ᠪᠥᠬᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ  ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠵᠢᠴᠢ ᠦᠨᠡᠯᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2021/9/27
ᠡᠯ᠎ᠡ ᠠᠶᠢᠮᠠᠭ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠲᠢᠩᠬᠢᠮ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠨᠢᠭᠡᠴᠢ ᠳᠤ᠄      ︽ᠠᠶᠤᠯᠭᠦᠶ ᠦᠢᠯᠡᠳᠪᠦᠷᠢᠯᠡᠯ ᠤᠨ ᠬᠠᠤᠯᠢ︾ ᠶᠢ ᠭᠦᠨᠵᠡᠭᠡᠶ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠠᠬᠢᠭᠤᠯᠬᠤ ᠶᠢᠨ ᠲᠦᠯᠦᠭᠡ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠦᠨᠡᠯᠡᠬᠦ ᠬᠠᠮᠢᠶᠠᠷᠤᠯᠲᠠ ᠶᠢᠨ ᠠᠷᠭ᠎ᠠ︾ ︵ᠰᠢᠨ᠎ᠡ ︽ᠬᠠᠮᠢᠶᠠᠷᠤᠯᠲᠠ ᠶᠢᠨ ᠠᠷᠭ᠎ᠠ︾ ᠭᠡᠵᠦ ᠲᠣᠪᠴᠢᠯᠠᠨ᠎ᠠ︶᠂ ︽ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠤᠨ ᠠᠬᠢᠭᠤᠯᠬᠤ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠤᠨ ᠮᠡᠳᠡᠭᠳᠡᠯ︾ ︵ᠵᠠᠮ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ﹇2016﹈ 54 ᠳ᠋ᠦ᠋ᠭᠡᠷ ᠲᠣᠭᠠᠲᠤ︶ ᠢ ᠦᠨᠳᠦᠰᠦᠯᠡᠪᠡᠯ᠂ ᠪᠥᠬᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠵᠢᠴᠢ ᠬᠤᠯᠪᠣᠭᠳᠠᠯ ᠪᠥᠬᠦᠶ ᠠᠵᠢᠯ ᠢ ᠦᠨᠡᠯᠡᠬᠦ ᠶᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ ᠡᠳᠦᠭᠡ ᠳᠣᠤᠷᠠᠬᠢ ᠮᠡᠲᠦ ᠮᠡᠳᠡᠭᠳᠡᠪᠡ᠄      ᠨᠢᠭᠡ᠂ ᠰᠢᠨ᠎ᠡ ︽ᠬᠠᠮᠢᠶᠠᠷᠤᠯᠲᠠ ᠶᠢᠨ ᠠᠷᠭ᠎ᠠ︾ ᠶᠢ ᠤᠬᠠᠭᠤᠯᠤᠨ ᠲᠣᠭᠤᠰᠢᠯᠠᠭᠤᠯᠬᠤ ᠪᠠ ᠲᠥᠷᠥ ᠶᠢᠨ ᠪᠣᠳᠣᠯᠭ᠎ᠠ ᠪᠠᠷ ᠬᠥᠲᠥᠯᠦᠨ ᠵᠢᠯᠣᠭᠤᠳᠬᠤ ᠠᠵᠢᠯ ᠢ ᠰᠠᠶᠢᠲᠤᠷ ᠬᠢᠬᠦ ᠬᠡᠷᠡᠭᠲᠡᠶ      ᠡᠨᠡ ᠤᠳᠠᠭ᠎ᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠦᠨᠡᠯᠡᠬᠦ ᠬᠠᠮᠢᠶᠠᠷᠤᠯᠲᠠ ᠶᠢᠨ ᠠᠷᠭ᠎ᠠ︾ ᠨᠢ᠂ 2012 ᠣᠨ ᠳᠤ ᠳᠠᠷᠤᠮᠠᠯᠯᠠᠨ ᠲᠠᠷᠬᠠᠭᠠᠭᠰᠠᠨ ︽ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠶᠢ ᠰᠢᠯᠭᠠᠨ ᠦᠨᠡᠯᠡᠬᠦ ᠬᠠᠮᠢᠶᠠᠷᠤᠯᠲᠠ ᠶᠢᠨ ᠠᠷᠭ᠎ᠠ︾᠂ ︽ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠶᠢᠨ ᠬᠠᠮᠢᠶ᠎ᠠ ᠪᠦᠬᠦᠢ ᠬᠡᠷᠡᠭᠵᠢᠭᠦᠯᠬᠦ ᠠᠷᠭ᠎ᠠ︾ ᠵᠡᠷᠭᠡ ᠲᠠᠢ ᠬᠠᠷᠢᠴᠠᠭᠤᠯᠪᠠᠯ ᠨᠡᠯᠢᠶᠡᠳ ᠶᠡᠭᠡ ᠲᠤᠬᠢᠷᠠᠭᠤᠯᠤᠯᠲᠠ ᠬᠤᠪᠢᠷᠠᠯᠲᠠ ᠲᠠᠢ ᠪᠣᠯᠵᠠᠢ᠃ ᠪᠦᠬᠦ ᠣᠷᠣᠨ ᠤ ᠡᠯ᠎ᠡ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠡᠯ᠎ᠡ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠤ ᠠᠬᠤᠶᠢᠯᠠᠯ ᠤᠨ ᠨᠢᠭᠡᠴᠢ᠂ ᠤᠳᠤᠷᠢᠳᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠰᠢᠨ᠎ᠡ ︽ᠬᠠᠮᠢᠶᠠᠷᠤᠯᠲᠠ ᠶᠢᠨ ᠠᠷᠭ᠎ᠠ ︾ ᠶᠢ ᠰᠤᠷᠤᠯᠴᠠᠵᠤ ᠤᠬᠠᠭᠤᠯᠤᠨ ᠲᠣᠭᠤᠰᠢᠯᠠᠭᠤᠯᠬᠤ ᠪᠠ ᠲᠥᠷᠥ ᠶᠢᠨ ᠪᠣᠳᠣᠯᠭ᠎ᠠ ᠪᠠᠷ ᠬᠥᠲᠥᠯᠦᠨ ᠵᠢᠯᠣᠭᠤᠳᠬᠤ ᠠᠵᠢᠯ ᠢ ᠰᠠᠶᠢᠲᠤᠷ ᠬᠢᠵᠦ᠂ ᠬᠤᠯᠪᠤᠭᠳᠠᠯ ᠪᠥᠬᠦᠶ ᠱᠠᠭᠠᠷᠳᠠᠯᠭ᠎ᠠ ᠶᠢ ᠪᠥᠬᠦ ᠲᠠᠯ᠎ᠠ ᠪᠠᠷ ᠡᠵᠡᠮᠰᠢᠨ ᠣᠶᠢᠯᠠᠭᠠᠵᠤ ᠨᠠᠶᠢᠳᠠᠪᠤᠷᠢᠵᠢᠭᠤᠯᠤᠨ᠂ ᠠᠵᠢᠯ ᠤᠨ ᠲᠣᠭᠲᠠᠴᠠ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠮᠠᠨ ᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠵᠢᠴᠢ ᠦᠨᠡᠯᠡᠬᠦ ᠠᠵᠢᠯ ᠢ ᠲᠥᠪ ᠭᠤᠤᠯᠴᠢ᠂ ᠵᠢᠷᠤᠮᠵᠢᠯ ᠲᠠᠢ᠂ ᠡᠮᠬᠢ ᠵᠢᠷᠤᠮ ᠲᠠᠢ᠂ ᠬᠠᠤᠯᠢ ᠶᠣᠰᠣᠭᠠᠷ ᠠᠬᠢᠭᠤᠯᠬᠤ ᠬᠡᠷᠡᠭᠲᠡᠶ᠃      ᠬᠤᠶᠠᠷ᠂ ᠰᠢᠨ᠎ᠡ ︽ᠬᠠᠮᠢᠶᠠᠷᠤᠯᠲᠠ ᠶᠢᠨ ᠠᠷᠭ᠎ᠠ︾ ᠳᠤ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠬᠠᠮᠢᠶ᠎ᠠ ᠪᠥᠬᠦᠶ ᠠᠵᠢᠯ ᠢ ᠰᠠᠶᠢᠲᠤᠷ ᠬᠢᠬᠦ ᠬᠡᠷᠡᠭᠲᠡᠶ      ︵ᠨᠢᠭᠡ︶ ᠤᠤᠯ ᠤᠨ ᠰᠢᠯᠭᠠᠨ ᠲᠣᠭᠲᠠᠭᠠᠭᠴᠢ᠂ ᠰᠢᠯᠭᠠᠨ ᠲᠣᠭᠲᠠᠭᠠᠬᠤ ᠪᠠᠶᠢᠭᠤᠯᠤᠮᠵᠢ ᠶᠢᠨ ᠰᠢᠯᠵᠢᠯᠲᠡ ᠪᠠ ᠪᠠᠷᠢᠮᠵᠢᠶ᠎ᠠ ᠳᠤ ᠬᠦᠷᠦᠭᠰᠡᠨ ᠦᠨᠡᠮᠯᠡᠯ ᠤᠨ ᠦᠨᠡᠮᠯᠡᠯ ᠰᠣᠯᠢᠬᠤ ᠠᠵᠢᠯ ᠢ ᠰᠠᠶᠢᠲᠤᠷ ᠬᠢᠨ᠎ᠠ᠃ ᠮᠠᠨ ᠤ ᠣᠷᠣᠨ ᠤ ᠤᠤᠯ ᠤᠨ ᠰᠢᠯᠭᠠᠨ ᠲᠣᠭᠲᠠᠭᠠᠭᠴᠢ᠂ ᠰᠢᠯᠭᠠᠨ ᠲᠣᠭᠲᠠᠭᠠᠬᠤ ᠪᠠᠶᠢᠭᠤᠯᠤᠮᠵᠢ ᠨᠢ ᠰᠢᠨ᠎ᠡ ᠪᠠᠷ ︽ᠬᠠᠮᠢᠶᠠᠷᠤᠯᠲᠠ ᠶᠢᠨ ᠠᠷᠭ᠎ᠠ︾ ᠶᠢ ᠬᠡᠷᠡᠭᠵᠢᠭᠦᠯᠦᠭᠰᠡᠨ ᠡᠳᠦᠷ ᠠᠴᠠ ᠡᠬᠢᠯᠡᠨ᠂ ᠬᠢᠨᠠᠨ ᠲᠣᠭᠲᠠᠭᠠᠭᠴᠢ᠂ ᠦᠨᠡᠯᠡᠬᠦ ᠪᠠᠶᠢᠭᠤᠯᠤᠮᠵᠢ ᠳᠤ ︵ᠤᠤᠯ ᠤᠨ ᠰᠢᠯᠭᠠᠨ ᠲᠣᠭᠲᠠᠭᠠᠭᠴᠢ ᠶᠢᠨ ᠬᠢᠷᠢ ᠬᠡᠮ ᠤᠨ ᠦᠨᠡᠮᠯᠡᠯ᠂ ᠰᠢᠯᠭᠠᠨ ᠲᠣᠭᠲᠠᠭᠠᠬᠤ ᠪᠠᠶᠢᠭᠤᠯᠤᠮᠵᠢ ᠶᠢᠨ ᠬᠢᠷᠢ ᠬᠡᠮ ᠤᠨ ᠦᠨᠡᠮᠯᠡᠯ ᠨᠢ ᠠᠶᠠᠨᠳᠠᠭᠠᠨ ᠬᠦᠴᠦᠨ ᠥᠬᠡᠶ ᠪᠣᠯᠤᠨ᠎ᠠ︶ ᠠᠶᠠᠨᠳᠠᠭᠠᠨ ᠰᠢᠯᠵᠢᠬᠦ ᠶᠢᠨ ᠬᠠᠮᠲᠤ᠂ ᠰᠢᠨ᠎ᠡ ︽ᠬᠠᠮᠢᠶᠠᠷᠤᠯᠲᠠ ᠶᠢᠨ ᠠᠷᠭ᠎ᠠ︾ ᠶᠢᠨ ᠶᠣᠰᠣᠭᠠᠷ ᠬᠢᠨᠠᠨ ᠲᠣᠭᠲᠠᠭᠠᠭᠴᠢ᠂ ᠦᠨᠡᠯᠡᠬᠦ ᠪᠠᠶᠢᠭᠤᠯᠤᠮᠵᠢ ᠳᠤ ᠬᠠᠮᠢᠶᠠᠷᠤᠯᠲᠠ ᠬᠢᠨ᠎ᠠ᠃ ᠤᠤᠯ ᠤᠨ ᠪᠠᠷᠢᠮᠵᠢᠶ᠎ᠠ ᠳᠤ ᠬᠦᠷᠦᠭᠰᠡᠨ ᠦᠨᠡᠮᠯᠡᠯ ᠤᠨ ᠵᠡᠷᠭᠡ ᠳᠡᠰ ᠤᠨ ᠭᠡᠷᠡᠴᠢᠯᠡᠯ ᠢ ᠰᠣᠯᠢᠬᠤ ᠳᠤ᠂ ᠵᠠᠷᠴᠢᠮ ᠳᠡᠭᠡᠷ᠎ᠡ ᠪᠠᠨ ᠰᠢᠯᠵᠢᠯᠲᠡ ᠶᠢᠨ ᠳᠠᠷᠠᠭᠠᠬᠢ ᠦᠨᠡᠯᠡᠬᠦ ᠪᠠᠶᠢᠭᠤᠯᠤᠮᠵᠢ ᠠᠴᠠ ᠣᠨ ᠤ ᠬᠠᠷᠭᠤᠭᠤᠯᠤᠨ ᠪᠠᠶᠢᠴᠠᠭᠠᠬᠤ ᠦᠶ᠎ᠡ ᠳᠤ ᠬᠠᠮᠲᠤ ᠳᠤ ᠨᠢ ᠰᠣᠯᠢᠵᠤ ᠣᠯᠭᠤᠨ᠎ᠠ᠃      ︵ᠬᠤᠶᠠᠷ︶ ᠰᠢᠨ᠎ᠡ ᠪᠠᠷ ᠵᠠᠰᠠᠪᠤᠷᠢ ᠣᠷᠣᠭᠤᠯᠤᠭᠰᠠᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠦᠨᠳᠦᠰᠦᠨ ᠵᠢᠷᠤᠮᠵᠢᠯ ︵ᠠᠵᠢᠯ ᠲᠥᠷᠥᠯ ᠤᠨ ᠪᠠᠷᠢᠮᠵᠢᠶ᠎ᠠ︶ ᠢ ᠬᠡᠷᠡᠭᠵᠢᠭᠦᠯᠬᠦ ᠠᠴᠠ ᠡᠮᠦᠨᠡᠬᠢ ᠦᠨᠡᠯᠡᠯᠲᠡ ᠶᠢᠨ ᠠᠵᠢᠯ ᠢ ᠰᠠᠶᠢᠲᠤᠷ ᠬᠢᠨ᠎ᠠ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠱᠠᠭᠠᠷᠳᠠᠯᠭ᠎ᠠ ᠶᠢ ᠦᠨᠳᠦᠰᠦᠯᠡᠪᠡᠯ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠦᠨᠳᠦᠰᠦᠨ ᠵᠢᠷᠤᠮᠵᠢᠯ ᠢ ᠳᠣᠷᠣᠭᠰᠢ ᠪᠠᠭᠤᠯᠭᠠᠬᠤ ᠠᠴᠠ ᠡᠮᠦᠨ᠎ᠡ᠂ ᠡᠯ᠎ᠡ ᠭᠠᠵᠠᠷ᠂ ᠡᠯ᠎ᠡ ᠦᠨᠡᠯᠡᠬᠦ ᠪᠠᠶᠢᠭᠤᠯᠤᠮᠵᠢ ᠦᠷᠭᠦᠯᠵᠢᠯᠡᠨ ᠤᠤᠯ ᠤᠨ ᠰᠢᠯᠭᠠᠨ ᠦᠨᠡᠯᠡᠬᠦ ᠭᠦᠢᠴᠡᠳᠬᠡᠯ ᠲᠤᠭ᠎ᠠ ᠶᠣᠰᠣᠭᠠᠷ ᠠᠵᠤ ᠠᠬᠤᠶᠢᠯᠠᠯ ᠳᠤ ᠦᠨᠡᠯᠡᠯᠲᠡ ᠬᠢᠵᠦ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠦᠨᠳᠦᠰᠦᠨ ᠵᠢᠷᠤᠮᠵᠢᠯ ᠢ ᠳᠣᠷᠣᠭᠰᠢ ᠪᠠᠭᠤᠯᠭᠠᠭᠰᠠᠨ ᠤ ᠲᠠᠷᠠᠭ᠎ᠠ᠂ ᠰᠢᠨ᠎ᠡ ᠵᠢᠷᠤᠮᠵᠢᠯ ᠤᠨ ᠶᠣᠰᠣᠭᠠᠷ ᠬᠡᠷᠡᠭᠵᠢᠭᠦᠯᠦᠨ᠎ᠡ᠃      ︵ᠭᠤᠷᠪᠠ︶ ᠮᠠᠨ ᠤ ᠣᠷᠣᠨ ᠤ ᠪᠣᠳᠠᠲᠤ ᠪᠠᠶᠢᠳᠠᠯ ᠢ ᠦᠨᠳᠦᠰᠦᠯᠡᠨ᠂ ᠦᠨᠡᠯᠡᠬᠦ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠦᠨᠡᠯᠡᠬᠦ ᠪᠠᠶᠢᠭᠤᠯᠤᠮᠵᠢ ᠶᠢᠨ ᠦᠨᠡᠯᠡᠬᠦ ᠶᠠᠰᠤ ᠴᠢᠨᠠᠷ ᠢ ᠳᠡᠭᠡᠭᠰᠢᠯᠡᠭᠦᠯᠵᠦ᠂ ᠠᠵᠤ ᠠᠬᠤᠶᠢᠯᠠᠯ ᠢ ᠨᠠᠩ ᠣᠯᠠᠨ ᠰᠣᠩᠭᠤᠬᠤ ᠡᠷᠬᠡ ᠲᠠᠢ ᠪᠣᠯᠭᠠᠵᠤ᠂ ᠮᠠᠨ ᠤ ᠣᠷᠣᠨ ᠳᠤ ᠳᠠᠩᠰᠠᠯᠠᠭᠤᠯᠤᠭᠰᠠᠨ ᠬᠤᠶᠠᠳᠤᠭᠠᠷ ᠳᠡᠰ ᠤᠨ ᠦᠨᠡᠯᠡᠬᠦ ᠪᠠᠶᠢᠭᠤᠯᠤᠮᠵᠢ ᠨᠢ ᠥᠪᠡᠷᠲᠡᠭᠡᠨ ᠵᠠᠰᠠᠬᠤ ᠣᠷᠣᠨ ᠤ ᠬᠢᠯᠢ ᠶᠢᠨ ᠳᠣᠲᠣᠷᠠᠬᠢ ᠬᠤᠶᠠᠳᠤᠭᠠᠷ᠂ ᠭᠤᠷᠪᠠᠳᠤᠭᠠᠷ ᠳᠡᠰ ᠤᠨ ᠵᠡᠷᠭᠡ ᠲᠠᠰ ᠤᠨ ᠭᠡᠷᠡᠴᠢᠯᠡᠯ ᠭᠤᠶᠤᠴᠢᠯᠠᠭᠰᠠᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠶᠢᠨ ᠦᠨᠡᠯᠡᠬᠦ ᠠᠵᠢᠯ ᠢ ᠡᠭᠦᠷᠭᠡᠯᠡᠵᠦ ᠪᠣᠯᠤᠨ᠎ᠠ᠂ ᠭᠤᠷᠪᠠᠳᠤᠭᠠᠷ ᠳᠡᠰ ᠤᠨ ᠦᠨᠡᠯᠡᠬᠦ ᠪᠠᠶᠢᠭᠤᠯᠤᠮᠵᠢ ᠨᠢ ᠥᠪᠡᠷᠲᠡᠭᠡᠨ ᠵᠠᠰᠠᠬᠤ ᠣᠷᠣᠨ ᠤ ᠬᠢᠯᠢ ᠶᠢᠨ ᠳᠣᠲᠣᠷᠠᠬᠢ ᠭᠤᠷᠪᠠᠳᠤᠭᠠᠷ ᠳᠡᠰ ᠤᠨ ᠵᠡᠷᠭᠡ ᠲᠠᠰ ᠤᠨ ᠭᠡᠷᠡᠴᠢᠯᠡᠯ ᠭᠤᠶᠤᠴᠢᠯᠠᠭᠰᠠᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠶᠢᠨ ᠦᠨᠡᠯᠡᠬᠦ ᠠᠵᠢᠯ ᠢ ᠡᠭᠦᠷᠭᠡᠯᠡᠵᠦ ᠪᠣᠯᠤᠨ᠎ᠠ᠂ ᠣᠷᠣᠨ ᠪᠦᠰᠡ ᠶᠢᠨ ᠬᠢᠵᠠᠭᠠᠷᠯᠠᠯ ᠢ ᠬᠦᠯᠢᠶᠡᠬᠦ ᠥᠬᠡᠶ᠃ ᠦᠨᠡᠯᠡᠬᠦ ᠪᠠᠶᠢᠭᠤᠯᠤᠮᠵᠢ ᠨᠢ ᠦᠨᠡᠯᠡᠬᠦ ᠠᠵᠢᠯ ᠢ ᠥᠷᠨᠢᠭᠦᠯᠬᠦ ᠳᠤ᠂ ᠲᠣᠭᠲᠠᠭᠠᠯ ᠶᠣᠰᠣᠭᠠᠷ ᠦᠨᠡᠯᠡᠭᠳᠡᠬᠦ ᠠᠵᠤ ᠠᠬᠤᠶᠢᠯᠠᠯ ᠤᠨ ᠪᠠᠶᠢᠭ᠎ᠠ ᠭᠠᠵᠠᠷ ᠤᠨ ᠭᠤᠤᠯᠯᠠᠨ ᠬᠠᠮᠢᠶᠠᠷᠬᠤ ᠪᠠᠶᠢᠭᠤᠯᠭ᠎ᠠ ᠳᠤ ᠮᠡᠳᠡᠭᠳᠡᠵᠦ ︵ᠤᠷᠢᠳᠴᠢᠯᠠᠨ ᠮᠡᠳᠡᠭᠳᠡᠬᠦ︶᠂ ᠬᠢᠨᠠᠯᠲᠠ ᠲᠠᠯᠪᠢᠬᠤ ᠶᠢ ᠬᠦᠯᠢᠶᠡᠬᠦ ᠬᠡᠷᠡᠭᠲᠡᠶ᠃      ︵ᠳᠥᠷᠪᠡ︶ ᠰᠢᠨ᠎ᠡ ︽ᠬᠠᠮᠢᠶᠠᠷᠤᠯᠲᠠ ᠶᠢᠨ ᠠᠷᠭ᠎ᠠ︾ ᠶᠢᠨ ᠲᠣᠭᠲᠠᠭᠠᠯ ᠢ ᠦᠨᠳᠦᠰᠦᠯᠡᠨ᠂ ᠦᠨᠡᠯᠡᠬᠦ ᠠᠵᠢᠯ ᠢ ᠨᠢᠭᠡᠳᠦᠯᠲᠡᠶ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ ᠰᠢᠰᠲ᠋ᠧᠮ ᠢᠶᠠᠷ ᠳᠡᠮᠵᠢᠨ ᠥᠷᠨᠢᠭᠦᠯᠦᠨ᠎ᠡ᠃ ᠦᠨᠡᠯᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠦᠨᠡᠯᠡᠬᠦ ᠵᠢᠴᠢ ᠣᠨ ᠤ ᠬᠢᠨᠠᠨ ᠪᠠᠶᠢᠴᠠᠭᠠᠭᠰᠠᠨ ᠳ᠋ᠦᠩᠨᠡᠯᠲᠡ᠂ ᠦᠨᠡᠯᠡᠬᠦ ᠵᠡᠷᠭᠡ ᠲᠠᠰ ᠤᠨ ᠭᠡᠷᠡᠴᠢᠯᠡᠯ ᠣᠯᠭᠤᠬᠤ ᠶᠢ ᠦᠨᠡᠯᠡᠬᠦ ᠪᠠᠶᠢᠭᠤᠯᠤᠮᠵᠢ ᠠᠴᠠ ᠬᠠᠷᠢᠭᠤᠴᠠᠨ᠎ᠠ᠃ ᠤᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ ᠰᠢᠰᠲ᠋ᠧᠮ ᠢ ᠰᠢᠨ᠎ᠡ ᠪᠠᠷ ︽ᠬᠠᠮᠢᠶᠠᠷᠤᠯᠲᠠ ᠶᠢᠨ ᠠᠷᠭ᠎ᠠ︾ ᠶᠢ ᠬᠡᠷᠡᠭᠵᠢᠭᠦᠯᠦᠭᠰᠡᠨ ᠡᠳᠦᠷ ᠠᠴᠠ ᠡᠬᠢᠯᠡᠨ ᠬᠡᠷᠡᠭᠯᠡᠬᠦ ᠪᠠᠨ ᠵᠣᠭᠰᠣᠭᠠᠵᠤ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠡᠯ᠎ᠡ ᠠᠶᠢᠮᠠᠭ ᠬᠤᠳᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠨᠤᠭᠤᠳ ᠠᠵᠤ ᠠᠬᠤᠶᠢᠯᠠᠯ ᠳᠤ ᠪᠠᠷᠢᠮᠵᠢᠶ᠎ᠠ ᠳᠤ ᠬᠥᠷᠥᠭᠰᠡᠨ ᠦᠨᠡᠮᠯᠡᠯ ᠣᠯᠭᠤᠬᠤ ᠥᠭᠡᠢ᠃ ᠦᠨᠡᠯᠡᠬᠦ ᠪᠠᠶᠢᠭᠤᠯᠤᠮᠵᠢ ᠵᠡᠷᠭᠡ ᠳᠡᠰ ᠤᠨ ᠭᠡᠷᠡᠴᠢᠯᠡᠯ ᠣᠯᠭᠤᠬᠤ ᠳᠤ ᠦᠨᠡᠯᠡᠬᠦ ᠪᠠᠶᠢᠭᠤᠯᠤᠮᠵᠢ ᠶᠢᠨ ᠦᠨᠡᠯᠡᠬᠦ ᠲᠤᠰᠬᠠᠶ ᠲᠠᠮᠠᠭ᠎ᠠ ᠶᠢ ᠬᠡᠷᠡᠭᠯᠡᠬᠦ ᠬᠡᠷᠡᠭᠲᠡᠶ᠃      ︵ᠲᠠᠪᠤ︶ ᠮᠠᠨ ᠤ ᠣᠷᠣᠨ ᠤ ᠪᠣᠳᠠᠲᠤ ᠪᠠᠶᠢᠳᠠᠯ ᠢ ᠦᠨᠳᠦᠰᠦᠯᠡᠨ᠂ ᠮᠠᠨ ᠤ ᠣᠷᠣᠨ ᠳᠤ ᠠᠩᠬ᠎ᠠ ᠤᠳᠠᠭ᠎ᠠ ᠬᠤᠶᠠᠳᠤᠭᠠᠷ ᠳᠡᠰ ᠤᠨ ᠦᠨᠡᠯᠡᠬᠦ ᠪᠠᠶᠢᠭᠤᠯᠤᠮᠵᠢ ᠳᠤ ᠳᠠᠩᠰᠠᠯᠠᠭᠤᠯᠬᠤ ᠪᠠᠷ ᠭᠤᠶᠤᠴᠢᠯᠠᠬᠤ ᠳᠤ᠂ ᠵᠣᠬᠢᠬᠤ ᠦᠨᠡᠯᠡᠬᠦ ᠪᠠᠶᠢᠭᠤᠯᠤᠮᠵᠢ ᠶᠢᠨ ᠳᠠᠩᠰᠠᠯᠠᠭᠤᠯᠬᠤ ᠨᠥᠬᠦᠴᠡᠯ ᠳᠤ ᠨᠡᠶᠢᠴᠡᠬᠦ ᠠᠴᠠ ᠭᠠᠳᠠᠨ᠎ᠠ᠂ ᠪᠠᠰᠠ ᠲᠣᠰ ᠲᠤᠰᠬᠠᠶ ᠮᠡᠷᠭᠡᠵᠢᠯ ᠤᠨ ᠲᠥᠷᠥᠯ ᠬᠡᠯᠪᠡᠷᠢ ᠶᠢᠨ ᠭᠤᠷᠪᠠᠳᠤᠭᠠᠷ ᠳᠡᠰ ᠤᠨ ᠦᠨᠡᠯᠡᠬᠦ ᠪᠠᠶᠢᠭᠤᠯᠤᠮᠵᠢ ᠶᠢ 1 ᠵᠢᠯ ᠠᠴᠠ ᠳᠡᠭᠡᠭᠰᠢ ᠳᠠᠩᠰᠠᠯᠠᠭᠤᠯᠬᠤ ᠶᠢ ᠨᠢᠭᠡᠨᠲᠡ ᠪᠡᠶᠡᠯᠡᠭᠦᠯᠦᠭᠰᠡᠨ ᠪᠠᠶᠢᠬᠤ ᠬᠡᠷᠡᠭᠲᠡᠶ ᠪᠥᠭᠡᠳ ᠬᠠᠮᠢᠶ᠎ᠠ ᠪᠥᠬᠦᠶ ᠦᠨᠡᠯᠡᠭᠰᠡᠨ ᠥᠩᠭᠡᠷᠡᠯᠲᠡ ᠲᠠᠢ ᠪᠠᠶᠢᠬᠤ ᠬᠡᠷᠡᠭᠲᠡᠶ᠂ ᠲᠤᠬᠠᠶᠢᠯᠠᠪᠠᠯ ᠥᠪᠡᠷᠲᠡᠭᠡᠨ ᠵᠠᠰᠠᠬᠤ ᠣᠷᠣᠨ ᠤ ᠬᠢᠯᠢ ᠶᠢᠨ ᠳᠣᠲᠣᠷᠠᠬᠢ ᠭᠤᠷᠪᠠᠳᠤᠭᠠᠷ ᠳᠡᠰ ᠤᠨ ᠭᠡᠷᠡᠴᠢᠯᠡᠯ ᠭᠤᠶᠤᠴᠢᠯᠠᠭᠰᠠᠨ ᠠᠵᠤ ᠠᠬᠤᠶᠢᠯᠠᠯ ︵ᠰᠢᠨ᠎ᠡ ᠪᠠᠷ ᠨᠡᠮᠡᠭᠳᠡᠭᠰᠡᠨ ᠲᠤᠰᠬᠠᠶ ᠮᠡᠷᠭᠡᠵᠢᠯ ᠤᠨ ᠲᠥᠷᠥᠯ ᠬᠡᠯᠪᠡᠷᠢ ᠬᠡᠷᠡᠭᠴᠡᠭᠡ ᠥᠬᠡᠶ︶ ᠢ ᠦᠨᠡᠯᠡᠬᠦ ᠴᠢᠬᠤᠯᠠᠲᠠᠶ᠄ ᠵᠠᠮ ᠲᠡᠭᠡᠭᠡᠪᠦᠷᠢ ᠶᠢᠨ 50 ᠡᠷᠦᠬᠡ ︔ ᠤᠰᠤᠨ ᠵᠠᠮ ᠤᠨ ᠲᠡᠭᠡᠭᠡᠪᠦᠷᠢ ᠶᠢᠨ 20 ᠡᠷᠦᠬᠡ︔ ᠬᠤᠲᠠ ᠶᠢᠨ ᠠᠶᠠᠨᠴᠢᠳ ᠤᠨ ᠲᠡᠭᠡᠭᠡᠪᠦᠷᠢ ᠶᠢᠨ 20 ᠡᠷᠦᠬᠡ ︔  ᠵᠠᠮ ᠬᠠᠷᠢᠯᠴᠠᠭᠠᠨ ᠤ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ 50 ᠡᠷᠦᠬᠡ᠃      ︵ᠵᠢᠷᠭᠤᠭ᠎ᠠ︶ ᠦᠨᠡᠯᠡᠬᠦ ᠡᠪᠬᠡᠮᠡᠯ ︵ᠴᠠᠭᠠᠰᠤᠨ ᠲᠠᠨᠢᠯᠴᠠᠭᠤᠯᠭ᠎ᠠ ᠶᠢᠨ ᠲᠠᠩᠰᠠ ᠡᠪᠬᠡᠮᠡᠯ ᠤᠨ ᠮᠠᠲ᠋ᠧᠷᠢᠶᠠᠯ︶ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠤᠤᠯ ᠤᠨ ᠰᠢᠯᠭᠠᠨ ᠦᠨᠡᠯᠡᠬᠦ ᠪᠠᠶᠢᠭᠤᠯᠤᠮᠵᠢ ᠶᠢᠨ ᠰᠢᠯᠭᠠᠨ ᠦᠨᠡᠯᠡᠭᠰᠡᠨ ᠡᠪᠬᠡᠮᠡᠯ ︵ᠴᠠᠭᠠᠰᠤᠨ ᠲᠠᠨᠢᠯᠴᠠᠭᠤᠯᠭ᠎ᠠ ᠶᠢᠨ ᠲᠠᠩᠰᠠ ᠡᠪᠬᠡᠮᠡᠯ ᠤᠨ ᠮᠠᠲ᠋ᠧᠷᠢᠶᠠᠯ︶ ᠢ ᠮᠥᠨ ᠬᠦ ᠰᠢᠯᠵᠢᠯᠲᠡ ᠶᠢᠨ ᠳᠠᠷᠠᠭᠠᠬᠢ ᠦᠨᠡᠯᠡᠬᠦ ᠪᠠᠶᠢᠭᠤᠯᠤᠮᠵᠢ ᠠᠴᠠ ᠬᠠᠮᠢᠶᠠᠷᠤᠨ᠎ᠠ᠃ ᠤᠤᠯ ᠤᠨ ᠰᠢᠯᠭᠠᠨ ᠦᠨᠡᠯᠡᠬᠦ ᠪᠠᠶᠢᠭᠤᠯᠤᠮᠵᠢ ᠨᠢ ᠬᠦᠴᠦᠨ ᠦᠭᠡᠢ ᠪᠣᠯᠭᠠᠬᠤ ᠪᠠᠷ ᠭᠤᠶᠤᠴᠢᠯᠠᠭᠰᠠᠨ ᠪᠠᠶᠢᠪᠠᠯ᠂ ᠲᠡᠭᠦᠨ ᠤ ᠰᠢᠯᠭᠠᠨ ᠦᠨᠡᠯᠡᠭᠰᠡᠨ ᠡᠪᠬᠡᠮᠡᠯ ︵ᠴᠠᠭᠠᠰᠤᠨ ᠲᠠᠨᠢᠯᠴᠠᠭᠤᠯᠭ᠎ᠠ ᠶᠢᠨ ᠳᠠᠩᠰᠠ ᠡᠪᠬᠡᠮᠡᠯ ᠤᠨ ᠮᠠᠲ᠋ᠧᠷᠢᠶᠠᠯ︶ ᠢ ᠳᠤᠰ ᠪᠠᠶᠢᠭᠤᠯᠤᠮᠵᠢ ᠶᠢᠨ ᠭᠤᠤᠯᠯᠠᠨ ᠬᠠᠮᠢᠶᠠᠷᠬᠤ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠵᠤ ᠬᠠᠮᠢᠶᠠᠷᠤᠭᠤᠯᠤᠨ᠎ᠠ᠃ ᠦᠨᠡᠯᠡᠬᠦ ᠪᠠᠶᠢᠭᠤᠯᠤᠮᠵᠢ ᠨᠢ ᠬᠦᠴᠦᠨ ᠥᠬᠡᠶ ᠪᠣᠯᠭᠠᠬᠤ ᠪᠠᠷ ᠭᠤᠶᠤᠴᠢᠯᠠᠭᠰᠠᠨ ᠪᠠᠶᠢᠪᠠᠯ᠂ ᠦᠨᠡᠯᠡᠬᠦ ᠡᠪᠬᠡᠮᠡᠯ ︵ᠴᠠᠭᠠᠰᠤᠨ ᠲᠠᠨᠢᠯᠴᠠᠭᠤᠯᠭ᠎ᠠ ᠶᠢᠨ ᠲᠠᠩᠰᠠ ᠡᠪᠬᠡᠮᠡᠯ ᠤᠨ ᠮᠠᠲ᠋ᠧᠷᠢᠶᠠᠯ︶ ᠢ ᠭᠥᠯᠢᠶᠡᠨ ᠠᠪᠴᠤ ᠬᠠᠮᠢᠶᠠᠷᠤᠭᠰᠠᠨ ᠦᠨᠡᠯᠡᠬᠦ ᠪᠠᠶᠢᠭᠤᠯᠤᠮᠵᠢ ᠳᠤ ᠰᠢᠯᠵᠢᠭᠦᠯᠦᠨ ᠲᠤᠰᠢᠶᠠᠬᠤ ᠬᠡᠷᠡᠭᠲᠡᠶ᠃ ᠦᠨᠡᠯᠡᠬᠦ ᠡᠪᠬᠡᠮᠡᠯ ︵ᠴᠠᠭᠠᠰᠤᠨ ᠲᠠᠨᠢᠯᠴᠠᠭᠤᠯᠭ᠎ᠠ ᠶᠢᠨ ᠳᠠᠩᠰᠠ ᠡᠪᠬᠡᠮᠡᠯ ᠤᠨ ᠮᠠᠲ᠋ᠧᠷᠢᠶᠠᠯ︶ ᠢ ᠬᠠᠳᠠᠭᠠᠯᠠᠬᠤ ᠬᠤᠭᠤᠴᠠᠭ᠎ᠠ ᠶᠢ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠦᠢᠴᠡᠳᠬᠡᠨ᠎ᠡ᠃      ᠭᠤᠷᠪᠠ᠂ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠦᠨᠡᠯᠡᠯᠲᠡ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠴᠢᠩᠭᠠᠳᠬᠠᠨ᠎ᠠ      ᠮᠠᠨ ᠤ ᠣᠷᠣᠨ ᠤ ᠪᠣᠳᠠᠲᠤ ᠪᠠᠶᠢᠳᠠᠯ ᠢ ᠦᠨᠳᠦᠰᠦᠯᠡᠨ᠂ ᠮᠠᠨ ᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠵᠢᠴᠢ ᠦᠨᠡᠯᠡᠬᠦ ᠠᠵᠢᠯ ᠢ ᠦᠷᠭᠦᠯᠵᠢᠯᠡᠨ ︽ᠨᠢᠭᠡᠳᠦᠯᠲᠡᠶ ᠤᠳᠤᠷᠢᠳᠬᠤ᠂ ᠱᠠᠲᠤ ᠬᠤᠪᠢᠶᠠᠨ ᠬᠠᠷᠢᠭᠤᠴᠠᠬᠤ︾ ᠪᠠ ︽ᠬᠡᠨ ᠬᠢᠨᠠᠨ ᠬᠠᠮᠢᠶᠠᠷᠪᠠᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠢ ᠪᠥᠬᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠠᠵᠢᠯ ᠢ ᠵᠢᠯᠤᠭᠤᠳᠬᠤ ᠶᠢ ᠬᠠᠷᠢᠭᠤᠴᠠᠬᠤ ᠶᠢᠨ ᠬᠠᠮᠲᠤ᠂ ᠳᠠᠩᠰᠠᠯᠠᠭᠤᠯᠤᠭᠰᠠᠨ ᠬᠤᠶᠠᠳᠤᠭᠠᠷ ᠳᠡᠰ ᠤᠨ ᠦᠨᠡᠯᠡᠬᠦ ᠪᠠᠶᠢᠭᠤᠯᠤᠮᠵᠢ ᠳᠤ ᠬᠢᠨᠠᠯᠲᠠ ᠬᠠᠮᠢᠶᠠᠷᠤᠯᠲᠠ ᠬᠢᠨ᠎ᠠ᠃ ᠡᠯ᠎ᠡ ᠠᠶᠢᠮᠠᠭ ᠬᠤᠳᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠨᠤᠭᠤᠳ ᠨᠢ ᠲᠤᠰ ᠠᠶᠢᠮᠠᠭ ᠬᠤᠳᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠠᠵᠢᠯ ᠢ ᠵᠢᠯᠣᠭᠤᠳᠬᠤ ᠶᠢ ᠬᠠᠷᠢᠭᠤᠴᠠᠬᠤ ᠶᠢᠨ ᠬᠠᠮᠲᠤ ᠳᠠᠩᠰᠠᠯᠠᠭᠤᠯᠤᠭᠰᠠᠨ ᠭᠤᠷᠪᠠᠳᠤᠭᠠᠷ ᠱᠠᠲᠤᠨ ᠤ ᠦᠨᠡᠯᠡᠬᠦ ᠪᠠᠶᠢᠭᠤᠯᠤᠮᠵᠢ ᠳᠤ ᠬᠢᠨᠠᠯᠲᠠ ᠬᠠᠮᠢᠶᠠᠷᠤᠯᠲᠠ ᠬᠢᠨ᠎ᠠ᠃ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠢ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠬᠡᠯᠪᠡᠷᠢ ᠪᠠᠷ ᠳᠠᠮᠵᠢᠭᠤᠯᠤᠨ᠂ ᠥᠪᠥᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠪᠣᠯᠪᠠᠰᠤᠷᠠᠯ ᠤᠨ ᠲᠥᠪ ᠳᠤ ᠨᠠᠶᠢᠳᠠᠵᠤ ᠲᠢᠩᠬᠢᠮ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠡᠳᠦᠷ ᠲᠤᠲᠤᠮ ᠤᠨ ᠬᠠᠮᠢᠶᠠᠷᠴᠤ ᠬᠠᠮᠠᠭᠠᠯᠠᠬᠤ ᠠᠵᠢᠯ ︵ᠬᠠᠮᠢᠶᠠᠷᠴᠤ ᠬᠠᠮᠠᠭᠠᠯᠠᠬᠤ ᠨᠢᠭᠡᠴᠢ ᠭᠡᠵᠦ ᠲᠣᠪᠴᠢᠯᠠᠨ᠎ᠠ︶ ᠢ ᠡᠭᠦᠷᠭᠡᠭᠦᠯᠵᠦ᠂ ᠤᠤᠯ ᠤᠨ ᠥᠪᠥᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠪᠣᠯᠪᠠᠰᠤᠷᠠᠯ ᠤᠨ ᠲᠥᠪ ᠲᠤ ᠪᠠᠶᠢᠭᠤᠯᠤᠭᠰᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠶᠢᠨ ᠰᠢᠯᠭᠠᠨ ᠦᠨᠡᠯᠡᠬᠦ ᠬᠠᠮᠢᠶᠠᠷᠤᠯᠲᠠ  ᠶᠢᠨ ᠲᠥᠪ ︵ᠲᠦᠷ ᠴᠠᠭ ᠤᠨ ᠪᠠᠶᠢᠭᠤᠯᠤᠮᠵᠢ︶ ᠢ ᠬᠦᠴᠦᠨ ᠥᠬᠡᠶ ᠪᠣᠯᠭᠠᠨ᠎ᠠ᠃    ᠡᠯ᠎ᠡ ᠠᠶᠢᠮᠠᠭ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠲᠢᠩᠬᠢᠮ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠨᠢᠭᠡᠴᠢ ᠨᠦᠭᠦᠳ ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠥᠷᠨᠢᠭᠦᠯᠬᠦ ᠶᠢ ᠢᠳᠡᠪᠬᠢᠲᠡᠶ ᠪᠠᠷ ᠵᠣᠷᠢᠭᠵᠢᠭᠤᠯᠤᠨ ᠬᠥᠲᠥᠯᠦᠨ ᠵᠢᠯᠣᠭᠤᠳᠴᠤ᠂ ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠠᠵᠢᠯ ᠤᠨ ᠪᠠᠶᠢᠳᠠᠯ ᠢ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠳᠤ ᠣᠷᠣᠭᠤᠯᠤᠨ᠂ ᠳᠣᠤᠷᠠᠳᠤ ᠱᠠᠲᠤᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠵᠢᠴᠢ ᠬᠠᠷᠢᠶ᠎ᠠ ᠠᠵᠤ ᠠᠬᠤᠶᠢᠯᠠᠯ ᠤᠨ ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠳᠥᠯᠭᠢᠨ ᠠᠬᠢᠭᠤᠯᠵᠤ ᠪᠠᠶᠢᠭ᠎ᠠ ᠠᠵᠢᠯ ᠤᠨ ᠪᠠᠶᠢᠳᠠᠯ ᠳᠤ ᠰᠤᠭᠤᠴᠢᠨ ᠪᠠᠶᠢᠴᠠᠭᠠᠯᠲᠠ ᠬᠢᠵᠦ᠂ ᠰᠤᠭᠤᠴᠢᠨ ᠪᠠᠶᠢᠴᠠᠭᠠᠭᠰᠠᠨ ᠪᠠᠶᠢᠳᠠᠯ ᠢᠶᠠᠨ ᠠᠵᠢᠯ ᠲᠥᠷᠥᠯ ᠳᠤ ᠮᠡᠳᠡᠭᠡᠯᠡᠬᠦ ᠬᠡᠷᠡᠭᠲᠡᠶ᠃ ᠦᠨᠡᠯᠡᠯᠲᠡ ᠶᠢᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠵᠤ᠂ ᠦᠨᠡᠯᠡᠭᠰᠡᠨ ᠦᠷ᠎ᠡ ᠳ᠋ᠦᠩ ᠢ ᠠᠵᠤ ᠠᠬᠤᠶᠢᠯᠠᠯ ᠤᠨ ᠠᠶᠦᠯᠭᠦᠢ ᠦᠢᠯᠡᠳᠪᠦᠷᠢᠯᠡᠯ ᠤᠨ ᠢᠲᠡᠭᠡᠮᠵᠢ ᠶᠢᠨ ᠦᠨᠡᠯᠡᠬᠦ ᠬᠡᠪᠴᠢᠶᠡᠨ ᠳᠤ ᠣᠷᠣᠭᠤᠯᠵᠤ᠂ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠦᠨᠡᠯᠡᠭᠰᠡᠨ ᠪᠠᠶᠢᠳᠠᠯ ᠢ ᠠᠵᠤ ᠠᠬᠤᠶᠢᠯᠠᠯ ᠤᠨ ᠡᠵᠡᠩᠨᠡᠯᠲᠡ ᠶᠢᠨ ᠠᠶᠦᠯᠭᠦᠢ ᠶᠢᠨ ᠨᠥᠬᠦᠴᠡᠯ ᠤᠨ ᠴᠢᠬᠤᠯᠠ ᠦᠨᠳᠦᠰᠦᠯᠡᠯ ᠪᠣᠯᠭᠠᠬᠤ ᠪᠠᠷ ᠨᠢᠭᠡᠨᠲᠡ ᠲᠣᠳᠣᠷᠬᠠᠶᠢᠯᠠᠭᠰᠠᠨ ᠪᠣᠯ ᠲᠡᠭᠦᠨ ᠤ ᠲᠥᠷᠥ ᠶᠢᠨ ᠪᠤᠳᠤᠯᠭ᠎ᠠ ᠶᠢᠨ ᠲᠣᠭᠲᠠᠭᠠᠯ ᠢ ᠴᠢᠩᠭ᠎ᠠ ᠵᠢᠷᠤᠮᠯᠠᠨ ᠬᠡᠷᠡᠭᠵᠢᠭᠦᠯᠵᠦ᠂ ᠠᠶᠦᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠶᠢᠨ ᠪᠠᠷᠢᠮᠵᠢᠶ᠎ᠠ ᠳᠤ ᠬᠥᠷᠥᠭᠰᠡᠨ ᠥᠭᠡᠢ ᠪᠤᠶᠤ ᠵᠡᠷᠭᠡ ᠳᠡᠰ ᠤᠨ ᠭᠡᠷᠡᠴᠢ ᠪᠠᠨ ᠬᠦᠴᠦᠨ ᠥᠭᠡᠢ ᠪᠣᠯᠭᠠᠭᠳᠠᠭᠰᠠᠨ ᠠᠵᠤ ᠠᠬᠤᠶᠢᠯᠠᠯ ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠢᠶᠠᠨ ᠨᠡᠮᠡᠭᠳᠡᠭᠦᠯᠵᠦ᠂ ᠭᠤᠣᠯᠳᠠᠯᠭ᠎ᠠ ᠲᠠᠢ ᠬᠢᠨᠠᠨ ᠬᠠᠮᠢᠶᠠᠷᠬᠤ ᠬᠡᠷᠡᠭᠲᠡᠶ᠃ ᠦᠨᠡᠯᠡᠬᠦ ᠪᠠᠶᠢᠭᠤᠯᠤᠮᠵᠢ ᠪᠠ ᠬᠢᠨᠠᠨ ᠲᠣᠭᠲᠠᠭᠠᠭᠴᠢ ᠶᠢ ᠬᠢᠨᠠᠨ ᠬᠠᠮᠢᠶᠠᠷᠴᠤ ᠪᠠᠶᠢᠴᠠᠭᠠᠬᠤ ᠪᠠᠨ ᠴᠢᠩᠭᠠᠳᠬᠠᠵᠤ᠂ ᠦᠨᠡᠯᠡᠬᠦ ᠪᠠᠶᠢᠭᠤᠯᠤᠮᠵᠢ ᠶᠢᠨ ᠦᠨᠡᠯᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠦᠨᠡᠯᠡᠬᠦ ᠪᠠᠶᠢᠭᠤᠯᠤᠮᠵᠢ ᠶᠢᠨ ᠮᠡᠳᠡᠭᠦᠯᠦᠭᠰᠡᠨ ᠬᠦᠨᠳᠦ ᠶᠡᠭᠡ ᠠᠮᠤᠷ ᠲᠦᠪᠰᠢᠨ ᠤ ᠠᠳᠡᠯ ᠤᠨ ᠳᠠᠯᠳᠠ ᠬᠡᠮ ᠪᠣᠯᠤᠨ ᠠᠰᠠᠭᠤᠳᠠᠯ ᠢ ᠴᠠᠭ ᠲᠤᠬᠠᠶ ᠳᠤ ᠨᠢ ᠬᠢᠨᠠᠨ ᠪᠠᠶᠢᠴᠠᠭᠠᠵᠤ᠂ ᠨᠤᠲᠠᠯᠠᠭᠰᠠᠨ ᠤ ᠳᠠᠷᠠᠭ᠎ᠠ ᠠᠵᠤ ᠠᠬᠤᠶᠢᠯᠠᠯ ᠢ ᠵᠠᠷᠯᠢᠭᠳᠠᠵᠤ ᠪᠠᠶᠢᠭᠠᠳ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ ᠦᠨᠡᠯᠡᠬᠦ ᠠᠵᠢᠯ ᠳᠤ ᠬᠢᠨᠠᠯᠲᠠ ᠲᠠᠯᠪᠢᠬᠤ᠂ ᠵᠠᠭᠠᠯᠳᠤᠬᠤ᠂ ᠢᠯᠡᠴᠢᠯᠡᠨ ᠮᠡᠳᠡᠭᠦᠯᠬᠦ᠂ ᠰᠢᠢᠳᠪᠦᠷᠢᠯᠡᠬᠦ ᠵᠡᠷᠭᠡ ᠲᠦᠷᠢᠮ ᠪᠠ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠬᠠᠮᠢᠶᠠᠷᠴᠤ ᠬᠠᠮᠠᠭᠠᠯᠠᠬᠤ ᠨᠢᠭᠡᠴᠢ ᠶᠢᠨ ᠠᠵᠢᠯᠲᠠᠨ᠂ ᠬᠢᠨᠠᠨ ᠲᠣᠭᠲᠠᠭᠠᠭᠴᠢ᠂ ᠦᠨᠡᠯᠡᠬᠦ ᠪᠠᠶᠢᠭᠤᠯᠤᠮᠵᠢ᠂ ᠦᠨᠡᠯᠡᠭᠳᠡᠭᠰᠡᠨ ᠠᠵᠤ ᠠᠬᠤᠶᠢᠯᠠᠯ ᠳᠤ ᠡᠭᠦᠰᠦᠭᠰᠡᠨ ᠲᠤᠰᠢᠶᠠᠯ ᠳᠤ ᠪᠠᠨ ᠣᠰᠣᠯᠳᠠᠵᠤ ᠬᠠᠷᠢᠭᠤᠴᠠᠯᠭ᠎ᠠ ᠪᠠᠨ ᠠᠯᠳᠠᠭᠰᠠᠨ᠂ ᠲᠦᠷᠢᠮ ᠲᠣᠭᠲᠠᠭᠠᠯ ᠢ ᠵᠥᠷᠢᠴᠡᠵᠦ ᠰᠠᠬᠢᠯᠭ᠎ᠠ ᠪᠠᠲᠤ ᠶᠢ ᠵᠥᠷᠢᠴᠡᠭᠰᠡᠨ᠂ ᠠᠮᠠᠯᠠᠯᠲᠠ ᠶᠢ ᠵᠥᠷᠢᠴᠡᠭᠰᠡᠨ᠂ ᠪᠣᠳᠠᠲᠤ ᠬᠡᠷᠡᠭ ᠢ ᠨᠢᠭᠤᠨ ᠳᠠᠯᠳᠠᠯᠠᠭᠰᠠᠨ᠂ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠭᠰᠠᠨ ᠵᠡᠷᠭᠡ ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠬᠦ ᠬᠡᠷᠡᠭᠲᠡᠶ᠃    ᠤᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠪᠠᠭᠤᠯᠭᠠᠭᠰᠠᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠨᠢ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠰᠢᠨ᠎ᠡ ︽ᠬᠠᠮᠢᠶᠠᠷᠤᠯᠲᠠ ᠶᠢᠨ ᠠᠷᠭ᠎ᠠ︾ ᠶᠢᠨ ᠲᠣᠭᠲᠠᠭᠠᠯ ᠤᠨ ᠱᠠᠭᠠᠷᠳᠠᠯᠭ᠎ᠠ ᠲᠠᠢ ᠲᠤᠰ ᠮᠡᠳᠡᠭᠳᠡᠯ ᠲᠠᠢ ᠨᠡᠶᠢᠴᠡᠬᠦ ᠦᠭᠡᠢ ᠪᠠᠶᠢᠪᠠᠯ᠂ ᠶᠠᠮᠤᠨ ᠤ ᠰᠢᠨ᠎ᠡ ︽ᠬᠠᠮᠢᠶᠠᠷᠤᠯᠲᠠ ᠶᠢᠨ ᠠᠷᠭ᠎ᠠ︾ ᠪᠠ ᠲᠤᠰ ᠮᠡᠳᠡᠭᠳᠡᠯ ᠢᠶᠠᠷ ᠪᠠᠷᠢᠮᠵᠢᠶ᠎ᠠ ᠪᠣᠯᠭᠠᠨ᠎ᠠ᠃    ᠡᠯ᠎ᠡ ᠠᠶᠢᠮᠠᠭ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠨᠢ ᠵᠢᠯ ᠪᠦᠷᠢ ᠶᠢᠨ 12 ᠳ᠋ᠤᠭᠠᠷ ᠰᠠᠷ᠎ᠠ ᠶᠢᠨ 15 ᠤ ᠡᠳᠦᠷ ᠠᠴᠠ ᠡᠮᠦᠨ᠎ᠡ᠂ ᠲᠣᠰ ᠵᠢᠯ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢᠨ ᠠᠵᠢᠯ ᠤᠨ ᠪᠠᠶᠢᠳᠠᠯ ᠢᠶᠠᠨ ᠲᠢᠩᠬᠢᠮ ᠤᠨ ᠠᠶᠦᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠲᠤ ᠮᠡᠳᠡᠭᠦᠯᠬᠦ ᠬᠡᠷᠡᠭᠲᠡᠶ᠃                                   ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ                                            2016 ᠣᠨ ᠤ 10 ᠳ᠋ᠤᠭᠠᠷ ᠰᠠᠷ᠎ᠠ ᠶᠢᠨ 27 ᠤ ᠡᠳᠦᠷ
 
ᠢᠷᠡᠯᠲᠡ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号