ᠣᠶᠤᠨᠴᠢ ᠪᠣᠬᠢᠷᠲᠤᠯ ᠦᠭᠡᠢ ᠶᠠᠪᠤᠵᠤ ᠰᠠᠭᠤᠬᠤ ᠶᠢ ᠰᠠᠭᠠᠳ ᠦᠭᠡᠢ ᠡᠳ᠋ᠯᠡᠨ᠎ᠡ
ᠨᠡᠶᠢᠲᠡᠯᠡᠭᠰᠡᠨ ᠴᠠᠭ᠄
2021/9/9
     ᠲᠦᠩᠯᠢᠶᠣᠤ ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠪᠦᠯᠦᠭᠯᠡᠯ ᠤᠨ ᠤᠶᠤᠨᠲᠤ ᠬᠢᠨᠠᠨ ᠡᠵᠡᠮᠳᠡᠵᠦ ᠳᠣᠭᠢᠷᠠᠭᠤᠯᠤᠨ ᠵᠢᠯᠣᠭᠤᠳᠬᠤ ᠲᠥᠪ᠃      ᠨᠢᠭᠡ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠲᠥᠪ᠂ ᠬᠤᠶᠠᠷ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠶᠢᠨ ᠲᠠᠪᠴᠠᠩ᠂ ᠤᠶᠤᠨᠲᠤ ᠲᠣᠬᠢᠷᠠᠭᠤᠯᠤᠯᠲᠠ᠂ ᠣᠶᠤᠨᠴᠢ ᠬᠢᠨᠠᠨ ᠡᠵᠡᠮᠳᠡᠯ᠂ ︽ᠲᠦᠩᠯᠢᠶᠣᠤ ᠶᠢᠨ ᠠᠶᠠᠯᠠᠯ︾ ᠤᠨ ᠠᠯᠠᠭᠠᠨ ᠳᠡᠭᠡᠷᠡᠬᠢ ᠨᠡᠶᠢᠲᠡ ᠶᠢᠨ ᠵᠠᠮ ᠬᠠᠷᠢᠯᠴᠠᠭ᠎ᠠ ᠵᠡᠷᠭᠡ ᠲᠤᠯᠤᠭᠠᠨ ᠶᠡᠭᠡ ᠬᠡᠷᠡᠭᠯᠡᠭᠡᠨ ᠤ ᠰᠢᠰᠲ᠋ᠧᠮ ᠨᠢ ᠲᠦᠩᠯᠢᠶᠣᠤ ᠶᠢᠨ ᠤᠶᠤᠨᠲᠤ ᠨᠡᠶᠢᠲᠡ ᠶᠢᠨ ᠵᠠᠮ ᠬᠠᠷᠢᠯᠴᠠᠭᠠᠨ ᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠭᠤᠤᠯ ᠠᠭᠤᠯᠭ᠎ᠠ ᠶᠢ ᠪᠦᠷᠢᠯᠳᠦᠭᠦᠯᠵᠡᠶ᠃      ᠳᠣᠲᠣᠭᠠᠳᠤ ᠬᠠᠮᠢᠶᠠᠷᠤᠯᠲᠠ ᠶᠢᠨ ᠲᠠᠯ᠎ᠠ ᠪᠠᠷ᠂ ᠲᠦᠩᠯᠢᠶᠣᠤ ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ  ᠤ ᠪᠦᠯᠦᠭᠯᠡᠯ ᠨᠢ ᠨᠡᠶᠢᠲᠡ ᠶᠢᠨ ᠵᠠᠮ ᠬᠠᠷᠢᠯᠴᠠᠭᠠᠨ ᠤ ᠠᠵᠤ ᠠᠬᠤᠶᠢᠯᠠᠯ ᠤᠨ ᠡᠵᠡᠩᠨᠡᠯᠲᠡ ᠶᠢᠨ ᠲᠣᠬᠢᠷᠠᠭᠤᠯᠤᠯᠲᠠ ᠶᠢ ᠡᠵᠡᠮᠳᠡᠵᠦ ᠪᠣᠯᠬᠤ᠂ ᠬᠥᠮᠦᠨ ᠪᠠ ᠲᠡᠷᠭᠡᠨ ᠤ ᠲᠣᠬᠢᠷᠠᠭᠤᠯᠤᠯᠲᠠ ᠶᠢ ᠰᠢᠨᠵᠢᠯᠡᠬᠦ ᠤᠬᠠᠭᠠᠨᠴᠢᠯᠠᠬᠤ᠂ ᠬᠠᠮᠢᠶᠠᠷᠤᠯᠲᠠ ᠶᠢᠨ ᠶᠠᠪᠤᠴᠠ ᠶᠢ ᠨᠠᠷᠢᠯᠢᠬᠵᠢᠭᠤᠯᠬᠤ᠂ ᠠᠵᠤ ᠠᠬᠤᠶᠢᠯᠠᠯ ᠤᠨ ᠬᠠᠮᠢᠶᠠᠷᠤᠯᠲᠠ ᠶᠢ ᠣᠳᠣᠬᠢᠴᠢᠯᠠᠬᠤ ᠶᠢ ᠪᠡᠶᠡᠯᠡᠭᠦᠯᠪᠡ᠃ ᠭᠠᠳᠠᠭᠠᠳᠤ ᠦᠢᠯᠡᠴᠢᠯᠡᠭᠡᠨ ᠤ ᠲᠠᠯ᠎ᠠ ᠪᠠᠷ᠂ ᠠᠶᠠᠨᠴᠢᠳ ᠨᠢ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠮᠡᠳᠡᠭᠡ ᠵᠠᠩᠭᠢ ᠶᠢ ᠣᠨᠣᠪᠴᠢᠲᠠᠶ ᠪᠥᠭᠡᠳ ᠨᠠᠷᠢᠨ ᠪᠣᠳᠠᠲᠠᠶ ᠣᠯᠵᠤ᠂ ᠣᠶᠤᠨᠴᠢ ᠣᠯᠠᠨ ᠨᠡᠶᠢᠲᠡ ᠶᠢᠨ ᠵᠠᠮ ᠬᠠᠷᠢᠯᠴᠠᠭ᠎ᠠ ᠪᠠᠷ ᠶᠠᠪᠤᠵᠦ ᠰᠠᠭᠤᠬᠤ ᠶᠢ  ᠬᠦᠷᠲᠡᠪᠡ᠃      ︽ᠥᠩᠭᠡᠷᠡᠭᠰᠡᠨ ᠤ ᠨᠡᠶᠢᠲᠡ ᠶᠢᠨ ᠮᠠᠰᠢᠨ ᠲᠡᠷᠭᠡᠨ ᠤ ︿ᠲᠡᠷᠭᠡᠨ ᠳᠤ ᠭᠠᠷᠬᠤ ᠳᠤ ᠡᠭᠦᠳᠡ ᠶᠢ ᠨᠢ ᠴᠢᠩᠭᠠᠭᠠᠬᠤ᠂ ᠲᠡᠷᠭᠡᠨ ᠠᠴᠠ ᠪᠠᠭᠤᠬᠤ ᠳᠤ ᠡᠭᠦᠳᠡ ᠶᠢ ᠨᠢ ᠢᠰᠭᠦᠯᠬᠦ﹀ ︿ᠵᠤᠨ ᠤ ᠴᠠᠭ ᠬᠠᠯᠠᠭᠤᠨ᠂ ᠡᠪᠦᠯ ᠤᠨ ᠴᠠᠭ ᠬᠦᠢᠲᠡᠨ﹀ ᠪᠠᠶᠢᠭᠰᠠᠨ ᠪᠠᠶᠢᠳᠠᠯ ᠨᠢ ᠠᠯᠢ ᠬᠡᠳᠦ᠋ᠢᠨ ᠬᠠᠭᠤᠴᠢᠨ ᠵᠤᠷᠰᠢᠯ ᠪᠣᠯᠤᠭᠰᠠᠨ ᠶᠤᠮ︾᠃ ᠲᠦᠩᠯᠢᠶᠣᠤ ᠶᠢᠨ ᠨᠡᠶᠢᠲᠡ ᠶᠢᠨ ᠵᠠᠮ ᠬᠠᠷᠢᠯᠴᠠᠭᠠᠨ ᠤ 1 ᠳ᠋ᠦ᠋ᠭᠡᠷ ᠵᠠᠮ᠂ 9 ᠳ᠋ᠦ᠋ᠭᠡᠷ ᠵᠠᠮ ᠤᠨ ᠲᠡᠷᠭᠡᠨ ᠠᠩᠭᠢ ᠶᠢᠨ ᠳᠠᠷᠤᠭ᠎ᠠ ᠸᠠᠩ ᠪᠠᠶ ᠪᠥᠸᠧ ᠰᠤᠷᠪᠤᠯᠵᠢᠯᠠᠭᠴᠢ ᠳᠤ ᠬᠡᠯᠡᠬᠦ ᠳᠤ ᠪᠠᠨ᠂ ᠣᠲᠣ ᠶᠢᠨ ᠨᠡᠶᠢᠲᠡ ᠶᠢᠨ ᠵᠠᠮ ᠬᠠᠷᠢᠯᠴᠠᠭᠠᠨ ᠤ ᠲᠡᠷᠭᠡ ᠨᠢ ᠦᠨᠳᠦᠰᠦᠨ ᠳᠤ ᠪᠠᠨ ᠴᠥᠮ ᠴᠣᠯ ᠴᠠᠬᠢᠯᠭᠠᠨ ᠬᠥᠳᠡᠯᠭᠡᠭᠦᠷᠲᠦ ᠲᠡᠷᠭᠡ ᠪᠠᠶᠢᠵᠤ᠂ ᠪᠣᠬᠢᠷᠲᠤᠯ ᠥᠬᠡᠶ ᠣᠷᠴᠢᠨ ᠠᠬᠤᠶ ᠶᠢ ᠬᠠᠮᠠᠭᠠᠯᠠᠵᠤ᠂ ᠰᠠᠭᠤᠬᠤ ᠳᠤ ᠲᠠᠭᠠᠯᠠᠮᠵᠢᠲᠠᠶ᠂ ᠠᠮᠤᠷ ᠲᠦᠪᠰᠢᠨ ᠤ ᠴᠢᠳᠠᠮᠵᠢ ᠨᠢ ᠴᠦ ᠰᠠᠶᠢᠨ ᠪᠠᠶᠢᠨ᠎ᠠ ᠭᠡᠵᠡᠶ᠃      ᠣᠶᠢᠷ᠎ᠠ ᠳᠤ ᠺᠣᠮᠫᠠᠨᠢ ᠪᠠᠰᠠ ᠰᠤᠷᠭᠠᠭᠤᠯᠢ ᠲᠠᠢ ᠬᠠᠮᠲᠤ ᠪᠠᠷ ᠶᠠᠷᠢᠯᠴᠠᠬᠤ ᠬᠤᠷᠠᠯ ᠵᠣᠬᠢᠶᠠᠨ ᠪᠠᠶᠢᠭᠤᠯᠵᠤ᠂ ᠰᠣᠷᠣᠭᠴᠢ ᠶᠢᠨ ᠲᠤᠰᠬᠠᠶ ᠱᠤᠭᠤᠮ ᠤᠨ ᠠᠵᠢᠯ ᠢ ᠲᠡᠭᠦᠯᠳᠡᠷᠵᠢᠭᠦᠯᠬᠦ ᠲᠤᠬᠠᠶ ᠰᠤᠳᠤᠯᠤᠨ ᠶᠠᠷᠢᠯᠴᠠᠬᠤ ᠶᠢᠨ ᠬᠠᠮᠲᠤ᠂ ᠣᠶᠤᠨᠴᠢ ᠨᠡᠶᠢᠲᠡ ᠶᠢᠨ ᠵᠠᠮ ᠬᠠᠷᠢᠯᠴᠠᠭᠠᠨ ᠤ ᠬᠡᠷᠡᠭᠯᠡᠯᠲᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠨᠡᠶᠢᠲᠡ ᠶᠢᠨ ᠵᠠᠮ ᠬᠠᠷᠢᠴᠠᠭ᠎ᠠ ᠶᠢ  ᠬᠤᠲᠠ ᠶᠢᠨ ᠠᠷᠠᠳ ᠤᠨ ᠶᠠᠪᠤᠵᠤ ᠰᠠᠭᠤᠬᠤ ᠶᠢᠨ ᠲᠡᠷᠢᠭᠦᠨ ᠰᠣᠩᠭᠤᠯᠲᠠ ᠪᠣᠯᠭᠠᠨ᠎ᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号