ᠠᠮᠤᠷ ᠲᠦᠪᠰᠢᠨ ᠪᠣᠬᠢᠷᠲᠤᠯ ᠥᠬᠡᠶ ᠢᠲᠡᠭᠡᠮᠵᠢᠲᠠᠢ ᠵᠠᠮ — ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠬᠥ᠋ ᠮᠢᠶᠣᠣ — ᠪᠦᠦ ᠴᠢᠤᠸᠠᠨ — ᠵᠢᠶᠠᠩ ᠴᠢᠶᠣᠤ ᠠᠴᠠ ᠲᠦᠴᠢᠦᠸᠠᠨ ᠬᠦᠷᠬᠦ ᠱᠤᠭᠤᠮ
ᠨᠡᠶᠢᠲᠡᠯᠡᠭᠰᠡᠨ ᠴᠠᠭ᠄
2021/9/2
     ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠭᠦ᠋ ᠮᠢᠶᠣᠤ — ᠪᠦᠦ ᠴᠢᠤᠸᠠᠨ — ᠵᠢᠶᠠᠩ ᠴᠢᠶᠣᠤ ᠠᠴᠠ ᠲᠦᠴᠢᠦᠸᠠᠨ ᠬᠦᠷᠬᠦ ᠱᠤᠭᠤᠮ ᠨᠢ ︽ᠬᠥᠳᠡᠭᠡ ᠲᠣᠰᠬᠤᠨ ᠤ ᠵᠠᠰᠠᠮᠠᠯ ᠵᠠᠮ +︾ ᠠᠭᠤᠰᠤᠯᠴᠠᠨ ᠬᠥᠭᠵᠢᠬᠦ ᠰᠢᠨ᠎ᠡ ᠵᠠᠭᠪᠤᠷ ᠤᠨ ᠰᠢᠨ᠎ᠡ ᠶᠢ ᠡᠭᠦᠳᠬᠦ ᠲᠠᠢ ᠨᠢᠭᠲᠠ ᠤᠶᠠᠯᠳᠤᠭᠤᠯᠵᠦ᠂ ︽ᠮᠤᠵᠢ ᠶᠢᠨ ᠳᠣᠲᠣᠷᠠᠬᠢ ᠲᠡᠷᠢᠭᠦᠨ ᠵᠡᠷᠭᠡ᠂ ᠠᠶᠢᠮᠠᠭ ᠤᠨ ᠳᠣᠲᠣᠷᠠᠬᠢ ᠵᠢᠱᠢᠶ᠎ᠡ ᠦᠵᠡᠭᠦᠯᠬᠦ︾ ᠬᠠᠷᠠᠯᠲᠠ ᠶᠢ ᠣᠨᠢᠯᠠᠵᠤ᠂ ︽ᠠᠮᠢ ᠠᠬᠤᠢ︾᠂ ︽ᠵᠢᠭᠤᠯᠴᠢᠯᠠᠯ︾᠂ ︽ᠰᠣᠶᠣᠯ︾᠂ ︽ᠠᠷᠠᠳ ᠢ ᠪᠠᠶᠠᠵᠢᠭᠤᠯᠬᠤ︾ ᠶᠢ ᠵᠡᠷᠭᠡ ᠪᠠᠷ ᠶᠠᠪᠤᠭᠳᠠᠭᠤᠯᠬᠤ ᠶᠡᠷᠦᠩᠬᠡᠢ ᠪᠠᠶᠢᠷᠢ ᠲᠣᠭᠲᠠᠭᠠᠯᠲᠠ ᠶᠣᠰᠣᠭᠠᠷ᠂ ᠠᠮᠢ ᠠᠬᠤᠶ ᠶᠢᠨ ᠬᠠᠳᠠᠭᠠᠯᠠᠯᠲᠠ᠂ ᠪᠥᠬᠦ ᠣᠷᠣᠨ ᠪᠦᠰᠡ ᠶᠢᠨ ᠵᠢᠭᠤᠯᠴᠢᠯᠠᠯ᠂ ᠰᠣᠶᠣᠯ ᠤᠨ ᠤᠯᠠᠮᠵᠢᠯᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠰᠢᠨ᠎ᠡ ᠴᠠᠭ ᠦᠶ᠎ᠡ ᠶᠢᠨ ᠰᠢᠨ᠎ᠡ ᠡᠯᠧᠮᠧᠨ᠋ᠲ ᠢ ᠪᠥᠲᠥᠭᠡᠨ ᠪᠠᠶᠢᠭᠤᠯᠤᠯᠲᠠ ᠳᠤ ᠠᠭᠤᠰᠤᠯᠴᠠᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠳᠤ ᠰᠠᠶᠢᠲᠤᠷ ᠦᠢᠯᠡᠴᠢᠯᠡᠬᠦ ᠪᠠ ᠲᠤᠯᠭᠠᠭᠤᠷᠢᠯᠠᠬᠤ ᠳᠤ ᠵᠤᠷᠢᠵᠦ᠂ ᠬᠥᠳᠡᠭᠡ ᠲᠣᠰᠬᠤᠨ ᠤ ︽ᠲᠠᠪᠤ ᠶᠢ ᠨᠢᠭᠡ ᠴᠣᠭᠴᠠᠵᠢᠭᠤᠯᠬᠤ︾ ᠨᠢᠭᠡᠳᠦᠯᠲᠡᠶ ᠲᠥᠯᠥᠪᠵᠢᠭᠦᠯᠦᠨ ᠬᠥᠭᠵᠢᠭᠦᠯᠬᠦ᠂ ᠵᠣᠬᠢᠴᠠᠩᠭᠤᠶ ᠪᠠᠷ ᠬᠥᠭᠵᠢᠭᠦᠯᠬᠦ ᠶᠢ ᠠᠬᠢᠭᠤᠯᠪᠠ᠃      ᠠᠮᠢ ᠠᠬᠤᠶ᠃ ᠠᠭᠤᠯᠠ ᠤᠰᠤ ᠶᠢ ᠳᠣᠲᠣᠨᠣᠴᠢᠯᠠᠬᠤ᠂ ᠵᠠᠮ ᠦᠵᠡᠮᠵᠢ ᠶᠢ ᠠᠭᠤᠰᠤᠯᠴᠠᠭᠤᠯᠬᠤ ᠶᠢ ᠴᠢᠬᠤᠯᠠᠴᠢᠯᠠᠵᠤ᠂ ᠤᠤᠯ ᠤᠨ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠬᠦ ᠥᠬᠡᠶ ᠪᠠᠶᠢᠬᠤ ᠪᠠᠷ ᠤᠷᠢᠲᠠᠯ ᠨᠥᠬᠦᠴᠡᠯ ᠪᠣᠯᠭᠠᠬᠤ ᠶᠢ ᠪᠠᠷᠢᠮᠲᠠᠯᠠᠵᠤ᠂ ︽ᠠᠭᠤᠯᠠ ᠤᠰᠤ ᠨᠢ ᠢᠯᠡ ᠲᠣᠳᠣ᠂ ᠪᠠᠶᠢᠭᠠᠯᠢᠯᠢᠭ ᠲᠤᠩᠭᠠᠯᠠᠭ᠂ ᠬᠥᠳᠡᠭᠡ ᠲᠣᠰᠬᠤᠨ ᠨᠢ ᠬᠡᠭᠡᠷ᠎ᠡ ᠶᠢᠨ ᠲᠣᠷ᠎ᠠ ᠰᠤᠨᠢᠷᠬᠠᠯ ᠲᠠᠢ︾ ᠠᠮᠢ ᠠᠬᠤᠶ ᠶᠢᠨ ᠦᠵᠡᠮᠵᠢ ᠶᠢ ᠪᠣᠶ ᠪᠤᠯᠭᠠᠪᠠ︔ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠰᠠᠭᠠᠳ ᠥᠬᠡᠶ ᠨᠡᠪᠲᠡᠷᠡᠬᠦ᠂ ᠠᠮᠤᠷ ᠲᠦᠪᠰᠢᠨ᠂ ᠲᠠᠭᠠᠯᠠᠮᠵᠢᠲᠠᠶ︾ ᠨᠡᠪᠲᠡᠷᠡᠬᠦ ᠣᠷᠴᠢᠨ ᠠᠬᠤᠢ ᠶᠢ ᠬᠦᠴᠦᠯᠡᠨ ᠪᠣᠶ ᠪᠤᠯᠭᠠᠪᠠ᠃     ᠵᠢᠭᠤᠯᠴᠢᠯᠠᠯ᠃ ᠤᠯᠤᠰ ᠮᠤᠵᠢ ᠶᠢᠨ ᠭᠤᠣᠯ ᠱᠤᠭᠤᠮ ᠢ ᠪᠦᠬᠦ ᠲᠠᠯ᠎ᠠ ᠪᠠᠷ ᠵᠣᠯᠭᠠᠭᠤᠯᠵᠤ᠂ ᠵᠠᠮ ᠳᠠᠭᠠᠤ ᠶᠢᠨ ᠭᠤᠣᠯ ᠪᠣᠯᠬᠤ ᠦᠵᠡᠮᠵᠢ ᠶᠢᠨ ᠣᠷᠣᠨ ᠦᠵᠡᠮᠵᠢ ᠶᠢᠨ ᠴᠡᠭ᠂ ᠬᠥᠳᠡᠭᠡ ᠲᠣᠰᠬᠤᠨ ᠤ ᠵᠢᠭᠤᠯᠴᠢᠯᠠᠯ ᠤᠨ ᠴᠡᠭ ᠢ ᠬᠤᠯᠪᠦᠪᠠ︔ ᠥᠨᠳᠥᠷ ᠪᠠᠷᠢᠮᠵᠢᠶᠠᠲᠦ ᠢᠵᠢ ᠪᠦᠷᠢᠳᠦᠭᠦᠯᠬᠦ ᠲᠥᠬᠦᠭᠡᠷᠦᠮᠵᠢ᠂ ᠤᠷᠠᠯᠢᠭᠵᠢᠭᠤᠯᠤᠭᠰᠠᠨ ᠵᠢᠭᠤᠯᠴᠢᠯᠠᠯ ᠤᠨ ᠢᠯᠭᠠᠬᠤ ᠲᠡᠮᠳᠡᠭ᠂ ᠣᠳᠣᠬᠢᠴᠢᠯᠠᠭᠰᠠᠨ ᠮᠡᠳᠡᠭᠡ ᠵᠠᠩᠭᠢ ᠶᠢᠨ ᠮᠡᠷᠭᠡᠵᠢᠯ ᠨᠢ ᠵᠢᠭᠤᠯᠴᠢᠯᠠᠭᠴᠢᠳ ᠲᠤ ᠬᠠᠮᠤᠭ ᠤᠨ ᠳᠣᠲᠣᠨᠣ ᠪᠥᠭᠡᠳ ᠳᠥᠭᠦᠮ ᠳᠥᠲᠡ ᠦᠢᠯᠡᠴᠢᠯᠡᠭᠡ ᠬᠠᠩᠭᠠᠪᠠ᠃      ᠰᠣᠶᠣᠯ᠃ ᠶᠦᠩ ᠰᠢᠩ ᠲᠣᠰᠬᠤᠨ ᠤ ᠲᠠᠷᠢᠶᠠᠯᠠᠬᠤ ᠮᠦᠽᠧᠶ ᠶᠢ ᠠᠰᠢᠭᠯᠠᠨ᠂ ᠬᠠᠭᠤᠴᠢᠨ ᠵᠡᠭᠦᠨ ᠬᠤᠶᠢᠲᠤ ᠣᠷᠣᠨ ᠤ ᠲᠠᠷᠢᠶᠠᠯᠠᠬᠤ ᠰᠣᠶᠣᠯ ᠢ ᠭᠦᠨᠵᠡᠭᠡᠶ ᠠᠭᠤᠳᠠᠯᠵᠤ᠂ ᠨᠢᠭᠡ ᠪᠦᠯᠦᠭ ᠲᠠᠷᠢᠶᠠᠯᠠᠩ ᠤᠨ ᠰᠣᠶᠣᠯ ᠵᠢᠭᠤᠯᠴᠢᠯᠠᠯ ᠤᠨ ᠲᠥᠷᠥᠯ ᠵᠦᠢᠯ ᠢ ᠭᠠᠷᠭᠠᠪᠠ᠃      ᠠᠷᠠᠳ ᠢ ᠪᠠᠶᠠᠵᠢᠭᠤᠯᠬᠤ᠃ ᠬᠤᠲᠠ ᠬᠥᠳᠡᠭᠡ ᠶᠢᠨ ᠨᠡᠶᠢᠲᠠ ᠶᠢᠨ ᠵᠠᠮ ᠬᠠᠷᠢᠯᠴᠠᠭ᠎ᠠ ᠶᠢ ᠨᠢᠭᠡ ᠴᠣᠭᠴᠠᠵᠢᠭᠤᠯᠬᠤ ᠶᠢ ᠶᠡᠭᠡ ᠪᠠᠷ ᠠᠬᠢᠭᠤᠯᠵᠤ᠂ ᠪᠤᠢ ᠪᠦᠬᠦᠢ ᠪᠠᠯᠭᠠᠰᠤ ᠲᠣᠭᠤᠷᠢᠭ᠂ ᠵᠠᠰᠠᠭ ᠵᠠᠬᠢᠷᠭᠠᠨ ᠤ ᠲᠣᠰᠬᠤᠨ ᠤ ᠨᠡᠶᠢᠲᠠ ᠶᠢᠨ ᠵᠠᠮ ᠬᠠᠷᠢᠯᠴᠠᠭ᠎ᠠ ᠶᠢ ᠨᠢᠭᠡ ᠴᠣᠭᠴᠠᠵᠢᠭᠤᠯᠬᠤ᠂ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠣᠯᠠᠨ ᠲᠦᠮᠡᠨ ᠤ ᠶᠠᠪᠤᠵᠤ ᠰᠠᠭᠤᠬᠤ ᠳᠤ ᠳᠥᠭᠦᠮ ᠦᠵᠡᠭᠦᠯᠪᠡ᠃ ᠲᠠᠷᠢᠶᠠᠯᠠᠩ ᠪᠠ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠶᠡᠭᠡ ᠪᠠᠷ ᠠᠬᠢᠭᠤᠯᠵᠤ᠂ ᠲᠠᠷᠢᠶᠠᠯᠠᠩ ᠤᠨ ᠠᠵᠤ ᠦᠢᠯᠡᠰ ᠤᠨ ᠬᠡᠯᠬᠢᠶ᠎ᠡ᠂ ᠥᠷᠲᠡᠭ ᠤᠨ ᠬᠡᠯᠬᠢᠶ᠎ᠡ ᠶᠢ ᠲᠠᠰᠤᠷᠠᠯᠲᠠ ᠥᠬᠡᠶ ᠤᠷᠲᠤᠳᠬᠠᠨ᠂ ᠠᠷᠠᠳ ᠢ ᠪᠠᠶᠠᠵᠢᠭᠤᠯᠤᠨ ᠣᠷᠣᠯᠭ᠎ᠠ ᠶᠢ ᠨᠢ ᠨᠡᠮᠡᠭᠳᠡᠭᠦᠯᠬᠦ ᠶᠢ ᠠᠬᠢᠭᠤᠯᠪᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号