ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ  ᠤᠨ ᠵᠠᠮ ᠲᠡᠭᠡᠭᠡᠪᠦᠷᠢ ᠶᠢᠨ ᠵᠢᠯᠣᠭᠤᠴᠢ ᠶᠢᠨ 5 ᠵᠦᠶᠯ ᠤᠨ ᠥᠨᠳᠥᠷ ᠳᠠᠪᠲᠠᠮᠵᠢᠲᠤ ᠦᠶᠯᠡᠴᠢᠯᠡᠭᠡᠨ ᠤ ᠵᠦᠶᠯᠡᠰ ᠨᠢ ᠮᠤᠵᠢ ᠠᠯᠤᠰᠯᠠᠨ ᠨᠡᠶᠢᠳᠡᠮ ᠭᠦᠶᠴᠡᠳᠬᠡᠬᠦ ᠪᠣᠯᠪᠠ
ᠨᠡᠶᠢᠲᠡᠯᠡᠭᠰᠡᠨ ᠴᠠᠭ᠄
2021/9/9
     8 ᠳ᠋ᠤᠭᠠᠷ ᠰᠠᠷ᠎ᠠ ᠶᠢᠨ 31 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠲᠡᠭᠡᠭᠡᠪᠦᠷᠢ ᠶᠢᠨ ᠶᠠᠪᠤᠳᠠᠯ ᠤᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠬᠢᠭᠡᠳ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠢᠨᠲ᠋ᠧᠷ ᠰᠦᠯᠵᠢᠶᠡᠨ ᠤ ᠵᠠᠮ ᠲᠡᠭᠡᠭᠡᠪᠦᠷᠢ ᠶᠢᠨ ᠠᠷᠠᠳ ᠲᠤ ᠲᠥᠬᠦᠮ ᠦᠵᠡᠭᠦᠯᠬᠦ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠰᠢᠰᠲ᠋ᠧᠮ ᠬᠤᠯᠪᠣᠭᠠᠯᠠᠨ ᠲᠣᠬᠢᠷᠠᠭᠤᠯᠬᠤ ᠶᠢ ᠪᠡᠶᠡᠯᠡᠭᠦᠯᠵᠦ᠂ ᠵᠠᠮ ᠤᠨ ᠠᠶᠠᠨᠴᠢᠳ ᠤᠨ ᠲᠡᠭᠡᠭᠡᠪᠦᠷᠢ᠂ ᠡᠩ ᠤᠨ ᠡᠳ᠋ ᠪᠠᠷᠠᠭᠠᠨ ᠤ ᠲᠡᠭᠡᠭᠡᠪᠦᠷᠢ ᠵᠢᠴᠢ ᠠᠶᠤᠯᠲᠠᠢ ᠡᠳ᠋ ᠪᠠᠷᠠᠭᠠᠨ ᠤ ᠵᠠᠮ ᠲᠡᠭᠡᠭᠡᠪᠦᠷᠢ ᠶᠢᠨ ᠵᠢᠯᠣᠭᠤᠴᠢ ᠶᠢᠨ ᠠᠵᠢᠯ ᠡᠷᠭᠢᠯᠡᠬᠦ ᠬᠢᠷᠢ ᠬᠡᠮ ᠤᠨ ᠦᠨᠡᠮᠯᠡᠯ ᠢ ᠨᠦᠬᠦᠪᠦᠷᠢᠯᠡᠨ ᠲᠠᠷᠬᠠᠭᠠᠬᠤ᠂ ᠰᠣᠯᠢᠵᠤ ᠲᠠᠷᠬᠠᠭᠠᠬᠤ᠂ ᠬᠤᠪᠢᠷᠠᠭᠤᠯᠬᠤ᠂ ᠬᠦᠴᠦᠨ ᠥᠬᠡᠶ ᠪᠣᠯᠭᠠᠬᠤ ᠵᠢᠴᠢ ᠦᠨᠡᠨᠴᠢ ᠢᠲᠡᠭᠡᠮᠵᠢ ᠶᠢᠨ ᠬᠢᠨᠠᠨ ᠰᠢᠯᠭᠠᠯᠲᠠ ᠵᠡᠷᠭᠡ 5 ᠵᠦᠶᠯ ᠤᠨ ᠥᠨᠳᠥᠷ ᠳᠠᠪᠲᠠᠮᠵᠢᠲᠤ ᠵᠦᠶᠯᠡᠰ ᠨᠢ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ  ᠤ ᠸᠢᠴᠠᠲ ᠤᠨ ᠣᠯᠠᠨ ᠨᠡᠶᠢᠲᠡ ᠶᠢᠨ ᠳ᠋ᠤᠭᠠᠷ᠂ ᠢᠨᠲ᠋ᠧᠷ ᠰᠦᠯᠵᠢᠶᠡᠨ ᠤ ᠠᠷᠠᠳ ᠲᠤ ᠲᠥᠬᠦᠮ ᠦᠵᠡᠭᠦᠯᠬᠦ ᠵᠠᠰᠠᠭ  ᠤᠨ ᠶᠠᠪᠤᠳᠠᠯ ᠤᠨ ᠰᠢᠰᠲ᠋ᠧᠮ ᠤᠨ ᠰᠦᠯᠵᠢᠶᠡᠨ ᠤ ᠬᠠᠭᠤᠳᠠᠰᠤᠨ ᠵᠠᠯᠭᠠᠭᠠᠰᠤ᠂ ᠵᠠᠮ ᠲᠡᠭᠡᠭᠡᠪᠦᠷᠢ ᠶᠢᠨ ᠶᠠᠪᠤᠳᠠᠯ ᠤᠨ ᠨᠢᠭᠡ ᠰᠦᠯᠵᠢᠶ᠎ᠡ ᠪᠠᠷ ᠨᠡᠶᠢᠳᠡᠮ ᠭᠦᠶᠴᠡᠳᠬᠡᠬᠦ ᠸᠢᠴᠠᠲ ᠤᠨ ᠵᠢᠵᠢᠭ ᠫᠷᠤᠭ᠍ᠷᠠᠮ ᠵᠡᠷᠭᠡ ᠣᠯᠠᠨ ᠠᠷᠭ᠎ᠠ ᠵᠠᠮ ᠢᠶᠠᠷ ᠳᠠᠮᠵᠢᠭᠤᠯᠤᠨ ᠭᠦᠶᠴᠡᠳᠬᠡᠵᠦ ᠪᠣᠯᠤᠨ᠎ᠠ᠂ ᠵᠢᠯᠣᠭᠤᠴᠢ ᠨᠢ ︽ᠣᠯᠠᠨ ᠭᠠᠵᠠᠷ ᠢᠶᠠᠷ ᠭᠦᠶᠦᠬᠦ︾ ︽ᠡᠭᠡᠵᠦ ᠪᠤᠴᠠᠵᠤ ᠭᠦᠶᠦᠬᠦ︾ ᠠᠴᠠ ᠰᠠᠯᠤᠨ᠎ᠠ᠃      ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠵᠠᠮ ᠲᠡᠭᠡᠭᠡᠪᠦᠷᠢ ᠶᠢᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠳᠥᠭᠦᠮ ᠳᠥᠲᠡ ᠶᠢᠨ ᠬᠡᠮᠵᠢᠶ᠎ᠡ ᠪᠠ ᠠᠵᠢᠯ ᠡᠷᠬᠢᠯᠡᠭᠴᠢᠳ ᠤᠨ ᠬᠦᠷᠲᠡᠭᠡᠮᠵᠢ ᠶᠢᠨ ᠲᠥᠷᠥᠭᠳᠡᠯ ᠢ ᠳᠡᠭᠡᠭᠰᠢᠯᠡᠭᠦᠯᠬᠦ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠢ ᠲᠤᠶᠢᠯ ᠤᠨ ᠣᠨᠣᠪᠴᠢᠲᠠᠶ ᠪᠠᠷ ᠬᠦᠴᠦᠯᠡᠵᠦ᠂ ᠵᠠᠮ ᠲᠡᠭᠡᠭᠡᠪᠦᠷᠢ ᠶᠢᠨ ᠵᠢᠯᠣᠭᠤᠴᠢ ᠶᠢᠨ ᠥᠨᠳᠥᠷ ᠳᠠᠪᠲᠠᠮᠵᠢᠲᠤ ᠦᠶᠯᠡᠴᠢᠯᠡᠭᠡᠨ ᠤ ᠵᠦᠶᠯᠡᠰ ᠢ ︽ᠮᠤᠵᠢ ᠠᠯᠤᠰᠯᠠᠨ ᠨᠡᠶᠢᠳᠡᠮ ᠭᠦᠶᠴᠡᠳᠬᠡᠬᠦ︾ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠵᠤ᠂ ︽ᠮᠤᠵᠢ ᠠᠯᠤᠰᠯᠠᠨ ᠨᠡᠶᠢᠳᠡᠮ ᠭᠦᠶᠴᠡᠳᠬᠡᠬᠦ︾ ᠵᠦᠶᠯᠡᠰ ᠢ 2021 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠳᠤ ᠨᠡᠩ ᠣᠶᠢᠷᠠᠳᠬᠤ ᠪᠠ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠶᠯᠡᠳᠦᠯᠭᠡ  ᠶᠢᠨ ᠠᠵᠢᠯᠯᠠᠭ᠎ᠠ ᠶᠢᠨ ᠨᠠᠷᠢᠨ ᠬᠠᠭᠤᠳᠠᠰᠤ ᠳᠤ ᠣᠷᠣᠭᠤᠯᠵᠤ᠂ ᠢᠳᠡᠪᠬᠢᠲᠡᠶ ᠬᠥᠳᠡᠯᠦᠯᠴᠡᠨ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠠᠵᠢᠯ ᠤᠨ ᠵᠦᠭᠯᠡᠭᠦᠷ ᠪᠠ ᠮᠡᠷᠭᠡᠵᠢᠯ ᠤᠨ ᠱᠠᠭᠠᠷᠳᠠᠯᠭ᠎ᠠ ᠶᠣᠰᠣᠭᠠᠷ᠂ ᠲᠤᠬᠠᠶᠢᠯᠠᠭᠰᠠᠨ ᠠᠵᠢᠯ ᠤᠨ ᠴᠢᠳᠠᠮᠵᠢ ᠪᠠ ᠵᠠᠯᠭᠠᠰᠤ ᠶᠢ ᠲᠠᠰ ᠳᠡᠪᠰᠢᠭᠦᠯᠦᠨ ᠥᠭᠡᠷᠡᠴᠢᠯᠡᠬᠦ ᠶᠢ ᠦᠳᠲᠡᠷ ᠲᠦᠷᠭᠡᠨ ᠲᠡᠭᠦᠯᠳᠡᠷᠵᠢᠭᠦᠯᠪᠡ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ  ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠬᠠᠮᠢᠶᠠᠷᠤᠯᠲᠠ ᠶᠢᠨ ᠠᠵᠢᠯᠲᠠᠨ ᠪᠠ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠴᠤᠩᠬᠤᠪᠴᠢ ᠶᠢᠨ ᠠᠵᠢᠯᠲᠠᠨ ᠳᠤ ᠲᠥᠷᠥ ᠶᠢᠨ ᠪᠣᠳᠣᠯᠭ᠎ᠠ ᠶᠢᠨ ᠪᠣᠯᠪᠠᠰᠤᠷᠠᠭᠤᠯᠤᠯ ᠬᠢᠬᠦ ᠶᠢ ᠴᠢᠩᠭᠠᠳᠬᠠᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠠᠷᠭ᠎ᠠ ᠵᠠᠮ ᠳᠤ ᠲᠦᠰᠢᠭᠯᠡᠨ᠂ ᠤᠬᠠᠭᠤᠯᠤᠨ ᠳᠡᠯᠭᠡᠷᠡᠭᠦᠯᠬᠦ ᠡᠷᠴᠢᠮ ᠢ ᠴᠢᠩᠭᠠᠷᠠᠭᠤᠯᠬᠤ ᠶᠢᠨ ᠬᠠᠮᠲᠤ᠂ ᠬᠢᠨᠠᠨ ᠬᠠᠷᠭᠤᠭᠤᠯᠬᠤ ᠠᠵᠢᠯ ᠤᠨ ᠴᠤᠪᠤᠷᠠᠯ  ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠲᠤᠬᠠᠶᠢᠯᠠᠭᠰᠠᠨ ᠠᠵᠢᠯ ᠤᠨ ᠬᠢᠨᠠᠨ ᠬᠠᠷᠭᠤᠭᠤᠯᠬᠤ ᠦᠷ᠎ᠡ ᠪᠦᠲᠦᠮᠵᠢ ᠪᠠ ᠭᠦᠶᠴᠡᠳᠬᠡᠬᠦ ᠠᠵᠢᠯ ᠤᠨ ᠪᠣᠳᠠᠲᠤ ᠠᠮᠵᠢᠯᠲᠠ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃  ︵ᠡᠦ ᠷᠦᠸᠧ ᠢᠤᠢ
 
ᠢᠷᠡᠯᠲᠡ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号