ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 18 ᠤ ᠴᠠᠬᠢᠯᠭᠠᠨ ᠮᠡᠳᠡᠭᠡ 9 ᠰᠠᠷ᠎ᠠ ᠶᠢᠨ 18 ᠤ ᠡᠳᠦᠷ᠂ | ᠯᠠᠲ᠋ᠢᠨ ᠠᠮᠧᠷᠢᠺᠠ ᠪᠣᠯᠤᠨ ᠺᠠᠷᠢᠪᠧ ᠶᠢᠨ ᠤᠯᠤᠰ ᠤᠳ ᠤᠨ ᠬᠠᠮᠲᠤ ᠴᠣᠭᠴᠠ ᠶᠢᠨ ᠵᠢᠷᠭᠤᠳᠤᠭᠠᠷ ᠬᠤᠭᠤᠴᠠᠭᠠᠨ ᠤ | ᠲᠦᠷᠦᠭᠦᠴᠦᠳ ᠤᠨ ᠬᠤᠷᠠᠯ ᠮᠧᠺᠰᠢᠺᠤ ᠤᠯᠤᠰ ᠤᠨ ᠨᠡᠶᠢᠰᠯᠡᠯ ᠮᠧᠺᠰᠢᠺᠤ ᠬᠤᠳᠠ ᠲᠤ ᠶᠠᠪᠤᠭᠳᠠᠪᠠ᠃ | ᠯᠠᠲ᠋ᠢᠨ ᠠᠮᠧᠷᠢᠺᠠ ᠶᠢᠨ ᠬᠠᠮᠲᠤ ᠴᠣᠭᠴᠠ ᠶᠢᠨ ᠵᠢᠵᠢᠭᠦᠷ ᠲᠡᠷᠢᠭᠦᠯᠡᠭᠴᠢ ᠤᠯᠤᠰ ᠮᠧᠺᠰᠢᠺᠤ ᠤᠯᠤᠰ ᠤᠨ ᠤᠷᠢᠯᠭ᠎ᠠ | ᠪᠠᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠲᠦᠷᠦᠭᠦᠴᠦᠳ ᠤᠨ ᠬᠤᠷᠠᠯ ᠳᠤ ᠸᠢᠳᠢᠣ᠋ ᠪᠠᠷ ᠦᠭᠡ ᠬᠡᠯᠡᠪᠡ᠃ | ᠰᠢ ᠶᠢᠨ ᠫᠢᠩ᠂ 10 ᠵᠢᠯ ᠤᠨ ᠡᠮᠦᠨ᠎ᠡ᠂ ᠯᠠᠲ᠋ᠢᠨ ᠠᠮᠧᠷᠢᠺᠠ ᠪᠣᠯᠤᠨ ᠺᠠᠷᠢᠪᠧ ᠶᠢᠨ ᠤᠯᠤᠰ ᠤᠳ ᠤᠨ ᠪᠡᠶ᠎ᠡ ᠪᠠᠨ | ᠳᠠᠭᠠᠭᠠᠵᠤ ᠡᠵᠡᠨ ᠮᠡᠳᠡᠬᠦ ᠶᠢ ᠬᠦᠭᠡᠭᠡᠴᠡᠯᠳᠦᠬᠦ᠂ ᠬᠤᠯᠪᠤᠭᠠᠯᠠᠨ ᠦᠪᠡᠷ ᠢ ᠪᠠᠨ ᠬᠦᠴᠦᠷᠬᠡᠭᠵᠢᠭᠦᠯᠬᠦ ᠴᠢᠷᠮᠠᠶᠢᠯᠭ᠎ᠠ ᠳᠣᠣᠷ᠎ᠠ᠂ | ᠯᠠᠲ᠋ᠢᠨ ᠠᠮᠧᠷᠢᠺᠠ ᠶᠢᠨ ᠬᠠᠮᠲᠤ ᠴᠣᠭᠴᠠ ᠵᠠᠪᠰᠢᠶᠠᠨ ᠢᠶᠠᠷ ᠪᠠᠶᠢᠭᠤᠯᠤᠬᠳᠠᠪᠠ᠂ ᠡᠨᠡ ᠪᠣᠯ ᠭᠠᠵᠠᠷ ᠣᠷᠣᠨ ᠤ ᠨᠢᠭᠡ | ᠴᠤᠬᠴᠠᠵᠢᠯᠳᠠ ᠶᠢᠨ ᠶᠠᠪᠤᠴᠠ ᠳᠠᠬᠢ ᠬᠦᠰᠢᠶ᠎ᠡ ᠳᠤᠷᠠᠰᠬᠠᠯ ᠤᠨ ᠴᠢᠨᠠᠷᠲᠠᠢ ᠬᠡᠷᠡᠭ ᠶᠠᠪᠤᠳᠠᠯ ᠪᠣᠯᠤᠨ᠎ᠠ᠃ 10 ᠵᠢᠯ ᠤᠨ | ᠬᠤᠭᠤᠴᠠᠭᠠᠨ ᠳᠤ᠂ ᠯᠠᠲ᠋ᠢᠨ ᠠᠮᠧᠷᠢᠺᠠ ᠶᠢᠨ ᠬᠠᠮᠲᠤ ᠴᠣᠭᠴᠠ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠢ | ᠬᠠᠮᠠᠭᠠᠯᠠᠬᠤ᠂ ᠬᠠᠮᠲᠤ ᠶᠢᠨ ᠬᠥᠭᠵᠢᠯᠲᠡ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠪᠡ᠃ ᠳᠤᠮᠳᠠᠳᠤ ᠶᠢᠨ ᠲᠠᠯ᠎ᠠ | ᠶᠢᠨ ᠬᠢᠨ ᠯᠠᠲ᠋ᠢᠨ ᠠᠮᠧᠷᠢᠺᠠ ᠶᠢᠨ ᠬᠠᠮᠲᠤ ᠴᠣᠭᠴᠠ ᠯᠤᠭ᠎ᠠ ᠬᠠᠷᠢᠯᠴᠠᠭ᠎ᠠ ᠪᠠᠨ ᠬᠥᠭᠵᠢᠭᠦᠯᠬᠦ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠯᠠᠲ᠋ᠢᠨ ᠠᠮᠧᠷᠢᠺᠠ ᠶᠢᠨ ᠬᠠᠮᠲᠤ ᠴᠣᠭᠴᠠ ᠶᠢᠨ ᠭᠠᠵᠠᠷ ᠣᠷᠣᠨ ᠤ ᠪᠠᠨ ᠤᠯᠤᠰ ᠤᠨ ᠬᠠᠮᠲᠤᠷᠠᠯᠴᠠᠭ᠎ᠠ | ᠥᠷᠨᠢᠭᠦᠯᠵᠦ᠂ ᠥᠷᠢᠰᠥᠯᠳᠦᠭᠡᠨ ᠢ ᠠᠷᠭᠠᠴᠠᠭᠠᠬᠤ ᠶᠢ ᠵᠤᠬᠢᠴᠠᠭᠤᠯᠬᠤ ᠶᠢ ᠳᠡᠮᠵᠢᠪᠡ᠃ 2014 ᠣᠨ ᠤ 7 ᠰᠠᠷ᠎ᠠ ᠳᠤ᠂ | ᠪᠢ ᠭᠠᠵᠠᠷ ᠣᠷᠤᠨ ᠤ ᠤᠯᠤᠰ ᠤᠳ ᠤᠨ ᠤᠳᠤᠷᠢᠳᠬᠤ ᠬᠥᠮᠦᠰ ᠲᠠᠢ ᠬᠠᠮᠲᠤ ᠪᠠᠷ ᠳᠤᠮᠳᠠᠳᠤ ᠤᠯᠤᠰ — ᠯᠠᠲ᠋ᠢᠨ | ᠠᠮᠧᠷᠢᠺᠠ ᠶᠢᠨ ᠬᠠᠮᠲᠤ ᠴᠣᠭᠴᠠ ᠶᠢᠨ ᠶᠠᠷᠢᠶᠠᠨ ᠤ ᠲᠠᠪᠴᠠᠩ ᠢ ᠪᠠᠶᠢᠭᠤᠯᠬᠤ ᠪᠠᠷ ᠨᠡᠶᠢᠲᠡᠯᠡᠵᠦ᠂ ᠳᠤᠮᠳᠠᠳᠤ ᠤᠯᠤᠰ ᠯᠠᠲ᠋ᠢᠨ | ᠠᠮᠧᠷᠢᠺᠠ ᠶᠢᠨ ᠪᠦᠬᠦᠯᠢ ᠴᠣᠭᠴᠠ ᠶᠢᠨ ᠬᠠᠮᠲᠤᠷᠠᠯᠴᠠᠭᠠᠨ ᠤ ᠰᠢᠨ᠎ᠡ ᠠᠷᠭ᠎ᠠ ᠵᠠᠮ ᠢ ᠨᠡᠭᠡᠭᠡᠪᠡ᠃ 7 ᠵᠢᠯ ᠤᠨ ᠲᠤᠷᠰᠢ᠂ | ᠳᠤᠮᠳᠠᠳᠤ ᠤᠯᠤᠰ — ᠯᠠᠲ᠋ᠢᠨ ᠠᠮᠧᠷᠢᠺᠠ ᠶᠢᠨ ᠬᠠᠮᠳᠤ ᠴᠤᠭᠴᠠ ᠶᠢᠨ ᠶᠠᠷᠢᠶᠠᠨ ᠤ ᠲᠠᠪᠴᠠᠩ ᠥᠷᠨᠢᠨ ᠬᠥᠭᠵᠢᠵᠦ᠂ | ᠨᠢᠭᠡᠨᠲᠡ ᠳᠤᠮᠳᠠᠳᠤ ᠤᠯᠤᠰ ᠯᠠᠲ᠋ᠢᠨ ᠠᠮᠧᠷᠢᠺᠠ ᠶᠢᠨ ᠬᠠᠮᠳᠤ ᠴᠤᠭᠴᠠ ᠶᠢᠨ ᠡᠯ᠎ᠡ ᠡᠲᠡᠭᠡᠳ ᠤᠨ ᠨᠥᠬᠦᠷᠰᠡᠭ ᠬᠦᠴᠦᠨ ᠢ | ᠨᠢᠭᠲᠠᠷᠠᠭᠤᠯᠬᠤ ᠭᠤᠣᠯ ᠲᠠᠪᠴᠠᠩ ᠪᠤᠯᠵᠤ᠂ ᠳᠤᠮᠳᠠᠳᠤ ᠤᠯᠤᠰ ᠯᠠᠲ᠋ᠢᠨ ᠠᠮᠧᠷᠢᠺᠠ ᠶᠢᠨ ᠬᠠᠮᠳᠤ ᠴᠤᠭᠴᠠ ᠶᠢᠨ | ᠬᠠᠷᠢᠯᠴᠠᠭ᠎ᠠ ᠶᠢ ᠭᠦᠨᠵᠡᠭᠡᠶᠢᠷᠡᠭᠦᠯᠬᠦ ᠳᠤ ᠴᠢᠬᠤᠯᠠ ᠬᠤᠪᠢ ᠨᠡᠮᠡᠷᠢ ᠦᠵᠡᠭᠦᠯᠵᠠᠢ ᠭᠡᠵᠤ ᠵᠢᠭᠠᠵᠤ ᠭᠠᠷᠭᠠᠪᠠ᠃ | ᠰᠢ ᠶᠢᠨ ᠫᠢᠩ᠂ ᠳᠡᠯᠡᠬᠡᠢ ᠶᠢᠨ ᠬᠤᠪᠢᠷᠠᠯᠳᠠ ᠶᠡᠬᠡᠳᠠᠢ ᠪᠠᠶᠢᠳᠠᠯ ᠢ ᠥᠩᠭᠡᠷᠡᠭᠡᠵᠦ᠂ ᠳᠤᠮᠳᠠᠳᠤ ᠤᠯᠤᠰ ᠯᠠᠲ᠋ᠢᠨ | ᠠᠮᠧᠷᠢᠺᠠ ᠶᠢᠨ ᠬᠠᠮᠳᠤ ᠴᠤᠭᠴᠠ ᠶᠢᠨ ᠬᠠᠷᠢᠯᠴᠠᠭ᠎ᠠ ᠨᠢᠭᠡᠨᠲᠡ ᠡᠷᠬᠡ ᠲᠡᠭᠰᠢ᠂ ᠬᠠᠷᠢᠯᠴᠠᠨ ᠠᠰᠢᠭᠲᠠᠢ᠂ ᠰᠢᠨ᠎ᠡ ᠶᠢ ᠡᠭᠦᠳᠬᠦ | ᠂ ᠨᠡᠭᠡᠭᠡᠯᠲᠡ ᠲᠠᠢ᠂ ᠠᠷᠠᠳ ᠲᠤ ᠠᠰᠢᠭ ᠬᠦᠷᠲᠡᠭᠡᠬᠦ ᠰᠢᠨ᠎ᠡ ᠴᠠᠭ ᠦᠶ᠎ᠡ ᠳᠤ ᠣᠷᠣᠪᠠ᠃ ᠳᠤᠮᠳᠠᠳᠤ ᠤᠯᠤᠰ ᠯᠠᠲ᠋ᠢᠨ | ᠠᠮᠧᠷᠢᠺᠠ ᠶᠢᠨ ᠬᠠᠮᠳᠤ ᠴᠤᠭᠴᠠ ᠶᠢᠨ ᠨᠥᠬᠦᠷᠯᠡᠯ ᠶᠠᠪᠤᠬᠤ ᠲᠤᠳᠤᠮ ᠰᠢᠨᠡᠳᠴᠦ᠂ ᠬᠥᠮᠦᠰ ᠤᠨ ᠰᠡᠳᠬᠢᠯ ᠳᠤ ᠭᠦᠨ | ᠬᠠᠳᠠᠩᠰᠢᠪᠠ᠃ ᠨᠢᠳᠤᠨᠤᠨ ᠠᠴᠠ ᠨᠠᠭᠠᠰᠢ᠂ ᠭᠡᠨᠡᠳᠲᠡ ᠡᠭᠦᠰᠦᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠤᠨ ᠡᠮᠦᠨ᠎ᠡ᠂ ᠳᠤᠮᠳᠠᠳᠤ ᠤᠯᠤᠰ ᠯᠠᠲ᠋ᠢᠨ ᠠᠮᠧᠷᠢᠺᠠ ᠶᠢᠨ ᠬᠠᠮᠳᠤ ᠴᠤᠭᠴᠠ ᠶᠢᠨ ᠬᠢᠨ ᠰᠠᠬᠢᠨ | ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠬᠢᠵᠢᠭ ᠲᠠᠢ ᠲᠡᠮᠡᠴᠡᠬᠦ ᠪᠦᠬᠦ ᠲᠠᠯ᠎ᠠ ᠶᠢᠨ ᠬᠠᠮᠲᠤᠷᠠᠯᠴᠠᠭ᠎ᠠ ᠥᠷᠨᠢᠭᠦᠯᠪᠡ᠃ | ᠳᠤᠮᠳᠠᠳᠤ ᠤᠯᠤᠰ ᠦᠷᠭᠦᠯᠵᠢᠯᠡᠨ ᠯᠠᠲ᠋ᠢᠨ ᠠᠮᠧᠷᠢᠺᠠ ᠪᠣᠯᠤᠨ ᠺᠠᠷᠢᠪᠧ ᠶᠢᠨ ᠤᠯᠤᠰ ᠤᠳ ᠲᠤ ᠠᠯᠢ ᠪᠣᠯᠬᠤᠶᠢᠴᠠ | ᠬᠠᠪᠰᠤᠷᠤᠯᠭ᠎ᠠ ᠦᠵᠡᠭᠦᠯᠵᠦ᠂ ᠭᠠᠵᠠᠷ ᠣᠷᠣᠨ ᠤ ᠤᠯᠤᠰ ᠤᠳ ᠤᠨ ᠡᠷᠲᠡᠬᠡᠨ ᠬᠢᠵᠢᠭ ᠤᠨ ᠪᠠᠶᠢᠳᠠᠯ ᠢ ᠢᠯᠠᠨ ᠳᠠᠪᠠᠵᠤ᠂ | ᠠᠵᠤ ᠠᠬᠤᠢ ᠨᠡᠶᠢᠭᠡᠮ ᠤᠨ ᠬᠥᠭᠵᠢᠯᠲᠡ ᠪᠠᠨ ᠰᠡᠷᠭᠦᠭᠡᠬᠦ ᠳᠤ ᠬᠦᠴᠦᠨ ᠨᠡᠮᠡᠷᠢᠯᠡᠨ᠎ᠡ᠃ ᠳᠤᠮᠳᠠᠳᠤ ᠤᠯᠤᠰ ᠳᠤᠷᠠᠲᠠᠶ᠎ᠠ | ᠯᠠᠲ᠋ᠢᠨ ᠠᠮᠧᠷᠢᠺᠠ ᠪᠣᠯᠤᠨ ᠺᠠᠷᠢᠪᠧ ᠶᠢᠨ ᠤᠯᠤᠰ ᠤᠳ ᠲᠠᠢ ᠬᠠᠳᠠᠭᠤᠵᠢᠯᠳᠠᠢ ᠴᠠᠬ ᠢ ᠬᠠᠮᠲᠤ ᠪᠠᠷ ᠲᠤᠭᠤᠯᠵᠤ᠂ ᠠᠵᠠ | ᠲᠣᠬᠢᠶᠠᠯ ᠢ ᠬᠠᠮᠲᠤ ᠪᠠᠷ ᠡᠭᠦᠳᠴᠦ᠂ ᠭᠠᠷ ᠬᠤᠯᠪᠣᠨ ᠳᠤᠮᠳᠠᠳᠤ ᠤᠯᠤᠰ ᠯᠠᠲ᠋ᠢᠨ ᠠᠮᠧᠷᠢᠺᠠ ᠶᠢᠨ ᠬᠤᠪᠢ ᠵᠠᠶᠠᠭᠠᠨ ᠤ | ᠬᠠᠮᠲᠤ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ ᠭᠡᠵᠤ ᠴᠢᠬᠤᠯᠠᠴᠢᠯᠠᠪᠠ᠃ |