315 ᠮᠤᠵᠢ ᠶᠢᠨ ᠵᠠᠮ ᠤᠨ ᠬᠠᠲᠤᠨ ᠭᠤᠤᠯ ᠳᠠᠭᠠᠤ ᠶᠢᠨ ᠵᠠᠰᠠᠮᠠᠯ ᠵᠠᠮ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠥᠷᠲᠡᠭᠡ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠨᠢ ᠰᠡᠭᠦᠯ ᠬᠤᠷᠢᠶᠠᠬᠤ ᠱᠠᠲᠤᠨ ᠳᠤ ᠣᠷᠣᠪᠠ
ᠨᠡᠶᠢᠲᠡᠯᠡᠭᠰᠡᠨ ᠴᠠᠭ᠄
2021/9/3
     315 ᠮᠤᠵᠢ ᠶᠢᠨ ᠵᠠᠮ ᠤᠨ ᠬᠠᠲᠤᠨ ᠭᠤᠤᠯ ᠳᠠᠭᠠᠤ ᠶᠢᠨ ᠵᠠᠰᠠᠮᠠᠯ ᠵᠠᠮ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠥᠷᠲᠡᠭᠡ ᠨᠢ 315 ᠮᠤᠵᠢ ᠶᠢᠨ ᠵᠠᠮ ᠤᠨ K488 +300 ᠭᠠᠵᠠᠷ ᠤᠨ ᠬᠤᠶᠢᠲᠤ ᠲᠠᠯ᠎ᠠ ︵ᠯᠢᠨᠾᠧ ᠲᠣᠭᠤᠷᠢᠭ ᠤᠨ ᠱᠤᠸᠠᠩ ᠾᠧ ᠪᠠᠯᠭᠠᠰᠤᠨ ᠤ ᠶᠢᠨ ᠪᠦ᠋ ᠲᠣᠰᠬᠤᠨ︶ ᠳᠤ ᠪᠠᠶᠢᠷᠢᠯᠠᠵᠤ᠂ 50 ᠮᠥ ᠭᠠᠵᠠᠷ ᠡᠵᠡᠯᠡᠵᠦ᠂ ᠪᠠᠷᠢᠯᠭ᠎ᠠ ᠶᠢᠨ ᠲᠠᠯᠠᠪᠠᠶ ᠨᠢ 5079 ᠲᠡᠭᠰᠢ ᠳᠥᠷᠪᠡᠯᠵᠢᠨ ᠮᠧᠲᠷ ᠪᠣᠯᠤᠨ᠎ᠠ᠃ 2021 ᠣᠨ ᠤ 3 ᠳ᠋ᠤᠭᠠᠷ ᠰᠠᠷ᠎ᠠ ᠳᠤ ᠠᠵᠢᠯ ᠢᠶᠠᠨ ᠡᠬᠢᠯᠡᠭᠦᠯᠦᠭᠰᠡᠨ ᠠᠴᠠ ᠨᠠᠭᠠᠰᠢ᠂ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ  ᠨᠢ ᠪᠠᠷᠢᠯᠭ᠎ᠠ ᠶᠢᠨ ᠵᠢᠷᠤᠭ ᠢ ᠴᠢᠩᠭ᠎ᠠ ᠵᠢᠷᠤᠮᠯᠠᠨ ᠲᠦᠷᠭᠡᠨ ᠠᠬᠢᠭᠤᠯᠵᠤ᠂ ᠣᠲᠣ ᠨᠢᠭᠡᠨᠲᠡ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠰᠡᠭᠦᠯ ᠬᠤᠷᠢᠶᠠᠬᠤ ᠬᠤᠭᠤᠴᠠᠭᠠᠨ ᠳᠤ ᠣᠷᠣᠪᠠ᠃      315 ᠮᠤᠵᠢ ᠶᠢᠨ ᠵᠠᠮ ᠤᠨ ᠬᠠᠲᠤᠨ ᠭᠤᠤᠯ ᠳᠠᠭᠠᠤ ᠶᠢᠨ ᠵᠠᠰᠠᠮᠠᠯ ᠵᠠᠮ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠥᠷᠲᠡᠭᠡ ᠳᠤ ᠠᠯᠪᠠᠨ ᠠᠰᠠᠷ᠂ ᠦᠢᠯᠡᠴᠢᠯᠡᠭᠡᠨ ᠤ ᠲᠣᠭᠤᠷᠢᠭ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠨᠥᠭᠡᠴᠡᠯᠡᠬᠦ ᠬᠥᠮᠥᠷᠭᠡ ᠵᠡᠷᠭᠡ ᠶᠢ ᠪᠠᠭᠲᠠᠭᠠᠵᠤ᠂ ᠲᠥᠷᠥᠯ ᠵᠦᠢᠯ ᠤᠨ ᠪᠠᠶᠢᠭᠤᠯᠦᠨ ᠪᠦᠲᠦᠬᠦ ᠨᠢ 315 ᠮᠤᠵᠢ ᠶᠢᠨ ᠵᠠᠮ ᠤᠨ ᠬᠠᠲᠤᠨ ᠭᠤᠤᠯ ᠳᠠᠭᠠᠤ ᠶᠢᠨ ᠵᠠᠰᠠᠮᠠᠯ ᠵᠠᠮ ᠤᠨ ᠡᠳᠦᠷ ᠲᠤᠲᠤᠮ ᠤᠨ ᠪᠠᠭ᠎ᠠ ᠵᠠᠰᠠᠯᠲᠠ᠂ ᠴᠠᠭᠳᠠᠨ ᠪᠠᠶᠢᠴᠠᠭᠠᠯᠲᠠ᠂ ᠠᠷᠢᠭᠤᠨ ᠴᠡᠪᠡᠷ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠨᠥᠭᠡᠴᠡᠯᠡᠬᠦ ᠵᠡᠷᠭᠡ ᠠᠵᠢᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠬᠠᠲᠤᠨ ᠭᠤᠤᠯ ᠳᠠᠭᠠᠤ ᠶᠢᠨ ᠵᠢᠭᠤᠯᠴᠢᠯᠠᠯ ᠤᠨ ᠤᠯᠠᠭ᠎ᠠ ᠶᠢᠨ ᠥᠷᠲᠡᠭᠡ ᠵᠢᠴᠢ ᠵᠢᠯᠣᠭᠤᠴᠢ ᠠᠶᠠᠨᠴᠢᠳ ᠤᠨ ᠲᠡᠷᠭᠡ ᠵᠤᠭᠰᠤᠭᠠᠵᠤ ᠠᠮᠠᠷᠠᠬᠤ ᠵᠡᠷᠭᠡ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠦᠢᠯᠡᠴᠢᠯᠡᠭᠡᠨ ᠤ ᠴᠢᠳᠠᠮᠵᠢ ᠶᠢ ᠬᠠᠮᠲᠤ ᠳᠤ ᠨᠢ ᠬᠠᠷᠠᠭᠠᠯᠵᠠᠵᠤ᠂ ᠪᠠᠶᠠᠨᠨᠠᠭᠤᠷ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠬᠦ᠂ ᠵᠠᠮ ᠬᠠᠷᠢᠯᠴᠠᠭ᠎ᠠ ᠬᠢᠭᠡᠳ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃      ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠨᠢ ᠠᠮᠤᠷ ᠲᠦᠪᠰᠢᠨ ᠢ ᠪᠠᠲᠤᠯᠠᠬᠤ ᠪᠠ ᠶᠠᠰᠤ ᠴᠢᠨᠠᠷ ᠢ ᠪᠠᠲᠤᠯᠠᠬᠤ ᠤᠷᠢᠲᠠᠯ ᠳᠤᠤᠷ᠎ᠠ᠂ ᠪᠠᠷᠢᠯᠭ᠎ᠠ ᠶᠢᠨ ᠠᠬᠢᠴᠠ ᠶᠢ ᠲᠣᠭᠲᠠᠭᠤᠨ ᠢᠶᠠᠷ ᠠᠬᠢᠭᠤᠯᠵᠦ᠂ ᠣᠳᠣᠬᠠᠨ ᠳᠤ ᠳᠡᠬᠦᠰᠬᠦ ᠱᠠᠲᠤᠨ ᠳᠤ ᠣᠷᠣᠵᠤ᠂ ᠪᠣᠶ ᠪᠥᠬᠦᠶ ᠭᠤᠤᠯ ᠴᠣᠭᠴᠠ ᠶᠢᠨ ᠪᠠᠷᠢᠯᠭ᠎ᠠ ᠨᠢ ᠨᠢᠭᠡᠨᠲᠡ ᠪᠦᠬᠦᠨ ᠢᠶᠠᠷ ᠢᠶᠠᠨ ᠳᠠᠭᠤᠰᠴᠤ᠂ ᠳᠣᠲᠣᠭᠠᠳᠤ ᠶᠢᠨ ᠵᠠᠮ ᠢ ᠬᠠᠲᠠᠭᠤᠷᠠᠭᠤᠯᠬᠤ ᠪᠠᠷᠢᠯᠭ᠎ᠠ ᠨᠢ ᠪᠦᠬᠦᠨ ᠢᠶᠠᠷ ᠢᠶᠠᠨ ᠲᠡᠭᠦᠰᠴᠦ᠂ ᠬᠡᠷ ᠤᠨ ᠳᠣᠲᠣᠨ᠎ᠠ ᠭᠠᠳᠠᠨᠠᠬᠢ ᠶᠢ ᠵᠠᠰᠠᠵᠤ ᠴᠢᠮᠡᠭᠯᠡᠬᠦ ᠨᠢ ᠲᠡᠭᠦᠰᠬᠦ ᠤᠶᠢᠷᠠᠳᠴᠦ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ  ᠨᠢ ᠰᠡᠭᠦᠯ ᠬᠤᠷᠢᠶᠠᠬᠤ ᠱᠠᠲᠤᠨ ᠳᠤ ᠣᠷᠣᠪᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号