ᠪᠠᠶᠠᠨᠴᠠᠭᠠᠨ ᠠᠴᠠ ᠠᠨ ᠶᠧ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠴᠠᠪᠠᠤᠯᠢᠭ ᠨᠤᠨᠲᠠᠭ ᠤᠨ ᠴᠢᠨᠠᠷ ᠬᠤᠪᠢᠷᠠᠭᠤᠯᠤᠭᠰᠠᠨ ᠪᠠᠷᠤᠭᠰᠢᠨ ᠭᠠᠳᠠᠷᠭᠤ ᠶᠢᠨ ᠳᠠᠪᠬᠤᠷᠭ᠎ᠠ ᠶᠢᠨ ᠪᠠᠷᠢᠯᠭ᠎ᠠ ᠶᠢᠨ ᠠᠵᠢᠯ ᠤᠷᠤᠭᠰᠢᠲᠠᠶ ᠳᠠᠭᠤᠰᠪᠠ
ᠨᠡᠶᠢᠲᠡᠯᠡᠭᠰᠡᠨ ᠴᠠᠭ᠄
2021/9/27
 
     ᠣᠶᠢᠷ᠎ᠠ ᠳᠤ᠂ ᠡᠷᠢᠶᠡᠨ ᠠᠴᠠ ᠭᠤᠸᠠᠩᠵᠸᠦ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠵᠢᠨᠢᠩ ᠠᠴᠠ ᠠᠷᠤᠨ ᠬᠦᠷᠬᠦ ᠬᠠᠷᠢᠯᠴᠠᠭᠠᠨ ᠤ ᠱᠤᠭᠤᠮ ᠤᠨ ᠪᠠᠶᠠᠨᠴᠠᠭᠠᠨ ᠠᠴᠠ ᠠᠨ ᠶᠧ ᠬᠥᠷᠬᠦ ᠬᠡᠰᠡᠭ ᠤᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠵᠡᠭᠦᠨ ᠲᠠᠯ᠎ᠠ ᠶᠢᠨ K147+000 ~ K149+500 ᠭᠠᠵᠠᠷ ᠤᠨ ᠳᠡᠭᠡᠳᠦ ᠳᠠᠪᠬᠤᠷᠭ᠎ᠠ ᠶᠢᠨ ᠪᠠᠷᠢᠯᠭ᠎ᠠ ᠶᠢᠨ ᠠᠵᠢᠯ ᠢ ᠳᠠᠭᠤᠰᠬᠠᠪᠠ᠂ ᠡᠨᠡ ᠨᠢ ᠪᠥᠬᠦ ᠱᠤᠭᠤᠮ ᠤᠨ 30.26 ᠺᠢᠯᠣᠮᠧᠲᠷ ᠤᠨ ᠴᠠᠪᠠᠤᠯᠢᠭ ᠨᠤᠨᠲᠠᠭ ᠤᠨ ᠴᠢᠨᠠᠷ ᠬᠤᠪᠢᠷᠠᠭᠤᠯᠤᠭᠰᠠᠨ ᠪᠠᠷᠤᠭᠰᠢᠨ ᠪᠧᠲ᠋ᠣᠨ ᠤ ᠳᠤᠮᠳᠠ᠂ ᠳᠡᠭᠡᠳᠦ ᠳᠠᠪᠬᠤᠷᠭ᠎ᠠ ᠶᠢᠨ ᠪᠠᠷᠢᠯᠭ᠎ᠠ ᠶᠢᠨ ᠠᠵᠢᠯ ᠴᠥᠮ ᠤᠷᠤᠭᠰᠢᠲᠠᠶ ᠳᠠᠭᠤᠰᠤᠭᠰᠠᠨ ᠢ ᠬᠠᠷᠠᠭᠤᠯᠵᠤ ᠪᠠᠶᠢᠨ᠎ᠠ᠃      ᠴᠠᠪᠠᠤᠯᠢᠭ ᠨᠤᠨᠲᠠᠭ ᠤᠨ ᠴᠢᠨᠠᠷ ᠬᠤᠪᠢᠷᠠᠭᠤᠯᠤᠭᠰᠠᠨ ᠪᠠᠷᠤᠭᠰᠢᠨ ᠪᠣᠯ ᠬᠠᠶᠠᠭᠳᠠᠮᠠᠯ ᠬᠠᠭᠤᠴᠢᠨ ᠳᠤᠭᠤᠶᠢᠯᠠᠪᠤᠷᠢ ᠶᠢ ᠨᠠᠷᠢᠯᠢᠭ ᠨᠤᠨᠲᠠᠭ ᠤᠨ ᠮᠥᠬᠦᠯᠢᠭ ᠪᠣᠯᠭᠠᠨ ᠪᠣᠯᠪᠠᠰᠤᠷᠠᠭᠤᠯᠵᠤ᠂ ᠬᠠᠷᠢᠴᠠᠯ ᠶᠣᠰᠣᠭᠠᠷ ᠪᠠᠷᠤᠭᠰᠢᠨ᠂ ᠴᠢᠨᠠᠷ ᠬᠤᠪᠢᠷᠠᠭᠤᠯᠤᠭᠴᠢ ᠳᠤ ᠬᠤᠯᠢᠵᠤ ᠡᠭᠦᠰᠦᠭᠰᠡᠨ ᠵᠠᠮ ᠳᠤ ᠬᠡᠷᠡᠭᠯᠡᠬᠦ ᠴᠠᠪᠠᠤᠯᠢᠭ ᠴᠠᠷᠴᠠᠭᠠᠯᠲᠠ ᠶᠢᠨ ᠮᠠᠲ᠋ᠧᠷᠢᠶᠠᠯ ᠪᠣᠯᠤᠨ᠎ᠠ᠃ ᠬᠤᠶᠠᠷ ᠰᠠᠷ᠎ᠠ ᠶᠢᠨ ᠬᠤᠭᠤᠴᠠᠭ᠎ᠠ ᠲᠠᠢ ᠴᠠᠪᠠᠤᠯᠢᠭ ᠨᠤᠨᠲᠠᠭ ᠤᠨ ᠴᠢᠨᠠᠷ ᠬᠤᠪᠢᠷᠠᠭᠤᠯᠤᠭᠰᠠᠨ ᠪᠠᠷᠤᠭᠰᠢᠨ ᠤ ᠪᠠᠷᠢᠯᠭ᠎ᠠ ᠶᠢᠨ ᠠᠵᠢᠯ ᠤᠨ ᠳᠤᠮᠳᠠ᠂ ᠪᠠᠷᠢᠯᠭ᠎ᠠ ᠶᠢᠨ ᠠᠵᠢᠯ ᠤᠨ ᠬᠡᠮᠵᠢᠶ᠎ᠡ ᠶᠢ ᠨᠡᠶᠢᠳᠡ 1302 ᠮᠢᠩᠭᠠᠨ ᠲᠡᠭᠰᠢ ᠳᠥᠷᠪᠡᠯᠵᠢᠨ ᠮᠧᠲᠷ ᠪᠡᠶᠡᠯᠡᠬᠦᠯᠵᠡᠢ᠃ ᠡᠨᠡ ᠬᠦ ᠰᠢᠨᠵᠢᠯᠡᠬᠦ ᠤᠬᠠᠭᠠᠨ ᠤ ᠰᠤᠳᠤᠯᠭᠠᠨ ᠤ ᠰᠡᠳᠦᠪ ᠢ ᠬᠡᠷᠡᠭᠵᠢᠭᠦᠯᠬᠦ ᠪᠠᠷ ᠲᠠᠮᠵᠢᠨ᠂ ᠵᠠᠮ ᠤᠨ ᠭᠠᠳᠠᠷᠭᠤ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠬᠡᠷᠡᠭᠯᠡᠭᠡᠨ ᠤ ᠠᠮᠢ ᠨᠠᠰᠤ ᠶᠢ ᠤᠷᠲᠤᠳᠬᠠᠭᠰᠠᠨ ᠮᠥᠷᠲᠡᠭᠡᠨ ᠪᠠᠰᠠ ᠠᠷᠪᠢᠯᠠᠨ ᠭᠠᠮᠨᠠᠵᠤ ᠣᠷᠴᠢᠨ ᠲᠣᠭᠤᠷᠢᠨ ᠢ ᠬᠠᠮᠠᠭᠠᠯᠠᠬᠤ ᠴᠢᠳᠠᠪᠬᠢ ᠶᠢ ᠢᠯᠡᠷᠡᠭᠦᠯᠵᠦ᠂ ᠥᠪᠥᠷ ᠮᠣᠩᠭᠤᠯ ᠤᠨ ᠵᠠᠰᠠᠮᠠᠯ ᠵᠠᠮ ᠤᠨ ᠵᠠᠮ ᠬᠠᠷᠢᠯᠴᠠᠭᠠᠨ ᠤ ᠪᠡᠯᠡ ᠣᠷᠤᠭᠤᠯᠤᠯᠲᠠ ᠬᠦᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ︽ᠨᠢᠭᠡ ᠰᠡᠳᠦᠪ ᠬᠤᠶᠠᠷ ᠴᠠᠷᠠᠭ᠎ᠠ︾ ᠶᠢᠨ ᠬᠥᠭᠵᠢᠯᠲᠡ ᠶᠢᠨ ᠤᠢᠢᠯᠠᠭᠠᠭᠳᠠᠬᠤᠨ ᠢ ᠭᠦᠨᠵᠡᠭᠡᠢ ᠨᠠᠶᠢᠳᠠᠪᠤᠷᠢᠵᠢᠭᠤᠯᠬᠤ ᠶᠢ ᠨᠡᠩ ᠪᠦᠲᠦᠮᠵᠢᠲᠡᠢ ᠠᠬᠢᠭᠤᠯᠤᠭᠰᠠᠨ ᠪᠠᠶᠢᠨ᠎ᠠ᠃
 
ᠢᠷᠡᠯᠲᠡ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号