ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ  ᠤᠨ ᠲᠦᠷᠢᠮ
ᠨᠡᠶᠢᠲᠡᠯᠡᠭᠰᠡᠨ ᠴᠠᠭ᠄
2021/9/3
     2020 ᠣᠨ ᠤ 11 ᠳ᠋ᠦ᠋ᠭᠡᠷ ᠰᠠᠷ᠎ᠠ ᠶᠢᠨ 26 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠭᠤᠷᠪᠠᠳᠤᠭᠠᠷ ᠬᠤᠷᠠᠯ ᠠᠴᠠ ᠪᠠᠲᠤᠯᠠᠪᠠ᠃ᠨᠢᠭᠡᠳᠦᠭᠡᠷ ᠪᠦᠯᠦᠭ ᠶᠡᠷᠦᠩᠬᠡᠢ ᠳᠦᠷᠢᠮ ᠨᠢᠭᠡᠳᠦᠭᠡᠷ ᠵᠦᠶᠯ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠢ ᠰᠠᠶᠢᠲᠤᠷ ᠪᠦᠲᠦᠭᠡᠨ ᠪᠠᠶᠢᠭᠤᠯᠵᠤ᠂ ᠰᠠᠶᠢᠲᠤᠷ ᠬᠠᠮᠢᠶᠠᠷᠴᠤ᠂ ᠰᠠᠶᠢᠲᠤᠷ ᠬᠠᠮᠠᠭᠠᠯᠠᠨ᠂ ᠰᠠᠶᠢᠲᠤᠷ ᠡᠵᠡᠩᠨᠡᠵᠦ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠂ ᠲᠠᠷᠢᠶᠠᠯᠠᠬᠤ ᠮᠠᠯᠵᠢᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠪᠠ ᠠᠷᠠᠳ ᠤᠨ ᠠᠮᠢᠳᠤᠷᠠᠯ ᠤᠨ ᠬᠡᠷᠡᠭᠴᠡᠭᠡ ᠳᠤ ᠵᠣᠬᠢᠴᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠶᠯᠡᠴᠢᠯᠡᠬᠦ ᠪᠠ ᠲᠤᠯᠭᠠᠭᠤᠷᠢᠯᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠮᠠᠯ ᠵᠠᠮ ᠤᠨ ᠬᠠᠤᠯᠢ︾᠂ ᠲᠥᠷᠥ ᠶᠢᠨ ᠶᠠᠪᠤᠳᠠᠯ ᠤᠨ ᠬᠤᠷᠢᠶ᠎ᠠ  ᠶᠢᠨ ︽ᠵᠠᠰᠠᠮᠠᠯ ᠵᠠᠮ ᠤᠨ ᠠᠮᠤᠷ ᠲᠦᠪᠰᠢᠨ ᠢ ᠬᠠᠮᠠᠭᠠᠯᠠᠬᠤ ᠳᠦᠷᠢᠮ︾ ᠵᠡᠷᠭᠡ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠪᠠᠨ ᠤᠶᠠᠯᠳᠤᠭᠤᠯᠵᠤ᠂ ᠲᠤᠰ ᠳᠦᠷᠢᠮ ᠢ ᠲᠣᠭᠲᠠᠭᠠᠪᠠ᠃ᠬᠤᠶᠠᠳᠤᠭᠠᠷ ᠵᠦᠶᠯ᠂ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠲᠥᠯᠥᠪᠵᠢᠭᠦᠯᠭᠡ ᠬᠢᠬᠦ᠂ ᠪᠦᠲᠦᠭᠡᠨ ᠪᠠᠶᠢᠭᠤᠯᠬᠤ᠂ ᠬᠠᠮᠢᠶᠠᠷᠬᠤ᠂ ᠠᠷᠠᠴᠢᠯᠠᠨ ᠬᠠᠮᠠᠭᠠᠯᠠᠬᠤ᠂ ᠡᠵᠡᠩᠨᠡᠬᠦ ᠵᠢᠴᠢ ᠬᠠᠮᠢᠶ᠎ᠠ ᠪᠦᠬᠦᠢ ᠠᠵᠢᠯ ᠳᠤ᠂ ᠲᠤᠰ ᠳᠦᠷᠢᠮ ᠲᠣᠬᠢᠷᠠᠨ᠎ᠠ᠃ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠨᠢᠭᠡᠨᠲᠡ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ ᠵᠢᠷᠤᠮᠯᠠᠨ᠎ᠠ᠃ᠭᠤᠷᠪᠠᠳᠤᠭᠠᠷ ᠵᠦᠶᠯ᠂ ᠲᠤᠰ ᠲᠦᠷᠢᠮ ᠳᠤ ᠬᠡᠯᠡᠵᠦ ᠪᠠᠶᠢᠭ᠎ᠠ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠭᠡᠳᠡᠭ ᠨᠢ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠲᠥᠯᠥᠪᠵᠢᠭᠦᠯᠭᠡ ᠳᠤ ᠣᠷᠣᠭᠤᠯᠤᠭᠰᠠᠨ ᠤ ᠬᠠᠮᠲᠤ ᠵᠠᠰᠠᠮᠠᠯ ᠵᠠᠮ ᠤᠨ ᠪᠠᠷᠢᠯᠭ᠎ᠠ ᠶᠢᠨ ᠮᠡᠷᠭᠡᠵᠢᠯ ᠤᠨ ᠪᠠᠷᠢᠮᠵᠢᠶ᠎ᠠ ᠶᠣᠰᠣᠭᠠᠷ ᠪᠠᠶᠢᠭᠤᠯᠤᠭᠰᠠᠨ ᠰᠢᠶᠠᠨ ᠤ ᠵᠠᠮ᠂ ᠰᠢᠶᠠᠩ ᠤᠨ ᠵᠠᠮ᠂ ᠲᠣᠰᠬᠤᠨ ᠤ ᠵᠠᠮ ᠵᠢᠴᠢ ᠳᠠᠭᠠᠯᠲᠠ ᠲᠥᠬᠦᠭᠡᠷᠦᠮᠵᠢ ᠶᠢ ᠵᠢᠭᠠᠵᠤ ᠪᠤᠶ᠂ ᠡᠭᠦᠨ ᠳᠤ ᠵᠠᠰᠠᠮᠠᠯ ᠵᠠᠮ  ᠤᠨ ᠬᠥᠭᠦᠷᠭᠡ᠂ ᠨᠦᠬᠡᠨ ᠵᠠᠮ ᠪᠣᠯᠤᠨ ᠣᠯᠣᠮ ᠢ ᠪᠠᠭᠲᠠᠭᠠᠨ᠎ᠠ᠃ᠰᠢᠶᠠᠨ ᠤ ᠵᠠᠮ ᠭᠡᠳᠡᠭ ᠨᠢ ᠤᠯᠤᠰ ᠤᠨ ᠵᠠᠮ᠂ ᠮᠤᠵᠢ ᠶᠢᠨ ᠵᠠᠮ ᠠᠴᠠ ᠭᠠᠳᠠᠨᠠᠬᠢ ᠰᠢᠶᠠᠨ ᠤ ᠬᠤᠭᠤᠷᠣᠨᠳᠣᠬᠢ ᠵᠠᠰᠠᠮᠠᠯ ᠵᠠᠮ ᠵᠢᠴᠢ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠪᠠᠶᠢᠭ᠎ᠠ ᠭᠠᠵᠠᠷ ᠬᠢᠭᠡᠳ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤ ᠪᠠᠶᠢᠭ᠎ᠠ ᠭᠠᠵᠠᠷ ᠪᠣᠯᠤᠨ ᠭᠤᠣᠯ ᠪᠣᠯᠬᠤ ᠲᠠᠸᠠᠷ  ᠤᠨ ᠦᠢᠯᠡᠳᠪᠦᠷᠢᠯᠡᠯ᠂ ᠲᠥᠪᠯᠡᠷᠡᠭᠦᠯᠵᠦ ᠲᠠᠷᠬᠠᠭᠠᠬᠤ ᠭᠠᠵᠠᠷ ᠢ ᠬᠤᠯᠪᠣᠭᠰᠠᠨ ᠵᠠᠰᠠᠮᠠᠯ ᠵᠠᠮ ᠢ ᠵᠢᠭᠠᠵᠤ ᠪᠤᠶ᠃ᠰᠢᠶᠠᠩ ᠤᠨ ᠵᠠᠮ ᠭᠡᠳᠡᠭ ᠨᠢ ᠰᠢᠶᠠᠨ ᠤ ᠵᠠᠮ ᠵᠢᠴᠢ ᠰᠢᠶᠠᠨ ᠤ ᠵᠠᠮ ᠠᠴᠠ ᠳᠡᠭᠡᠭᠰᠢᠬᠢ ᠵᠡᠷᠭᠡ ᠳᠡᠰ ᠤᠨ ᠵᠠᠰᠠᠮᠠᠯ ᠵᠠᠮ ᠠᠴᠠ ᠭᠠᠳᠠᠨᠠᠬᠢ ᠰᠢᠶᠠᠩ ᠤᠨ ᠬᠤᠭᠤᠷᠣᠨᠳᠣᠬᠢ ᠵᠠᠰᠠᠮᠠᠯ ᠵᠠᠮ ᠵᠢᠴᠢ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤ ᠪᠠᠶᠢᠭ᠎ᠠ ᠭᠠᠵᠠᠷ ᠬᠢᠭᠡᠳ ᠭᠠᠴᠠᠭ᠎ᠠ ᠲᠣᠰᠬᠤᠨ ᠢ ᠬᠤᠯᠪᠣᠭᠰᠠᠨ ᠵᠠᠰᠠᠮᠠᠯ ᠵᠠᠮ ᠢ ᠵᠢᠭᠠᠵᠤ ᠪᠤᠶ᠃ ᠲᠣᠰᠬᠤᠨ ᠤ ᠵᠠᠮ ᠭᠡᠳᠡᠭ ᠨᠢ ᠰᠢᠶᠠᠩ ᠤᠨ ᠵᠠᠮ ᠵᠢᠴᠢ ᠰᠢᠶᠠᠩ ᠤᠨ ᠵᠠᠮ ᠠᠴᠠ ᠳᠡᠭᠡᠭᠰᠢᠬᠢ ᠵᠡᠷᠭᠡ ᠳᠡᠰ ᠤᠨ ᠵᠠᠰᠠᠮᠠᠯ ᠵᠠᠮ ᠠᠴᠠ ᠭᠠᠳᠠᠨᠠᠬᠢ ᠭᠠᠴᠠᠭ᠎ᠠ ᠲᠣᠰᠬᠤᠨ ᠬᠢᠭᠡᠳ ᠭᠠᠴᠠᠭ᠎ᠠ ᠲᠤᠰᠬᠤᠨ᠂ ᠭᠠᠴᠠᠭ᠎ᠠ ᠲᠣᠰᠬᠤᠨ ᠬᠢᠭᠡᠳ ᠠᠶᠢᠯ ᠲᠣᠰᠬᠤᠨ᠂ ᠭᠠᠴᠠᠭ᠎ᠠ ᠲᠣᠰᠬᠤᠨ ᠬᠢᠭᠡᠳ ᠭᠠᠳᠠᠨᠠᠬᠢ ᠵᠠᠰᠠᠮᠠᠯ ᠵᠠᠮ ᠢ ᠵᠢᠭᠠᠵᠤ ᠪᠤᠶ᠂ ᠭᠡᠬᠦ ᠳᠤ ᠪᠠᠨ ᠲᠣᠰᠬᠤᠨ ᠤ ᠳᠣᠲᠣᠷᠠᠬᠢ ᠵᠡᠭᠡᠯᠢ ᠭᠤᠳᠤᠮᠵᠢ ᠪᠣᠯᠤᠨ ᠲᠠᠷᠢᠶᠠᠨ ᠭᠠᠵᠠᠷ ᠤᠨ ᠬᠤᠭᠤᠷᠣᠨᠳᠣᠬᠢ ᠮᠠᠰᠢᠨ ᠢᠶᠠᠷ ᠲᠠᠷᠢᠬᠤ ᠵᠠᠮ ᠢ ᠪᠠᠭᠲᠠᠭᠠᠬᠤ ᠦᠭᠡᠶ᠃ ᠳᠠᠭᠠᠯᠲᠠ ᠲᠦᠬᠦᠭᠡᠷᠦᠮᠵᠢ ᠭᠡᠳᠡᠭ ᠨᠢ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠢ ᠬᠠᠮᠠᠭᠠᠯᠠᠬᠤ᠂ ᠠᠷᠠᠴᠢᠯᠠᠨ ᠬᠠᠮᠠᠭᠠᠯᠠᠬᠤ ᠪᠠ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠠᠮᠤᠷ ᠲᠦᠪᠰᠢᠨ ᠰᠠᠭᠠᠳ ᠥᠬᠡᠶ ᠨᠡᠪᠲᠡᠷᠡᠬᠦ  ᠶᠢ ᠪᠠᠲᠤᠯᠠᠬᠤ ᠶᠢᠨ ᠲᠤᠰᠠᠳᠠ ᠪᠠᠶᠢᠷᠢᠯᠠᠭᠤᠯᠤᠭᠰᠠᠨ ᠵᠠᠰᠠᠮᠠᠯ ᠵᠠᠮ ᠤᠨ ᠰᠡᠷᠭᠡᠶᠢᠯᠡᠨ ᠬᠠᠮᠠᠭᠠᠯᠠᠬᠤ᠂ ᠤᠰᠤ ᠵᠠᠯᠠᠬᠤ᠂ ᠠᠷᠠᠴᠢᠯᠠᠨ ᠬᠠᠮᠠᠭᠠᠯᠠᠬᠤ᠂ ᠬᠠᠮᠢᠶᠠᠷᠬᠤ᠂ ᠡᠵᠡᠩᠨᠡᠬᠦ᠂ ᠦᠶᠯᠡᠴᠢᠯᠡᠬᠦ᠂ ᠵᠠᠮ ᠬᠠᠷᠢᠯᠴᠠᠭᠠᠨ ᠤ ᠠᠮᠤᠷ ᠲᠦᠪᠰᠢᠨ᠂ ᠬᠢᠨᠠᠨ ᠡᠵᠡᠮᠳᠡᠬᠦ᠂ ᠴᠢᠮᠡᠭᠡ ᠬᠤᠯᠪᠣᠭ᠎ᠠ ᠵᠡᠷᠭᠡ ᠲᠥᠬᠦᠭᠡᠷᠦᠮᠵᠢ᠂ ᠪᠡᠯᠡᠳᠬᠡᠮᠵᠢ ᠵᠢᠴᠢ ᠲᠤᠰᠬᠠᠶ ᠬᠡᠷᠡᠭᠯᠡᠭᠡᠨ ᠤ ᠪᠠᠷᠢᠯᠭ᠎ᠠ᠂ ᠪᠠᠷᠢᠯᠭ᠎ᠠ ᠶᠢᠨ ᠵᠦᠶᠯ ᠵᠡᠷᠭᠡ ᠶᠢ ᠵᠢᠭᠠᠵᠤ ᠪᠣᠶ᠃ ᠳᠥᠷᠪᠡᠳᠦᠭᠡᠷ ᠵᠦᠶᠯ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠬᠥᠭᠵᠢᠯᠲᠡ ᠳᠤ ᠨᠢᠭᠡᠳᠦᠯᠲᠡᠶ ᠲᠥᠯᠥᠪᠵᠢᠭᠦᠯᠬᠦ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠬᠤ᠂ ᠠᠶᠤᠯ ᠦᠭᠡᠶ ᠪᠥᠭᠡᠳ ᠲᠣᠬᠢᠷᠠᠬᠤ᠂ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠪᠠ ᠪᠦᠲᠦᠭᠡᠨ ᠪᠠᠶᠢᠭᠤᠯᠬᠤ᠂ ᠬᠠᠮᠢᠶᠠᠷᠬᠤ᠂ ᠠᠷᠠᠴᠢᠯᠠᠨ ᠬᠠᠮᠠᠭᠠᠯᠠᠬᠤ᠂ ᠡᠵᠡᠩᠨᠡᠬᠦ ᠶᠢ ᠵᠡᠷᠭᠡ ᠳᠤ ᠨᠢ ᠴᠢᠬᠤᠯᠠᠴᠢᠯᠠᠬᠤ ᠵᠠᠷᠴᠢᠮ ᠢ ᠵᠢᠷᠤᠮᠯᠠᠵᠤ᠂ ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠱᠠᠲᠤ ᠬᠤᠪᠢᠶᠠᠨ ᠬᠠᠷᠢᠭᠤᠴᠠᠬᠤ᠂ ᠠᠵᠢᠯ ᠲᠥᠷᠥᠯ ᠤᠨ ᠬᠢᠨ ᠬᠢᠨᠠᠨ ᠬᠠᠮᠢᠶᠠᠷᠬᠤ ᠂ ᠰᠠᠯᠠᠭ᠎ᠠ ᠮᠥᠴᠢᠷ ᠤᠳ ᠬᠠᠮᠵᠢᠯᠴᠠᠬᠤ᠂ ᠨᠡᠶᠢᠭᠡᠮ ᠠᠴᠠ ᠣᠷᠣᠯᠴᠠᠬᠤ ᠬᠠᠮᠢᠶᠠᠷᠤᠯᠲᠠ ᠶᠢᠨ ᠪᠠᠶᠢᠭᠤᠯᠤᠯ ᠢ ᠬᠡᠷᠡᠭᠵᠢᠭᠦᠯᠬᠦ ᠬᠡᠷᠡᠭᠲᠡᠶ᠃ ᠲᠠᠪᠤᠳᠤᠭᠠᠷ ᠵᠦᠶᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠠᠵᠢᠯ ᠤᠨ ᠤᠳᠤᠷᠢᠳᠤᠯᠭ᠎ᠠ ᠪᠠᠨ ᠴᠢᠩᠭᠠᠳᠬᠠᠵᠤ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠬᠥᠭᠵᠢᠯᠲᠡ ᠶᠢ ᠲᠤᠰ ᠭᠠᠵᠠᠷ ᠣᠷᠣᠨ ᠤ ᠪᠠᠨ ᠤᠯᠤᠰ ᠠᠷᠠᠳ  ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠪᠠᠨ ᠣᠷᠣᠭᠤᠯᠵᠤ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠠᠵᠢᠯ ᠢ ᠵᠠᠰᠠᠭ ᠤᠨ ᠣᠷᠳᠣᠨ ᠤ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠬᠡᠪᠴᠢᠶᠡᠨ ᠳᠤ ᠣᠷᠣᠭᠤᠯᠵᠤ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠶ᠃ᠵᠢᠷᠭᠤᠳᠤᠭᠠᠷ ᠵᠦᠶᠯ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠠᠵᠢᠯ ᠤᠨ ᠬᠠᠷᠢᠭᠤᠴᠠᠯᠭ᠎ᠠ ᠶᠢᠨ ᠭᠤᠤᠯ ᠴᠣᠭᠴᠠ ᠪᠣᠯᠤᠨ᠎ᠠ᠃ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠢ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ  ᠤᠨ ᠣᠷᠳᠣᠨ ᠤ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ᠂ ᠵᠣᠬᠢᠬᠤ ᠪᠠᠶᠢᠭᠤᠯᠤᠮᠵᠢ ᠪᠤᠶᠤ ᠲᠤᠰᠬᠠᠶ ᠠᠵᠢᠯᠲᠠᠨ ᠢ ᠲᠣᠳᠣᠷᠬᠠᠶᠢᠯᠠᠨ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠰᠢᠶᠠᠩ ᠤᠨ ᠵᠠᠮ ᠂ ᠲᠣᠰᠬᠤᠨ ᠤ ᠵᠠᠮ ᠤᠨ ᠬᠠᠮᠢᠶ᠎ᠠ ᠪᠥᠬᠦᠶ ᠠᠵᠢᠯ ᠢ ᠬᠠᠷᠢᠭᠤᠴᠠᠭᠤᠯᠬᠤ ᠬᠡᠷᠡᠭᠲᠡᠶ᠃ ᠭᠠᠴᠠᠭ᠎ᠠ ᠲᠣᠰᠬᠤᠨ ᠤ ᠠᠷᠠᠳ  ᠤᠨ ᠵᠥᠪᠯᠡᠯ ᠨᠢ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤ ᠵᠢᠯᠣᠭᠤᠳᠤᠯᠭ᠎ᠠ ᠶᠢᠨ ᠳᠣᠣᠷ᠎ᠠ ᠲᠣᠰᠬᠤᠨ ᠤ ᠵᠠᠮ ᠤᠨ ᠬᠠᠮᠢᠶᠠᠷᠴᠤ ᠠᠷᠠᠴᠢᠯᠠᠨ ᠬᠠᠮᠠᠭᠠᠯᠠᠬᠤ ᠠᠵᠢᠯ ᠢ ᠵᠣᠬᠢᠶᠠᠨ ᠪᠠᠶᠢᠭᠤᠯᠬᠤ ᠬᠡᠷᠡᠭᠲᠡᠶ᠃ᠳᠣᠯᠣᠳᠤᠭᠠᠷ ᠵᠦᠶᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠲᠤᠰ ᠵᠠᠰᠠᠭ ᠵᠠᠬᠢᠷᠭᠠᠨ ᠤ ᠣᠷᠣᠨ ᠤ  ᠪᠠᠨ ᠳᠣᠲᠣᠷᠠᠬᠢ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠠᠵᠢᠯ ᠢ ᠭᠤᠣᠯᠯᠠᠨ ᠬᠠᠮᠢᠶᠠᠷᠤᠨ᠎ᠠ᠃ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠰᠢᠶᠠᠩ ᠤᠨ ᠵᠠᠮ᠂ ᠲᠣᠰᠬᠤᠨ ᠤ ᠵᠠᠮ ᠤᠨ ᠬᠠᠮᠢᠶ᠎ᠠ ᠪᠦᠬᠦᠢ ᠠᠵᠢᠯ ᠢ ᠵᠢᠯᠣᠭᠤᠳᠬᠤ᠂ ᠬᠢᠨᠠᠯᠲᠠ ᠲᠠᠯᠪᠢᠬᠤ ᠶᠢ ᠪᠣᠳᠠᠲᠠᠶ ᠬᠠᠷᠢᠭᠤᠴᠠᠨ᠎ᠠ᠃ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋ ᠤᠨ ᠵᠠᠰᠠᠭ᠂ ᠳᠣᠲᠣᠭᠠᠳᠤ ᠶᠢ ᠬᠠᠮᠠᠭᠠᠯᠠᠬᠤ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠶ  ᠶᠢᠨ ᠣᠷᠴᠢᠨ ᠲᠣᠭᠤᠷᠢᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠲᠠᠷᠢᠶᠠᠯᠠᠩ ᠮᠠᠯ ᠠᠵᠤ ᠠᠬᠤᠶ᠂ ᠣᠶ ᠰᠢᠭᠤᠶ ᠪᠠ ᠨᠤᠲᠤᠭ ᠪᠡᠯᠴᠢᠭᠡᠷ᠂ ᠶᠠᠳᠠᠭᠤ ᠶᠢ ᠲᠡᠳᠬᠦᠬᠦ᠂ ᠤᠰᠤᠨ ᠤ ᠵᠠᠰᠠᠭ ᠵᠠᠬᠢᠷᠭ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠬᠠᠮᠢᠶ᠎ᠠ ᠪᠦᠬᠦᠢ ᠠᠵᠢᠯ ᠢ ᠬᠠᠤᠯᠢ ᠶᠣᠰᠣᠭᠠᠷ ᠰᠠᠶᠢᠲᠤᠷ ᠬᠢᠬᠦ ᠬᠡᠷᠡᠭᠲᠡᠶ᠃ᠨᠠᠶᠮᠠᠳᠤᠭᠠᠷ ᠵᠦᠶᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠲᠥᠷᠥ ᠶᠢᠨ ᠪᠣᠳᠣᠯᠭ᠎ᠠ᠂ ᠪᠡᠯᠡ ᠮᠥᠩᠭᠦ᠂ ᠡᠳ᠋ ᠪᠠᠷᠠᠭ᠎ᠠ ᠵᠡᠷᠭᠡ ᠲᠠᠯ᠎ᠠ ᠪᠠᠷ᠂ ᠶᠠᠳᠠᠭᠤ ᠬᠦᠴᠢᠷᠳᠡᠯᠲᠡᠶ ᠭᠠᠵᠠᠷ ᠣᠷᠣᠨ᠂ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ᠂ ᠵᠠᠬ᠎ᠠ ᠬᠢᠵᠠᠭᠠᠷ ᠭᠠᠵᠠᠷ ᠣᠷᠣᠨ ᠪᠣᠯᠤᠨ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠢ ᠬᠠᠪᠰᠤᠷᠤᠨ ᠲᠡᠳᠬᠦᠵᠦ ᠪᠠᠶᠢᠭᠠᠳ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠦᠶᠯᠡᠰ ᠤᠨ ᠬᠥᠭᠵᠢᠯᠲᠡ ᠶᠢ ᠲᠦᠯᠬᠢᠨ ᠠᠬᠢᠭᠤᠯᠬᠤ ᠬᠡᠷᠡᠭᠲᠡᠶ᠃ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠵᠡᠷᠭᠡ ᠠᠷᠭ᠎ᠠ ᠮᠠᠶ᠋ᠢᠭ ᠢ ᠠᠪᠴᠤ ᠲᠠᠷᠢᠶᠠᠴᠢᠨ ᠮᠠᠯᠴᠢᠳ ᠢ ᠵᠣᠬᠢᠶᠠᠨ ᠪᠠᠶᠢᠭᠤᠯᠤᠨ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠪᠣᠯᠤᠨ ᠠᠷᠠᠴᠢᠯᠠᠨ ᠬᠠᠮᠠᠭᠠᠯᠠᠬᠤ ᠳᠤ ᠣᠷᠣᠯᠴᠠᠭᠤᠯᠬᠤ ᠶᠢ ᠵᠣᠷᠢᠭᠵᠢᠭᠤᠯᠬᠤ ᠬᠡᠷᠡᠭᠲᠡᠶ᠃ᠶᠢᠰᠦᠳᠦᠭᠡᠷ ᠵᠦᠶᠯ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠢ ᠪᠦᠲᠦᠭᠡᠨ ᠪᠠᠶᠢᠭᠤᠯᠬᠤ ᠪᠠ ᠠᠷᠠᠴᠢᠯᠠᠨ ᠬᠠᠮᠠᠭᠠᠯᠠᠬᠤ ᠳᠤ ᠰᠢᠨ᠎ᠡ ᠮᠡᠷᠭᠡᠵᠢᠯ᠂ ᠰᠢᠨ᠎ᠡ ᠮᠠᠲ᠋ᠧᠷᠢᠶᠠᠯ᠂ ᠰᠢᠨ᠎ᠡ ᠤᠷᠠᠨ ᠳᠠᠷᠬ᠎ᠠ᠂ ᠰᠢᠨ᠎ᠡ ᠲᠥᠬᠦᠭᠡᠷᠦᠮᠵᠢ ᠬᠡᠷᠡᠭᠯᠡᠬᠦ ᠶᠢ ᠵᠣᠷᠢᠭᠵᠢᠭᠤᠯᠵᠤ᠂ ᠪᠦᠲᠦᠭᠡᠨ ᠪᠠᠶᠢᠭᠤᠯᠬᠤ ᠪᠠ ᠠᠷᠠᠴᠢᠯᠠᠨ ᠬᠠᠮᠠᠭᠠᠯᠠᠬᠤ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠬᠤ ᠪᠣᠯᠤᠨ ᠠᠷᠠᠴᠢᠯᠠᠨ ᠬᠠᠮᠠᠭᠠᠯᠠᠬᠤ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠬᠠᠭᠤᠴᠢᠨ ᠵᠠᠮ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠵᠠᠮ ᠵᠠᠰᠠᠬᠤ ᠳᠤ ᠲᠣᠬᠢᠷᠠᠬᠤ ᠬᠠᠶᠠᠭᠳᠠᠮᠠᠯ ᠬᠠᠭᠤᠴᠢᠨ ᠮᠠᠲ᠋ᠧᠷᠢᠶᠠᠯ ᠪᠣᠯᠪᠠᠰᠤᠷᠠᠭᠤᠯᠬᠤ ᠵᠡᠷᠭᠡ ᠶᠢ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠪᠣᠯᠤᠨ ᠠᠷᠠᠴᠢᠯᠠᠨ ᠬᠠᠮᠠᠭᠠᠯᠠᠬᠤ ᠳᠤ ᠬᠡᠷᠡᠭᠯᠡᠬᠦ ᠶᠢ ᠵᠣᠷᠢᠭᠵᠢᠭᠤᠯᠵᠤ᠂ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠶᠢ ᠲᠦᠯᠬᠢᠨ ᠠᠬᠢᠭᠤᠯᠬᠤ ᠬᠡᠷᠡᠭᠲᠡᠶ᠃ᠬᠤᠶᠠᠳᠤᠭᠠᠷ ᠪᠦᠯᠦᠭ ᠲᠥᠯᠥᠪᠵᠢᠭᠦᠯᠭᠡᠠᠷᠪᠠᠳᠤᠭᠠᠷ ᠵᠦᠶᠯ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠲᠥᠯᠥᠪᠵᠢᠭᠦᠯᠭᠡ ᠶᠢ ᠣᠷᠣᠨ ᠪᠦᠰᠡ  ᠶᠢᠨ ᠠᠵᠤ ᠠᠬᠤᠶ ᠶᠢᠨ ᠬᠥᠭᠵᠢᠯᠲᠡ᠂ ᠲᠠᠷᠢᠶᠠᠯᠠᠬᠤ ᠮᠠᠯᠵᠢᠬᠤ ᠣᠷᠣᠨ ᠤ ᠰᠠᠭᠤᠭᠠᠯᠢ ᠠᠷᠠᠳ ᠤᠨ ᠦᠶᠯᠡᠳᠪᠦᠷᠢᠯᠡᠯ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠯᠤᠭ᠎ᠠ ᠬᠠᠷᠢᠯᠴᠠᠨ ᠵᠣᠬᠢᠴᠠᠭᠤᠯᠵᠤ᠂ ᠤᠯᠤᠰ ᠤᠨ ᠵᠠᠮ᠂ ᠮᠤᠵᠢ ᠶᠢᠨ ᠵᠠᠮ ᠵᠢᠴᠢ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ᠂ ᠤᠰᠤᠨ ᠲᠡᠭᠡᠭᠡᠪᠦᠷᠢ ᠵᠡᠷᠭᠡ ᠵᠠᠮ ᠬᠠᠷᠢᠯᠴᠠᠭ᠎ᠠ ᠲᠡᠭᠡᠭᠡᠪᠦᠷᠢ ᠶᠢᠨ ᠬᠥᠭᠵᠢᠯᠲᠡ ᠶᠢᠨ ᠲᠥᠯᠥᠪᠵᠢᠭᠦᠯᠭᠡ ᠯᠦᠭᠡ ᠬᠠᠷᠢᠯᠴᠠᠨ ᠵᠣᠬᠢᠴᠠᠭᠤᠯᠵᠤ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠪᠠ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠯᠥᠪᠵᠢᠭᠦᠯᠭᠡ ᠳᠤ ᠨᠡᠶᠢᠴᠡᠭᠦᠯᠬᠦ ᠶᠢᠨ ᠬᠠᠮᠲᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠶᠢ ᠬᠠᠩᠭᠠᠬᠤ ᠬᠡᠷᠡᠭᠲᠡᠶ  ᠃ᠲᠠᠷᠢᠶᠠᠯᠠᠬᠤ ᠮᠠᠯᠵᠢᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡ᠂ ᠬᠠᠮᠢᠶᠠᠷᠴᠤ ᠠᠷᠠᠴᠢᠯᠠᠨ ᠬᠠᠮᠠᠭᠠᠯᠠᠬᠤ ᠥᠷᠲᠡᠭᠡ ᠵᠡᠷᠭᠡ ᠲᠦᠬᠦᠭᠡᠷᠦᠮᠵᠢ ᠶᠢ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠯᠤᠭ᠎ᠠ ᠨᠢᠭᠡᠳᠦᠯᠲᠡᠶ ᠲᠥᠯᠥᠪᠵᠢᠭᠦᠯᠬᠦ ᠶᠢᠨ ᠬᠠᠮᠲᠤ᠂ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠪᠠᠷᠢᠮᠵᠢᠶ᠎ᠠ ᠶᠣᠰᠣᠭᠠᠷ ᠪᠦᠲᠦᠭᠡᠨ ᠪᠠᠶᠢᠭᠤᠯᠬᠤ ᠬᠡᠷᠡᠭᠲᠡᠶ᠃ᠠᠷᠪᠠᠨ ᠨᠢᠭᠡᠳᠦᠭᠡᠷ ᠵᠦᠶᠯ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠲᠥᠯᠥᠪᠵᠢᠭᠦᠯᠭᠡ ᠳᠤ ᠰᠢᠶᠠᠨ ᠤ ᠵᠠᠮ ᠤᠨ ᠲᠥᠯᠥᠪᠵᠢᠭᠦᠯᠭᠡ᠂ ᠰᠢᠶᠠᠩ ᠤᠨ ᠵᠠᠮ ᠤᠨ ᠲᠥᠯᠥᠪᠵᠢᠭᠦᠯᠭᠡ ᠪᠣᠯᠤᠨ ᠲᠣᠰᠬᠤᠨ ᠤ ᠵᠠᠮ ᠤᠨ ᠲᠥᠯᠥᠪᠵᠢᠭᠦᠯᠭᠡ ᠪᠠᠭᠲᠠᠨ᠎ᠠ᠃ᠰᠢᠶᠠᠨ ᠤ ᠵᠠᠮ ᠤᠨ ᠲᠥᠯᠥᠪᠵᠢᠭᠦᠯᠭᠡ ᠶᠢ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠠᠳᠠᠯᠢ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠨᠠᠶᠢᠷᠠᠭᠤᠯᠤᠨ ᠵᠣᠬᠢᠶᠠᠵᠤ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠢᠶᠠᠷ ᠬᠢᠨᠠᠨ ᠲᠣᠭᠲᠠᠭᠠᠯᠭᠠᠭᠰᠠᠨ ᠤ ᠳᠠᠷᠠᠭ᠎ᠠ᠂ ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠬᠦ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠤᠨ᠎ᠠ᠃ᠰᠢᠶᠠᠩ ᠤᠨ ᠵᠠᠮ ᠤᠨ ᠲᠥᠯᠥᠪᠵᠢᠭᠦᠯᠭᠡ ᠪᠣᠯᠤᠨ ᠲᠣᠰᠬᠤᠨ ᠤ ᠵᠠᠮ ᠤᠨ ᠲᠥᠯᠥᠪᠵᠢᠭᠦᠯᠭᠡ ᠶᠢ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠢ ᠬᠠᠮᠵᠢᠨ ᠨᠠᠶᠢᠷᠠᠭᠤᠯᠤᠨ ᠵᠣᠬᠢᠶᠠᠵᠤ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠬᠦ ᠶᠢᠨ ᠬᠠᠮᠲᠤ᠂ ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠤᠨ᠎ᠠ᠃ᠵᠥᠪᠰᠢᠶᠡᠷᠡᠭᠦᠯᠦᠭᠰᠡᠨ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠲᠥᠯᠥᠪᠵᠢᠭᠦᠯᠭᠡ ᠳᠤ ᠵᠠᠰᠠᠪᠤᠷᠢ ᠣᠷᠣᠭᠤᠯᠬᠤ ᠴᠢᠬᠤᠯᠠ ᠲᠠᠢ ᠪᠣᠯ᠂ ᠤᠤᠯ ᠤᠨ ᠨᠠᠶᠢᠷᠠᠭᠤᠯᠤᠨ ᠵᠣᠬᠢᠶᠠᠭᠰᠠᠨ ᠨᠢᠭᠡᠴᠢ ᠠᠴᠠ ᠵᠠᠰᠠᠪᠤᠷᠢ ᠣᠷᠣᠭᠤᠯᠬᠤ ᠲᠥᠰᠦᠯ ᠳᠤᠷᠠᠳᠬᠤ ᠶᠢᠨ ᠬᠠᠮᠲᠤ᠂ ᠤᠤᠯ ᠤᠨ ᠬᠢᠨᠠᠨ ᠵᠥᠪᠰᠢᠶᠡᠷᠡᠭᠰᠡᠨ ᠵᠢᠷᠤᠮ ᠤᠨ ᠶᠣᠰᠣᠭᠠᠷ ᠵᠥᠪᠰᠢᠶᠡᠷᠡᠵᠦ ᠳᠠᠩᠰᠠᠯᠠᠭᠤᠯᠬᠤ ᠬᠡᠷᠡᠭᠲᠡᠶ᠃ᠠᠷᠪᠠᠨ ᠬᠤᠶᠠᠳᠤᠭᠠᠷ ᠵᠦᠶᠯ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠤ ᠲᠣᠰᠬᠤᠨ ᠪᠠᠯᠭᠠᠰᠤ ᠶᠢᠨ ᠪᠠᠶᠢᠷᠢᠯᠠᠭᠤᠯᠤᠯ ᠢ ᠰᠢᠯᠢᠳᠡᠭᠵᠢᠭᠦᠯᠬᠦ᠂ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠯᠡᠰ ᠤᠨ ᠬᠦᠷᠢᠶᠡᠯᠡᠩ ᠢ ᠪᠠᠶᠢᠭᠤᠯᠬᠤ᠂ ᠣᠯᠠᠨ ᠲᠦᠮᠡᠨ ᠤ ᠠᠮᠤᠷ ᠲᠦᠪᠰᠢᠨ ᠢᠶᠠᠷ ᠶᠠᠪᠤᠵᠤ ᠰᠠᠭᠤᠬᠤ ᠳᠤ ᠳᠥᠭᠦᠮ ᠳᠥᠲᠡ ᠪᠠᠶᠢᠯᠭᠠᠬᠤ ᠯᠤᠭ᠎ᠠ ᠬᠠᠷᠢᠯᠴᠠᠨ ᠵᠣᠬᠢᠴᠠᠭᠤᠯᠵᠤ᠂ ᠪᠠᠶᠢᠷᠢᠯᠠᠭᠤᠯᠤᠯ ᠨᠢ ᠵᠦᠶ ᠵᠣᠬᠢᠰᠲᠠᠶ᠂ ᠵᠣᠯᠭᠠᠯᠲᠠ ᠨᠢ ᠰᠢᠯᠤᠭᠤᠨ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ  ᠤᠨ ᠲᠣᠤᠷ ᠢ ᠪᠠᠶᠢᠭᠤᠯᠬᠤ ᠬᠡᠷᠡᠭᠲᠡᠶ᠃ᠠᠷᠪᠠᠨ ᠭᠤᠷᠪᠠᠳᠤᠭᠠᠷ ᠵᠦᠶᠯ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠤ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠲᠥᠷᠥᠯ ᠵᠦᠶᠯ ᠤᠨ ᠬᠥᠮᠥᠷᠭᠡ ᠶᠢ ᠵᠡᠷᠭᠡ ᠳᠤ ᠨᠢ ᠪᠠᠶᠢᠭᠤᠯᠵᠤ᠂ ᠵᠥᠪᠰᠢᠶᠡᠷᠡᠭᠦᠯᠬᠦ ᠪᠠ ᠳᠠᠩᠰᠠᠯᠠᠭᠤᠯᠬᠤ ᠭᠠᠷᠳᠠᠮ ᠢ ᠵᠡᠷᠭᠡ ᠳᠤ ᠨᠢ ᠭᠦᠶᠴᠡᠳᠬᠡᠬᠦ ᠬᠡᠷᠡᠭᠲᠡᠶ᠃ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠲᠥᠷᠥᠯ ᠵᠦᠢᠯ ᠤᠨ ᠬᠥᠮᠥᠷᠭᠡ ᠳᠤ ᠬᠦᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠵᠦ᠂ ᠬᠡᠷᠡᠭᠴᠡᠭᠡ ᠪᠠᠨ ᠦᠨᠳᠦᠰᠦᠯᠡᠨ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠯᠲᠠ ᠬᠢᠨ᠎ᠡ᠃ ᠲᠥᠷᠥᠯ ᠵᠦᠢᠯ ᠤᠨ ᠬᠥᠮᠥᠷᠭᠡ ᠳᠤ ᠲᠣᠬᠢᠷᠠᠭᠤᠯᠤᠯᠲᠠ ᠬᠢᠬᠦ ᠳᠤ ᠤᠤᠯ ᠤᠨ ᠵᠥᠪᠰᠢᠶᠡᠷᠡᠭᠰᠡᠨ ᠪᠠᠶᠢᠭᠤᠯᠭ᠎ᠠ ᠳᠤ ᠮᠡᠳᠡᠭᠦᠯᠦᠨ ᠵᠥᠪᠰᠢᠶᠡᠷᠡᠭᠦᠯᠬᠦ ᠶᠢᠨ ᠬᠠᠮᠲᠤ᠂ ᠵᠥᠪᠰᠢᠶᠡᠷᠡᠭᠰᠡᠨ ᠪᠠᠶᠢᠭᠤᠯᠭ᠎ᠠ ᠶᠢᠨ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ ᠠᠷᠪᠠᠨ ᠳᠥᠷᠪᠡᠳᠦᠭᠡᠷ ᠵᠦᠶᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ  ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠲᠠᠷᠢᠶᠠᠯᠠᠬᠤ ᠮᠠᠯᠵᠢᠬᠤ ᠣᠷᠣᠨ  ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠲᠥᠷᠥᠯ ᠵᠦᠶᠯ ᠤᠨ ᠬᠥᠮᠥᠷᠭᠡ ᠶᠢ ᠦᠨᠳᠦᠰᠦᠯᠡᠨ᠂ ᠡᠳ᠋ ᠤᠨ ᠵᠠᠰᠠᠭ ᠤᠨ ᠣᠷᠣᠭᠤᠯᠤᠯᠲᠠ᠂ ᠣᠨ ᠤ ᠪᠦᠲᠦᠭᠡᠨ ᠪᠠᠶᠢᠭᠤᠯᠤᠯᠲᠠ ᠶᠢᠨ ᠭᠤᠤᠯᠳᠠᠯᠭ᠎ᠠ᠂ ᠠᠷᠠᠴᠢᠯᠠᠨ ᠬᠠᠮᠠᠭᠠᠯᠠᠬᠤ ᠴᠢᠳᠠᠪᠤᠷᠢ ᠵᠡᠷᠭᠡ ᠬᠦᠴᠦᠨ ᠵᠦᠶᠯ ᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠠᠳᠠᠯᠢ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠤᠰ ᠱᠠᠲᠤᠨ ᠤ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠤᠨ ᠣᠨ ᠤ ᠲᠥᠯᠥᠪᠯᠡᠭᠡ ᠪᠠᠨ ᠨᠠᠶᠢᠷᠠᠭᠤᠯᠤᠨ ᠵᠣᠬᠢᠶᠠᠬᠤ ᠬᠡᠷᠡᠭᠲᠡᠶ᠃ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠲᠥᠷᠥᠯ ᠵᠦᠶᠯ ᠤᠨ ᠬᠥᠮᠥᠷᠭᠡ ᠳᠤ ᠣᠷᠣᠭᠤᠯᠤᠭᠰᠠᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠢ᠂ ᠨᠢᠭᠡᠨᠲᠡ ᠵᠥᠪᠰᠢᠶᠡᠷᠡᠭᠦᠯᠦᠭᠰᠡᠨ ᠲᠥᠷᠥᠯ ᠵᠦᠶᠯ ᠪᠣᠯᠭᠠᠵᠤ᠂ ᠲᠥᠷᠥᠯ ᠵᠦᠶᠯ ᠪᠠᠶᠢᠭᠤᠯᠬᠤ ᠭᠠᠷᠳᠠᠮ ᠢ ᠠᠰ ᠲᠤ ᠨᠢ ᠭᠦᠶᠴᠡᠳᠬᠡᠬᠦ ᠦᠭᠡᠶ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠤᠨ ᠮᠡᠳᠡᠭᠡ ᠵᠠᠩᠭᠢ ᠶᠢ ᠨᠡᠶᠢᠭᠡᠮ ᠳᠤ ᠢᠯᠡ ᠪᠣᠯᠭᠠᠬᠤ ᠬᠡᠷᠡᠭᠲᠡᠶ᠃ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠲᠥᠷᠥᠯ ᠵᠦᠢᠯ ᠤᠨ ᠬᠥᠮᠥᠷᠭᠡ ᠳᠤ ᠣᠷᠣᠭᠤᠯᠤᠭᠠᠳᠤᠶ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ᠂ ᠣᠨ ᠤ ᠲᠥᠯᠥᠪᠯᠡᠭᠡ ᠳᠤ ᠣᠷᠣᠭᠤᠯᠵᠤ ᠪᠣᠯᠬᠤ ᠦᠭᠡᠶ᠃ᠭᠤᠷᠪᠠᠳᠤᠭᠠᠷ ᠪᠦᠯᠦᠭ ᠪᠦᠲᠦᠭᠡᠨ ᠪᠠᠶᠢᠭᠤᠯᠤᠯᠲᠠᠠᠷᠪᠠᠨ ᠲᠠᠪᠤᠳᠤᠭᠠᠷ ᠵᠦᠶᠯ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠳᠤ ᠠᠵᠤ ᠠᠬᠤᠶ ᠨᠡᠶᠢᠭᠡᠮ ᠤᠨ ᠬᠥᠭᠵᠢᠯᠲᠡ᠂ ᠪᠠᠶᠢᠭᠠᠯᠢ ᠶᠢᠨ ᠭᠠᠵᠠᠷ ᠵᠦᠶ ᠶᠢᠨ ᠨᠥᠬᠦᠴᠡᠯ᠂ ᠨᠤᠲᠤᠭ ᠪᠡᠯᠴᠢᠭᠡᠷ ᠤᠨ ᠤᠰᠤᠷᠬᠠᠭ ᠭᠠᠵᠠᠷ ᠢ ᠬᠠᠮᠠᠭᠠᠯᠠᠬᠤ ᠪᠠ ᠵᠠᠰᠠᠮᠠᠯ ᠵᠠᠮ ᠤᠨ ᠴᠢᠳᠠᠮᠵᠢ ᠶᠢᠨ ᠬᠡᠷᠡᠭᠴᠡᠭᠡ ᠱᠠᠭᠠᠷᠳᠠᠯᠭ᠎ᠠ ᠵᠡᠷᠭᠡ ᠪᠣᠳᠠᠲᠤ ᠪᠠᠶᠢᠳᠠᠯ ᠢ ᠦᠨᠳᠦᠰᠦᠯᠡᠨ᠂ ᠮᠡᠷᠭᠡᠵᠢᠯ ᠤᠨ ᠵᠡᠷᠭᠡ ᠳᠡᠰ ᠢ ᠨᠢ ᠵᠦᠶ ᠵᠣᠬᠢᠰᠲᠠᠶ ᠲᠣᠭᠲᠠᠭᠠᠬᠤ ᠬᠡᠷᠡᠭᠲᠡᠶ᠃ ᠠᠷᠪᠠᠨ ᠵᠢᠷᠭᠤᠳᠤᠭᠠᠷ ᠵᠦᠶᠯ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠢ ᠬᠡᠪᠴᠢᠶ᠎ᠡ᠂ ᠴᠢᠳᠠᠮᠵᠢ᠂ ᠮᠡᠷᠭᠡᠵᠢᠯ ᠤᠨ ᠪᠤᠳᠤᠯᠢᠶᠠᠨᠲᠤ ᠬᠡᠮᠵᠢᠶ᠎ᠡ ᠵᠡᠷᠭᠡ ᠬᠦᠴᠦᠨ ᠵᠦᠶᠯ ᠤᠨ ᠶᠣᠰᠣᠭᠠᠷ᠂ ᠴᠢᠬᠤᠯᠠ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠪᠣᠯᠤᠨ ᠡᠩ ᠤᠨ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ  ᠶᠢᠨ ᠲᠥᠷᠥᠯ ᠵᠦᠶᠯ ᠭᠡᠵᠦ ᠬᠤᠪᠢᠶᠠᠨ᠎ᠠ᠃ ᠮᠡᠷᠭᠡᠵᠢᠯ ᠤᠨ ᠲᠠᠰ ᠤᠨ ᠬᠤᠶᠠᠳᠤᠭᠠᠷ ᠳᠡᠰ ᠠᠴᠠ ᠳᠡᠭᠡᠭᠰᠢᠬᠢ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠪᠣᠯᠤᠨ ᠨᠦᠬᠡᠨ ᠵᠠᠮ᠂ ᠲᠣᠮᠣ ᠬᠡᠯᠪᠡᠷᠢ ᠶᠢᠨ ᠬᠥᠭᠦᠷᠭᠡ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠪᠣᠯ ᠴᠢᠬᠤᠯᠠ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠪᠣᠯᠤᠨ᠎ᠠ᠂ ᠪᠤᠰᠤᠳ ᠲᠥᠷᠥᠯ ᠵᠦᠶᠯ ᠪᠣᠯ ᠡᠩ ᠤᠨ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠪᠣᠯᠤᠨ᠎ᠠ᠃ᠴᠢᠬᠤᠯᠠ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠢ ᠤᠯᠤᠰ ᠠᠴᠠ ᠲᠣᠭᠲᠠᠭᠠᠭᠰᠠᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠳᠡᠰ ᠳᠠᠷᠠᠭᠠᠯᠠᠯ ᠪᠣᠯᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠢᠬᠦ ᠬᠡᠷᠡᠭᠲᠡᠶ᠃ ᠡᠩ ᠤᠨ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠳᠤ ᠪᠦᠲᠦᠭᠡᠨ ᠪᠠᠶᠢᠭᠤᠯᠤᠯᠲᠠ ᠶᠢᠨ ᠳᠡᠰ ᠳᠠᠷᠠᠭᠠᠯᠠᠯ ᠢ ᠳᠥᠭᠦᠮᠴᠢᠯᠡᠨ ᠬᠡᠷᠡᠭᠵᠢᠭᠦᠯᠵᠦ ᠪᠣᠯᠤᠨ᠎ᠠ᠃ᠠᠷᠪᠠᠨ ᠳᠣᠯᠣᠳᠤᠭᠠᠷ ᠵᠦᠶᠯ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠳᠤ ᠭᠠᠵᠠᠷ ᠢ ᠠᠷᠪᠢᠯᠠᠨ ᠬᠡᠷᠡᠭᠯᠡᠬᠦ ᠵᠠᠷᠴᠢᠮ ᠢ ᠪᠠᠷᠢᠮᠲᠠᠯᠠᠨ᠂ ᠲᠠᠷᠢᠶᠠᠨ ᠭᠠᠵᠠᠷ᠂ ᠣᠶ ᠮᠣᠳᠣᠨ ᠤ ᠭᠠᠵᠠᠷ᠂ ᠪᠡᠯᠴᠢᠭᠡᠷ ᠪᠣᠯᠤᠨ ᠤᠰᠤᠷᠬᠠᠭ ᠭᠠᠵᠠᠷ ᠢ ᠴᠢᠩᠭ᠎ᠠ ᠬᠠᠮᠠᠭᠠᠯᠠᠵᠤ᠂ ᠣᠳᠣ ᠪᠠᠶᠢᠭ᠎ᠠ ᠵᠠᠰᠠᠮᠠᠯ ᠵᠠᠮ ᠢ ᠭᠦᠶᠴᠡᠳ ᠠᠰᠢᠭᠯᠠᠨ ᠥᠭᠡᠷᠡᠴᠢᠯᠡᠨ ᠪᠠᠶᠢᠭᠤᠯᠬᠤ ᠪᠤᠶᠤ ᠥᠷᠭᠡᠳᠬᠡᠨ ᠪᠠᠶᠢᠭᠤᠯᠬᠤ ᠬᠡᠷᠡᠭᠲᠡᠶ᠃ᠠᠷᠪᠠᠨ ᠨᠠᠶᠮᠠᠳᠤᠭᠠᠷ ᠵᠦᠶᠯ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠳᠤ ᠪᠠᠷᠢᠯᠭ᠎ᠠ ᠶᠢᠨ ᠶᠠᠰᠤ ᠴᠢᠨᠠᠷ ᠤᠨ ᠪᠠᠲᠤᠯᠠᠭ᠎ᠠ ᠶᠢᠨ ᠮᠥᠩᠭᠦ ᠶᠢᠨ ᠳᠦᠷᠢᠮ ᠪᠣᠯᠤᠨ ᠬᠦᠯᠦᠰᠦᠨ ᠠᠵᠢᠯᠴᠢᠳ ᠤᠨ ᠴᠠᠯᠢᠩ ᠤᠨ ᠪᠠᠲᠤᠯᠠᠭ᠎ᠠ ᠶᠢᠨ ᠮᠥᠩᠭᠦ ᠶᠢᠨ ᠳᠦᠷᠢᠮ ᠢ ᠬᠡᠷᠡᠭᠵᠢᠭᠦᠯᠦᠨ᠎ᠡ᠃ᠠᠷᠪᠠ ᠶᠢᠰᠦᠳᠦᠭᠡᠷ ᠵᠦᠶᠯ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠳᠤ ᠲᠥᠷᠥᠯ ᠵᠦᠶᠯ ᠤᠨ ᠥᠮᠴᠢᠲᠡᠨ ᠤ ᠬᠠᠷᠢᠭᠤᠴᠠᠯᠭ᠎ᠠ ᠶᠢᠨ ᠳᠦᠷᠢᠮ᠂ ᠠᠶᠤᠯᠭᠦᠢ ᠦᠶᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠪᠣᠯᠤᠨ ᠶᠠᠰᠤ ᠴᠢᠨᠠᠷ ᠤᠨ ᠬᠠᠷᠢᠭᠤᠴᠠᠯᠭ᠎ᠠ ᠶᠢᠨ ᠨᠠᠰᠤᠨ ᠲᠤᠷᠰᠢ ᠶᠢᠨ ᠳᠦᠷᠢᠮ ᠢ ᠬᠡᠷᠡᠭᠵᠢᠭᠦᠯᠦᠨ᠎ᠡ᠃ᠲᠥᠷᠥᠯ ᠵᠦᠢᠯ ᠤᠨ ᠥᠮᠴᠢᠲᠡᠨ ᠨᠢ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠶᠠᠰᠤ ᠴᠢᠨᠠᠷ ᠲᠤ ᠶᠡᠷᠦᠩᠬᠡᠶ ᠬᠠᠷᠢᠭᠤᠴᠠᠯᠭ᠎ᠠ ᠶᠢ ᠬᠠᠷᠢᠭᠤᠴᠠᠵᠤ᠂ ᠪᠦᠲᠦᠭᠡᠨ ᠪᠠᠶᠢᠭᠤᠯᠬᠤ ᠲᠥᠷᠥᠯ ᠵᠦᠢᠯ ᠤᠨ ᠵᠣᠬᠢᠴᠠᠩᠭᠤᠶ ᠪᠦᠬᠦᠢ ᠬᠠᠮᠢᠶᠠᠷᠤᠯᠲᠠ ᠪᠣᠯᠤᠨ ᠮᠡᠷᠭᠡᠵᠢᠯ ᠤᠨ ᠴᠢᠳᠠᠪᠤᠷᠢ ᠶᠢ ᠪᠦᠷᠢᠯᠳᠦᠭᠦᠯᠬᠦ ᠬᠡᠷᠡᠭᠲᠡᠶ᠃ᠲᠥᠷᠥᠯ ᠵᠦᠢᠯ ᠤᠨ ᠥᠮᠴᠢᠲᠡᠨ᠂ ᠬᠠᠶᠢᠨ ᠪᠠᠶᠢᠴᠠᠭᠠᠬᠤ᠂ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ᠂ ᠲᠤᠷᠰᠢᠯᠲᠠ ᠬᠢᠵᠦ ᠪᠠᠶᠢᠴᠠᠭᠠᠨ ᠬᠡᠮᠵᠢᠬᠦ ᠵᠡᠷᠭᠡ ᠨᠢᠭᠡᠴᠢ ᠨᠦᠭᠦᠳ ᠵᠣᠬᠢᠴᠠᠩᠭᠤᠶ ᠶᠠᠰᠤ ᠴᠢᠨᠠᠷ ᠤᠨ ᠠᠮᠤᠷ ᠲᠥᠪᠰᠢᠨ ᠤ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠶ᠃ᠬᠤᠷᠢᠳᠤᠭᠠᠷ ᠵᠦᠶᠯ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠳᠤ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠳᠦᠷᠢᠮ ᠢ ᠬᠡᠷᠡᠭᠵᠢᠭᠦᠯᠦᠨ᠎ᠡ᠃ᠬᠠᠶᠢᠨ ᠪᠠᠶᠢᠴᠠᠭᠠᠬᠤ᠂ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠵᠢᠴᠢ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠳᠤ ᠬᠤᠯᠪᠣᠭᠳᠠᠬᠤ ᠴᠢᠬᠤᠯᠠ ᠲᠤᠨᠤᠭ ᠲᠥᠬᠦᠭᠡᠷᠦᠮᠵᠢ᠂ ᠮᠠᠲ᠋ᠧᠷᠢᠶᠠᠯ ᠢ ᠬᠤᠳᠠᠯᠳᠤᠨ ᠠᠪᠬᠤ ᠵᠡᠷᠭᠡ ᠨᠢ ᠬᠠᠤᠯᠢ ᠪᠠᠷ ᠲᠣᠭᠲᠠᠭᠠᠭᠰᠠᠨ ᠳᠠᠭᠠᠭᠠᠴᠢᠯᠠᠯᠲᠠ ᠵᠠᠷᠯᠠᠬᠤ ᠪᠠᠷᠢᠮᠵᠢᠶ᠎ᠠ ᠳᠤ ᠨᠡᠶᠢᠴᠡᠭᠰᠡᠨ ᠪᠠᠶᠢᠪᠠᠯ᠂ ᠬᠠᠤᠯᠢ ᠶᠣᠰᠣᠭᠠᠷ ᠳᠠᠭᠠᠭᠠᠴᠢᠯᠠᠯᠲᠠ ᠵᠠᠷᠯᠠᠬᠤ ᠬᠡᠷᠡᠭᠲᠡᠢ᠃ᠬᠠᠤᠯᠢ ᠪᠠᠷ ᠲᠣᠭᠲᠠᠭᠠᠭᠰᠠᠨ ᠳᠠᠭᠠᠭᠠᠴᠢᠯᠠᠯᠲᠠ ᠵᠠᠷᠯᠠᠬᠤ ᠪᠠᠷᠢᠮᠵᠢᠶ᠎ᠠ ᠳᠤ ᠬᠦᠷᠦᠭᠰᠡᠨ ᠡᠩ ᠤᠨ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠡᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠳᠤ ᠣᠯᠠᠨ ᠲᠥᠷᠥᠯ ᠵᠦᠶᠯ ᠢ ᠬᠠᠮᠲᠤ ᠳᠤ ᠨᠢ ᠳᠠᠭᠠᠭᠠᠴᠢᠯᠠᠯᠲᠠ ᠵᠠᠷᠯᠠᠵᠤ ᠪᠣᠯᠤᠨ᠎ᠠ᠃ᠨᠡᠶᠢᠭᠡᠮ ᠠᠴᠠ ᠡᠳ᠋ ᠮᠦᠩᠭᠦ ᠪᠠᠷ ᠲᠤᠰᠠᠯᠠᠬᠤ᠂ ᠣᠯᠠᠨ ᠲᠦᠮᠡᠨ ᠬᠦᠴᠦ ᠬᠥᠳᠡᠯᠮᠦᠷᠢ ᠣᠷᠣᠭᠤᠯᠬᠤ ᠪᠠᠷ ᠭᠤᠣᠯ ᠪᠣᠯᠭᠠᠭᠰᠠᠨ ᠲᠣᠰᠬᠤᠨ ᠤ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ᠂ ᠳᠠᠭᠠᠭᠠᠴᠢᠯᠠᠯᠲᠠ ᠵᠠᠷᠯᠠᠬᠤ ᠦᠭᠡᠶ ᠪᠠᠶᠢᠵᠤ ᠪᠣᠯᠤᠨ᠎ᠠ᠂ ᠭᠠᠴᠠᠭ᠎ᠠ ᠲᠣᠰᠬᠤᠨ ᠤ ᠠᠷᠠᠳ ᠤᠨ ᠬᠤᠷᠠᠯ ᠪᠤᠶᠤ ᠭᠠᠴᠠᠭ᠎ᠠ ᠲᠣᠰᠬᠤᠨ ᠤ ᠠᠷᠠᠳ ᠤᠨ ᠲᠥᠯᠥᠭᠡᠯᠡᠭᠴᠢᠳ ᠤᠨ ᠬᠤᠷᠠᠯ ᠠᠴᠠ ᠡᠵᠡᠨ ᠮᠡᠳᠡᠨ ᠲᠣᠭᠲᠠᠭᠠᠵᠤ ᠪᠣᠯᠤᠨ᠎ᠠ᠃ᠬᠤᠷᠢᠨ ᠨᠢᠭᠡᠳᠦᠭᠡᠷ ᠵᠦᠶᠯ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠤᠨ ᠵᠢᠷᠤᠭ ᠲᠥᠯᠥᠪᠯᠡᠭᠡ ᠶᠢ ᠵᠣᠬᠢᠴᠠᠩᠭᠤᠶ ᠬᠢᠷᠢ ᠬᠡᠮ ᠲᠠᠢ ᠵᠢᠷᠤᠭ ᠲᠥᠯᠥᠪᠯᠡᠭᠡᠨ ᠤ ᠨᠢᠭᠡᠴᠢ  ᠠᠴᠠ ᠡᠭᠦᠷᠭᠡᠯᠡᠬᠦ ᠬᠡᠷᠡᠭᠲᠡᠶ᠃ᠴᠢᠬᠤᠯᠠ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠳᠤ ᠠᠩᠬ᠎ᠠ ᠠᠯᠬᠤᠮ ᠤᠨ ᠵᠢᠷᠤᠭ ᠲᠥᠯᠥᠪᠯᠡᠭᠡ ᠬᠢᠬᠦ ᠪᠠ ᠪᠠᠷᠢᠯᠭ᠎ᠠ ᠶᠢᠨ ᠠᠵᠢᠯ ᠤᠨ ᠵᠢᠷᠤᠭ ᠤᠨ ᠵᠢᠷᠤᠭ ᠲᠥᠯᠥᠪᠯᠡᠭᠡ ᠬᠢᠬᠦ ᠬᠡᠷᠡᠭᠲᠡᠶ᠃ ᠡᠩ ᠤᠨ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠳᠤ ᠪᠠᠷᠢᠯᠭ᠎ᠠ ᠶᠢᠨ ᠠᠵᠢᠯ ᠤᠨ ᠵᠢᠷᠤᠭ ᠤᠨ ᠵᠢᠷᠤᠭ ᠲᠥᠯᠥᠪᠯᠡᠭᠡ ᠶᠢ ᠰᠢᠭᠤᠳ ᠬᠢᠵᠦ ᠪᠣᠯᠬᠤ ᠪᠦᠭᠡᠳ ᠣᠯᠠᠨ ᠲᠥᠷᠥᠯ ᠵᠦᠶᠯ ᠢ ᠬᠠᠮᠲᠤ ᠳᠤ ᠨᠢ ᠬᠢᠵᠦ ᠪᠣᠯᠤᠨ᠎ᠠ᠃ᠨᠡᠶᠢᠭᠡᠮ ᠠᠴᠠ ᠡᠳ᠋ ᠮᠥᠩᠭᠦ ᠪᠠᠷ ᠲᠤᠰᠠᠯᠠᠬᠤ᠂ ᠣᠯᠠᠨ ᠲᠦᠮᠡᠨ ᠬᠦᠴᠦ ᠬᠥᠳᠡᠯᠮᠦᠷᠢ ᠣᠷᠣᠭᠤᠯᠬᠤ ᠪᠠᠷ ᠭᠤᠣᠯ ᠪᠣᠯᠭᠠᠭᠰᠠᠨ ᠲᠣᠰᠬᠤᠨ ᠤ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠠᠷᠢᠯᠭ᠎ᠠ ᠶᠢᠨ ᠠᠵᠢᠯ ᠤᠨ ᠵᠢᠷᠤᠭ ᠤᠨ ᠵᠢᠷᠤᠭ ᠲᠥᠯᠦᠪᠯᠡᠭᠡᠨ ᠤ ᠪᠢᠴᠢᠭ ᠮᠠᠲ᠋ᠧᠷᠢᠶᠠᠯ ᠢ ᠬᠠᠩᠭᠠᠵᠤ ᠪᠣᠯᠤᠨ᠎ᠠ᠃ᠬᠤᠷᠢᠨ ᠬᠤᠶᠠᠳᠤᠭᠠᠷ ᠵᠦᠶᠯ᠂ ᠴᠢᠬᠤᠯᠠ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠤᠨ ᠪᠠᠷᠢᠯᠭ᠎ᠠ ᠶᠢᠨ ᠠᠵᠢᠯ ᠤᠨ ᠵᠢᠷᠤᠭ ᠤᠨ ᠵᠢᠷᠤᠭ ᠲᠥᠯᠥᠪᠯᠡᠭᠡᠨ ᠤ ᠪᠢᠴᠢᠭ ᠮᠠᠲ᠋ᠧᠷᠢᠶᠠᠯ ᠢ ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠤᠭᠰᠠ ᠬᠤᠲᠠ ᠶᠢᠨ ᠠᠷᠠᠳ ᠤᠨ ᠵᠠᠰᠠᠭ ᠤᠨ ᠣᠷᠳᠣᠨ  ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠥᠪᠰᠢᠶᠡᠷᠡᠵᠦ᠂ ᠡᠩ ᠤᠨ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠤᠨ ᠪᠠᠷᠢᠯᠭ᠎ᠠ ᠶᠢᠨ ᠠᠵᠢᠯ ᠤᠨ ᠵᠢᠷᠤᠭ ᠤᠨ ᠵᠢᠷᠤᠭ ᠲᠥᠯᠥᠪᠯᠡᠭᠡᠨ ᠤ ᠪᠢᠴᠢᠭ ᠮᠠᠲ᠋ᠧᠷᠢᠶᠠᠯ ᠢ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ  ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠥᠪᠰᠢᠶᠡᠷᠡᠬᠦ ᠬᠡᠷᠡᠭᠲᠡᠶ᠃ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠴᠢᠬᠤᠯᠠ ᠶᠡᠭᠡ ᠪᠤᠶᠤ ᠨᠡᠯᠢᠶᠡᠳ ᠶᠡᠭᠡ ᠵᠢᠷᠤᠭ ᠲᠥᠯᠥᠪᠯᠡᠭᠡ ᠶᠢ ᠬᠤᠪᠢᠷᠠᠭᠠᠬᠤ ᠳᠤ ᠤᠤᠯ ᠤᠨ ᠵᠥᠪᠰᠢᠶᠡᠷᠡᠭᠰᠡᠨ ᠪᠠᠶᠢᠭᠤᠯᠭ᠎ᠠ ᠳᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠶ᠃ᠬᠤᠷᠢᠨ ᠭᠤᠷᠪᠠᠳᠤᠭᠠᠷ ᠵᠦᠶᠯ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ  ᠶᠢᠨ ᠲᠥᠷᠥᠯ ᠵᠦᠶᠯ ᠨᠢ ᠵᠣᠬᠢᠴᠠᠩᠭᠤᠶ ᠬᠢᠷᠢ ᠬᠡᠮ ᠢ ᠪᠦᠷᠢᠳᠦᠭᠦᠯᠦᠭᠰᠡᠨ ᠨᠢᠭᠡᠴᠢ ᠶᠢ ᠰᠣᠩᠭᠤᠨ ᠪᠠᠷᠢᠯᠭ᠎ᠠ ᠶᠢᠨ ᠠᠵᠢᠯ ᠬᠢᠯᠭᠡᠬᠦ ᠬᠡᠷᠡᠭᠲᠡᠶ᠃ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠭᠰᠠᠨ ᠨᠥᠬᠦᠴᠡᠯ ᠳᠣᠣᠷ᠎ᠠ᠂ ᠲᠤᠰᠬᠠᠶ ᠮᠡᠷᠭᠡᠵᠢᠯ  ᠤᠨ ᠠᠵᠢᠯᠲᠠᠨ ᠤ ᠵᠢᠯᠣᠭᠤᠳᠤᠯᠭ᠎ᠠ ᠳᠣᠣᠷ᠎ᠠ ᠵᠠᠮ ᠳᠠᠭᠠᠤ ᠶᠢᠨ ᠭᠠᠴᠠᠭ᠎ᠠ ᠲᠣᠰᠬᠤᠨ ᠤ ᠠᠷᠠᠳ ᠢ ᠵᠣᠬᠢᠶᠠᠨ ᠪᠠᠶᠢᠭᠤᠯᠤᠨ ᠲᠣᠰᠬᠤᠨ ᠤ ᠵᠠᠮ ᠤᠨ ᠪᠦᠲᠦᠭᠡᠨ ᠪᠠᠶᠢᠭᠤᠯᠤᠯᠲᠠ ᠳᠤ ᠮᠡᠷᠭᠡᠵᠢᠯ ᠤᠨ ᠬᠦᠴᠢᠷᠳᠡᠯ ᠢᠶᠠᠷ ᠳᠣᠣᠷ᠎ᠠ ᠵᠠᠮ  ᠤᠨ ᠰᠠᠭᠤᠷᠢ ᠪᠠ ᠳᠠᠭᠠᠯᠲᠠ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠵᠤ ᠪᠣᠯᠤᠨ᠎ᠠ᠃ᠬᠤᠷᠢᠨ ᠳᠥᠷᠪᠡᠳᠦᠭᠡᠷ ᠵᠦᠶᠯ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ  ᠶᠢᠨ ᠲᠥᠷᠥᠯ ᠵᠦᠶᠯ ᠢ ᠵᠣᠬᠢᠴᠠᠩᠭᠤᠶ ᠪᠦᠬᠦᠢ ᠬᠢᠷᠢ ᠬᠡᠮ ᠲᠠᠢ ᠬᠢᠨᠠᠨ ᠬᠠᠮᠢᠶᠠᠷᠬᠤ ᠨᠢᠭᠡᠴᠢ ᠠᠴᠠ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠤᠨ ᠬᠤᠯᠪᠣᠭᠳᠠᠯ ᠪᠦᠬᠦᠢ ᠮᠡᠷᠭᠡᠵᠢᠯ ᠤᠨ ᠪᠠᠷᠢᠮᠵᠢᠶ᠎ᠠ᠂ ᠵᠢᠷᠤᠭ ᠲᠥᠯᠥᠪᠯᠡᠭᠡ ᠶᠢᠨ ᠪᠢᠴᠢᠭ ᠮᠠᠲ᠋ᠧᠷᠢᠶᠠᠯ ᠵᠡᠷᠭᠡ ᠶᠣᠰᠣᠭᠠᠷ ᠬᠢᠨᠠᠨ ᠬᠠᠮᠢᠶᠠᠷᠬᠤ ᠶᠢ ᠬᠡᠷᠡᠭᠵᠢᠭᠦᠯᠬᠦ ᠬᠡᠷᠡᠭᠲᠡᠶ᠃ᠬᠤᠷᠢᠨ ᠲᠠᠪᠤᠳᠤᠭᠠᠷ ᠵᠦᠶᠯ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠶᠯ ᠢ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠯᠭᠠᠨ ᠠᠪᠬᠤ ᠬᠡᠷᠡᠭᠲᠡᠶ᠃ ᠰᠢᠯᠭᠠᠨ ᠠᠪᠤᠭᠰᠠᠨ ᠤᠢᠭᠡᠢ ᠪᠤᠶᠤ ᠰᠢᠯᠭᠠᠨ ᠠᠪᠬᠤ ᠳᠤ ᠬᠢᠷᠢ ᠲᠡᠩᠴᠡᠭᠰᠡᠨ ᠤᠢᠭᠡᠢ ᠪᠠᠶᠢᠪᠠᠯ᠂ ᠲᠤᠰᠢᠶᠠᠨ ᠥᠭᠴᠦ ᠬᠡᠷᠡᠭᠯᠡᠭᠦᠯᠵᠦ ᠪᠣᠯᠬᠤ ᠤᠢᠭᠡᠢ᠃ ᠡᠩ ᠤᠨ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠵᠢᠯ ᠲᠤᠰᠢᠶᠠᠬᠤ᠂ ᠠᠵᠢᠯ ᠳᠠᠭᠤᠰᠤᠭᠰᠠᠨ  ᠢ ᠰᠢᠯᠭᠠᠨ ᠠᠪᠬᠤ ᠶᠢ ᠨᠡᠶᠢᠯᠡᠭᠦᠯᠦᠨ ᠶᠠᠪᠤᠭᠳᠠᠭᠤᠯᠵᠤ ᠪᠣᠯᠬᠤ ᠪᠦᠭᠡᠳ ᠣᠯᠠᠨ ᠲᠥᠷᠥᠯ ᠵᠦᠢᠯ ᠢ ᠬᠠᠮᠲᠤ ᠳᠤ ᠨᠢ ᠰᠢᠯᠭᠠᠨ ᠬᠤᠷᠢᠶᠠᠵᠤ ᠪᠣᠯᠤᠨ᠎ᠠ᠃ᠬᠤᠷᠢᠨ ᠵᠢᠷᠭᠤᠳᠤᠭᠠᠷ ᠵᠦᠶᠯ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ  ᠶᠢᠨ ᠲᠥᠷᠥᠯ ᠵᠦᠶᠯ ᠳᠤ ᠬᠤᠯᠪᠣᠭᠳᠠᠯ ᠪᠦᠬᠦᠢ ᠪᠠᠷᠢᠮᠵᠢᠶ᠎ᠠ ᠶᠣᠰᠣᠭᠠᠷ ᠵᠠᠮ ᠬᠠᠷᠢᠯᠴᠠᠭᠠᠨ ᠤ ᠠᠮᠤᠷ ᠲᠦᠪᠰᠢᠨ᠂ ᠰᠡᠷᠭᠡᠶᠢᠯᠡᠨ ᠬᠠᠮᠠᠭᠠᠯᠠᠬᠤ᠂ ᠤᠰᠤ ᠵᠠᠯᠠᠬᠤ᠂ ᠪᠡᠯᠭᠡ ᠲᠡᠮᠳᠡᠭ᠂ ᠲᠡᠮᠳᠡᠭ ᠵᠢᠷᠤᠭᠠᠰᠤ᠂ ᠲᠡᠷᠭᠡ ᠬᠦᠯᠢᠶᠡᠬᠦ ᠮᠤᠬᠤᠯᠠᠭ᠂ ᠬᠠᠮᠢᠶᠠᠷᠴᠤ ᠠᠷᠠᠴᠢᠯᠠᠨ ᠬᠠᠮᠠᠭᠠᠯᠠᠬᠤ ᠥᠷᠲᠡᠭᠡ ᠵᠡᠷᠭᠡ ᠳᠠᠭᠠᠯᠲᠠ ᠲᠦᠬᠦᠭᠡᠷᠦᠮᠵᠢ ᠲᠣᠬᠢᠷᠠᠭᠤᠯᠬᠤ ᠶᠢᠨ ᠬᠠᠮᠲᠤ᠂ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢᠨ ᠥᠪᠡᠷ ᠤᠨ ᠥᠷᠲᠡᠭ ᠲᠤ ᠣᠷᠣᠭᠤᠯᠵᠤ᠂ ᠭᠤᠤᠯ ᠴᠣᠭᠴᠠ ᠪᠠᠷᠢᠯᠭ᠎ᠠ ᠯᠤᠭ᠎ᠠ ᠵᠡᠷᠭᠡ ᠳᠤ ᠨᠢ ᠵᠢᠷᠤᠭᠯᠠᠨ ᠲᠥᠯᠥᠪᠯᠡᠵᠦ᠂ ᠵᠡᠷᠭᠡ ᠳᠤ ᠨᠢ ᠪᠠᠷᠢᠯᠭ᠎ᠠ ᠪᠠᠷᠢᠵᠤ᠂ ᠵᠡᠷᠭᠡ ᠳᠤ ᠨᠢ ᠠᠰᠢᠭᠯᠠᠯᠲᠠ ᠳᠤ ᠣᠷᠣᠭᠤᠯᠬᠤ ᠬᠡᠷᠡᠭᠲᠡᠶ᠃ ᠨᠢᠭᠡᠨᠲᠡ ᠪᠠᠶᠢᠭᠤᠯᠤᠭᠰᠠᠨ ᠰᠢᠶᠠᠨ ᠤ ᠵᠠᠮ᠂ ᠰᠢᠶᠠᠩ ᠤᠨ ᠵᠠᠮ ᠪᠣᠯᠤᠨ ᠠᠶᠠᠨᠴᠢᠳ ᠤᠨ ᠲᠡᠭᠡᠭᠡᠪᠦᠷᠢ ᠨᠡᠪᠲᠡᠷᠡᠬᠦ ᠲᠣᠰᠬᠤᠨ ᠤ ᠵᠠᠮ ᠢ᠂ ᠠᠯᠬᠤᠮ ᠠᠯᠬᠤᠮ ᠢᠶᠠᠷ ᠲᠡᠭᠦᠯᠳᠡᠷᠵᠢᠭᠦᠯᠬᠦ ᠬᠡᠷᠡᠭᠲᠡᠶ᠃ᠬᠤᠷᠢᠨ ᠳᠣᠯᠣᠳᠤᠭᠠᠷ ᠵᠦᠶᠯ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠢ ᠲᠣᠭᠲᠠᠭᠠᠯ ᠶᠣᠰᠣᠭᠠᠷ ᠨᠡᠷᠡᠶᠢᠳᠬᠦ ᠪᠠ ᠳ᠋ᠤᠭᠠᠷᠯᠠᠬᠤ ᠬᠡᠷᠡᠭᠲᠡᠶ᠃ᠰᠢᠶᠠᠨ ᠤ ᠵᠠᠮ ᠪᠣᠯᠤᠨ ᠰᠢᠶᠠᠩ ᠤᠨ ᠵᠠᠮ ᠤᠨ ᠨᠡᠷᠡᠶᠢᠳᠦᠯ ᠪᠣᠯᠤᠨ ᠳ᠋ᠤᠭᠠᠷ ᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ  ᠠᠴᠠ ᠲᠥᠷᠥ ᠶᠢᠨ ᠶᠠᠪᠤᠳᠠᠯ ᠤᠨ ᠬᠤᠷᠢᠶᠠᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠣᠭᠲᠠᠭᠠᠨ᠎ᠠ᠃ᠲᠣᠰᠬᠤᠨ ᠤ ᠵᠠᠮ ᠤᠨ ᠨᠡᠷᠡᠶᠢᠳᠦᠯ ᠪᠣᠯᠤᠨ ᠳ᠋ᠤᠭᠠᠷ ᠢ᠂ ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠯ ᠶᠣᠰᠣᠭᠠᠷ ᠲᠣᠭᠲᠠᠭᠠᠨ᠎ᠠ᠃ᠬᠤᠷᠢᠨ ᠨᠠᠶᠮᠠᠳᠤᠭᠠᠷ ᠵᠦᠶᠯ᠂ ᠲᠥᠷᠥᠯ ᠵᠦᠶᠯ ᠤᠨ ᠥᠮᠴᠢᠲᠡᠨ ᠨᠢ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠪᠠᠷᠢᠯᠭ᠎ᠠ ᠶᠢᠨ ᠮᠠᠲ᠋ᠧᠷᠢᠶᠠᠯ ᠢ ᠴᠤᠭᠯᠠᠭᠤᠯᠵᠤ᠂ ᠡᠮᠬᠢᠯᠡᠵᠦ᠂ ᠬᠠᠳᠠᠭᠠᠯᠠᠨ᠂ ᠪᠠᠷᠢᠯᠭ᠎ᠠ ᠶᠢᠨ ᠳᠠᠩᠰᠠ ᠡᠪᠬᠡᠮᠡᠯ ᠪᠠᠶᠢᠭᠤᠯᠵᠤ᠂ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠵᠤ ᠬᠠᠳᠠᠭᠠᠯᠠᠭᠤᠯᠬᠤ ᠬᠡᠷᠡᠭᠲᠡᠶ᠃ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠰᠠᠭᠤᠷᠢ ᠳ᠋ᠠᠶᠢᠲ᠋ᠠ ᠬᠥᠮᠥᠷᠭᠡ᠂ ᠡᠯᠧᠺᠲᠷᠣᠨ ᠭᠠᠵᠠᠷ ᠤᠨ ᠵᠢᠷᠤᠭ ᠵᠡᠷᠭᠡ ᠮᠡᠳᠡᠭᠡ ᠵᠠᠩᠭᠢ ᠶᠢ ᠲᠣᠭᠲᠠᠭᠠᠯ ᠶᠣᠰᠣᠭᠠᠷ ᠬᠢᠨᠠᠨ ᠪᠠᠶᠢᠴᠠᠭᠠᠬᠤ ᠪᠠ ᠰᠢᠨᠡᠳᠬᠡᠵᠦ᠂ ᠳ᠋ᠠᠶᠢᠲ᠋ᠠ ᠶᠢᠨ ᠦᠨᠡᠨ ᠪᠣᠳᠠᠲᠠᠶ ᠪᠥᠭᠡᠳ ᠣᠨᠣᠪᠴᠢᠲᠠᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ᠬᠤᠷᠢ ᠶᠢᠰᠦᠳᠦᠭᠡᠷ ᠵᠦᠶᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠢᠲᠡᠭᠡᠮᠵᠢ ᠶᠢᠨ ᠦᠨᠡᠯᠡᠬᠦ ᠰᠢᠰᠲ᠋ᠧᠮᠵᠢ ᠶᠢ ᠪᠠᠶᠢᠭᠤᠯᠵᠤ᠂ ᠪᠦᠲᠦᠭᠡᠨ ᠪᠠᠶᠢᠭᠤᠯᠬᠤ᠂ ᠬᠠᠮᠢᠶᠠᠷᠬᠤ᠂ ᠠᠷᠠᠴᠢᠯᠠᠨ ᠬᠠᠮᠠᠭᠠᠯᠠᠬᠤ᠂ ᠡᠵᠡᠩᠨᠡᠬᠦ ᠭᠤᠤᠯ ᠴᠣᠭᠴᠠ ᠶᠢᠨ ᠭᠡᠷ᠎ᠡ ᠪᠠᠨ ᠭᠦᠶᠴᠡᠳᠬᠡᠭᠰᠡᠨ ᠪᠠᠶᠢᠳᠠᠯ ᠢ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠠᠪᠴᠠᠩ ᠳᠤ ᠣᠷᠣᠭᠤᠯᠬᠤ ᠶᠢᠨ ᠬᠠᠮᠲᠤ᠂ ᠢᠲᠡᠭᠡᠮᠵᠢ ᠲᠠᠢ ᠪᠠᠶᠢᠬᠤ ᠶᠢ ᠬᠠᠮᠲᠤᠷᠠᠨ ᠤᠷᠮᠠᠰᠢᠭᠤᠯᠬᠤ ᠪᠠ ᠢᠲᠡᠭᠡᠮᠵᠢ ᠠᠯᠳᠠᠭᠰᠠᠨ ᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠬᠦ ᠬᠡᠷᠡᠭᠲᠡᠶ᠃ ᠠᠶᠢᠮᠠᠭ ᠤᠨ ᠵᠠᠬᠢᠷᠭ᠎ᠠ᠂ ᠲᠣᠭᠤᠷᠢᠭ ᠪᠠᠶᠢᠭᠤᠯᠤᠭᠰᠠᠨ ᠬᠤᠲᠠ ᠪᠣᠯᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠢᠲᠡᠭᠡᠮᠵᠢ ᠶᠢᠨ ᠦᠨᠡᠯᠡᠯᠲᠡ ᠬᠢᠬᠦ ᠠᠵᠢᠯ ᠢ ᠬᠠᠷᠢᠭᠤᠴᠠᠵᠤ᠂ ᠢᠲᠡᠭᠡᠮᠵᠢ ᠶᠢᠨ ᠦᠨᠡᠯᠡᠯᠲᠡ ᠬᠢᠭᠰᠡᠨ ᠪᠠᠶᠢᠳᠠᠯ ᠢ ᠲᠡᠮᠳᠡᠭᠯᠡᠬᠦ ᠶᠢᠨ ᠬᠠᠮᠲᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠨᠡᠶᠢᠭᠡᠮ ᠳᠤ ᠨᠡᠶᠢᠲᠡᠯᠡᠬᠦ ᠬᠡᠷᠡᠭᠲᠡᠶ᠃ᠳᠥᠷᠪᠡᠳᠦᠭᠡᠷ ᠪᠦᠯᠦᠭ ᠬᠠᠮᠢᠶᠠᠷᠤᠯᠲᠠᠭᠤᠴᠢᠳᠤᠭᠠᠷ ᠵᠦᠶᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠰᠢᠰᠲ᠋ᠧᠮᠵᠢ ᠪᠣᠯᠤᠨ ᠠᠵᠢᠯᠯᠠᠭᠠᠨ ᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠳᠤ ᠬᠢᠨᠠᠯᠲᠠ ᠲᠠᠯᠪᠢᠵᠤ ᠬᠠᠮᠢᠶᠠᠷᠬᠤ ᠪᠠᠨ ᠴᠢᠩᠭᠠᠳᠬᠠᠬᠤ ᠬᠡᠷᠡᠭᠲᠡᠶ᠃ᠭᠤᠴᠢᠨ ᠨᠢᠭᠡᠳᠦᠭᠡᠷ ᠵᠦᠶᠯ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠬᠠᠮᠢᠶᠠᠷᠤᠯᠲᠠ ᠳᠤ ᠵᠠᠮ ᠤᠨ ᠳᠠᠷᠤᠭ᠎ᠠ ᠶᠢᠨ ᠳᠦᠷᠢᠮ ᠢ ᠬᠡᠷᠡᠭᠵᠢᠭᠦᠯᠦᠨ᠎ᠡ᠃ ᠡᠯ᠎ᠡ ᠱᠠᠲᠤᠨ ᠤ ᠵᠠᠮ ᠤᠨ ᠳᠠᠷᠤᠭ᠎ᠠ ᠨᠢ ᠡᠭᠦᠷᠭᠡ ᠬᠠᠷᠢᠭᠤᠴᠠᠯᠭ᠎ᠠ  ᠪᠠᠨ ᠦᠨᠳᠦᠰᠦᠯᠡᠨ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠬᠠᠮᠢᠶᠠᠷᠴᠤ ᠠᠷᠠᠴᠢᠯᠠᠨ ᠬᠠᠮᠠᠭᠠᠯᠠᠬᠤ ᠵᠣᠬᠢᠴᠠᠩᠭᠤᠶ ᠪᠦᠬᠦᠢ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠵᠤ ᠤᠳᠤᠷᠢᠳᠤᠨ᠎ᠠ᠃ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ ᠨᠢ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠶᠡᠷᠦᠩᠬᠡᠶ ᠵᠠᠮ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠨ᠎ᠡ᠃ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠢ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠰᠢᠶᠠᠨ ᠤ ᠵᠠᠮ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠨ᠎ᠡ᠃ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠨᠢ ᠲᠤᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠰᠢᠶᠠᠩ ᠤᠨ ᠵᠠᠮ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠨ᠎ᠡ᠃ᠭᠠᠴᠠᠭ᠎ᠠ ᠲᠣᠰᠬᠤᠨ ᠤ ᠠᠷᠠᠳ ᠤᠨ ᠵᠥᠪᠯᠡᠯ ᠤᠨ ᠭᠤᠣᠯ ᠬᠠᠷᠢᠭᠤᠴᠠᠯᠭᠠᠲᠠᠨ ᠨᠢ ᠲᠣᠰᠬᠤᠨ ᠤ ᠵᠠᠮ ᠤᠨ ᠳᠠᠷᠤᠭ᠎ᠠ  ᠶᠢᠨ ᠲᠤᠰᠢᠶᠠᠯ ᠢ ᠡᠭᠦᠷᠭᠡᠯᠡᠨ᠎ᠡ᠃ᠭᠤᠴᠢᠨ ᠬᠤᠶᠠᠳᠤᠭᠠᠷ ᠵᠦᠶᠯ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠬᠤ ᠪᠠᠨ ᠴᠢᠩᠭᠠᠳᠬᠠᠬᠤ ᠬᠡᠷᠡᠭᠲᠡᠶ᠃ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠨᠢ ᠲᠤᠬᠠᠶ ᠶᠢᠨ ᠭᠠᠵᠠᠷ ᠤᠨ ᠲᠠᠷᠢᠶᠠᠴᠢᠨ ᠮᠠᠯᠴᠢᠨ ᠢ ᠤᠷᠢᠨ ᠬᠡᠷᠡᠭᠯᠡᠵᠦ ᠬᠠᠪᠰᠤᠷᠤᠨ ᠬᠠᠮᠢᠶᠠᠷᠤᠭᠴᠢ ᠪᠣᠯᠭᠠᠵᠤ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠬᠠᠮᠠᠭᠠᠯᠠᠯᠲᠠ ᠶᠢᠨ ᠠᠵᠢᠯ ᠢ ᠬᠠᠮᠵᠢᠨ ᠦᠷᠨᠢᠭᠦᠯᠵᠦ ᠪᠣᠯᠤᠨ᠎ᠠ᠃ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠨᠢ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠲᠠᠢ ᠬᠠᠮᠵᠢᠯᠴᠠᠨ ᠰᠢᠶᠠᠩ ᠤᠨ ᠵᠠᠮ᠂ ᠲᠣᠰᠬᠤᠨ  ᠤ ᠵᠠᠮ ᠢ ᠡᠪᠳᠡᠭᠰᠡᠨ ᠦᠢᠯᠡ ᠠᠵᠢᠯᠯᠠᠭ᠎ᠠ ᠳᠤ ᠲᠥᠯᠥᠪᠦᠷᠢ ᠨᠡᠬᠡᠬᠦ ᠬᠡᠷᠡᠭᠲᠡᠶ᠃ᠭᠤᠴᠢᠨ ᠭᠤᠷᠪᠠᠳᠤᠭᠠᠷ ᠵᠦᠶᠯ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠬᠤᠶᠠᠷ ᠲᠠᠯ᠎ᠠ ᠶᠢᠨ ᠬᠠᠵᠠᠭᠤ  ᠶᠢᠨ ᠭᠤᠤ ︵ᠤᠰᠤ ᠬᠤᠷᠢᠬᠤ ᠭᠤᠤ᠂ ᠪᠠᠯ ᠤᠨ ᠬᠤᠷᠮᠣᠢ ᠬᠠᠮᠠᠭᠠᠯᠠᠬᠤ ᠨᠠᠯᠠᠤ ᠵᠠᠮ︶ ᠶᠢᠨ ᠭᠠᠳᠠᠷ ᠬᠥᠪᠡᠭᠡ ᠠᠴᠠ ᠡᠬᠢᠯᠡᠨ 1 ᠮᠧᠲᠷ ᠠᠴᠠ ᠳᠤᠲᠠᠭᠤ ᠦᠭᠡᠢ ᠪᠣᠯ ᠵᠠᠰᠠᠮᠠᠯ ᠵᠠᠮ ᠤᠨ ᠬᠡᠷᠡᠭᠯᠡᠬᠦ ᠭᠠᠵᠠᠷ ᠪᠣᠯᠤᠨ᠎ᠠ︔ ᠵᠠᠰᠠᠮᠠᠯ ᠵᠠᠮ ᠤᠨ ᠬᠡᠷᠡᠭᠯᠡᠬᠦ ᠭᠠᠵᠠᠷ ᠤᠨ ᠭᠠᠳᠠᠷ ᠬᠦᠪᠡᠭᠡ ᠠᠴᠠ ᠡᠬᠢᠯᠡᠨ᠂ ᠰᠢᠶᠠᠨ ᠤ ᠵᠠᠮ ᠢ 10 ᠮᠧᠲᠷ ᠠᠴᠠ ᠳᠤᠲᠠᠭᠤ ᠦᠭᠡᠶ᠂ ᠰᠢᠶᠠᠩ ᠤᠨ ᠵᠠᠮ ᠢ 5 ᠮᠧᠲᠷ ᠠᠴᠠ ᠳᠤᠲᠠᠭᠤ ᠦᠭᠡᠶ᠂ ᠲᠣᠰᠬᠤᠨ ᠤ ᠵᠠᠮ ᠢ 3 ᠮᠧᠲᠷ ᠠᠴᠠ ᠳᠤᠲᠠᠭᠤ ᠦᠭᠡᠶ ᠪᠠᠷᠢᠮᠵᠢᠶ᠎ᠠ ᠶᠣᠰᠤᠭᠠᠷ ᠵᠠᠰᠠᠮᠠᠯ ᠵᠠᠮ ᠤᠨ ᠪᠠᠷᠢᠯᠭ᠎ᠠ ᠶᠢᠨ ᠡᠵᠡᠮᠳᠡᠬᠦ ᠲᠣᠭᠤᠷᠢᠭ ᠢ ᠬᠤᠪᠢᠶᠠᠷᠢᠯᠠᠨ ᠲᠣᠭᠲᠠᠭᠠᠨ᠎ᠠ᠃ᠭᠤᠴᠢᠨ ᠳᠥᠷᠪᠡᠳᠦᠭᠡᠷ ᠵᠦᠶᠯ᠂ ᠳᠣᠤᠷᠠᠬᠢ ᠮᠡᠲᠦ ᠪᠠᠷᠢᠯᠭ᠎ᠠ ᠶᠢᠨ ᠠᠵᠢᠯ ᠬᠢᠬᠦ ᠳᠤ ᠲᠣᠰᠬᠤᠨ ᠤ ᠵᠠᠮ ᠳᠤ ᠬᠤᠯᠪᠣᠭᠳᠠᠪᠠᠯ᠂ ᠪᠦᠲᠦᠭᠡᠨ ᠪᠠᠶᠢᠭᠤᠯᠬᠤ ᠨᠢᠭᠡᠴᠢ ᠨᠢ ᠤᠷᠢᠳᠠᠪᠠᠷ ᠬᠤᠯᠪᠣᠭᠳᠠᠯ ᠪᠦᠬᠦᠢ ᠰᠤᠮᠤ ᠰᠢᠶᠠᠩ ᠪᠠᠯᠭᠠᠰᠤ  ᠶᠢᠨ ᠠᠷᠠᠳ ᠤᠨ ᠵᠠᠰᠠᠭ ᠤᠨ ᠣᠷᠳᠣᠨ ᠪᠣᠯᠤᠨ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠤᠨ ᠰᠠᠨᠠᠯ ᠢ ᠬᠤᠷᠢᠶᠠᠬᠤ ᠶᠢᠨ ᠬᠠᠮᠲᠤ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠬᠦ ᠬᠡᠷᠡᠭᠲᠡᠶ᠄︵ᠨᠢᠭᠡ︶ ᠲᠡᠮᠦᠷ ᠵᠠᠮ᠂ ᠨᠢᠰᠬᠡᠯ ᠤᠨ ᠪᠠᠭᠤᠳᠠᠯ᠂ ᠴᠠᠬᠢᠯᠭᠠᠨ ᠬᠠᠩᠭᠠᠬᠤ᠂ ᠤᠰᠤᠨ ᠠᠰᠢᠭᠯᠠᠯᠲᠠ᠂ ᠰᠢᠲᠠᠮᠠᠬᠠᠶ ᠬᠡᠢ᠂ ᠴᠢᠮᠡᠭᠡ ᠬᠤᠯᠪᠣᠭ᠎ᠠ ᠵᠡᠷᠭᠡ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢ ᠪᠠᠶᠢᠭᠤᠯᠬᠤ ᠠᠴᠠ ᠪᠣᠯᠵᠤ ᠲᠣᠰᠬᠤᠨ ᠤ ᠵᠠᠮ ᠵᠢᠴᠢ ᠬᠡᠷᠡᠭᠯᠡᠬᠦ ᠭᠠᠵᠠᠷ ᠢ ᠨᠢ ᠡᠵᠡᠯᠡᠨ ᠬᠡᠷᠡᠭᠯᠡᠬᠦ᠂ ᠮᠠᠯᠲᠠᠬᠤ ᠪᠤᠶᠤ ᠲᠣᠰᠬᠤᠨ ᠤ ᠵᠠᠮ ᠢ ᠬᠤᠪᠢᠷᠠᠭᠤᠯᠬᠤ︔︵ᠬᠤᠶᠠᠷ︶ ᠲᠣᠰᠬᠤᠨ ᠤ ᠵᠠᠮ ᠢ ᠳᠠᠪᠠᠵᠤ ᠬᠥᠭᠦᠷᠭᠡ᠂ ᠰᠤᠪᠠᠭ ᠵᠠᠰᠠᠬᠤ ᠪᠤᠶᠤ ᠬᠤᠭᠤᠯᠠᠶ᠂ ᠴᠠᠬᠢᠯᠭᠠᠨ ᠳᠡᠭᠡᠰᠦ ᠵᠡᠷᠭᠡ ᠲᠦᠬᠦᠭᠡᠷᠦᠮᠵᠢ ᠶᠢ ᠲᠠᠲᠠᠬᠤ᠂ ᠪᠤᠯᠠᠵᠤ ᠲᠠᠯᠪᠢᠬᠤ︔︵ᠭᠤᠷᠪᠠ︶ ᠲᠤᠰᠬᠤᠨ ᠤ ᠵᠠᠮ ᠤᠨ ᠬᠡᠷᠡᠭᠯᠡᠬᠦ ᠭᠠᠵᠠᠷ ᠤᠨ ᠬᠡᠪᠴᠢᠶᠡᠨ ᠳᠣᠲᠣᠷ᠎ᠠ ᠬᠤᠭᠤᠯᠠᠢ᠂ ᠴᠠᠬᠢᠯᠭᠠᠨ ᠳᠡᠭᠡᠰᠦ ᠵᠡᠷᠭᠡ ᠲᠥᠬᠦᠭᠡᠷᠦᠮᠵᠢ ᠶᠢ ᠲᠠᠲᠠᠬᠤ᠂ ᠪᠤᠯᠠᠵᠤ ᠲᠠᠯᠪᠢᠬᠤ︔︵ᠳᠥᠷᠪᠡ︶ ᠲᠣᠰᠬᠤᠨ ᠤ ᠵᠠᠮ ᠤᠨ ᠬᠥᠭᠦᠷᠭᠡ᠂ ᠨᠦᠬᠡᠨ ᠵᠠᠮ᠂ ᠭᠤᠯᠳᠤᠩ ᠢ ᠠᠰᠢᠭᠯᠠᠨ ᠴᠠᠬᠢᠯᠭᠠᠨ ᠳᠡᠭᠡᠰᠦ ᠵᠡᠷᠭᠡ  ᠲᠦᠬᠦᠭᠡᠷᠦᠮᠵᠢ ᠶᠢ ᠳᠡᠪᠢᠰᠬᠦ︔︵ᠲᠠᠪᠤ︶ ᠲᠣᠰᠬᠤᠨ ᠤ ᠵᠠᠮ ᠠᠯᠤᠰᠯᠠᠭᠰᠠᠨ ᠲᠦᠬᠦᠭᠡᠷᠦᠮᠵᠢ ᠶᠢ ᠠᠰᠢᠭᠯᠠᠨ ᠵᠠᠰᠠᠮᠠᠯ ᠵᠠᠮ ᠤᠨ ᠪᠤᠰᠤ ᠲᠡᠮᠳᠡᠭ ᠢ ᠡᠯᠭᠦᠬᠦ︔  ︵ᠵᠢᠷᠭᠤᠭ᠎ᠠ︶ ᠲᠣᠰᠬᠤᠨ ᠤ ᠵᠠᠮ ᠤᠨ ᠪᠠᠷᠢᠯᠭ᠎ᠠ ᠶᠢᠨ ᠡᠵᠡᠮᠰᠢᠯ ᠤᠨ ᠣᠷᠣᠨ ᠳᠣᠲᠣᠷ᠎ᠠ ᠬᠤᠭᠤᠯᠠᠶ᠂ ᠴᠠᠬᠢᠯᠭᠠᠨ ᠳᠡᠭᠡᠰᠦ ᠵᠡᠷᠭᠡ ᠲᠦᠬᠦᠭᠡᠷᠦᠮᠵᠢ ᠶᠢ ᠪᠤᠯᠠᠵᠤ ᠲᠠᠯᠪᠢᠬᠤ︔ ︵ᠳᠣᠯᠤᠭ᠎ᠠ︶ ᠬᠠᠪᠲᠠᠭᠠᠶ ᠵᠠᠮ ᠤᠨ ᠠᠭᠤᠯᠵᠠᠷ ᠢ ᠥᠭᠡᠷᠡᠴᠢᠯᠡᠬᠦ᠃ᠡᠮᠦᠨᠡᠬᠢ ᠪᠠᠳᠠᠭ ᠲᠤ ᠲᠣᠭᠲᠠᠭᠠᠭᠰᠠᠨ ᠠᠵᠢᠯᠯᠠᠭ᠎ᠠ ᠨᠢ ᠵᠠᠮ ᠬᠠᠷᠢᠯᠴᠠᠭᠠᠨ ᠤ ᠠᠮᠤᠷ ᠲᠦᠪᠰᠢᠨ ᠢ ᠨᠥᠯᠥᠭᠡᠯᠡᠬᠦ ᠳᠤ ᠬᠦᠷᠪᠡᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠠᠬᠢ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠥᠪᠰᠢᠶᠡᠷᠡᠯ ᠢ ᠤᠯᠬᠤ ᠬᠡᠷᠡᠭᠲᠡᠢ᠃ᠭᠤᠴᠢᠨ ᠲᠠᠪᠤᠳᠤᠭᠠᠷ ᠵᠦᠶᠯ᠂ ᠲᠣᠰᠬᠤᠨ ᠤ ᠵᠠᠮ ᠵᠢᠴᠢ ᠪᠣᠰᠤᠳ ᠬᠡᠷᠡᠭᠯᠡᠬᠦ ᠭᠠᠵᠠᠷ ᠤᠨ ᠬᠡᠪᠴᠢᠶᠡᠨ ᠳᠤ ᠳᠣᠤᠷᠠᠬᠢ ᠮᠡᠲᠦ ᠦᠢᠯᠡ ᠠᠵᠢᠯᠯᠠᠭ᠎ᠠ ᠶᠢ ᠬᠢᠵᠦ ᠪᠣᠯᠬᠤ ᠦᠭᠡᠶ᠄︵ᠨᠢᠭᠡ︶ ᠬᠠᠷᠰᠢ ᠰᠠᠭᠠᠳ ᠲᠠᠯᠪᠢᠬᠤ᠂ ᠳᠠᠭᠠᠯᠲᠠ ᠲᠥᠬᠦᠭᠡᠷᠦᠮᠵᠢ ᠶᠢ ᠡᠪᠳᠡᠬᠦ ᠪᠤᠶᠤ ᠳᠤᠷ᠎ᠠ ᠪᠠᠷ ᠢᠶᠠᠨ ᠰᠢᠯᠵᠢᠭᠦᠯᠬᠦ᠂ ᠪᠠᠯᠠᠯᠤᠨ ᠵᠠᠰᠠᠬᠤ︔ ︵ᠬᠤᠶᠠᠷ︶ ᠤᠰᠤ ᠨᠡᠮᠡᠬᠦ ᠥᠷᠲᠡᠭᠡ᠂ ᠲᠣᠰᠣ ᠨᠡᠮᠡᠬᠦ ᠥᠷᠲᠡᠭᠡ᠂ ᠲᠡᠷᠭᠡᠨ ᠵᠣᠭᠰᠣᠭᠠᠯ᠂ ᠲᠡᠷᠭᠡ ᠤᠬᠢᠶᠠᠬᠤ ᠲᠠᠯᠠᠪᠠᠶ᠂ ᠲᠡᠷᠭᠡ ᠵᠠᠰᠠᠬᠤ ᠦᠶᠯᠡᠳᠪᠦᠷᠢ ᠪᠣᠯᠤᠨ ᠵᠠᠷ ᠮᠡᠳᠡᠭᠡ ᠶᠢᠨ ᠫᠠᠶᠢᠰᠠ ᠵᠡᠷᠭᠡ ᠲᠦᠬᠦᠭᠡᠷᠦᠮᠵᠢ ᠪᠠᠶᠢᠷᠢᠯᠠᠭᠤᠯᠬᠤ ︵ᠭᠤᠷᠪᠠ︶ ᠰᠦᠢᠳᠬᠡᠯ ᠬᠤᠷᠢᠶᠠᠬᠤ᠂ ᠬᠠᠤᠯᠢ ᠪᠤᠰᠤ ᠪᠠᠷ ᠬᠤᠷᠢᠭ᠎ᠠ ᠲᠠᠯᠪᠢᠬᠤ︔ ︵ᠳᠥᠷᠪᠡ︶ ᠵᠠᠮ ᠳᠠᠭᠠᠤ ᠶᠢᠨ ᠨᠣᠭᠤᠭᠠᠷᠠᠭᠤᠯᠤᠯᠲᠠ ᠶᠢᠨ ᠮᠣᠳᠣ ᠶᠢ ᠳᠤᠷ᠎ᠠ ᠪᠠᠷ ᠢᠶᠠᠨ ᠣᠭᠲᠣᠯᠬᠤ︔ ︵ᠲᠠᠪᠤ︶ ᠲᠡᠮᠦᠷ ᠬᠦᠷᠳᠦᠲᠦ ᠲᠡᠷᠭᠡ᠂ ᠭᠢᠨᠵᠢᠲᠦ ᠲᠡᠷᠭᠡ ᠪᠠ ᠵᠠᠰᠠᠮᠠᠯ ᠵᠠᠮ ᠤᠨ ᠭᠠᠳᠠᠷᠭᠤ ᠶᠢ ᠡᠪᠳᠡᠵᠦ ᠮᠡᠳᠡᠬᠦ ᠪᠤᠰᠤᠳ ᠮᠠᠰᠢᠨ ᠪᠠᠭᠠᠵᠢ ᠪᠠᠷ ᠲᠣᠰᠬᠤᠨ ᠤ ᠵᠠᠮ ᠳᠡᠭᠡᠷ᠎ᠡ ᠶᠠᠪᠤᠬᠤ︔ ︵ᠵᠢᠷᠭᠤᠭ᠎ᠠ︶ ᠲᠣᠰᠬᠤᠨ ᠤ ᠵᠠᠮ ᠤᠨ ᠵᠠᠰᠠᠮᠠᠯ ᠵᠠᠮ ᠤᠨ ᠬᠡᠷᠡᠭᠯᠡᠬᠦ ᠭᠠᠵᠠᠷ ᠤᠨ ᠭᠠᠳᠠᠷ ᠬᠦᠪᠡᠭᠡ ᠠᠴᠠ ᠡᠬᠢᠯᠡᠨ ᠭᠠᠳᠠᠭᠰᠢ 50 ᠮᠧᠲᠷ ᠤᠨ ᠬᠡᠪᠴᠢᠶᠡᠨ ᠳᠣᠲᠣᠷ᠎ᠠ ᠬᠠᠶᠢᠷ ᠮᠠᠯᠲᠠᠬᠤ᠂ ᠠᠭᠤᠷᠬᠠᠶ ᠮᠠᠯᠲᠠᠬᠤ᠂ ᠴᠢᠯᠠᠭᠤ ᠭᠠᠷᠭᠠᠬᠤ᠂ ᠰᠢᠷᠣᠶ ᠠᠪᠬᠤ᠂ ᠬᠠᠶᠠᠭᠳᠠᠮᠠᠯ ᠡᠳ᠋ ᠴᠢᠳᠬᠤᠬᠤ᠂ ᠳᠡᠯᠪᠡᠴᠢᠬᠦ ᠠᠵᠢᠯ ᠬᠢᠬᠦ ᠪᠠ ᠪᠣᠰᠤᠳ ᠵᠠᠰᠠᠮᠠᠯ ᠵᠠᠮ ᠤᠨ ᠠᠮᠤᠷ ᠲᠥᠪᠰᠢᠨ ᠳᠤ ᠬᠥᠨᠥᠭᠡᠯ ᠤᠴᠠᠷᠠᠭᠤᠯᠬᠤ ᠠᠵᠢᠯᠯᠠᠭ᠎ᠠ ᠬᠢᠬᠦ︔ ︵ᠳᠣᠯᠤᠭ᠎ᠠ︶ ᠳᠡᠯᠭᠡᠨ ᠬᠤᠳᠠᠯᠳᠤᠬᠤ ᠴᠡᠭ ᠪᠠᠶᠢᠭᠤᠯᠬᠤ᠂ ᠡᠳ᠋ ᠪᠣᠳᠠᠰ ᠣᠪᠣᠭᠠᠯᠠᠬᠤ᠂ ᠬᠤᠭ ᠨᠣᠪᠰᠢ ᠬᠠᠶᠠᠬᠤ᠂ ᠰᠤᠪᠠᠭ ᠮᠠᠯᠲᠠᠵᠤ ᠤᠰᠤ ᠲᠠᠲᠠᠬᠤ᠂ ᠦᠲᠦᠷᠮ᠎ᠡ ᠠᠪᠴᠤ ᠠᠮᠤ ᠪᠤᠳᠠᠭ᠎ᠠ ᠬᠠᠳᠠᠭᠠᠬᠤ᠂ ᠲᠠᠷᠢᠮᠠᠯ ᠲᠠᠷᠢᠬᠤ᠂ ᠮᠠᠯ ᠬᠠᠷᠢᠭᠤᠯᠬᠤ᠂ ᠡᠳ᠋ ᠪᠣᠳᠠᠰ ᠰᠢᠲᠠᠭᠠᠬᠤ᠂ ᠵᠠᠰᠠᠮᠠᠯ ᠵᠠᠮ ᠤᠨ ᠬᠠᠵᠠᠭᠤ ᠶᠢᠨ ᠭᠤᠤ ᠶᠢ ᠠᠰᠢᠭᠯᠠᠨ ᠪᠣᠬᠢᠷ ᠪᠣᠳᠠᠰ ᠭᠠᠳᠠᠭᠰᠢᠯᠠᠭᠤᠯᠬᠤ︔ ︵ᠨᠠᠶᠮᠠ︶ ᠲᠣᠰᠬᠤᠨ ᠤ ᠵᠠᠮ ᠢ ᠲᠡᠷᠭᠡᠨ ᠤ ᠲᠣᠷᠮᠣᠰᠯᠠᠬᠤ ᠴᠢᠳᠠᠮᠵᠢ ᠶᠢ ᠰᠢᠯᠭᠠᠬᠤ ᠲᠡᠷᠭᠡ ᠲᠤᠷᠰᠢᠬᠤ ᠲᠠᠯᠠᠪᠤᠷ ᠪᠣᠯᠭᠠᠬᠤ︔ ︵ᠶᠢᠰᠦ︶ ᠲᠣᠰᠬᠤᠨ ᠤ ᠵᠠᠮ ᠢ ᠡᠵᠡᠯᠡᠬᠦ᠂ ᠡᠪᠳᠡᠬᠦ᠂ ᠡᠪᠳᠡᠯᠡᠬᠦ᠂ ᠲᠣᠰᠬᠤᠨ ᠤ ᠵᠠᠮ ᠤᠨ ᠠᠮᠤᠷ ᠲᠦᠪᠰᠢᠨ ᠳᠤ ᠠᠶᠤᠯ ᠤᠴᠠᠷᠠᠭᠤᠯᠬᠤ ᠪᠤᠰᠤᠳ ᠦᠢᠯᠡ ᠠᠵᠢᠯᠯᠠᠭ᠎ᠠ᠃ᠲᠠᠷᠢᠶᠠᠯᠠᠩ ᠤᠨ ᠮᠧᠬᠠᠨᠢᠭ ᠨᠢ ᠲᠤᠬᠠᠢ ᠶᠢᠨ ᠭᠠᠵᠠᠷ ᠤᠨ ᠲᠠᠷᠢᠶᠠᠨ ᠠᠵᠢᠯ ᠤᠨ ᠬᠡᠷᠡᠭᠴᠡᠭᠡ ᠠᠴᠠ ᠪᠤᠯᠵᠤ ᠲᠣᠰᠬᠤᠨ  ᠤ ᠵᠠᠮ ᠢᠶᠠᠷ ᠤᠢᠢᠷ᠎ᠠ ᠵᠠᠢ ᠳᠤ ᠶᠠᠪᠤᠬᠤ ᠪᠤᠶᠤ ᠴᠡᠷᠢᠭ ᠤᠨ ᠬᠡᠷᠡᠭᠯᠡᠭᠡᠨ ᠤ ᠲᠡᠷᠭᠡ ᠬᠦᠰᠬᠡ ᠨᠢ ᠡᠭᠦᠷᠭᠡ ᠭᠦᠢᠴᠡᠳᠬᠡᠬᠦ ᠳᠤ ᠲᠣᠰᠬᠤᠨ ᠤ ᠵᠠᠮ ᠢᠶᠠᠷ ᠶᠠᠪᠤᠬᠤ ᠴᠢᠬᠤᠯᠠᠲᠠᠢ ᠪᠠᠶᠢᠪᠠᠯ᠂ ᠡᠮᠦᠨᠡᠬᠢ ᠪᠠᠳᠠᠭ ᠤᠨ ᠲᠠᠪᠤᠳᠤᠭᠠᠷ ᠵᠤᠷᠪᠤᠰ ᠲᠤ ᠬᠢᠵᠠᠭᠠᠷᠯᠠᠭᠳᠠᠬᠤ ᠦᠭᠡᠢ ᠪᠠᠶᠢᠵᠤ ᠪᠣᠯᠤᠨ᠎ᠠ᠂ ᠭᠡᠪᠡᠴᠦ ᠠᠶᠤᠯᠭᠦᠢ ᠶᠢᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠠᠪᠬᠤ ᠬᠡᠷᠡᠭᠲᠡᠢ᠃ ᠲᠣᠰᠬᠤᠨ ᠤ ᠵᠠᠮ ᠳᠤ ᠬᠤᠬᠢᠷᠠᠯ ᠤᠴᠠᠷᠠᠭᠤᠯᠤᠭᠰᠠᠨ ᠪᠣᠯ ᠬᠤᠬᠢᠷᠠᠭᠰᠠᠨ ᠬᠡᠮᠵᠢᠶ᠎ᠡ  ᠪᠠᠷ ᠨᠢ ᠨᠥᠬᠦᠪᠥᠷᠢ ᠥᠭᠴᠦ᠂ ᠬᠠᠮᠢᠶ᠎ᠠ ᠪᠦᠬᠦᠢ ᠨᠥᠬᠦᠪᠥᠷᠢ ᠵᠠᠷᠤᠳᠠᠯ ᠢ ᠲᠣᠰᠬᠤᠨ ᠤ ᠵᠠᠮ ᠢ ᠰᠡᠷᠭᠦᠭᠡᠬᠦ ᠳᠤ ᠬᠡᠷᠡᠭᠯᠡᠬᠦ ᠬᠡᠷᠡᠭᠲᠡᠶ᠃ᠭᠤᠴᠢᠨ ᠵᠢᠷᠭᠤᠳᠤᠭᠠᠷ ᠵᠦᠶᠯ᠂ ᠬᠠᠤᠯᠢ ᠠᠴᠠ ᠵᠥᠷᠢᠴᠡᠨ ᠬᠡᠮᠵᠢᠶ᠎ᠡ ᠠᠴᠠ ᠬᠡᠲᠦᠷᠡᠭᠦᠯᠦᠭᠰᠡᠨ ᠲᠡᠭᠡᠭᠡᠪᠦᠷᠢ ᠶᠢᠨ ᠲᠡᠷᠭᠡ ᠬᠥᠰᠬᠡ ᠪᠣᠯᠤᠨ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠲᠠᠭᠠᠭᠠᠴᠠ ᠶᠢ ᠬᠢᠵᠠᠭᠠᠷᠯᠠᠬᠤ᠂ ᠥᠨᠳᠥᠷ ᠢ ᠬᠢᠵᠠᠭᠠᠷᠯᠠᠬᠤ᠂ ᠥᠷᠭᠡᠨ ᠢ ᠬᠢᠵᠠᠭᠠᠷᠯᠠᠬᠤ᠂ ᠤᠷᠲᠤ ᠶᠢ ᠬᠢᠵᠠᠭᠠᠷᠯᠠᠬᠤ ᠪᠠᠷᠢᠮᠵᠢᠶ᠎ᠠ ᠠᠴᠠ ᠬᠡᠲᠦᠷᠡᠭᠦᠯᠦᠭᠰᠡᠨ ᠲᠡᠷᠭᠡ ᠬᠥᠰᠬᠡ ᠨᠢ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠢᠶᠠᠷ ᠶᠠᠪᠤᠵᠤ ᠪᠣᠯᠬᠤ ᠦᠭᠡᠶ᠃ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠬᠦᠨᠳᠦ ᠠᠴᠢᠶᠠᠯᠠᠬᠤ ᠲᠡᠷᠭᠡ ᠬᠥᠰᠬᠡ ᠨᠢ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠢᠶᠠᠷ ᠨᠡᠪᠲᠡᠷᠡᠬᠦ ᠴᠢᠬᠤᠯᠠᠲᠠᠢ ᠪᠣᠯ᠂ ᠪᠦᠲᠦᠭᠡᠨ ᠪᠠᠶᠢᠭᠤᠯᠤᠯᠲᠠ ᠶᠢᠨ ᠨᠢᠭᠡᠴᠢ ᠨᠢ ᠲᠡᠷᠭᠡ ᠶᠠᠪᠤᠭᠤᠯᠬᠤ ᠵᠠᠮ ᠱᠤᠭᠤᠮ ᠢ ᠵᠦᠢ ᠵᠣᠬᠢᠰᠲᠠᠶ ᠲᠥᠯᠥᠪᠵᠢᠭᠦᠯᠵᠦ᠂ ᠲᠡᠷᠭᠡ ᠬᠥᠰᠬᠡ ᠶᠢᠨ ᠳᠠᠭᠠᠭᠠᠴᠠ ᠶᠢ ᠬᠢᠵᠠᠭᠠᠷᠯᠠᠨ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠶᠠᠰᠤ ᠴᠢᠨᠠᠷ ᠤᠨ ᠠᠮᠤᠷ ᠲᠥᠪᠰᠢᠨ ᠤ ᠲᠠᠯ᠎ᠠ  ᠪᠠᠷ ᠬᠢ ᠨᠥᠯᠥᠭᠡ ᠶᠢ ᠪᠠᠭᠠᠰᠬᠠᠵᠤ᠂ ᠪᠠᠷᠢᠯᠭ᠎ᠠ ᠪᠠᠷᠢᠬᠤ ᠠᠴᠠ ᠡᠮᠦᠨ᠎ᠡ ᠨᠡᠪᠲᠡᠷᠡᠬᠦ ᠵᠠᠮ ᠤᠨ ᠬᠡᠰᠡᠭ ᠤᠨ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠬᠠᠷᠢᠭᠤᠴᠠᠯᠭ᠎ᠠ ᠶᠢᠨ ᠭᠤᠣᠯ ᠴᠣᠭᠴᠠ  ᠯᠤᠭ᠎ᠠ ᠵᠠᠰᠠᠵᠤ ᠰᠡᠷᠭᠦᠭᠡᠬᠦ᠂ ᠨᠥᠬᠦᠪᠥᠷᠢ ᠥᠭᠬᠦ ᠵᠡᠷᠭᠡ ᠵᠥᠪᠯᠡᠯᠴᠡᠭᠡᠷ ᠲᠣᠭᠲᠠᠬᠤ ᠬᠡᠷᠡᠭᠲᠡᠶ᠃ᠭᠤᠴᠢᠨ ᠳᠣᠯᠣᠳᠤᠭᠠᠷ ᠵᠦᠶᠯ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠠᠷᠠᠭ᠎ᠠ ᠶᠢᠨ ᠲᠡᠭᠡᠭᠡᠪᠦᠷᠢ ᠶᠢᠨ ᠢᠷᠡᠯᠲᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠠᠵᠢᠯ ᠢ ᠴᠢᠩᠭᠠᠳᠬᠠᠨ᠂ ᠵᠠᠮ ᠬᠠᠷᠢᠯᠴᠠᠭ᠎ᠠ ᠲᠡᠭᠡᠭᠡᠪᠦᠷᠢ᠂ ᠳᠣᠲᠣᠭᠠᠳᠤ ᠶᠢ ᠬᠠᠮᠠᠭᠠᠯᠠᠬᠤ᠂ ᠠᠵᠤ ᠦᠶᠯᠡᠳᠪᠦᠷᠢ ᠪᠣᠯᠤᠨ ᠮᠡᠳᠡᠭᠡ ᠵᠠᠩᠭᠢᠴᠢᠯᠠᠯᠲᠠ᠂ ᠣᠷᠣᠨ ᠰᠠᠭᠤᠴᠠ ᠪᠣᠯᠤᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠪᠠᠶᠢᠭᠠᠯᠢ ᠶᠢᠨ ᠡᠬᠢ ᠪᠠᠶᠠᠯᠢᠭ᠂ ᠤᠰᠤᠨ ᠤ ᠵᠠᠰᠠᠭ ᠵᠠᠬᠢᠷᠭᠠᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠢ ᠵᠣᠬᠢᠶᠠᠨ ᠪᠠᠶᠢᠭᠤᠯᠤᠨ ᠪᠠᠷᠠᠭ᠎ᠠ ᠶᠢᠨ ᠲᠡᠭᠡᠭᠡᠪᠦᠷᠢ ᠶᠢᠨ ᠢᠷᠡᠯᠲᠡ ᠶᠢᠨ ᠨᠢᠭᠡᠴᠢ ᠶᠢᠨ ᠪᠠᠷᠠᠭ᠎ᠠ ᠠᠴᠢᠶᠠᠯᠠᠬᠤ ᠭᠤᠭᠴᠤᠭ᠎ᠠ ᠳᠤ ᠬᠢᠨᠠᠯᠲᠠ ᠲᠠᠯᠪᠢᠵᠤ ᠪᠠᠶᠢᠴᠠᠭᠠᠬᠤ ᠬᠡᠷᠡᠭᠲᠡᠶ᠃ᠭᠤᠴᠢᠨ ᠨᠠᠶᠮᠠᠳᠤᠭᠠᠷ ᠵᠦᠶᠯ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤ ᠶᠢᠨ ᠠᠷᠠᠳ  ᠤᠨ ᠵᠠᠰᠠᠭ ᠤᠨ ᠣᠷᠳᠣᠨ ᠨᠢ ᠰᠢᠶᠠᠩ ᠤᠨ ᠵᠠᠮ᠂ ᠲᠣᠰᠬᠤᠨ ᠤ ᠵᠠᠮ ᠤᠨ ᠬᠡᠷᠡᠭᠴᠡᠭᠡ ᠶᠢ ᠦᠨᠳᠦᠰᠦᠯᠡᠨ᠂ ᠠᠮᠤᠷ ᠲᠦᠪᠰᠢᠨ ᠨᠡᠪᠲᠡᠷᠡᠬᠦ ᠪᠠ ᠭᠠᠯ ᠤᠨᠲᠠᠷᠠᠭᠠᠬᠤ᠂ ᠡᠷᠡᠭᠦᠯ ᠬᠠᠮᠠᠭᠠᠯᠠᠯ ᠤᠨ ᠲᠦᠷᠭᠡᠨ ᠠᠪᠤᠷᠠᠬᠤ ᠵᠡᠷᠭᠡ ᠪᠠᠴᠢᠮ ᠪᠠᠶᠢᠳᠠᠯ ᠢ ᠠᠷᠭᠠᠴᠠᠭᠠᠬᠤ ᠬᠡᠷᠡᠭᠴᠡᠭᠡ ᠶᠢ ᠪᠠᠲᠤᠯᠠᠭᠰᠠᠨ ᠤᠷᠢᠲᠠᠯ ᠳᠣᠤᠷ᠎ᠠ᠂ ᠰᠢᠶᠠᠩ ᠤᠨ ᠵᠠᠮ᠂ ᠲᠣᠰᠬᠤᠨ ᠤ ᠵᠠᠮ  ᠤᠨ ᠣᠷᠤᠴᠠ ᠭᠠᠷᠴᠠ ᠳᠤ ᠬᠠᠤᠯᠢ ᠶᠣᠰᠣᠭᠠᠷ ᠴᠢᠬᠤᠯᠠ ᠪᠦᠬᠦᠢ ᠥᠨᠳᠥᠷ ᠢ ᠬᠢᠵᠠᠭᠠᠷᠯᠠᠬᠤ᠂ ᠥᠷᠭᠡᠨ ᠢ ᠬᠢᠵᠠᠭᠠᠷᠯᠠᠬᠤ ᠲᠦᠬᠦᠭᠡᠷᠦᠮᠵᠢ ᠶᠢ ᠲᠣᠬᠢᠷᠠᠭᠤᠯᠵᠤ ᠪᠣᠯᠤᠨ᠎ᠠ᠃ ᠥᠨᠳᠥᠷ ᠢ ᠬᠢᠵᠠᠭᠠᠷᠯᠠᠬᠤ᠂ ᠥᠷᠭᠡᠨ ᠢ ᠬᠢᠵᠠᠭᠠᠷᠯᠠᠬᠤ ᠲᠥᠬᠦᠭᠡᠷᠦᠮᠵᠢ ᠨᠢ ᠢᠯᠡᠷᠬᠡᠢ ᠲᠡᠮᠳᠡᠭ ᠪᠠ ᠰᠥᠨᠢ ᠪᠠᠷ ᠭᠡᠷᠡᠯ ᠣᠶᠢᠯᠠᠭᠠᠭᠴᠢ ᠲᠠᠢ ᠪᠠᠶᠢᠬᠤ ᠬᠡᠷᠡᠭᠲᠡᠢ᠃ᠥᠨᠳᠥᠷ ᠢ ᠬᠢᠵᠠᠭᠠᠷᠯᠠᠬᠤ᠂ ᠥᠷᠭᠡᠨ ᠢ ᠬᠢᠵᠠᠭᠠᠷᠯᠠᠬᠤ ᠤᠶᠤᠨᠲᠤ ᠲᠦᠬᠦᠭᠡᠷᠦᠮᠵᠢ ᠪᠠᠶᠢᠷᠢᠯᠠᠭᠤᠯᠬᠤ ᠶᠢ ᠵᠣᠷᠢᠭᠵᠢᠭᠤᠯᠤᠨ᠎ᠠ  ᠃ᠲᠠᠪᠤᠳᠤᠭᠠᠷ ᠪᠦᠯᠦᠭ ᠠᠷᠠᠴᠢᠯᠠᠨ ᠬᠠᠮᠠᠭᠠᠯᠠᠬᠤᠭᠤᠴᠢ ᠶᠢᠰᠦᠳᠦᠭᠡᠷ ᠵᠦᠶᠯ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ︽ᠰᠢᠶᠠᠨ ᠤ ᠵᠠᠮ ᠢ ᠰᠢᠶᠠᠨ ᠠᠴᠠ ᠬᠠᠮᠢᠶᠠᠷᠬᠤ᠂ ᠰᠢᠶᠠᠩ ᠲᠣᠰᠬᠤᠨ ᠤ ᠵᠠᠮ ᠢ ᠰᠢᠶᠠᠩ ᠲᠣᠰᠬᠤᠨ ᠠᠴᠠ ᠬᠠᠮᠢᠶᠠᠷᠬᠤ︾ ᠵᠠᠷᠴᠢᠮ  ᠤᠨ ᠶᠣᠰᠣᠭᠠᠷ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ᠃ᠳᠥᠴᠢᠳᠦᠭᠡᠷ ᠵᠦᠶᠯ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠳᠤ ᠬᠠᠮᠢᠶ᠎ᠠ ᠪᠦᠬᠦᠢ ᠮᠡᠷᠭᠡᠵᠢᠯ ᠤᠨ ᠵᠢᠷᠤᠮᠵᠢᠯ ᠪᠣᠯᠤᠨ ᠠᠵᠢᠯᠯᠠᠬᠤ ᠳᠦᠷᠢᠮ ᠤᠨ ᠶᠣᠰᠣᠭᠠᠷ ᠶᠠᠪᠤᠭᠳᠠᠭᠤᠯᠵᠤ᠂ ᠵᠠᠮ ᠤᠨ ᠰᠠᠭᠤᠷᠢ᠂ ᠬᠦᠪᠡᠭᠡᠨ ᠨᠠᠯᠠᠤ ᠤᠨ ᠲᠣᠭᠲᠠᠭᠤᠨ ᠪᠠᠶᠢᠬᠤ᠂ ᠵᠠᠮ ᠤᠨ ᠭᠠᠳᠠᠷᠭᠤ᠂ ᠪᠦᠲᠦᠴᠡ ᠡᠳ᠋ ᠪᠦᠷᠢᠨ ᠪᠦᠲᠦᠨ ᠪᠠᠶᠢᠬᠤ ᠶᠢ ᠪᠠᠲᠤᠯᠠᠵᠤ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠮᠡᠷᠭᠡᠵᠢᠯ ᠤᠨ ᠰᠠᠶᠢᠨ ᠰᠠᠶᠢᠬᠠᠨ ᠪᠠᠶᠢᠳᠠᠯ ᠲᠠᠢ ᠪᠠᠶᠢᠬᠤ ᠶᠢ ᠪᠠᠲᠤᠯᠠᠬᠤ ᠬᠡᠷᠡᠭᠲᠡᠶ᠃ ᠳᠥᠴᠢᠨ ᠨᠢᠭᠡᠳᠦᠭᠡᠷ ᠵᠦᠶᠯ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠳᠤ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ ᠬᠢᠭᠡᠳ ᠲᠥᠪᠯᠡᠷᠡᠭᠦᠯᠦᠨ ᠠᠷᠠᠴᠢᠯᠠᠨ ᠬᠠᠮᠠᠭᠠᠯᠠᠬᠤ᠂ ᠣᠯᠠᠨ ᠲᠦᠮᠡᠨ ᠠᠷᠠᠴᠢᠯᠠᠨ ᠬᠠᠮᠠᠭᠠᠯᠠᠬᠤ ᠬᠢᠭᠡᠳ ᠲᠤᠰᠬᠠᠶ ᠠᠷᠠᠴᠢᠯᠠᠨ ᠬᠠᠮᠠᠭᠠᠯᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠶᠢ ᠲᠤᠰᠬᠠᠶᠢᠵᠢᠭᠤᠯᠬᠤ᠂ ᠵᠠᠬ᠎ᠠ ᠳᠡᠯᠭᠡᠭᠦᠷᠴᠢᠯᠡᠬᠦ ᠶᠢ ᠲᠦᠯᠬᠢᠨ ᠠᠬᠢᠭᠤᠯᠬᠤ ᠬᠡᠷᠡᠭᠲᠡᠶ᠃ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠲᠤᠰᠬᠠᠶ ᠠᠵᠢᠯ ᠤᠨ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠥᠷᠨᠢᠭᠦᠯᠬᠦ ᠶᠢ ᠵᠣᠷᠢᠭᠵᠢᠭᠤᠯᠤᠨ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠲᠣᠬᠢᠷᠠᠭᠤᠯᠬᠤ᠂ ᠬᠤᠪᠢ ᠬᠥᠮᠦᠨ ᠪᠤᠶᠤ ᠭᠡᠷ ᠪᠦᠯᠢ ᠬᠡᠰᠡᠭ ᠬᠤᠪᠢᠶᠠᠨ ᠳᠠᠭᠠᠭᠠᠴᠢᠯᠠᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠲᠤᠬᠠᠶ ᠶᠢᠨ ᠭᠠᠵᠠᠷ ᠤᠨ ᠲᠠᠷᠢᠶᠠᠴᠢᠨ ᠮᠠᠯᠴᠢᠳ ᠢ ᠰᠢᠩᠭᠡᠭᠡᠨ ᠠᠪᠴᠤ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠳᠤ ᠣᠷᠣᠯᠴᠠᠭᠤᠯᠬᠤ ᠬᠡᠷᠡᠭᠲᠡᠶ᠃ᠳᠥᠴᠢᠨ ᠬᠤᠶᠠᠳᠤᠭᠠᠷ ᠵᠦᠶᠯ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ᠂ ᠬᠥᠭᠦᠷᠭᠡ ᠪᠣᠯᠤᠨ ᠨᠦᠬᠡᠨ ᠵᠠᠮ ᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠬᠡᠮᠵᠢᠬᠦ ᠪᠠ ᠦᠨᠡᠯᠡᠨ ᠲᠣᠭᠲᠠᠭᠠᠬᠤ ᠶᠢᠨ ᠬᠠᠮᠲᠤ᠂ ᠪᠠᠶᠢᠴᠠᠭᠠᠨ ᠬᠡᠮᠵᠢᠭᠰᠡᠨ ᠪᠠ ᠦᠨᠡᠯᠡᠨ ᠲᠣᠭᠲᠠᠭᠠᠭᠰᠠᠨ ᠦᠷ᠎ᠡ ᠳ᠋ᠦᠩ ᠲᠠᠢ  ᠪᠠᠨ ᠤᠶᠠᠯᠳᠤᠭᠤᠯᠤᠨ᠂ ᠠᠷᠠᠴᠢᠯᠠᠨ ᠬᠠᠮᠠᠭᠠᠯᠠᠬᠤ ᠲᠥᠯᠥᠪᠯᠡᠭᠡ ᠪᠣᠯᠤᠨ ᠠᠷᠠᠴᠢᠯᠠᠨ ᠬᠠᠮᠠᠭᠠᠯᠠᠬᠤ ᠲᠥᠰᠦᠯ ᠢᠶᠠᠨ ᠳᠤᠷᠠᠳᠬᠤ ᠬᠡᠷᠡᠭᠲᠡᠶ᠃ᠪᠠᠶᠢᠴᠠᠭᠠᠨ ᠰᠢᠯᠭᠠᠬᠤ ᠪᠠᠷ ᠳᠠᠮᠵᠢᠭᠠᠳ ᠠᠮᠤᠷ ᠲᠥᠪᠰᠢᠨ ᠤ ᠮᠡᠷᠭᠡᠵᠢᠯ ᠤᠨ ᠱᠠᠭᠠᠷᠳᠠᠯᠭ᠎ᠠ ᠳᠤ ᠬᠦᠷᠦᠭᠡᠳᠦᠶ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠬᠥᠭᠦᠷᠭᠡ ᠪᠣᠯᠤᠨ ᠨᠦᠬᠡᠨ ᠵᠠᠮ ᠢ ᠣᠯᠵᠤ ᠮᠡᠳᠡᠪᠡᠯ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠨᠡᠪᠲᠡᠷᠡᠬᠦ ᠶᠢ ᠬᠢᠵᠠᠭᠠᠷᠯᠠᠬᠤ ᠪᠤᠶᠤ ᠵᠠᠮ ᠬᠠᠷᠢᠯᠴᠠᠭ᠎ᠠ ᠶᠢ ᠪᠢᠲᠡᠭᠦᠮᠵᠢᠯᠡᠬᠦ ᠵᠡᠷᠭᠡ ᠠᠷᠭ᠎ᠠ ᠬᠡᠮᠵᠢᠶ᠎ᠡ ᠠᠪᠴᠤ  ᠂ ᠵᠢᠷᠤᠮ ᠶᠣᠰᠣᠭᠠᠷ ᠴᠠᠭ ᠲᠤᠬᠠᠶ ᠳᠤ ᠨᠢ ᠰᠡᠯᠪᠢᠨ ᠵᠠᠰᠠᠵᠤ ᠪᠠᠬᠢᠵᠢᠭᠦᠯᠬᠦ ᠪᠤᠶᠤ ᠳᠠᠬᠢᠨ ᠪᠠᠶᠢᠭᠤᠯᠬᠤ ᠶᠢᠨ ᠬᠠᠮᠲᠤ ᠨᠡᠶᠢᠭᠡᠮ ᠳᠤ ᠨᠡᠶᠢᠲᠡᠯᠡᠬᠦ ᠬᠡᠷᠡᠭᠲᠡᠶ᠃ᠳᠥᠴᠢᠨ ᠭᠤᠷᠪᠠᠳᠤᠭᠠᠷ ᠵᠦᠶᠯ᠂ ᠰᠢᠶᠠᠨ ᠤ ᠵᠠᠮ ᠠᠷᠠᠴᠢᠯᠠᠨ ᠬᠠᠮᠠᠭᠠᠯᠠᠬᠤ ᠶᠢ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠲᠡᠭᠦᠨ ᠤ ᠨᠠᠶᠢᠳᠠᠭᠰᠠᠨ ᠬᠠᠮᠢᠶ᠎ᠠ ᠪᠦᠬᠦᠢ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠪᠠᠶᠢᠭᠤᠯᠤᠮᠵᠢ ᠠᠴᠠ ᠬᠠᠷᠢᠭᠤᠴᠠᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ᠰᠢᠶᠠᠩ ᠤᠨ ᠵᠠᠮ᠂ ᠲᠣᠰᠬᠤᠨ ᠤ ᠵᠠᠮ ᠤᠨ ᠠᠷᠠᠴᠢᠯᠠᠨ ᠬᠠᠮᠠᠭᠠᠯᠠᠬᠤ ᠶᠢ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠰᠢᠶᠠᠩ ᠤᠨ ᠵᠠᠮ᠂ ᠲᠣᠰᠬᠤᠨ ᠤ ᠵᠠᠮ ᠤᠨ ᠠᠷᠠᠴᠢᠯᠠᠨ ᠬᠠᠮᠠᠭᠠᠯᠠᠬᠤ ᠪᠠᠷᠢᠯᠭ᠎ᠠ ᠶᠢ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ  ᠤᠨ ᠣᠷᠳᠣᠨ ᠠᠴᠠ ᠵᠣᠬᠢᠴᠠᠩᠭᠤᠶ ᠨᠥᠬᠦᠴᠡᠯ ᠢ ᠪᠦᠷᠢᠯᠳᠦᠭᠦᠯᠦᠭᠰᠡᠨ ᠪᠠᠶᠢᠭᠤᠯᠤᠮᠵᠢ ᠳᠤ ᠨᠠᠶᠢᠳᠠᠵᠤ ᠵᠣᠬᠢᠶᠠᠨ ᠪᠠᠶᠢᠭᠤᠯᠤᠨ ᠬᠡᠷᠡᠭᠵᠢᠭᠦᠯᠵᠦ ᠪᠣᠯᠤᠨ᠎ᠠ᠃ᠳᠥᠴᠢᠨ ᠳᠥᠷᠪᠡᠳᠦᠭᠡᠷ ᠵᠦᠶᠯ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠳᠤ ᠬᠠᠶᠢᠷ ᠮᠠᠯᠲᠠᠬᠤ᠂ ᠴᠢᠯᠠᠭᠤ ᠭᠠᠷᠭᠠᠬᠤ᠂ ᠰᠢᠷᠣᠶ ᠠᠪᠬᠤ᠂ ᠤᠰᠤ ᠠᠪᠬᠤ ᠴᠢᠬᠤᠯᠠ ᠲᠠᠢ ᠪᠣᠯ᠂ ᠬᠤᠰᠢᠭᠤ ᠰᠢᠶᠠᠨ  ᠤ ᠱᠠᠲᠤᠨ ᠤ ᠠᠷᠠᠳ ᠤᠨ ᠵᠠᠰᠠᠭ ᠤᠨ ᠣᠷᠳᠣᠨ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ ᠳᠡᠮᠵᠢᠯᠭᠡ ᠪᠠ ᠬᠠᠪᠰᠤᠷᠤᠯᠭ᠎ᠠ ᠦᠵᠡᠭᠦᠯᠬᠦ ᠬᠡᠷᠡᠭᠲᠡᠶ᠃ᠠᠷᠠᠴᠢᠯᠠᠨ ᠬᠠᠮᠠᠭᠠᠯᠠᠬᠤ ᠪᠠᠷᠢᠯᠭ᠎ᠠ ᠶᠢ ᠬᠡᠷᠡᠭᠵᠢᠭᠦᠯᠬᠦ ᠶᠠᠪᠤᠴᠠ ᠳᠤ᠂ ᠬᠥᠷᠥᠰᠥ ᠰᠢᠷᠣᠶ ᠶᠢ ᠬᠠᠮᠠᠭᠠᠯᠠᠬᠤ ᠪᠠ ᠲᠦᠷ ᠴᠠᠭ ᠤᠨ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠴᠢᠩᠭᠠᠳᠬᠠᠬᠤ ᠬᠡᠷᠡᠭᠲᠡᠶ᠃ ᠵᠠᠮ ᠬᠠᠮᠠᠭᠠᠯᠠᠬᠤ ᠮᠣᠳᠣ ᠶᠢ ᠲᠦᠷ ᠴᠠᠭ ᠰᠢᠯᠵᠢᠭᠦᠯᠦᠨ ᠵᠠᠶᠢᠯᠠᠬᠤ ᠴᠢᠬᠤᠯᠠ ᠲᠠᠢ ᠪᠣᠯ᠂ ᠪᠠᠷᠢᠯᠭ᠎ᠠ ᠳᠠᠭᠤᠰᠤᠭᠰᠠᠨ ᠤ ᠳᠠᠷᠠᠭ᠎ᠠ ᠴᠠᠭ ᠲᠤᠬᠠᠶ ᠳᠤ  ᠨᠢ ᠰᠡᠷᠭᠦᠭᠡᠬᠦ ᠬᠡᠷᠡᠭᠲᠡᠶ︔ ᠵᠠᠮ ᠬᠠᠮᠠᠭᠠᠯᠠᠬᠤ ᠮᠣᠳᠣ ᠶᠢ ᠰᠢᠨᠡᠳᠬᠡᠨ ᠣᠭᠲᠣᠯᠬᠤ ᠴᠢᠬᠤᠯᠠ ᠲᠠᠢ ᠪᠣᠯ ᠬᠤᠯᠪᠣᠭᠳᠠᠯ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠬᠡᠷᠡᠭᠵᠢᠭᠦᠯᠬᠦ ᠬᠡᠷᠡᠭᠲᠡᠶ᠃ᠳᠥᠴᠢᠨ ᠲᠠᠪᠤᠳᠤᠭᠠᠷ ᠵᠦᠶᠯ᠂ ᠪᠠᠶᠢᠭᠠᠯᠢ ᠶᠢᠨ ᠭᠠᠮᠰᠢᠭ ᠵᠡᠷᠭᠡ ᠰᠢᠯᠲᠠᠭᠠᠨ ᠠᠴᠠ ᠪᠣᠯᠵᠤ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠵᠠᠮ ᠬᠠᠷᠢᠯᠴᠠᠭ᠎ᠠ ᠶᠢ ᠬᠠᠷᠰᠢᠯᠠᠭᠰᠠᠨ ᠪᠤᠶᠤ ᠲᠠᠰᠤᠯᠳᠠᠭᠤᠯᠤᠭᠰᠠᠨ ᠪᠣᠯ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ ᠭᠠᠮᠰᠢᠭ ᠤᠨ ᠪᠠᠶᠢᠳᠠᠯ ᠢ ᠴᠠᠭ ᠲᠤᠬᠠᠶ ᠳᠤ ᠨᠢ ᠱᠠᠲᠤ ᠳᠠᠷᠠᠭᠠᠯᠠᠨ ᠳᠡᠭᠡᠭᠰᠢ ᠮᠡᠳᠡᠭᠦᠯᠬᠦ ᠶᠢᠨ ᠬᠠᠮᠲᠤ ᠂ ᠳᠠᠷᠤᠶᠢᠬᠠᠨ ᠵᠣᠬᠢᠶᠠᠨ ᠪᠠᠶᠢᠭᠤᠯᠤᠨ ᠱᠠᠯᠠᠪᠳᠠᠨ ᠵᠠᠰᠠᠵᠤ᠂ ᠪᠠᠶᠢᠳᠠᠯ ᠢ ᠨᠢ ᠦᠵᠡᠵᠦ ᠪᠠᠶᠢᠭᠠᠳ ᠣᠶᠢᠷ᠎ᠠ ᠬᠠᠪᠢ  ᠶᠢᠨ ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ ᠠᠵᠢᠯ ᠦᠶᠯᠡᠰ ᠤᠨ ᠨᠢᠭᠡᠴᠢ ᠵᠢᠴᠢ ᠵᠠᠮ ᠳᠠᠭᠠᠤ ᠶᠢᠨ ᠣᠯᠠᠨ ᠲᠦᠮᠡᠨ ᠢ ᠳᠠᠶᠢᠴᠢᠯᠠᠨ ᠵᠣᠬᠢᠶᠠᠨ ᠪᠠᠶᠢᠭᠤᠯᠵᠤ ᠬᠠᠮᠲᠤ ᠪᠠᠷ ᠣᠷᠣᠯᠴᠠᠭᠤᠯᠬᠤ ᠬᠡᠷᠡᠭᠲᠡᠶ᠃ᠣᠬᠤᠷ ᠬᠤᠭᠤᠴᠠᠭᠠᠨ ᠳᠣᠲᠣᠷ᠎ᠠ ᠰᠡᠯᠪᠢᠨ ᠵᠠᠰᠠᠬᠤ ᠳᠤ ᠬᠦᠴᠢᠷᠲᠡᠶ ᠪᠣᠯ᠂ ᠲᠦᠷ ᠴᠠᠭ ᠤᠨ ᠵᠦᠷᠢᠭ ᠵᠠᠮ᠂ ᠳᠥᠭᠦᠮ ᠬᠥᠭᠦᠷᠭᠡ ᠪᠠᠶᠢᠭᠤᠯᠬᠤ ᠪᠤᠶᠤ ᠲᠣᠭᠤᠷᠢᠵᠤ ᠭᠠᠷᠬᠤ ᠵᠠᠮ ᠱᠤᠭᠤᠮ ᠢ ᠵᠢᠭᠠᠨ ᠲᠣᠳᠣᠷᠬᠠᠶᠢᠯᠠᠵᠤ᠂ ᠳᠤᠷᠠᠶᠢᠮ᠎ᠠ ᠰᠡᠷᠡᠮᠵᠢᠯᠡᠭᠦᠯᠬᠦ ᠲᠡᠮᠳᠡᠭ ᠫᠠᠶᠢᠰᠠ ᠪᠠᠶᠢᠷᠢᠯᠠᠭᠤᠯᠬᠤ ᠬᠡᠷᠡᠭᠲᠡᠶ᠃ᠳᠥᠴᠢᠨ ᠵᠢᠷᠭᠤᠳᠤᠭᠠᠷ ᠵᠦᠶᠯ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠣᠷᠴᠢᠨ ᠲᠣᠭᠤᠷᠢᠨ ᠳᠤ ᠶᠡᠷᠦᠩᠬᠡᠶᠢᠯᠡᠭᠰᠡᠨ ᠵᠠᠰᠠᠯᠲᠠ ᠬᠢᠵᠦ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠨᠣᠭᠤᠭᠠᠷᠠᠭᠤᠯᠬᠤ ᠪᠠ ᠭᠤᠶᠤᠵᠢᠭᠤᠯᠬᠤ ᠶᠢ ᠲᠦᠯᠬᠢᠨ ᠠᠬᠢᠭᠤᠯᠵᠤ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠬᠢᠭᠡᠳ ᠠᠮᠢ ᠠᠬᠤᠶ ᠶᠢᠨ ᠣᠷᠴᠢᠨ ᠲᠣᠭᠤᠷᠢᠨ ᠤ ᠪᠠᠶᠢᠭᠠᠯᠢ ᠶᠢᠨ ᠡᠶ᠎ᠡ ᠵᠣᠬᠢᠴᠠᠯ ᠲᠠᠢ ᠪᠠᠶᠢᠬᠤ ᠶᠢ ᠠᠬᠢᠭᠤᠯᠬᠤ ᠬᠡᠷᠡᠭᠲᠡᠶ᠃ᠵᠢᠷᠭᠤᠳᠤᠭᠠᠷ ᠪᠦᠯᠦᠭ ᠡᠵᠡᠩᠨᠡᠯᠲᠡᠳᠥᠴᠢᠨ ᠳᠣᠯᠣᠳᠤᠭᠠᠷ ᠵᠦᠶᠯ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠲᠡᠭᠡᠭᠡᠪᠦᠷᠢ ᠡᠵᠡᠩᠨᠡᠬᠦ ᠳᠤ ᠬᠤᠲᠠ ᠬᠥᠳᠡᠭᠡ ᠶᠢ ᠨᠢᠭᠡᠳᠦᠯᠲᠡᠶ ᠲᠥᠯᠥᠪᠯᠡᠬᠦ᠂ ᠬᠤᠲᠠ ᠪᠠᠷ ᠬᠥᠳᠡᠭᠡ ᠶᠢ ᠳᠠᠶᠢᠴᠢᠯᠠᠬᠤ᠂ ᠬᠤᠲᠠ ᠬᠥᠳᠡᠭᠡ ᠶᠢ ᠨᠢᠭᠡ ᠴᠣᠭᠴᠠᠵᠢᠭᠤᠯᠬᠤ᠂ ᠠᠶᠠᠨᠴᠢᠳ ᠪᠠ ᠪᠠᠷᠠᠭ᠎ᠠ ᠶᠢ ᠵᠡᠷᠭᠡ ᠳᠤ ᠨᠢ ᠴᠢᠬᠤᠯᠠᠴᠢᠯᠠᠬᠤ᠂ ᠲᠡᠭᠡᠭᠡᠪᠦᠷᠢ ᠪᠠ ᠰᠢᠦᠳᠠᠨ  ᠢ ᠤᠶᠠᠯᠳᠤᠭᠤᠯᠬᠤ ᠵᠠᠷᠴᠢᠮ ᠢ ᠪᠠᠷᠢᠮᠲᠠᠯᠠᠵᠤ᠂ ᠲᠤᠰ ᠭᠠᠵᠠᠷ ᠣᠷᠣᠨ ᠤ ᠪᠠᠨ ᠠᠵᠤ ᠠᠬᠤᠶ ᠨᠡᠶᠢᠭᠡᠮ ᠤᠨ ᠬᠥᠭᠵᠢᠯᠲᠡ᠂ ᠵᠠᠮ ᠬᠠᠷᠢᠯᠴᠠᠭᠠᠨ ᠤ ᠬᠡᠷᠡᠭᠴᠡᠭᠡ ᠱᠠᠭᠠᠷᠳᠠᠯᠭ᠎ᠠ ᠯᠤᠭ᠎ᠠ ᠬᠠᠷᠢᠯᠴᠠᠨ ᠵᠣᠬᠢᠴᠠᠭᠤᠯᠵᠤ᠂ ᠲᠠᠷᠢᠶᠠᠯᠠᠬᠤ ᠮᠠᠯᠵᠢᠬᠤ ᠣᠷᠣᠨ ᠤ ᠠᠶᠠᠨᠴᠢᠳ ᠤᠨ ᠲᠡᠭᠡᠭᠡᠪᠦᠷᠢ ᠪᠣᠯᠤᠨ ᠪᠠᠷᠠᠭᠠᠨ ᠤ ᠭᠦᠶᠯᠭᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ᠳᠥᠴᠢᠨ ᠨᠠᠶᠮᠠᠳᠤᠭᠠᠷ ᠵᠦᠶᠯ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠲᠠᠷᠢᠶᠠᠯᠠᠬᠤ ᠮᠠᠯᠵᠢᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠲᠣᠤᠷ ᠤᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠲᠤᠬᠠᠶ ᠶᠢᠨ ᠭᠠᠵᠠᠷ ᠤᠨ ᠣᠯᠠᠨ ᠲᠦᠮᠡᠨ ᠤ ᠦᠶᠯᠡᠳᠪᠦᠷᠢᠯᠡᠯ ᠠᠮᠢᠳᠤᠷᠠᠯ ᠤᠨ ᠶᠠᠪᠤᠵᠤ ᠰᠠᠭᠤᠬᠤ ᠬᠡᠷᠡᠭᠴᠡᠭᠡ ᠱᠠᠭᠠᠷᠳᠠᠯᠭ᠎ᠠ᠂ ᠵᠠᠰᠠᠮᠠᠯ ᠵᠠᠮ ᠤᠨ ᠨᠡᠪᠲᠡᠷᠡᠬᠦ ᠨᠥᠬᠦᠴᠡᠯ ᠵᠡᠷᠭᠡ ᠬᠦᠴᠦᠨ ᠵᠦᠶᠯ ᠢ ᠦᠨᠳᠦᠰᠦᠯᠡᠨ᠂ ᠬᠤᠲᠠ ᠬᠥᠳᠡᠭᠡ ᠶᠢᠨ ᠣᠯᠠᠨ ᠨᠡᠶᠢᠲᠡ ᠶᠢᠨ ᠵᠠᠮ ᠬᠠᠷᠢᠯᠴᠠᠭ᠎ᠠ᠂ ᠱᠤᠭᠤᠮ ᠲᠣᠭᠲᠠᠭᠠᠬᠤ ᠡᠭᠡᠯᠵᠢ ᠶᠢᠨ ᠲᠡᠷᠭᠡ᠂ ᠣᠷᠣᠨ ᠪᠦᠰᠡ ᠶᠢᠨ ᠡᠵᠡᠩᠨᠡᠯᠲᠡ᠂ ᠪᠣᠯᠵᠣᠨ ᠳᠠᠭᠠᠬᠤ ᠵᠡᠷᠭᠡ ᠡᠵᠡᠩᠨᠡᠬᠦ ᠠᠷᠭ᠎ᠠ ᠮᠠᠶ᠋ᠢᠭ ᠢ ᠠᠪᠴᠤ ᠲᠠᠷᠢᠶᠠᠯᠠᠬᠤ ᠮᠠᠯᠵᠢᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠦᠶᠯᠡᠴᠢᠯᠡᠭᠡᠨ ᠢ ᠥᠷᠨᠢᠭᠦᠯᠬᠦ ᠬᠡᠷᠡᠭᠲᠡᠶ᠃ᠳᠥᠴᠢ ᠶᠢᠰᠦᠳᠦᠭᠡᠷ ᠵᠦᠶᠯ᠂ ᠬᠤᠲᠠ ᠬᠥᠳᠡᠭᠡ ᠶᠢᠨ ᠠᠶᠠᠨᠴᠢᠳ ᠤᠨ ᠲᠡᠭᠡᠭᠡᠪᠦᠷᠢ ᠶᠢᠨ ᠲᠣᠤᠷ ᠲᠤ ᠲᠦᠰᠢᠭᠯᠡᠨ᠂ ᠪᠠᠷᠠᠭ᠎ᠠ ᠲᠡᠭᠡᠭᠡᠪᠦᠷᠢᠯᠡᠬᠦ ᠡᠭᠡᠯᠵᠢ ᠶᠢᠨ ᠱᠤᠭᠤᠮ᠂ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠲᠡᠷᠭᠡ ᠶᠢᠨ ᠰᠢᠦᠳᠠᠨ ᠤ ᠵᠦᠶᠯ ᠢ ᠣᠷᠣᠯᠠᠨ ᠲᠡᠭᠡᠭᠡᠪᠦᠷᠢᠯᠡᠬᠦ ᠵᠡᠷᠭᠡ ᠲᠠᠷᠢᠶᠠᠯᠠᠬᠤ ᠮᠠᠯᠵᠢᠬᠤ ᠣᠷᠣᠨ ᠤ ᠪᠠᠷᠠᠭᠠᠨ ᠤ ᠭᠦᠶᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠵᠠᠭᠪᠤᠷ ᠢ ᠬᠡᠷᠡᠭᠵᠢᠭᠦᠯᠬᠦ ᠶᠢ ᠵᠣᠷᠢᠭᠵᠢᠭᠤᠯᠤᠨ᠎ᠠ᠃ ᠲᠠᠷᠢᠶᠠᠯᠠᠬᠤ ᠮᠠᠯᠵᠢᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢᠨ ᠡᠳ᠋ ᠪᠠᠷᠠᠭ᠎ᠠ ᠲᠡᠭᠡᠭᠡᠪᠦᠷᠢᠯᠡᠬᠦ ᠦᠶᠯᠡᠴᠢᠯᠡᠭᠡᠨ ᠤ ᠴᠢᠳᠠᠮᠵᠢ ᠪᠠᠨ ᠥᠷᠭᠡᠳᠬᠡᠬᠦ ᠶᠢ ᠵᠣᠷᠢᠭᠵᠢᠭᠤᠯᠵᠤ᠂ ᠲᠠᠷᠢᠶᠠᠯᠠᠬᠤ ᠮᠠᠯᠵᠢᠬᠤ ᠣᠷᠣᠨ ᠤ ᠶᠡᠷᠦᠩᠬᠡᠶᠢᠯᠡᠭᠰᠡᠨ ᠲᠡᠭᠡᠭᠡᠪᠦᠷᠢ ᠶᠢᠨ ᠦᠶᠯᠡᠴᠢᠯᠡᠭᠡᠨ ᠤ ᠥᠷᠲᠡᠭᠡ ᠶᠢ ᠪᠠᠶᠢᠭᠤᠯᠤᠨ᠂ ᠲᠠᠷᠢᠶᠠᠯᠠᠩ ᠮᠠᠯ ᠤᠨ ᠪᠦᠲᠦᠭᠡᠭᠳᠡᠬᠦᠨ ᠤ ᠲᠡᠭᠡᠭᠡᠪᠦᠷᠢ᠂ ᠲᠦᠷᠭᠡᠨ ᠬᠦᠷᠭᠡᠯᠲᠡ᠂ ᠪᠠᠷᠠᠭᠠᠨ ᠤ ᠭᠦᠶᠯᠭᠡᠭᠡᠨ ᠤ ᠳᠣᠭᠢᠷᠠᠭᠤᠯᠤᠨ ᠬᠦᠷᠭᠡᠬᠦ ᠵᠡᠷᠭᠡ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ᠲᠠᠪᠢᠳᠤᠭᠠᠷ ᠵᠦᠶᠯ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭ᠎ᠠ ᠲᠡᠭᠡᠭᠡᠪᠦᠷᠢ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠣᠷᠣᠯᠴᠠᠭᠰᠠᠨ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠮᠤᠷ ᠲᠥᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠢ ᠰᠢᠮᠳᠠᠭᠤᠯᠵᠤ ᠪᠠᠶᠢᠭᠠᠳ ᠠᠮᠤᠷ ᠲᠥᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ︔ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠠᠷᠢᠶᠠᠯᠠᠬᠤ ᠮᠠᠯᠵᠢᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠡᠵᠡᠩᠨᠡᠭᠴᠢ ᠶᠢᠨ ᠠᠮᠤᠷ ᠲᠥᠪᠰᠢᠨ ᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ  ᠶᠢ ᠰᠢᠮᠳᠠᠭᠤᠯᠬᠤ ᠬᠡᠷᠡᠭᠲᠡᠶ᠃ᠲᠠᠷᠢᠶᠠᠯᠠᠬᠤ ᠮᠠᠯᠵᠢᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠡᠵᠡᠩᠨᠡᠭᠴᠢ ᠨᠢ ᠠᠶᠤᠯᠭᠦᠢ ᠦᠢᠯᠡᠳᠪᠦᠷᠢᠯᠡᠯ  ᠤᠨ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠬᠠᠮᠢᠶ᠎ᠠ ᠪᠦᠬᠦᠢ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠦᠨ᠂ ᠲᠠᠷᠢᠶᠠᠯᠠᠬᠤ ᠮᠠᠯᠵᠢᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠲᠡᠷᠭᠡ ᠬᠥᠰᠬᠡ ᠶᠢᠨ ᠬᠥᠳᠡᠯᠦᠩᠭᠦᠶ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ᠳᠣᠯᠣᠳᠤᠭᠠᠷ ᠪᠦᠯᠦᠭ ᠪᠡᠯᠡ ᠮᠥᠩᠭᠦᠲᠠᠪᠢᠨ ᠨᠢᠭᠡᠳᠦᠭᠡᠷ ᠵᠦᠶᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠬᠤ᠂ ᠬᠠᠮᠢᠶᠠᠷᠬᠤ᠂ ᠠᠷᠠᠴᠢᠯᠠᠨ ᠬᠠᠮᠠᠭᠠᠯᠠᠬᠤ ᠪᠠ ᠡᠵᠡᠩᠨᠡᠬᠦ ᠳᠤ ᠬᠡᠷᠡᠭᠰᠡᠬᠦ ᠵᠠᠷᠤᠳᠠᠯ ᠢ ᠲᠤᠰ ᠱᠠᠲᠤᠨ ᠤ ᠡᠳ᠋ ᠤᠨ ᠵᠠᠰᠠᠭ ᠤᠨ ᠲᠥᠰᠦᠪ ᠲᠤ ᠪᠠᠨ ᠣᠷᠣᠭᠤᠯᠵᠤ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠳᠤ ᠣᠷᠣᠭᠤᠯᠬᠤ ᠪᠡᠯᠡ ᠮᠥᠩᠭᠦ ᠶᠢ ᠤᠯᠤᠰ ᠤᠨ ᠲᠣᠭᠲᠠᠭᠠᠭᠰᠠᠨ ᠪᠠᠷᠢᠮᠵᠢᠶ᠎ᠠ ᠠᠴᠠ ᠳᠤᠲᠠᠭᠤ ᠪᠠᠶᠢᠯᠭᠠᠵᠤ ᠪᠣᠯᠬᠤ ᠦᠭᠡᠶ ᠪᠥᠭᠡᠳ᠂ ᠲᠤᠰ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ ᠪᠣᠯᠤᠨ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠬᠡᠪᠴᠢᠶ᠎ᠡ ᠯᠦᠭᠡ ᠬᠠᠷᠢᠯᠴᠠᠨ ᠲᠣᠬᠢᠷᠠᠯᠴᠠᠭᠰᠠᠨ᠂ ᠠᠷᠠᠴᠢᠯᠠᠨ ᠬᠠᠮᠠᠭᠠᠯᠠᠬᠤ ᠥᠪᠡᠷ ᠤᠨ ᠥᠷᠲᠡᠭ ᠤᠨ ᠬᠤᠪᠢᠷᠠᠯᠲᠠ ᠵᠡᠷᠭᠡ ᠬᠦᠴᠦᠨ ᠵᠦᠶᠯ ᠯᠦᠭᠡ ᠬᠤᠯᠪᠣᠭᠳᠠᠬᠤ ᠬᠥᠳᠡᠯᠦᠩᠭᠦᠶ ᠲᠣᠬᠢᠷᠠᠭᠤᠯᠬᠤ ᠲᠣᠭᠲᠠᠴᠠ  ᠶᠢ ᠪᠠᠶᠢᠭᠤᠯᠬᠤ ᠬᠡᠷᠡᠭᠲᠡᠶ᠃ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠬᠤᠯᠪᠣᠭᠳᠠᠯ ᠪᠥᠬᠦᠶ ᠡᠳ᠋  ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠᠨ ᠦᠨᠳᠦᠰᠦᠯᠡᠨ ᠵᠠᠷᠤᠯᠭ᠎ᠠ ᠶᠢᠨ ᠬᠠᠷᠢᠭᠤᠴᠠᠯᠭ᠎ᠠ ᠪᠠᠨ ᠬᠤᠪᠢᠶᠠᠷᠢᠯᠠᠨ ᠨᠠᠶᠢᠳᠠᠪᠤᠷᠢᠵᠢᠭᠤᠯᠵᠤ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠪᠠ ᠠᠷᠠᠴᠢᠯᠠᠨ ᠬᠠᠮᠠᠭᠠᠯᠠᠬᠤ ᠳᠤ ᠬᠡᠷᠡᠭᠰᠡᠬᠦ ᠪᠠᠯᠠ ᠮᠥᠩᠭᠦ ᠶᠢ ᠪᠠᠲᠤᠯᠠᠬᠤ ᠬᠡᠷᠡᠭᠲᠡᠶ᠃ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠪᠦᠬᠦ ᠣᠷᠣᠨ ᠤ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠬᠥᠭᠵᠢᠯᠲᠡ ᠶᠢᠨ ᠪᠠᠶᠢᠳᠠᠯ ᠢ ᠦᠨᠳᠦᠰᠦᠯᠡᠨ᠂ ᠵᠣᠬᠢᠬᠤ ᠲᠤᠭ᠎ᠠ ᠬᠡᠮᠵᠢᠶᠡᠨ ᠤ ᠲᠤᠰᠬᠠᠶ ᠵᠦᠢᠯ ᠤᠨ ᠲᠤᠰᠠᠯᠠᠮᠵᠢ ᠶᠢᠨ ᠪᠡᠯᠡ ᠮᠥᠩᠭᠦ ᠶᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠠᠵᠢᠯ ᠳᠤ ᠬᠡᠷᠡᠭᠯᠡᠬᠦ ᠬᠡᠷᠡᠭᠲᠡᠶ᠃ᠲᠠᠪᠢᠨ ᠬᠤᠶᠠᠳᠤᠭᠠᠷ ᠵᠦᠶᠯ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠢ ᠪᠦᠲᠦᠭᠡᠨ ᠪᠠᠶᠢᠭᠤᠯᠬᠤ᠂ ᠬᠠᠮᠢᠶᠠᠷᠬᠤ᠂ ᠠᠷᠠᠴᠢᠯᠠᠨ ᠬᠠᠮᠠᠭᠠᠯᠠᠬᠤ ᠪᠠ ᠡᠵᠡᠩᠨᠡᠬᠦ ᠪᠡᠯᠡ ᠮᠥᠩᠭᠦ ᠶᠢᠨ ᠭᠤᠤᠯ ᠢᠷᠡᠯᠲᠡ ᠪᠣᠯ᠄ ︵ᠨᠢᠭᠡ︶ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠣᠬᠢᠷᠠᠭᠤᠯᠤᠭᠰᠠᠨ ᠡᠳ᠋ ᠤᠨ ᠵᠠᠰᠠᠭ ᠤᠨ ᠲᠥᠰᠦᠪ ᠤᠨ ᠪᠡᠯᠡ ᠮᠥᠩᠭᠦ︔︵ᠬᠤᠶᠠᠷ︶ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠤ ᠨᠥᠬᠦᠪᠥᠷᠢ ᠪᠡᠯᠡ ᠮᠥᠩᠭᠦ︔ ︵ᠭᠤᠷᠪᠠ︶ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ︔ ︵ᠳᠥᠷᠪᠡ︶ ᠱᠠᠩᠨᠠᠬᠤ ᠪᠠᠷ ᠲᠤᠰᠠᠯᠠᠬᠤ ᠶᠢ ᠣᠷᠣᠯᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠴᠤᠭᠯᠠᠭᠤᠯᠤᠭᠰᠠᠨ ᠪᠡᠯᠡ ᠮᠥᠩᠭᠦ︔ ︵ᠲᠠᠪᠤ︶ ᠶᠠᠳᠠᠭᠤ ᠶᠢ ᠲᠡᠳᠬᠦᠬᠦ᠂ ᠲᠠᠷᠢᠶᠠᠯᠠᠩ ᠳᠤ ᠬᠤᠯᠪᠣᠭᠳᠠᠬᠤ᠂ ᠮᠠᠯ ᠠᠵᠤ ᠠᠬᠤᠶ ᠳᠤ ᠬᠤᠯᠪᠣᠭᠳᠠᠬᠤ ᠡᠯ᠎ᠡ ᠲᠥᠷᠥᠯ ᠤᠨ ᠲᠥᠷᠥᠯ ᠵᠦᠶᠯ ᠳᠠᠬᠢ ᠲᠣᠭᠲᠠᠭᠠᠯ ᠶᠣᠰᠣᠭᠠᠷ ᠵᠠᠮ ᠬᠠᠷᠢᠯᠴᠠᠭᠠᠨ ᠤ ᠬᠥᠭᠵᠢᠯᠲᠡ ᠳᠤ ᠬᠡᠷᠡᠭᠯᠡᠵᠦ ᠪᠣᠯᠬᠤ ᠪᠡᠯᠡ ᠮᠥᠩᠭᠦ ᠶᠢ ᠡᠮᠬᠢᠯᠡᠨ ᠨᠡᠶᠢᠯᠡᠭᠦᠯᠬᠦ︔ ︵ᠵᠢᠷᠭᠤᠭ᠎ᠠ︶ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠨᠡᠷ᠎ᠡ ᠬᠠᠳᠠᠬᠤ ᠡᠷᠬᠡ᠂ ᠵᠠᠮ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠡᠷᠬᠡ ᠶᠢ ᠦᠨ᠎ᠡ ᠬᠠᠶᠠᠯᠴᠠᠨ ᠬᠤᠳᠠᠯᠳᠤᠬᠤ᠂ ᠰᠢᠯᠵᠢᠭᠦᠯᠦᠨ ᠥᠭᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠴᠤᠭᠯᠠᠭᠤᠯᠤᠭᠰᠠᠨ ᠪᠠᠯᠠ ᠮᠥᠩᠭᠦ︔ ︵ᠳᠣᠯᠤᠭ᠎ᠠ︶ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠨᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ︽ᠨᠢᠭᠡ ᠶᠠᠪᠤᠳᠠᠯ ᠢ ᠨᠢᠭᠡ ᠵᠥᠪᠯᠡᠬᠦ︾ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠴᠤᠭᠯᠠᠭᠤᠯᠤᠭᠰᠠᠨ ᠲᠣᠰᠬᠤᠨ ᠤ ᠵᠠᠮ ᠤᠨ ᠪᠦᠲᠦᠭᠡᠨ ᠪᠠᠶᠢᠭᠤᠯᠬᠤ ᠪᠠ ᠠᠷᠠᠴᠢᠯᠠᠨ ᠬᠠᠮᠠᠭᠠᠯᠠᠬᠤ ᠪᠡᠯᠡ ᠮᠥᠩᠭᠦ︔  ︵ᠨᠠᠶᠮᠠ︶ ᠨᠡᠶᠢᠭᠡᠮ ᠤᠨ ᠬᠦᠴᠦᠨ ᠤ ᠲᠤᠰᠠᠯᠠᠭᠰᠠᠨ ᠪᠡᠯᠡ ᠮᠥᠩᠭᠦ︔ ︵ᠶᠢᠰᠦ︶ ᠪᠤᠰᠤᠳ ᠠᠷᠭ᠎ᠠ ᠮᠠᠶ᠋ᠢᠭ ᠢᠶᠠᠷ ᠳᠠᠮᠵᠢᠭᠤᠯᠤᠨ ᠴᠤᠭᠯᠠᠭᠤᠯᠤᠭᠰᠠᠨ ᠪᠡᠯᠡ ᠮᠥᠩᠭᠦ᠃ ᠲᠠᠪᠢᠨ ᠭᠤᠷᠪᠠᠳᠤᠭᠠᠷ ᠵᠦᠶᠯ᠂ ᠳᠠᠭᠠᠳᠬᠠᠯ ᠤᠨ ᠦᠶᠯᠡᠰ ᠤᠨ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠦᠶᠯᠡᠰ ᠲᠤ ᠣᠷᠣᠯᠴᠠᠬᠤ ᠶᠢ ᠵᠣᠷᠢᠭᠵᠢᠭᠤᠯᠤᠨ᠎ᠠ︔ ᠨᠢᠭᠡᠴᠢ᠂ ᠨᠡᠶᠢᠭᠡᠮ ᠤᠨ ᠪᠦᠯᠬᠦᠮ ᠪᠣᠯᠤᠨ ᠬᠤᠪᠢ ᠬᠥᠮᠦᠨ ᠠᠴᠠ ᠡᠳ᠋ ᠬᠥᠷᠥᠩᠭᠡ ᠪᠡᠯᠡᠭᠯᠡᠨ ᠬᠦᠷᠭᠡᠬᠦ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠦᠢᠯᠡᠰ  ᠤᠨ ᠬᠥᠭᠵᠢᠯᠲᠡ ᠳᠤ ᠲᠤᠰᠠᠯᠠᠨ ᠳᠡᠮᠵᠢᠬᠦ ᠶᠢ ᠵᠣᠷᠢᠭᠵᠢᠭᠤᠯᠤᠨ᠎ᠠ︔ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠬᠢᠭᠡᠳ ᠠᠵᠤ ᠦᠢᠯᠡᠰ᠂ ᠬᠦᠷᠢᠶᠡᠯᠡᠩ ᠲᠣᠭᠤᠷᠢᠭ᠂ ᠬᠥᠳᠡᠭᠡ ᠲᠣᠰᠬᠤᠨ ᠤ ᠵᠢᠭᠤᠯᠴᠢᠯᠠᠯ ᠵᠡᠷᠭᠡ ᠡᠵᠡᠩᠨᠡᠯᠲᠡ ᠶᠢᠨ ᠴᠢᠨᠠᠷᠲᠠᠶ ᠲᠥᠷᠥᠯ ᠵᠦᠢᠯ ᠳᠤ ᠨᠢᠭᠡ ᠴᠣᠭᠴᠠᠵᠢᠭᠤᠯᠤᠨ ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠤᠨ᠎ᠠ᠃ᠲᠠᠪᠢᠨ ᠳᠥᠷᠪᠡᠳᠦᠭᠡᠷ ᠵᠦᠶᠯ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠢ ᠪᠦᠲᠦᠭᠡᠨ ᠪᠠᠶᠢᠭᠤᠯᠬᠤ᠂ ᠬᠠᠮᠢᠶᠠᠷᠬᠤ᠂ ᠠᠷᠠᠴᠢᠯᠠᠨ ᠬᠠᠮᠠᠭᠠᠯᠠᠬᠤ ᠪᠠ ᠡᠵᠡᠩᠨᠡᠬᠦ ᠪᠡᠯᠡ ᠮᠥᠩᠭᠦ ᠶᠢ ᠲᠤᠰᠬᠠᠶ ᠵᠦᠶᠯ ᠳᠤ ᠨᠢ ᠬᠡᠷᠡᠭᠯᠡᠬᠦ ᠶᠢ ᠬᠡᠷᠡᠭᠵᠢᠭᠦᠯᠵᠦ᠂ ᠶᠠᠮᠠᠷᠪᠠ ᠨᠢᠭᠡᠴᠢ ᠪᠣᠯᠤᠨ ᠬᠤᠪᠢ ᠬᠥᠮᠦᠨ ᠳᠤᠮᠳᠠ ᠠᠴᠠ ᠨᠢ ᠦᠯᠡᠳᠡᠭᠡᠵᠦ᠂ ᠰᠢᠬᠠᠨ ᠡᠵᠡᠯᠡᠬᠦ ᠪᠠ ᠨᠡᠭᠦᠯᠭᠡᠨ ᠬᠡᠷᠡᠭᠯᠡᠵᠦ ᠪᠣᠯᠬᠤ ᠦᠭᠡᠶ᠃ᠡᠳ᠋ ᠤᠨ ᠵᠠᠰᠠᠭ᠂ ᠬᠢᠨᠠᠨ ᠪᠣᠳᠣᠬᠤ ᠵᠡᠷᠭᠡ ᠰᠠᠯᠠᠭ᠎ᠠ ᠮᠥᠴᠢᠷ ᠨᠢ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ  ᠤᠨ ᠪᠦᠲᠦᠭᠡᠨ ᠪᠠᠶᠢᠭᠤᠯᠬᠤ᠂ ᠬᠠᠮᠢᠶᠠᠷᠬᠤ᠂ ᠠᠷᠠᠴᠢᠯᠠᠨ ᠬᠠᠮᠠᠭᠠᠯᠠᠬᠤ ᠪᠠ ᠡᠵᠡᠩᠨᠡᠬᠦ ᠪᠡᠯᠡ ᠮᠥᠩᠭᠦ ᠶᠢᠨ ᠬᠡᠷᠡᠭᠯᠡᠯᠲᠡ  ᠶᠢᠨ ᠪᠠᠶᠢᠳᠠᠯ ᠳᠤ ᠬᠠᠤᠯᠢ ᠶᠣᠰᠣᠭᠠᠷ ᠬᠢᠨᠠᠯᠲᠠ ᠪᠠᠶᠢᠴᠠᠭᠠᠯᠲᠠ ᠬᠢᠬᠦ ᠬᠡᠷᠡᠭᠲᠡᠶ᠃ᠲᠠᠪᠢᠨ ᠲᠠᠪᠤᠳᠤᠭᠠᠷ ᠵᠦᠢᠯ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠨᠢ ᠲᠣᠰᠬᠤᠨ ᠤ ᠵᠠᠮ ᠤᠨ ᠪᠦᠲᠦᠭᠡᠨ ᠪᠠᠶᠢᠭᠤᠯᠬᠤ᠂ ᠠᠷᠠᠴᠢᠯᠠᠨ ᠬᠠᠮᠠᠭᠠᠯᠠᠬᠤ ᠪᠡᠯᠡ ᠮᠥᠩᠭᠦ ᠶᠢ ᠥᠪᠡᠷ ᠲᠤ ᠪᠠᠨ ᠴᠤᠭᠯᠠᠭᠤᠯᠬᠤ ᠳᠤ᠂ ᠬᠤᠪᠢ ᠶᠢᠨ ᠬᠢᠨ ᠰᠠᠶᠢᠨ ᠳᠤᠷ᠎ᠠ ᠠᠴᠠ ᠪᠠᠨ ᠪᠠᠶᠢᠬᠤ᠂ ᠴᠢᠳᠠᠯ ᠤᠨ ᠬᠢᠷᠢ ᠪᠠᠷ ᠢᠶᠠᠨ ᠬᠢᠬᠦ ᠵᠠᠷᠴᠢᠮ ᠢ ᠵᠢᠷᠤᠮᠯᠠᠬᠤ ᠶᠢᠨ ᠬᠠᠮᠲᠤ᠂ ᠪᠡᠯᠡ ᠮᠥᠩᠭᠦ ᠶᠢᠨ ᠬᠡᠷᠡᠭᠯᠡᠭᠰᠡᠨ ᠪᠠᠶᠢᠳᠠᠯ ᠢᠶᠠᠨ ᠨᠡᠶᠢᠲᠡᠯᠡᠵᠦ᠂ ᠲᠠᠷᠢᠶᠠᠴᠢᠨ ᠮᠠᠯᠴᠢᠳ ᠤᠨ ᠬᠢᠨᠠᠯᠲᠠ ᠲᠠᠯᠪᠢᠬᠤ ᠶᠢ ᠬᠦᠯᠢᠶᠡᠬᠦ ᠬᠡᠷᠡᠭᠲᠡᠶ᠃ᠨᠠᠢᠮᠠᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠᠲᠠᠪᠢᠨ ᠵᠢᠷᠭᠤᠳᠤᠭᠠᠷ ᠵᠦᠶᠯ᠂ ᠲᠤᠰ ᠳᠦᠷᠢᠮ ᠤᠨ ᠭᠤᠴᠢᠨ ᠳᠥᠷᠪᠡᠳᠦᠭᠡᠷ ᠵᠦᠶᠯ ᠤᠨ ᠨᠢᠭᠡᠳᠦᠭᠡᠷ ᠪᠠᠳᠠᠭ ᠤᠨ ᠨᠢᠭᠡᠳᠦᠭᠡᠷ ᠵᠤᠷᠪᠤᠰ ᠠᠴᠠ ᠲᠠᠪᠤᠳᠤᠭᠠᠷ ᠵᠤᠷᠪᠤᠰ ᠬᠦᠷᠲᠡᠯᠡᠬᠢ ᠲᠣᠭᠲᠠᠭᠠᠯ ᠢ ᠵᠥᠷᠢᠴᠡᠵᠦ᠂ ᠵᠥᠪᠰᠢᠶᠡᠷᠡᠭᠦᠯᠦᠭᠡᠳᠦᠶ  ᠪᠠᠷ ᠲᠣᠰᠬᠤᠨ ᠤ ᠵᠠᠮ ᠤᠨ ᠪᠠᠷᠢᠯᠭ᠎ᠠ ᠶᠢᠨ ᠠᠵᠢᠯᠯᠠᠭ᠎ᠠ ᠳᠤ ᠬᠤᠯᠪᠣᠭᠳᠠᠭᠰᠠᠨ ᠪᠣᠯ᠂ ᠬᠤᠰᠢᠭᠤ ᠰᠢᠶᠠᠨ ᠤ ᠱᠠᠲᠤᠨ  ᠤ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠵᠠᠯᠠᠷᠠᠭᠤᠯᠵᠤ᠂ 3 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ ᠪᠣᠯᠤᠨ᠎ᠠ᠃ᠲᠤᠰ ᠳᠦᠷᠢᠮ ᠤᠨ ᠭᠤᠴᠢᠨ ᠳᠥᠷᠪᠡᠳᠦᠭᠡᠷ ᠵᠦᠢᠯ ᠤᠨ ᠨᠢᠭᠡᠳᠦᠭᠡᠷ ᠪᠠᠳᠠᠭ ᠤᠨ ᠵᠢᠷᠭᠤᠳᠤᠭᠠᠷ ᠵᠤᠷᠪᠤᠰ ᠤᠨ ᠲᠣᠭᠲᠠᠭᠠᠯ ᠠᠴᠠ ᠵᠥᠷᠢᠴᠡᠨ᠂ ᠵᠥᠪᠰᠢᠶᠡᠷᠡᠭᠦᠯᠦᠭᠡᠳᠦᠶ ᠪᠠᠷ ᠲᠣᠰᠬᠤᠨ ᠤ ᠵᠠᠮ ᠤᠨ ᠪᠠᠷᠢᠯᠭ᠎ᠠ ᠶᠢᠨ ᠠᠵᠢᠯᠯᠠᠭ᠎ᠠ ᠳᠤ ᠬᠤᠯᠪᠣᠭᠳᠠᠭᠰᠠᠨ ᠪᠣᠯ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠨᠤᠷᠠᠭᠠᠯᠭᠠᠵᠤ᠂ 5 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ ᠪᠣᠯᠤᠨ᠎ᠠ᠃ᠲᠤᠰ ᠳᠦᠷᠢᠮ ᠤᠨ ᠭᠤᠴᠢᠨ ᠳᠥᠷᠪᠡᠳᠦᠭᠡᠷ ᠵᠦᠢᠯ ᠤᠨ ᠨᠢᠭᠡᠳᠦᠭᠡᠷ ᠪᠠᠳᠠᠭ ᠤᠨ ᠳᠣᠯᠣᠳᠤᠭᠠᠷ ᠵᠤᠷᠪᠤᠰ ᠤᠨ ᠲᠣᠭᠲᠠᠭᠠᠯ ᠠᠴᠠ ᠵᠥᠷᠢᠴᠡᠨ᠂ ᠵᠥᠪᠰᠢᠶᠡᠷᠡᠭᠦᠯᠦᠭᠡᠳᠦᠶ ᠪᠠᠷ ᠲᠣᠰᠬᠤᠨ ᠤ ᠵᠠᠮ ᠤᠨ ᠪᠠᠷᠢᠯᠭ᠎ᠠ ᠶᠢᠨ ᠠᠵᠢᠯᠯᠠᠭ᠎ᠠ ᠳᠤ ᠬᠤᠯᠪᠣᠭᠳᠠᠭᠰᠠᠨ ᠪᠣᠯ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠵᠠᠯᠠᠷᠠᠭᠤᠯᠬᠤ ᠶᠢᠨ ᠬᠠᠮᠲᠤ᠂ 5 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ᠲᠠᠪᠢᠨ ᠳᠣᠯᠣᠳᠤᠭᠠᠷ ᠵᠦᠢᠯ᠂ ᠲᠤᠰ ᠳᠦᠷᠢᠮ ᠤᠨ ᠭᠤᠴᠢᠨ ᠲᠠᠪᠤᠳᠤᠭᠠᠷ ᠵᠦᠢᠯ ᠤᠨ ᠨᠢᠭᠡᠳᠦᠭᠡᠷ ᠪᠠᠳᠠᠭ ᠤᠨ ᠲᠣᠭᠲᠠᠭᠠᠯ ᠠᠴᠠ ᠵᠦᠷᠢᠴᠡᠨ᠂ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ  ᠠᠴᠠ ᠰᠢᠢᠳᠬᠡᠵᠦ᠂ ᠲᠣᠰᠬᠤᠨ ᠤ ᠵᠠᠮ ᠵᠢᠴᠢ ᠳᠠᠭᠠᠯᠲᠠ ᠲᠦᠬᠦᠭᠡᠷᠦᠮᠵᠢ ᠶᠢ ᠡᠪᠳᠡᠭᠰᠡᠨ ᠪᠣᠯ᠂ ᠬᠠᠤᠯᠢ ᠶᠣᠰᠣᠭᠠᠷ ᠲᠥᠯᠥᠬᠦ ᠬᠠᠷᠢᠭᠤᠴᠠᠯᠭ᠎ᠠ ᠡᠭᠦᠷᠭᠡᠯᠡᠨ᠎ᠡ᠄︵ᠨᠢᠭᠡ︶ ᠤᠰᠤ ᠨᠡᠮᠡᠬᠦ ᠥᠷᠲᠡᠭᠡ᠂ ᠲᠣᠰᠣ ᠨᠡᠮᠡᠬᠦ ᠥᠷᠲᠡᠭᠡ᠂ ᠲᠡᠷᠭᠡᠨ ᠵᠣᠭᠰᠣᠭᠠᠯ᠂ ᠲᠡᠷᠭᠡ ᠤᠬᠢᠶᠠᠬᠤ ᠲᠠᠯᠠᠪᠠᠶ ᠂ ᠲᠡᠷᠭᠡ ᠵᠠᠰᠠᠬᠤ ᠦᠢᠯᠡᠳᠪᠦᠷᠢ ᠪᠣᠯᠤᠨ ᠵᠠᠷ ᠮᠡᠳᠡᠭᠡ ᠶᠢᠨ ᠫᠠᠶᠢᠰᠠ ᠵᠡᠷᠭᠡ ᠲᠦᠬᠦᠭᠡᠷᠦᠮᠵᠢ ᠭᠠᠷᠭᠠᠭᠰᠠᠨ ᠪᠣᠯ᠂ ᠵᠠᠷᠯᠢᠭᠳᠠᠵᠤ ᠪᠠᠶᠢᠭᠠᠳ ᠵᠠᠯᠠᠷᠠᠭᠤᠯᠵᠤ᠂ 2000 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ ᠪᠣᠯᠤᠨ᠎ᠠ︔ ︵ᠬᠤᠶᠠᠷ︶ ᠲᠣᠰᠬᠤᠨ ᠤ ᠵᠠᠮ ᠤᠨ ᠵᠠᠰᠠᠮᠠᠯ ᠵᠠᠮ ᠤᠨ ᠬᠡᠷᠡᠭᠯᠡᠬᠦ ᠭᠠᠵᠠᠷ ᠤᠨ ᠭᠠᠳᠠᠷ ᠬᠦᠪᠡᠭᠡ ᠠᠴᠠ ᠡᠬᠢᠯᠡᠨ ᠭᠠᠳᠠᠭᠰᠢ 50  ᠮᠧᠲᠷ ᠤᠨ ᠬᠡᠪᠴᠢᠶᠡᠨ ᠳᠣᠲᠣᠷ᠎ᠠ ᠬᠠᠶᠢᠷ ᠮᠠᠯᠲᠠᠭᠰᠠᠨ᠂ ᠠᠭᠤᠷᠬᠠᠶ ᠮᠠᠯᠲᠠᠭᠰᠠᠨ᠂ ᠴᠢᠯᠠᠭᠤ ᠭᠠᠷᠭᠠᠭᠰᠠᠨ᠂ ᠰᠢᠷᠣᠶ ᠠᠪᠤᠭᠰᠠᠨ᠂ ᠬᠠᠶᠠᠭᠳᠠᠮᠠᠯ ᠡᠳ᠋ ᠬᠠᠶᠠᠭᠰᠠᠨ᠂ ᠳᠡᠯᠪᠡᠴᠢᠬᠦ ᠠᠵᠢᠯ ᠬᠢᠭᠰᠡᠨ ᠪᠠ ᠵᠠᠰᠠᠮᠠᠯ ᠵᠠᠮ  ᠤᠨ ᠠᠮᠤᠷ ᠲᠦᠪᠰᠢᠨ ᠳᠤ ᠬᠥᠨᠥᠭᠡᠯ ᠤᠴᠠᠷᠠᠭᠤᠯᠬᠤ ᠪᠤᠰᠤᠳ ᠠᠵᠢᠯᠯᠠᠭ᠎ᠠ ᠬᠢᠭᠰᠡᠨ ᠪᠣᠯ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠵᠠᠷᠯᠢᠭᠳᠠᠨ ᠵᠣᠭᠰᠣᠭᠠᠵᠤ᠂ 3 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ ᠪᠣᠯᠤᠨ᠎ᠠ᠃ᠲᠠᠪᠢᠨ ᠨᠠᠶᠮᠠᠳᠤᠭᠠᠷ ᠵᠦᠶᠯ᠂ ᠲᠤᠰ ᠳᠦᠷᠢᠮ ᠤᠨ ᠲᠣᠭᠲᠠᠭᠠᠯ ᠠᠴᠠ ᠵᠥᠷᠢᠴᠡᠨ᠂ ᠲᠠᠷᠢᠶᠠᠯᠠᠬᠤ ᠮᠠᠯᠵᠢᠬᠤ ᠣᠷᠣᠨ  ᠤ ᠵᠠᠰᠠᠮᠠᠯ ᠵᠠᠮ ᠬᠢᠭᠡᠳ ᠲᠡᠭᠦᠨ ᠤ ᠳᠠᠭᠠᠯᠲᠠ ᠲᠦᠬᠦᠭᠡᠷᠦᠮᠵᠢ ᠶᠢ ᠡᠪᠳᠡᠭᠰᠡᠨ ᠪᠣᠯ᠂ ᠤᠤᠯ ᠤᠨ ᠮᠡᠷᠭᠡᠵᠢᠯ ᠤᠨ ᠪᠠᠷᠢᠮᠵᠢᠶ᠎ᠠ ᠠᠴᠠ ᠳᠣᠤᠷ᠎ᠠ ᠦᠭᠡᠶ ᠬᠡᠮᠵᠢᠶ᠎ᠡ ᠪᠠᠷ ᠰᠡᠯᠪᠢᠨ ᠵᠠᠰᠠᠬᠤ ᠪᠤᠶᠤ ᠡᠪᠳᠡᠭᠰᠡᠨ ᠬᠡᠮᠵᠢᠶ᠎ᠡ ᠪᠠᠷ ᠨᠢ ᠲᠥᠯᠥᠪᠦᠷᠢ ᠥᠭᠬᠦ ᠬᠡᠷᠡᠭᠲᠡᠶ᠃ ᠲᠠᠪᠢ ᠶᠢᠰᠦᠳᠦᠭᠡᠷ ᠵᠦᠶᠯ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠳᠤ ᠬᠢᠨᠠᠯᠲᠠ ᠲᠠᠯᠪᠢᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ ᠲᠠᠢ ᠰᠠᠯᠠᠭ᠎ᠠ ᠮᠥᠴᠢᠷ᠂ ᠪᠠᠶᠢᠭᠤᠯᠤᠮᠵᠢ ᠳᠤ ᠳᠣᠤᠷᠠᠬᠢ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠰᠢᠭᠤᠳ ᠬᠠᠷᠢᠭᠤᠴᠠᠵᠤ ᠪᠠᠶᠢᠭ᠎ᠠ ᠭᠤᠣᠯᠯᠠᠨ ᠬᠠᠮᠢᠶᠠᠷᠴᠤ ᠪᠦᠬᠦᠢ ᠬᠥᠮᠦᠰ ᠪᠣᠯᠤᠨ ᠪᠤᠰᠤᠳ ᠰᠢᠭᠤᠳ ᠬᠠᠷᠢᠭᠤᠴᠠᠯᠭ᠎ᠠ ᠲᠠᠢ ᠬᠥᠮᠦᠰ ᠲᠤ ᠬᠠᠤᠯᠢ ᠶᠣᠰᠣᠭᠠᠷ ᠰᠢᠢᠳᠬᠡᠯ ᠣᠯᠭᠤᠨ᠎ᠠ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄︵ᠨᠢᠭᠡ︶ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠨᠢ ᠳᠠᠭᠠᠭᠠᠴᠢᠯᠠᠯᠲᠠ ᠵᠠᠷᠯᠠᠬᠤ ᠬᠡᠷᠡᠭᠲᠡᠶ ᠪᠠᠶᠢᠲᠠᠯ᠎ᠠ ᠳᠠᠭᠠᠭᠠᠴᠢᠯᠠᠯᠲᠠ ᠵᠠᠷᠯᠠᠭᠰᠠᠨ ᠦᠭᠡᠶ︔ ︵ᠬᠤᠶᠠᠷ︶ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ  ᠤᠨ ᠶᠠᠰᠤ ᠴᠢᠨᠠᠷ ᠪᠣᠯᠤᠨ ᠠᠮᠤᠷ ᠲᠥᠪᠰᠢᠨ ᠳᠤ ᠬᠢᠨᠠᠯᠲᠠ ᠲᠠᠯᠪᠢᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠭᠰᠡᠨ ᠦᠭᠡᠶ ᠠᠴᠠ ᠪᠣᠯᠵᠤ᠂ ᠶᠠᠰᠤ ᠴᠢᠨᠠᠷ ᠤᠨ ᠬᠦᠨᠳᠦ ᠶᠡᠭᠡ ᠠᠰᠠᠭᠤᠳᠠᠯ ᠭᠠᠷᠭᠠᠭᠰᠠᠨ︔ ︵ᠭᠤᠷᠪᠠ︶ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠭᠰᠡᠨ ᠦᠭᠡᠶ ᠠᠴᠠ ᠪᠣᠯᠵᠤ᠂ ᠬᠦᠨᠳᠦ ᠨᠣᠴᠢᠲᠠᠶ ᠦᠷ᠎ᠡ ᠤᠷᠰᠢᠭ ᠭᠠᠷᠭᠠᠭᠰᠠᠨ︔ ︵ᠳᠥᠷᠪᠡ︶ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠬᠤ᠂ ᠬᠠᠮᠢᠶᠠᠷᠬᠤ᠂ ᠠᠷᠠᠴᠢᠯᠠᠨ ᠬᠠᠮᠠᠭᠠᠯᠠᠬᠤ ᠪᠠ ᠡᠵᠡᠩᠨᠡᠬᠦ ᠪᠡᠯᠡ ᠮᠥᠩᠭᠦ ᠶᠢ ᠳᠤᠮᠳᠠ ᠠᠴᠠ ᠨᠢ ᠦᠯᠡᠳᠡᠭᠡᠭᠰᠡᠨ᠂ ᠰᠢᠬᠠᠨ ᠡᠵᠡᠯᠡᠭᠰᠡᠨ᠂ ᠨᠡᠭᠦᠯᠭᠡᠨ ᠬᠡᠷᠡᠭᠯᠡᠭᠰᠡᠨ︔ ︵ᠲᠠᠪᠤ︶ ᠠᠯᠪᠠᠨ ᠲᠤᠰᠢᠶᠠᠯ ᠳᠤ ᠪᠠᠨ ᠠᠯᠮᠠᠶᠢᠷᠠᠨ ᠣᠰᠣᠯᠳᠠᠭᠰᠠᠨ᠂ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ᠂ ᠭᠤᠶᠠᠴᠢᠯᠠᠨ ᠬᠠᠤᠯᠢ ᠶᠣᠰᠣ ᠶᠢ ᠵᠥᠷᠢᠴᠡᠭᠰᠡᠨ ᠪᠤᠰᠤᠳ ᠦᠶᠯᠡ ᠠᠵᠢᠯᠯᠠᠭ᠎ᠠ᠃ᠶᠢᠰᠦᠳᠦᠭᠡᠷ ᠪᠦᠯᠦᠭ ᠳᠠᠭᠠᠯᠳᠤᠭᠤᠯᠤᠭᠰᠠᠨ ᠳᠦᠷᠢᠮᠵᠢᠷᠠᠳᠤᠭᠠᠷ ᠵᠦᠶᠯ᠂ ᠲᠤᠰ ᠲᠦᠷᠢᠮ ᠢ 2021 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃      ᠪᠢᠴᠢᠭ ᠮᠠᠲ᠋ᠧᠷᠢᠶᠠᠯ ᠤᠨ ᠢᠷᠡᠯᠲᠡ᠄ ᠥᠪᠥᠷ ᠮᠣᠩᠭᠤᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠦᠯᠵᠢᠶ᠎ᠡ      ᠪᠢᠴᠢᠭ ᠮᠠᠲ᠋ᠧᠷᠢᠶᠠᠯ ᠢ ᠪᠠᠭᠤᠯᠭᠠᠬᠤ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠲᠦᠷᠢᠮ.doc      ᠬᠠᠮᠢᠶ᠎ᠠ ᠪᠥᠬᠦᠶ ᠲᠠᠶᠢᠯᠤᠮᠵᠢ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠲᠦᠷᠢᠮ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
 
ᠢᠷᠡᠯᠲᠡ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号