ᠪᠤᠭᠤᠲᠤ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠬᠢᠨ ᠬᠥᠳᠡᠭᠡ ᠲᠣᠰᠬᠤᠨ ᠤ ᠵᠠᠰᠠᠮᠠᠯ ᠵᠠᠮ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠪᠥᠬᠦ ᠲᠠᠯ᠎ᠠ ᠪᠠᠷ ᠠᠬᠢᠭᠤᠯᠪᠠ
ᠨᠡᠶᠢᠲᠡᠯᠡᠭᠰᠡᠨ ᠴᠠᠭ᠄
2021/9/22
     ︽ᠪᠠᠶᠠᠵᠢᠶ᠎ᠠ ᠭᠡᠪᠡᠯ ᠤᠷᠢᠳᠠᠪᠠᠷ ᠵᠠᠮ ᠵᠠᠰᠠᠰᠤᠭᠠᠶ︾ ᠭᠡᠳᠡᠭ ᠪᠣᠷᠣᠭᠵᠢᠭᠤᠨ ᠦᠭᠡ ᠪᠣᠯ ᠬᠠᠷᠢᠨ ᠦᠨᠡᠨ ᠪᠣᠳᠠᠲᠠᠶ ᠦᠨᠡᠨ ᠶᠣᠰᠣ ᠮᠥᠨ᠃ ᠬᠥᠳᠡᠭᠡ ᠲᠣᠰᠬᠤᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠪᠣᠯ ᠵᠠᠮ ᠬᠠᠷᠢᠯᠴᠠᠭᠠᠨ ᠤ ᠶᠠᠳᠠᠭᠤ ᠶᠢ ᠲᠡᠳᠬᠦᠬᠦ ᠪᠡᠷᠬᠡ ᠰᠡᠳᠦᠪ ᠢ ᠰᠢᠢᠳᠪᠦᠷᠢᠯᠡᠬᠦ ᠴᠢᠬᠤᠯᠠ ᠭᠠᠷᠳᠠᠴᠠ ᠮᠥᠨ᠂ ᠪᠠᠰᠠ ᠴᠤ ᠠᠷᠠᠳ ᠣᠯᠠᠨ ᠤ ᠬᠠᠮᠤᠭ ᠠᠴᠠ ᠢᠯᠡᠭᠦᠤ ᠠᠩᠬᠠᠷᠴᠤ ᠪᠠᠶᠢᠭ᠎ᠠ ᠠᠷᠠᠳ ᠤᠨ ᠰᠡᠳᠬᠢᠯ ᠤᠨ ᠢᠨᠵᠧᠨᠧᠷᠢᠩ ᠮᠥᠨ᠂ ᠣᠷᠣᠨ ᠨᠤᠲᠤᠭ ᠤᠨ ᠠᠵᠤ ᠠᠬᠤᠶ ᠶᠢ ᠳᠠᠶᠢᠴᠢᠯᠠᠬᠤ ᠠᠵᠤ ᠠᠬᠤᠶ ᠶᠢᠨ ᠠᠬᠢᠭᠤᠯᠤᠭᠴᠢ ᠮᠥᠨ᠃ ᠪᠤᠭᠤᠲᠤ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠨᠢ ᠬᠥᠳᠡᠭᠡ ᠲᠣᠰᠬᠤᠨ ᠤ ᠵᠠᠰᠠᠮᠠᠯ ᠵᠠᠮ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠠᠵᠢᠯ ᠤᠨ ᠭᠤᠤᠯᠳᠠᠯᠭ᠎ᠠ ᠪᠠᠨ ᠪᠣᠯᠭᠠᠭᠰᠠᠭᠠᠷ ᠢᠷᠡᠵᠡᠶ᠃ ᠬᠥᠳᠡᠭᠡ ᠲᠣᠰᠬᠤᠨ ᠤ ᠵᠠᠰᠠᠮᠠᠯ ᠵᠠᠮ ᠢ ᠮᠠᠯᠴᠢᠨ ᠲᠠᠷᠢᠶᠠᠴᠢᠨ ᠤ ᠳᠣᠲᠣᠨᠣ ᠵᠠᠮ᠂ ᠢᠲᠡᠭᠡᠮᠵᠢᠲᠡᠢ ᠵᠠᠮ᠂ ᠤᠷᠤᠭᠰᠢᠲᠠᠶ ᠵᠠᠮ ᠪᠣᠯᠭᠠᠨ ᠪᠥᠲᠥᠭᠡᠨ ᠪᠠᠶᠢᠭᠤᠯᠤᠨ᠎ᠠ᠃      ᠵᠢᠯ ᠤᠨ ᠡᠬᠢᠨ ᠤ ᠡᠭᠦᠷᠭᠡ ᠬᠠᠷᠠᠯᠲᠠ ᠶᠢᠨ ᠶᠣᠰᠣᠭᠠᠷ᠂ ᠪᠤᠭᠤᠲᠤ ᠬᠤᠲᠠ ᠨᠢ 2021 ᠣᠨ ᠳᠤ 430 ᠺᠢᠯᠣᠮᠧᠲᠷ ᠬᠥᠳᠡᠭᠡ ᠲᠣᠰᠬᠤᠨ ᠤ ᠵᠠᠰᠠᠮᠠᠯ ᠵᠠᠮ ᠢ ᠪᠥᠲᠥᠭᠡᠨ ᠪᠠᠶᠢᠭᠤᠯᠬᠤ ᠴᠢᠬᠤᠯᠠᠲᠠᠢ᠂ 58000 ᠲᠦᠮᠡᠨ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠦᠨ᠎ᠡ︔ ᠬᠥᠳᠡᠭᠡ ᠲᠣᠰᠬᠤᠨ ᠤ ᠵᠠᠰᠠᠮᠠᠯ ᠵᠠᠮ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠲᠥᠷᠥᠯ ᠵᠦᠢᠯ ᠨᠢ 79 ᠺᠢᠯᠣᠮᠧᠲᠷ ᠪᠠᠶᠢᠵᠤ᠂ 1300 ᠲᠦᠮᠡᠨ ᠲᠥᠭᠦᠷᠢᠭ  ᠤᠨ ᠪᠠᠯᠠ ᠣᠷᠣᠭᠤᠯᠤᠯᠲᠠ ᠶᠢ ᠪᠡᠶᠡᠯᠡᠭᠦᠯᠦᠨ᠎ᠡ︔ ᠬᠥᠳᠡᠭᠡ ᠲᠣᠰᠬᠤᠨ ᠤ ᠵᠠᠰᠠᠮᠠᠯ ᠵᠠᠮ ᠤᠨ ᠲᠦᠭᠰᠢᠭᠦᠷᠢᠲᠡᠢ ᠬᠥᠭᠦᠷᠭᠡ ᠶᠢ ᠥᠭᠡᠷᠡᠴᠢᠯᠡᠨ ᠵᠠᠰᠠᠬᠤ ᠲᠥᠷᠥᠯ  ᠵᠦᠢᠯ ᠨᠢ 1 ᠰᠠᠭᠤᠷᠢ ᠪᠠᠶᠢᠵᠤ᠂ 600 ᠲᠦᠮᠡᠨ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠦᠨ᠎ᠡ᠃ 8 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠬᠥᠳᠡᠭᠡ ᠲᠣᠰᠬᠤᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ 29 ᠲᠥᠷᠥᠯ ᠵᠦᠢᠯ ᠢ ᠨᠢᠭᠡᠨᠲᠡ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ 9 ᠲᠥᠷᠥᠯ ᠵᠦᠢᠯ ᠢ ᠪᠠᠷᠢᠵᠤ ᠳᠠᠭᠤᠰᠬᠠᠪᠠ︔ 341 ᠺᠢᠯᠣᠮᠧᠲᠷ ᠵᠠᠮ ᠤᠨ ᠣᠷᠳᠣ ᠶᠢ ᠠᠵᠢᠯ ᠡᠬᠢᠯᠡᠭᠦᠯᠦᠨ ᠪᠦᠳᠦᠭᠡᠨ ᠪᠠᠶᠢᠭᠤᠯᠵᠤ᠂ ᠠᠵᠢᠯ ᠡᠬᠢᠯᠡᠭᠦᠯᠦᠭᠰᠡᠨ ᠵᠠᠮ ᠤᠨ ᠣᠷᠳᠣ ᠶᠢᠨ ᠬᠠᠷᠢᠴᠠᠯ ᠨᠢ 79.3% ᠳᠤ ᠬᠦᠷᠴᠡᠶ︔ 162 ᠺᠢᠯᠣᠮᠧᠲᠷ ᠵᠠᠮ ᠤᠨ ᠣᠷᠳᠣ ᠶᠢ ᠪᠦᠲᠦᠭᠡᠨ ᠪᠠᠶᠢᠭᠤᠯᠵᠤ ᠳᠠᠭᠤᠰᠬᠠᠨ᠂ 22193 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ ᠬᠥᠳᠡᠭᠡ ᠲᠣᠰᠬᠤᠨ ᠤ ᠵᠠᠰᠠᠮᠠᠯ ᠵᠠᠮ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ 8 ᠲᠥᠷᠥᠯ ᠵᠦᠢᠯ ᠢ ᠠᠵᠢᠯ ᠡᠬᠢᠯᠡᠭᠦᠯᠵᠦ᠂ 13 ᠺᠢᠯᠣᠮᠧᠲᠷ ᠵᠠᠮ ᠤᠨ ᠣᠷᠳᠣ ᠶᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ 6 ᠺᠢᠯᠣᠮᠧᠲᠷ ᠵᠠᠮ ᠤᠨ ᠣᠷᠳᠣ ᠶᠢ ᠪᠦᠲᠦᠭᠡᠨ ᠪᠠᠶᠢᠭᠤᠯᠵᠤ ᠳᠠᠭᠤᠰᠬᠠᠨ᠂ 66 ᠲᠦᠮᠡᠨ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ᠃ ᠲᠦᠭᠰᠢᠭᠦᠷᠢᠲᠡᠢ ᠬᠥᠭᠦᠷᠭᠡ ᠶᠢ ᠥᠭᠡᠷᠡᠴᠢᠯᠡᠨ ᠵᠠᠰᠠᠬᠤ ᠲᠥᠷᠥᠯ ᠵᠦᠢᠯ ᠨᠢ 1 ᠰᠠᠭᠤᠷᠢ ᠪᠠᠶᠢᠵᠤ᠂ 87 ᠤᠷᠳᠤᠳᠬᠠᠯ ᠮᠧᠲᠷ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ 313 ᠲᠦᠮᠡᠨ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ 52.2% ᠤᠨ ᠪᠠᠯᠠ ᠣᠷᠣᠭᠤᠯᠤᠯᠲᠠ ᠶᠢᠨ ᠡᠵᠡᠯᠡᠬᠦ ᠬᠠᠷᠢᠴᠠᠯ ᠢ ᠪᠡᠶᠡᠯᠡᠭᠦᠯᠪᠡ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号