ᠲᠦᠩᠯᠢᠶᠣᠤ ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠪᠦᠯᠦᠭᠯᠡᠯ ᠤᠨ ᠨᠡᠶᠢᠲᠡ ᠶᠢᠨ ᠮᠠᠰᠢᠨ ᠲᠡᠷᠭᠡᠨ ᠤ ᠵᠢᠯᠣᠭᠤᠴᠢ ᠨᠢ ︽ᠰᠢᠮ᠎ᠡ ᠲᠡᠵᠢᠭᠡᠯᠲᠦ ᠥᠷᠯᠥᠭᠡ ᠶᠢᠨ ᠬᠤᠭᠤᠯᠠ︾ ᠢᠳᠡᠬᠦ ᠪᠣᠯᠪᠠ
ᠨᠡᠶᠢᠲᠡᠯᠡᠭᠰᠡᠨ ᠴᠠᠭ᠄
2021/9/7
     ᠣᠶᠢᠷ᠎ᠠ ᠳᠤ᠂ ᠲᠦᠩᠯᠢᠶᠣᠤ ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠲᠡᠭᠡᠭᠡᠪᠦᠷᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ︵ᠲᠦᠩᠯᠢᠶᠣᠤ ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠪᠦᠯᠦᠭᠯᠡᠯ ᠭᠡᠵᠦ ᠲᠣᠪᠴᠢᠯᠠᠨ᠎ᠠ︶᠂ ︽ᠰᠢᠮ᠎ᠡ ᠲᠡᠵᠢᠭᠡᠯᠲᠦ ᠥᠷᠯᠥᠭᠡ ᠶᠢᠨ ᠬᠤᠭᠤᠯᠠ︾ ᠶᠢᠨ ᠢᠨᠵᠧᠨᠧᠷᠢᠩ ᠢ ᠵᠢᠩᠬᠢᠨᠢ ᠪᠠᠷ ᠡᠬᠢᠯᠡᠭᠦᠯᠵᠦ᠂ ᠡᠮᠦᠨ᠎ᠡ ᠹᠷᠣᠨᠲ ᠤᠨ ᠠᠵᠢᠯᠲᠠᠨ ᠠᠵᠢᠯᠴᠢᠨ ᠤ ︽ᠥᠷᠯᠥᠭᠡ ᠶᠢᠨ ᠬᠤᠭᠤᠯᠠ ᠶᠢᠨ ᠬᠦᠴᠢᠷᠳᠡᠯ︾ ᠤᠨ ᠠᠰᠠᠭᠤᠳᠠᠯ ᠢ ᠰᠢᠢᠳᠪᠦᠷᠢᠯᠡᠪᠡ᠃     ᠡᠷᠲᠡ ᠶᠢᠨ ᠡᠭᠡᠯᠵᠢ ᠶᠢᠨ ᠲᠡᠷᠭᠡ ᠬᠥᠳᠡᠯᠬᠦ ᠴᠠᠭ ᠨᠢ 6᠄ 00᠂ ᠵᠢᠯᠣᠭᠤᠴᠢ ᠨᠢ ᠬᠠᠭᠠᠰ ᠴᠠᠭ ᠤᠷᠢᠳᠴᠢᠯᠠᠨ ᠲᠠᠯᠠᠪᠠᠢ ᠳᠤ ᠣᠷᠣᠵᠤ ᠲᠡᠷᠭᠡ ᠬᠥᠳᠡᠯᠬᠦ ᠠᠴᠠ ᠡᠮᠦᠨᠡᠬᠢ ᠬᠠᠮᠢᠶ᠎ᠠ ᠪᠦᠬᠦᠢ ᠪᠡᠯᠡᠳᠬᠡᠯ ᠠᠵᠢᠯ ᠢ ᠬᠢᠬᠦ ᠤᠴᠢᠷ ᠠᠴᠠ᠂ ᠥᠷᠯᠥᠭᠡᠨ ᠤ 5᠄ 00 ᠲᠤ ᠳᠠᠷᠤᠢ ᠭᠡᠷ ᠠᠴᠠ ᠪᠠᠨ ᠭᠠᠷᠤᠨ᠎ᠠ᠂ ᠥᠷᠯᠥᠭᠡᠨ ᠤ ᠬᠤᠭᠤᠯᠠ ᠢᠳᠡᠬᠦ ᠨᠢ ᠲᠡᠳᠡᠨ ᠳᠤ ᠠᠪᠴᠤ ᠬᠡᠯᠡᠪᠡᠯ ᠨᠢᠭᠡ ᠶᠡᠭᠡ ᠬᠦᠴᠢᠷ ᠠᠰᠠᠭᠤᠳᠠᠯ ᠪᠤᠯᠤᠨ᠎ᠠ᠃ ᠵᠢᠯᠣᠭᠤᠴᠢ ᠳᠤ ᠬᠠᠯᠠᠭᠤᠨ ᠳᠤᠯᠠᠭᠠᠨ᠂ ᠴᠢᠨᠠᠷ ᠰᠠᠶᠢᠲᠠᠶ ᠠᠷᠤ ᠲᠠᠯ᠎ᠠ ᠶᠢᠨ ᠦᠢᠯᠡᠴᠢᠯᠡᠭᠡᠨ ᠤ ᠦᠢᠯᠡᠴᠢᠯᠡᠭᠡ ᠬᠠᠩᠭᠠᠵᠤ᠂ ᠪᠡᠶ᠎ᠡ ᠮᠠᠬᠠᠪᠣᠳ ᠤᠨ ᠬᠢᠨᠢ ᠡᠷᠡᠭᠦᠯ ᠮᠡᠨᠳᠦ ᠶᠢ ᠪᠠᠲᠤᠯᠠᠵᠤ᠂ ᠠᠮᠤᠷ ᠲᠦᠪᠰᠢᠨ ᠡᠵᠡᠩᠨᠡᠯᠲᠡ ᠶᠢ ᠠᠬᠢᠭᠤᠯᠬᠤ ᠶᠢᠨ ᠲᠥᠯᠥᠭᠡ᠂ ᠲᠣᠰ ᠺᠣᠮᠫᠠᠨᠢ ᠨᠢ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠪᠠᠷ ᠠᠵᠢᠯ ᠤᠨ ᠭᠠᠷᠳᠠᠴᠠ ᠪᠣᠯᠭᠠᠵᠤ᠂ ︽ᠰᠢᠮ᠎ᠡ ᠲᠡᠵᠢᠭᠡᠯᠲᠦ ᠥᠷᠯᠥᠭᠡ ᠶᠢᠨ ᠬᠤᠭᠤᠯᠠ︾ ᠶᠢᠨ ᠢᠨᠵᠧᠨᠧᠷᠢᠩ ᠢ ᠡᠬᠢᠯᠡᠭᠦᠯᠵᠦ᠂ ᠡᠮᠦᠨ᠎ᠡ ᠹᠷᠣᠨᠲ ᠤᠨ ᠥᠷᠭᠡᠨ ᠣᠯᠠᠨ ᠠᠵᠢᠯᠲᠠᠨ ᠠᠵᠢᠯᠴᠢᠨ ᠤ ︽ᠥᠷᠯᠥᠭᠡ ᠶᠢᠨ ᠬᠤᠭᠤᠯᠠ ᠶᠢᠨ ᠬᠦᠴᠢᠷᠳᠡᠯ︾ ᠤᠨ ᠠᠰᠠᠭᠤᠳᠠᠯ ᠢ ᠦᠨᠡᠨ ᠬᠦ ᠰᠢᠢᠳᠪᠦᠷᠢᠯᠡᠵᠤ᠂ ᠠᠵᠢᠯᠲᠠᠨ ᠠᠵᠢᠯᠴᠢᠨ ᠤ ᠵᠢᠷᠭᠠᠯᠲᠤ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠨᠢᠭᠲᠠᠷᠠᠯ ᠤᠨ ᠬᠦᠴᠦᠨ ᠢ ᠴᠢᠩᠭᠠᠷᠠᠭᠤᠯᠪᠠ᠃      ᠰᠢᠮ᠎ᠡ ᠲᠡᠵᠢᠭᠡᠯᠲᠦ ᠥᠷᠯᠥᠭᠡ ᠶᠢᠨ ᠬᠤᠭᠤᠯᠠᠨ ᠤ ᠶᠠᠰᠤ ᠴᠢᠨᠠᠷ ᠢ ᠪᠠᠲᠤᠯᠠᠬᠤ ᠶᠢᠨ ᠲᠥᠯᠥᠭᠡ᠂ ᠲᠣᠰ ᠺᠣᠮᠫᠠᠨᠢ ᠨᠢ ᠳᠠᠭᠠᠭᠠᠴᠢᠯᠠᠯᠲᠠ ᠵᠠᠷᠯᠠᠨ ᠬᠤᠳᠠᠯᠳᠤᠨ ᠠᠪᠬᠤ ᠴᠤᠪᠦᠷᠠᠯ ᠶᠣᠰᠣᠭᠠᠷ ᠢᠯᠡ ᠪᠠᠷ ᠳᠠᠭᠠᠭᠠᠴᠢᠯᠠᠯᠲᠠ ᠵᠠᠷᠯᠠᠵᠤ᠂ ᠲᠥᠷᠥᠯ  ᠵᠦᠢᠯ ᠠᠴᠠ ᠶᠠᠰᠤ ᠴᠢᠨᠠᠷ ᠬᠦᠷᠲᠡᠯ᠎ᠡ ᠬᠤᠳᠠᠯᠳᠤᠨ ᠠᠪᠬᠤ ᠴᠢᠩᠭ᠎ᠠ ᠪᠠᠷᠢᠮᠵᠢᠶ᠎ᠠ ᠲᠤᠭᠳᠠᠭᠠᠪᠠ᠃ ᠬᠠᠯᠠᠭᠤᠨ ᠳᠣᠲᠣᠨᠣ ᠥᠷᠯᠥᠭᠡ ᠶᠢᠨ ᠬᠤᠭᠤᠯᠠ ᠨᠢ ᠠᠵᠢᠯᠲᠠᠨ ᠠᠵᠢᠯᠴᠢᠨ ᠤ ᠰᠢᠮ᠎ᠡ ᠲᠡᠵᠢᠭᠡᠯ ᠢ ᠨᠥᠬᠦᠪᠥᠷᠢᠯᠡᠭᠰᠡᠨ ᠢᠶᠠᠷ ᠪᠠᠷᠠᠬᠤ ᠥᠬᠡᠶ᠂ ᠨᠠᠩ ᠴᠤ ᠬᠠᠶᠢᠷ᠎ᠠ ᠬᠠᠯᠠᠮᠵᠢ ᠶᠢ ᠰᠡᠳᠬᠢᠯ ᠤᠨ ᠭᠦᠨ ᠳᠤ ᠨᠢ ᠬᠦᠷᠭᠡᠵᠦ᠂ ᠣᠯᠠᠨ ᠤ ᠨᠢᠭᠡᠲᠦᠯᠲᠠᠢ ᠰᠠᠶᠢᠨ ᠦᠨᠡᠯᠡᠯᠲᠡ ᠶᠢ ᠣᠯᠤᠭᠰᠠᠨ ᠪᠥᠭᠡᠳ ᠪᠠᠰᠠ ᠬᠤᠲᠠ ᠶᠢᠨ ᠠᠷᠠᠳ ᠲᠤ ᠨᠠᠩ ᠰᠠᠶᠢᠨ ᠦᠢᠯᠡᠴᠢᠯᠡᠬᠦ ᠳᠤ ᠬᠥᠳᠡᠯᠭᠡᠬᠦ ᠬᠦᠴᠦᠨ ᠬᠠᠩᠭᠠᠭᠰᠠᠨ ᠪᠠᠶᠢᠨ᠎ᠠ᠃ ︵ᠼᠦᠢ ᠯᠢ ᠶᠠᠩ︶
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号