ᠪᠡᠭᠡᠵᠢᠩ ᠠᠴᠠ ᠰᠢᠨᠵᠢᠶᠠᠩ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠯᠢᠨ ︵ᠯᠢᠨᠾᠧ︶ ᠠᠴᠠ ᠪᠠᠢ ︵ᠪᠠᠢ ᠭᠧ ᠳ᠋ᠠ︶ ᠬᠦᠷᠬᠦ ᠬᠡᠰᠡᠭ ᠨᠢ ᠪᠠᠷᠢᠯᠭ᠎ᠠ ᠳᠠᠭᠤᠰᠤᠭᠰᠠᠨ ᠰᠢᠯᠭᠠᠨ ᠠᠪᠤᠯᠲᠠ ᠶᠢ ᠥᠩᠭᠡᠷᠡᠭᠡᠪᠡ
ᠨᠡᠶᠢᠲᠡᠯᠡᠭᠰᠡᠨ ᠴᠠᠭ᠄
2022/1/10
     1 ᠳ᠋ᠦ᠋ᠭᠡᠷ ᠰᠠᠷ᠎ᠠ ᠶᠢᠨ 4—6 ᠤ ᠡᠳᠦᠷ ᠪᠣᠯᠲᠠᠯ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠠᠴᠠ ᠵᠣᠬᠢᠶᠠᠨ ᠪᠠᠶᠢᠭᠤᠯᠵᠤ᠂ ᠪᠡᠭᠡᠵᠢᠩ ᠠᠴᠠ ᠰᠢᠨᠵᠢᠶᠠᠩ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠯᠢᠨ ︵ᠯᠢᠨᠾᠧ︶ ᠠᠴᠠ ᠪᠠᠢ ︵ᠪᠠᠢ ᠭᠧ ᠳ᠋ᠠ︶ ᠬᠦᠷᠬᠦ ᠬᠡᠰᠡᠭ ᠤᠨ ᠪᠠᠷᠢᠯᠭ᠎ᠠ ᠳᠠᠭᠤᠰᠤᠭᠰᠠᠨ ᠰᠢᠯᠭᠠᠨ ᠠᠪᠤᠯᠲᠠ ᠶᠢ ᠶᠠᠪᠤᠭᠳᠠᠭᠤᠯᠪᠠ᠃ ᠰᠢᠯᠭᠠᠨ ᠠᠪᠬᠤ ᠺᠣᠮᠢᠰ ᠤᠨ ᠶᠠᠰᠤ ᠴᠢᠨᠠᠷ ᠢ ᠰᠢᠯᠭᠠᠨ ᠠᠪᠴᠤ ᠦᠨᠡᠯᠡᠨ ᠲᠣᠭᠲᠠᠭᠠᠬᠤ ᠪᠠᠷ ᠳᠠᠮᠵᠢᠨ᠂ ᠲᠣᠰ ᠪᠠᠷᠢᠯᠭ᠎ᠠ ᠶᠢᠨ ᠶᠠᠰᠤ ᠴᠢᠨᠠᠷ ᠤᠨ ᠶᠡᠷᠦᠩᠬᠡᠶᠢᠯᠡᠭᠰᠡᠨ ᠬᠤᠪᠢ ᠲᠣᠭᠲᠠᠭᠠᠯᠲᠠ ᠨᠢ 93.16 ᠪᠠᠶᠢᠵᠤ ᠂ ᠪᠠᠷᠢᠯᠭ᠎ᠠ ᠶᠢᠨ ᠶᠠᠰᠤ ᠴᠢᠨᠠᠷ ᠤᠨ ᠵᠡᠷᠭᠡ ᠳᠡᠰ ᠢ ᠰᠢᠯᠢᠳᠡᠭ ᠢᠶᠠᠷ ᠦᠨᠡᠯᠡᠨ ᠲᠣᠭᠲᠠᠭᠠᠵᠤ᠂ ᠪᠡᠭᠡᠵᠢᠩ ᠠᠴᠠ ᠰᠢᠨᠵᠢᠶᠠᠩ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠯᠢᠨ ︵ᠯᠢᠨᠾᠧ︶ ᠠᠴᠠ ᠪᠠᠢ ︵ᠪᠠᠢ ᠭᠧ ᠳ᠋ᠠ︶ ᠬᠦᠷᠬᠦ ᠬᠡᠰᠡᠭ ᠤᠨ ᠪᠠᠷᠢᠯᠭ᠎ᠠ ᠳᠠᠭᠤᠰᠴᠤ ᠰᠢᠯᠭᠠᠨ ᠠᠪᠬᠤ ᠶᠢ ᠵᠥᠪᠰᠢᠶᠡᠷᠡᠪᠡ᠃      ᠪᠡᠭᠡᠵᠢᠩ ᠠᠴᠠ ᠰᠢᠨᠵᠢᠶᠠᠩ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠯᠢᠨ ︵ᠯᠢᠨᠾᠧ︶ ᠠᠴᠠ ᠪᠠᠢ ︵ᠪᠠᠢ ᠭᠧ ᠳ᠋ᠠ︶ ᠬᠦᠷᠬᠦ ᠬᠡᠰᠡᠭ ᠨᠢ ᠥᠪᠥᠷ ᠮᠣᠩᠭᠤᠯ ᠤᠨ ᠪᠠᠶᠠᠨᠨᠠᠭᠤᠷ ᠬᠤᠲᠠ ᠪᠣᠯᠤᠨ ᠠᠯᠠᠱᠠ ᠠᠶᠢᠮᠠᠭ ᠬᠤᠶᠠᠷ ᠵᠠᠰᠠᠭ ᠵᠠᠬᠢᠷᠭᠠᠨ ᠤ ᠣᠷᠣᠨ ᠪᠦᠰᠡ ᠶᠢ ᠰᠤᠨᠳᠠᠯᠠᠵᠤ᠂ ᠡᠬᠢᠯᠡᠯᠲᠡ ᠶᠢᠨ ᠴᠡᠭ ᠨᠢ ᠪᠠᠶᠠᠨᠨᠠᠭᠤᠷ ᠬᠤᠲᠠ ᠶᠢᠨ ᠯᠢᠨᠾᠧ ᠲᠣᠭᠤᠷᠢᠭ ᠲᠤ ᠪᠠᠶᠢᠷᠢᠯᠠᠵᠤ᠂ ᠲᠡᠭᠦᠰᠬᠡᠯ ᠤᠨ ᠴᠡᠭ ᠨᠢ ᠠᠯᠠᠱᠠ ᠠᠶᠢᠮᠠᠭ ᠤᠨ ᠪᠠᠢ ᠭᠧ ᠳ᠋ᠠ ︵ᠦᠪᠦᠷ ᠮᠣᠩᠭᠤᠯ ᠭᠠᠨᠰᠦ ᠶᠢᠨ ᠵᠠᠭᠠᠭ︶ ᠳᠤ ᠬᠦᠷᠴᠦ᠂ ᠭᠤᠤᠯ ᠱᠤᠭᠤᠮ ᠤᠨ ᠪᠥᠬᠦ ᠣᠷᠳᠣ ᠨᠢ ᠪᠠᠷᠤᠭ 930.3 ᠺᠢᠯᠣᠮᠧᠲᠷ᠂ ᠲᠥᠷᠥᠯ ᠵᠦᠶᠯ ᠤᠨ ᠲᠣᠶᠢᠮᠣ ᠲᠥᠰᠦᠪ ᠲᠠᠬᠢ ᠶᠡᠷᠦᠩᠬᠡᠶ ᠪᠠᠯᠠ ᠣᠷᠣᠭᠤᠯᠤᠯᠲᠠ ᠨᠢ 370.55 ᠳ᠋ᠦᠩᠰᠢᠭᠤᠷ ᠲᠥᠭᠦᠷᠢᠭ ᠪᠠᠶᠢᠵᠤ᠂ ᠣᠲᠣ ᠪᠣᠯᠲᠠᠯᠠᠬᠢ ᠠᠽᠢᠶ᠎ᠠ ᠲᠢᠪ ᠤᠨ ᠬᠠᠮᠤᠭ ᠶᠡᠭᠡ ᠵᠠᠰᠠᠮᠠᠯ ᠵᠠᠮ ᠤᠨ ᠵᠠᠮ ᠬᠠᠷᠢᠯᠴᠠᠭᠠᠨ ᠤ ᠲᠠᠩ ᠴᠣᠭᠴᠠ ᠶᠢᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠪᠠᠶᠢᠵᠤ᠂ ᠮᠦᠨ ᠴᠦ ᠳᠡᠯᠡᠬᠡᠶ ᠳᠡᠭᠡᠷ᠎ᠡ ᠭᠤᠪᠢ᠂ ᠡᠯᠡᠰᠦᠨ ᠴᠥᠯ ᠢ ᠬᠠᠮᠤᠭ ᠤᠨ ᠣᠷᠳᠣ ᠳᠤᠭᠤᠯᠤᠭᠰᠠᠨ ᠳᠡᠭᠡᠳᠦ ᠬᠤᠷᠳᠤ ᠶᠢᠨ ᠵᠠᠰᠠᠮᠠᠯ ᠵᠠᠮ ᠪᠣᠯᠤᠨ᠎ᠠ᠂ ᠪᠠᠶᠢᠭᠤᠯᠵᠤ ᠳᠠᠭᠤᠰᠤᠭᠰᠠᠨ ᠤ ᠳᠠᠷᠠᠭ᠎ᠠ ᠪᠡᠭᠡᠵᠢᠩ ᠠᠴᠠ ᠰᠢᠨᠵᠢᠶᠠᠩ ᠳᠤ ᠣᠷᠣᠬᠤ ᠵᠠᠮ ᠱᠤᠭᠤᠮ ᠢ ᠤᠤᠯ ᠤᠨ ᠵᠠᠮ ᠱᠤᠭᠤᠮ ᠠᠴᠠ 1300 ᠺᠢᠯᠣᠮᠧᠲᠷ ᠪᠣᠭᠤᠨᠢᠰᠬᠠᠪᠠ᠃ ᠲᠣᠰ ᠲᠥᠷᠥᠯ ᠵᠦᠶᠯ ᠢ ᠬᠡᠷᠡᠭᠵᠢᠭᠦᠯᠦᠭᠰᠡᠨ  ᠨᠢ᠂ ᠥᠪᠥᠷ ᠮᠣᠩᠭᠤᠯ ᠤᠨ ᠪᠠᠷᠠᠭᠤᠨ ᠬᠡᠰᠡᠭ ᠤᠨ ᠭᠠᠵᠠᠷ ᠣᠷᠣᠨ ᠤ ︽ᠶᠠᠪᠤᠬᠤ ᠳᠤ ᠬᠦᠴᠢᠷ︾ ᠪᠠᠶᠢᠬᠤ ᠪᠣᠭᠤᠮᠢ  ᠶᠢ ᠦᠨᠳᠦᠰᠦᠨ ᠠᠴᠠ ᠨᠢ ᠰᠢᠶᠳᠪᠦᠷᠢᠯᠡᠵᠦ᠂ ᠤᠯᠤᠰ ᠤᠨ ︽ᠨᠢᠭᠡ ᠪᠦᠰᠡ ᠨᠢᠭᠡ ᠵᠠᠮ︾ ᠪᠠ ︽ᠤᠮᠠᠷᠠᠰᠢ ᠨᠡᠭᠡᠭᠡᠨ ᠬᠥᠭᠵᠢᠭᠦᠯᠬᠦ︾ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠳᠤ ᠲᠦᠷᠭᠡᠨ ᠠᠭᠤᠰᠤᠯᠴᠠᠵᠤ᠂ ᠤᠯᠤᠰ ᠤᠨ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠭᠦᠨᠵᠡᠭᠡᠶ ᠠᠬᠢᠭᠤᠯᠵᠤ᠂ ᠪᠠᠷᠠᠭᠤᠨ ᠬᠡᠰᠡᠭ ᠤᠨ ᠭᠠᠵᠠᠷ ᠣᠷᠣᠨ ᠤ ᠲᠠᠪᠠᠯᠳᠠᠳᠤ ᠮᠠᠶ᠋ᠢᠭ ᠤᠨ ᠬᠥᠭᠵᠢᠯᠲᠡ ᠶᠢ ᠪᠡᠶᠡᠯᠡᠭᠦᠯᠵᠦ᠂ ᠳᠤᠮᠳᠠᠳᠤ ᠮᠣᠩᠭᠤᠯ ᠤᠨ ᠠᠵᠤ ᠠᠬᠤᠶ ᠰᠣᠶᠣᠯ ᠤᠨ ᠶᠠᠪᠤᠯᠴᠠᠭ᠎ᠠ ᠶᠢ ᠠᠬᠢᠭᠤᠯᠵᠤ᠂ ᠬᠢᠯᠢ ᠶᠢᠨ ᠬᠠᠮᠠᠭᠠᠯᠠᠯᠲᠠ ᠶᠢᠨ ᠲᠣᠭᠲᠠᠭᠤᠨ ᠢ ᠪᠠᠬᠢᠵᠢᠭᠦᠯᠵᠦ᠂ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠵᠤ᠂ ᠪᠠᠷᠠᠭᠤᠨ ᠬᠤᠶᠢᠲᠤ ᠣᠷᠣᠨ ᠤ ᠵᠢᠭᠤᠯᠴᠢᠯᠠᠯ ᠤᠨ ᠦᠶᠯᠡᠰ᠂ ᠦᠶᠯᠡᠴᠢᠯᠡᠭᠡᠨ ᠤ ᠦᠶᠯᠡᠰ᠂ ᠠᠭᠤᠷᠬᠠᠶ ᠮᠠᠯᠲᠠᠬᠤ ᠦᠶᠯᠡᠰ᠂ ᠡᠳ᠋ᠰᠢᠭᠦᠯᠦᠨ ᠦᠶᠯᠡᠳᠬᠦ ᠦᠶᠯᠡᠰ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠦᠶᠯᠡᠰ ᠵᠡᠷᠭᠡ ᠠᠵᠢᠯ ᠲᠥᠷᠥᠯ ᠤᠨ ᠲᠦᠷᠭᠡᠨ ᠬᠥᠭᠵᠢᠯᠲᠡ ᠶᠢ ᠳᠠᠶᠢᠴᠢᠯᠠᠬᠤ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号