ᠥᠪᠥᠷ ᠮᠣᠩᠭᠤᠯ ᠤᠨ ᠵᠠᠰᠠᠮᠠᠯ ᠵᠠᠮ ᠤᠨ ᠵᠠᠮ ᠬᠠᠷᠢᠯᠴᠠᠭᠠᠨ ᠤ ᠪᠡᠯᠡ ᠣᠷᠣᠭᠤᠯᠤᠯᠲᠠ ᠬᠦᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠬᠥᠯᠥᠨ ᠪᠤᠶᠢᠷ ᠲᠠᠬᠢ ᠬᠤᠪᠢᠶᠠᠷᠢ ᠺᠣᠮᠫᠠᠨᠢ ᠶᠢᠨ ᠰᠠᠶᠢᠨ ᠳᠤᠷ᠎ᠠ ᠶᠢᠨ ᠦᠢᠯᠡᠴᠢᠯᠡᠭᠡ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2021/9/6
     ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠥᠪᠥᠷ ᠮᠣᠩᠭᠤᠯ ᠤᠨ ᠵᠠᠰᠠᠮᠠᠯ ᠵᠠᠮ ᠤᠨ ᠵᠠᠮ ᠬᠠᠷᠢᠯᠴᠠᠭᠠᠨ ᠤ ᠪᠡᠯᠡ ᠣᠷᠣᠭᠤᠯᠤᠯᠲᠠ ᠬᠦᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠬᠥᠯᠥᠨ ᠪᠤᠶᠢᠷ ᠲᠠᠬᠢ ᠬᠤᠪᠢᠶᠠᠷᠢ ᠺᠣᠮᠫᠠᠨᠢ ᠶᠢᠨ ᠬᠢᠨ ︽ᠨᠠᠮ ᠤᠨ ᠲᠡᠦᠬᠡ ᠶᠢ ᠰᠤᠷᠤᠯᠴᠠᠵᠤ᠂ ᠦᠵᠡᠯ ᠰᠠᠨᠠᠭ᠎ᠠ ᠪᠠᠨ ᠰᠡᠭᠡᠭᠡᠷᠡᠭᠦᠯᠵᠤ᠂ ᠪᠣᠳᠠᠲᠤ ᠶᠠᠪᠤᠳᠠᠯ ᠬᠢᠵᠦ᠂ ᠰᠢᠨ᠎ᠡ ᠪᠠᠶᠢᠳᠠᠯ ᠢ ᠡᠭᠦᠳᠬᠦ︾ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ︽ᠪᠢ ᠤᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠲᠠᠢ ᠤᠶᠠᠯᠳᠤᠭᠤᠯᠵᠤ᠂ ᠬᠢᠵᠢᠭ ᠢ ᠰᠡᠷᠭᠡᠶᠢᠯᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠪᠡ᠃ 8 ᠳ᠋ᠤᠭᠠᠷ ᠰᠠᠷ᠎ᠠ ᠶᠢᠨ 9 - 8 ᠳ᠋ᠤᠭᠠᠷ ᠰᠠᠷ᠎ᠠ ᠶᠢᠨ 19 ᠤ ᠡᠳᠦᠷ ᠪᠣᠯᠲᠠᠯ᠎ᠠ᠂ ᠲᠣᠰ ᠬᠤᠪᠢᠶᠠᠷᠢ ᠺᠣᠮᠫᠠᠨᠢ ᠨᠢ ᠯᠠᠡ ᠳ᠋ᠦᠨ ᠨᠡᠶᠢᠭᠡᠮ ᠲᠣᠭᠤᠷᠢᠭ ᠤᠨ ᠤᠷᠢᠶᠠᠯᠠᠭ᠎ᠠ ᠶᠢ ᠢᠳᠡᠪᠬᠢᠲᠡᠶ ᠳᠠᠭᠠᠵᠤ᠂ ᠵᠠᠯᠠᠭᠤ ᠰᠠᠶᠢᠨ ᠳᠤᠷᠠᠴᠤᠳ ᠢ ᠵᠣᠬᠢᠶᠠᠨ ᠪᠠᠶᠢᠭᠤᠯᠤᠨ ᠫᠧᠨ ᠳ᠋ᠧᠦ ᠪᠠᠯᠭᠠᠰᠤᠨ ᠤ ᠵᠢᠵᠢᠭᠦᠷᠴᠢᠨ ᠥᠬᠡᠶ ᠰᠠᠭᠤᠭᠠᠯᠢ ᠠᠷᠠᠳ ᠤᠨ ᠲᠣᠭᠤᠷᠢᠭ ᠲᠤ ᠬᠦᠷᠴᠦ᠂ ᠪᠣᠳᠠᠲᠤ ᠠᠵᠢᠯᠯᠠᠭ᠎ᠠ ᠪᠠᠷ ᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠦᠴᠦᠨ ᠨᠡᠮᠡᠷᠢᠯᠡᠪᠡ᠃      ᠲᠣᠰ ᠬᠤᠪᠢᠶᠠᠷᠢ ᠺᠣᠮᠫᠠᠨᠢ ᠶᠢᠨ ᠵᠠᠯᠠᠭᠤ ᠰᠠᠶᠢᠨ ᠳᠤᠷᠠᠴᠤᠳ ᠨᠢ ᠲᠣᠰ ᠪᠡᠶ᠎ᠡ ᠶᠢᠨ ᠰᠡᠷᠭᠡᠶᠢᠯᠡᠨ ᠡᠵᠡᠮᠳᠡᠬᠦ ᠠᠵᠢᠯ ᠢᠶᠠᠨ ᠰᠠᠶᠢᠲᠤᠷ ᠬᠢᠭᠰᠡᠨ ᠪᠠᠶᠢᠳᠠᠯ ᠳᠤᠤᠷ᠎ᠠ᠂ ᠵᠢᠶ ᠰᠢᠶᠠᠩ ᠵᠢᠶᠠ ᠶᠤᠸᠠᠨ ᠰᠠᠭᠤᠭᠠᠯᠢ ᠠᠷᠠᠳ ᠤᠨ ᠲᠣᠭᠤᠷᠢᠭ ᠤᠨ ᠵᠢᠵᠢᠭᠦᠷᠯᠡᠬᠦ ᠠᠵᠢᠯ ᠢ ᠡᠭᠦᠷᠭᠡᠯᠡᠪᠡ᠃ ᠲᠡᠳᠡᠨ ︽ᠰᠠᠶᠢᠨ ᠳᠤᠷ᠎ᠠ ᠶᠢᠨ ᠦᠢᠯᠡᠴᠢᠯᠡᠭᠡ︾ ᠭᠡᠰᠡᠨ ᠤᠯᠠᠭᠠᠨ ᠡᠯᠢᠭᠡᠪᠴᠢ ᠶᠢ ᠡᠮᠦᠰᠴᠦ᠂ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠶᠢᠨ ᠳᠤᠷ᠎ᠠ ᠶᠢᠨ ᠦᠢᠯᠡᠴᠢᠯᠡᠭᠡ︾ ᠭᠡᠰᠡᠨ ᠬᠠᠨᠴᠤᠶ ᠶᠢᠨ ᠲᠡᠮᠳᠡᠭ ᠢ ᠵᠡᠭᠦᠵᠦ᠂ ᠰᠠᠭᠤᠭᠠᠯᠢ ᠠᠷᠠᠳ ᠤᠨ ᠲᠣᠭᠤᠷᠢᠭ ᠤᠨ ᠣᠷᠣᠵᠤ ᠭᠠᠷᠬᠤ ᠭᠠᠵᠠᠷ ᠢ ᠬᠠᠮᠢᠶᠠᠷᠤᠨ ᠡᠵᠡᠮᠳᠡᠬᠦ ᠠᠴᠠ ᠡᠬᠢᠯᠡᠨ ᠠᠳᠬᠤᠵᠤ᠂ ᠲᠤᠰᠬᠠᠶ ᠬᠥᠮᠦᠨ ᠲᠤᠰᠬᠠᠶ ᠠᠵᠢᠯ ᠤᠨ ᠪᠠᠶᠢᠷᠢ ᠲᠣᠬᠢᠷᠠᠭᠤᠯᠵᠤ᠂ ᠪᠡᠶ᠎ᠡ ᠶᠢᠨ ᠬᠠᠯᠠᠭᠤᠨ ᠢ ᠪᠠᠶᠢᠴᠠᠭᠠᠨ ᠬᠡᠮᠵᠢᠬᠦ᠂ ᠺᠣᠳ᠋ ᠰᠢᠷᠪᠢᠵᠦ ᠳᠠᠩᠰᠠᠯᠠᠬᠤ᠂ ᠬᠢᠵᠢᠭ ᠢ ᠰᠡᠷᠭᠡᠶᠢᠯᠡᠬᠦ ᠤᠬᠠᠭᠤᠯᠭ᠎ᠠ ᠬᠢᠬᠦ᠂ ᠡᠮᠬᠢ ᠳᠢᠭᠯᠢᠮ ᠢ ᠬᠠᠮᠠᠭᠠᠯᠠᠬᠤ ᠵᠡᠷᠭᠡ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠠᠯᠳᠠᠰᠢ ᠭᠠᠷᠭᠠᠬᠤ ᠥᠬᠡᠶ ᠪᠠᠶᠢᠬᠤ ᠶᠢ ᠴᠢᠷᠮᠠᠶᠢᠨ ᠪᠡᠶᠡᠯᠡᠭᠦᠯᠪᠡ᠃       ᠲᠤᠰ ᠤᠳᠠᠭ᠎ᠠ ᠲᠤᠰ ᠬᠤᠪᠢᠶᠠᠷᠢ ᠺᠣᠮᠫᠠᠨᠢ ᠠᠴᠠ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠭᠡᠬᠦ ᠦᠢᠯᠡᠳᠦᠯᠭᠡ ᠶᠢᠨ ᠠᠵᠢᠯᠯᠠᠭ᠎ᠠ ᠶᠢ ᠬᠢᠵᠢᠭ ᠢ ᠰᠡᠷᠭᠡᠶᠢᠯᠡᠬᠦ ᠠᠵᠢᠯ ᠲᠠᠢ ᠤᠶᠠᠯᠳᠤᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠬᠡᠯᠪᠡᠷᠢ ᠪᠠᠷ ᠣᠯᠠᠨ ᠲᠦᠮᠡᠨ ᠤ ᠳᠡᠷᠭᠡᠳᠡ ᠬᠦᠷᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠲᠤ ᠭᠦᠨᠵᠡᠭᠡᠶᠢᠷᠡᠨ᠂ ᠪᠣᠳᠠᠲᠤ ᠠᠵᠢᠯᠯᠠᠭ᠎ᠠ ᠪᠠᠷ ᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠡᠭᠡ ᠲᠠᠯ᠎ᠠ ᠳᠤ ᠦᠢᠯᠡᠴᠢᠯᠡᠵᠦ᠂ ᠣᠯᠠᠨ ᠲᠦᠮᠡᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠰᠠᠬᠢᠨ ᠬᠠᠮᠠᠭᠠᠯᠠᠭᠰᠠᠨ ᠨᠢ᠂ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠭᠡᠬᠦ ᠠᠵᠢᠯ ᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠪᠠ᠃ ︵ᠯᠢᠦ ᠮᠸᠡᠭ︶
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号