᠠᠯᠭ᠎ᠠ ᠶᠢᠨ ᠬᠦᠰᠦᠨᠦᠭᠲᠦ᠂ xls                    ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ                                 2021 ᠣᠨ ᠤ 9 ᠳ᠋ᠦ᠋ᠭᠡᠷ ᠰᠠᠷ᠎ᠠ ᠶᠢᠨ 3 ᠤ ᠡᠳᠦᠷ  
 
ᠢᠷᠡᠯᠲᠡ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号