ᠪᠤᠭᠤᠲᠤ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠨᠢ ᠭᠤᠤᠯᠳᠠᠯᠭ᠎ᠠ ᠲᠠᠢ ᠣᠷᠣᠨ ᠪᠦᠰᠡ ᠶᠢᠨ ᠬᠢᠵᠢᠭ ᠤᠨ ᠪᠠᠶᠢᠳᠠᠯ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠪᠠ
ᠨᠡᠶᠢᠲᠡᠯᠡᠭᠰᠡᠨ ᠴᠠᠭ᠄
2022/1/11
     ᠣᠶᠢᠷ᠎ᠠ ᠳᠤ᠂ ᠪᠤᠭᠤᠲᠤ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠨᠢ ᠲᠡᠷᠭᠡᠨ ᠥᠷᠲᠡᠭᠡ᠂ ᠨᠢᠰᠬᠡᠯ ᠤᠨ ᠪᠠᠭᠤᠳᠠᠯ᠂ ᠬᠤᠯᠠ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠥᠷᠲᠡᠭᠡ᠂ ᠬᠠᠮᠢᠶ᠎ᠠ ᠪᠥᠬᠦᠶ ᠠᠵᠤ ᠠᠬᠤᠶᠢᠯᠠᠯ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯᠳᠠᠯᠭ᠎ᠠ ᠲᠠᠢ ᠣᠷᠣᠨ ᠪᠦᠰᠡ ᠳᠤ ᠭᠦᠨᠵᠡᠭᠡᠶᠢᠷᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠱᠠᠯᠠᠪᠳᠠᠭᠤᠯᠤᠨ ᠵᠢᠯᠣᠭᠤᠳᠴᠤ ᠪᠠᠶᠢᠴᠠᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠭᠤᠮᠲᠠ ᠶᠢ ᠴᠢᠩᠭ᠎ᠠ ᠠᠳᠬᠤᠪᠠ᠃      ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠢᠨ ᠠᠶᠠᠨᠴᠢᠳ ᠤᠨ ᠲᠡᠭᠡᠭᠡᠪᠦᠷᠢ ᠶᠢᠨ ᠥᠷᠲᠡᠭᠡᠨ ᠤ ᠠᠵᠢᠯᠲᠠᠳ ᠤᠨ ᠡᠳᠦᠷ ᠪᠦᠷᠢ ᠺᠣᠳ᠋ ᠰᠢᠷᠪᠢᠵᠦ ᠪᠡᠶ᠎ᠡ ᠶᠢᠨ ᠬᠠᠯᠠᠭᠤᠨ ᠢ ᠬᠡᠮᠵᠢᠭᠰᠡᠨ ᠲᠡᠮᠳᠡᠭᠯᠡᠯ ᠢ ᠪᠠᠶᠢᠴᠠᠭᠠᠨ ᠦᠵᠡᠵᠦ᠂ ᠲᠠᠷᠠᠭ᠎ᠠ ᠨᠢ ᠲᠡᠷᠭᠡᠨ ᠥᠷᠲᠡᠭᠡᠨ ᠳᠤ ᠣᠷᠣᠬᠤ ᠦᠶ᠎ᠡ ᠶᠢᠨ ᠪᠡᠶ᠎ᠡ ᠶᠢᠨ ᠬᠠᠯᠠᠭᠤᠨ ᠢ ᠪᠠᠶᠢᠴᠠᠭᠠᠨ ᠬᠡᠮᠵᠢᠬᠦ᠂ ᠬᠤᠣᠰ ᠺᠣᠳ᠋ ᠢ ᠪᠠᠶᠢᠴᠠᠭᠠᠨ ᠰᠢᠯᠭᠠᠬᠤ᠂ ᠪᠢᠯᠧᠲ ᠬᠤᠳᠠᠯᠳᠤᠨ ᠠᠪᠬᠤ ᠡᠮᠬᠢ ᠳᠢᠭᠯᠢᠮ᠂ ᠵᠢᠯᠣᠭᠤᠴᠢ ᠦᠢᠯᠡᠴᠢᠯᠡᠭᠴᠢ ᠠᠮᠠᠪᠴᠢ ᠵᠡᠭᠦᠬᠦ᠂ ᠠᠶᠠᠨᠴᠢᠳ ᠤᠨ ᠮᠠᠰᠢᠨ ᠲᠡᠷᠭᠡ ᠪᠣᠯᠤᠨ ᠥᠷᠲᠡᠭᠡᠨ ᠳᠣᠲᠣᠷᠠᠬᠢ ᠠᠷᠢᠭᠤᠳᠬᠠᠯ ᠵᠢᠴᠢ ᠡᠭᠡ ᠲᠠᠩᠰᠠ ᠶᠢᠨ ᠮᠠᠲ᠋ᠧᠷᠢᠶᠠᠯ ᠵᠡᠷᠭᠡ ᠶᠢ ᠳᠡᠰ ᠳᠠᠷᠠᠭᠠᠯᠠᠨ ᠪᠠᠶᠢᠴᠠᠭᠠᠪᠠ᠃       ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠠᠷᠤᠯᠲᠠ ᠦᠷᠭᠦᠯᠵᠢᠯᠡᠨ ᠨᠡᠮᠡᠭᠳᠡᠵᠦ ᠪᠠᠶᠢᠭ᠎ᠠ ᠪᠠᠶᠢᠳᠠᠯ ᠳᠣᠤᠷ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠤᠯᠠᠮ ᠬᠦᠨᠳᠦ ᠨᠣᠴᠢᠲᠠᠶ ᠪᠣᠯᠵᠣ ᠪᠠᠶᠢᠨ᠎ᠠ᠂ ᠪᠥᠬᠦ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠥᠴᠦᠬᠡᠨ ᠲᠡᠳᠦᠶ ᠭᠤᠷᠢᠳᠠᠯ ᠪᠠ ᠰᠤᠯᠠᠷᠠᠭᠤᠯᠤᠯ ᠡᠪᠦᠷᠯᠡᠵᠦ ᠪᠣᠯᠬᠤ ᠥᠬᠡᠶ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠣᠳᠠᠲᠠᠶ ᠨᠠᠷᠢᠯᠢᠭ ᠰᠠᠶᠢᠲᠤᠷ ᠬᠢᠬᠦ ᠶᠢ ᠪᠠᠷᠢᠮᠲᠠᠯᠠᠵᠤ᠂ ᠠᠵᠢᠯ ᠲᠥᠷᠥᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ︔ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠬᠥᠪᠴᠢ ᠶᠢ ᠴᠢᠩᠭᠠᠯᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠷᠢᠯᠢᠭ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ︔ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠳᠠᠷᠤᠮᠠᠯᠯᠠᠨ ᠲᠠᠷᠬᠠᠭᠠᠭᠰᠠᠨ ︽ᠠᠶᠠᠨᠴᠢᠳ ᠤᠨ ᠲᠡᠭᠡᠭᠡᠪᠦᠷᠢ ᠶᠢᠨ ᠲᠠᠯᠠᠪᠤᠷ ᠥᠷᠲᠡᠭᠡ ᠪᠠ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠭᠠᠵᠢ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠣᠷᠣᠨ ᠱᠠᠲᠤ ᠬᠤᠪᠢᠶᠠᠨ ᠰᠡᠷᠭᠡᠶᠢᠯᠡᠨ ᠡᠵᠡᠮᠳᠡᠬᠦ ᠵᠦᠭᠯᠡᠭᠦᠷ ︵ᠵᠢᠷᠭᠤᠳᠤᠭᠠᠷ ᠬᠡᠪᠯᠡᠯ︶︾ ︽ᠪᠤᠭᠤᠲᠤ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠲᠥᠷᠥᠯ ᠤᠨ ᠵᠦᠭᠯᠡᠭᠦᠷ︾ ᠤᠨ ᠱᠠᠭᠠᠷᠳᠠᠯᠭ᠎ᠠ ᠶᠣᠰᠣᠭᠠᠷ᠂ ᠥᠷᠲᠡᠭᠡᠨ ᠳᠤ ᠣᠷᠣᠬᠤ ᠲᠡᠷᠭᠡ ᠬᠥᠰᠬᠡ ᠶᠢ ᠪᠦᠬᠦᠨ ᠢ ᠠᠷᠢᠭᠤᠳᠬᠠᠬᠤ᠂ ᠲᠡᠷᠭᠡ ᠬᠦᠯᠢᠶᠡᠬᠦ ᠲᠢᠩᠬᠢᠮ ᠢ ᠡᠳᠦᠷ ᠪᠦᠷᠢ ᠲᠣᠭᠲᠠᠭᠰᠠᠨ ᠴᠠᠭ ᠲᠤ ᠠᠷᠢᠭᠤᠳᠬᠠᠬᠤ ᠵᠡᠷᠭᠡ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠵᠦ᠂ ᠥᠷᠲᠡᠭᠡᠨ ᠳᠤ ᠣᠷᠣᠵᠤ ᠭᠠᠷᠬᠤ ᠠᠶᠠᠨᠴᠢᠳ ᠢ ᠰᠢᠭᠰᠢᠨ ᠪᠠᠶᠢᠴᠠᠭᠠᠬᠤ ᠪᠠ ᠳᠠᠩᠰᠠᠯᠠᠬᠤ ᠵᠡᠷᠭᠡ ᠠᠵᠢᠯ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠶ︔ ᠰᠡᠷᠭᠡᠶᠢᠯᠡᠨ ᠡᠵᠡᠮᠳᠡᠬᠦ ᠵᠢᠵᠢᠭᠦᠷᠯᠡᠨ ᠰᠠᠬᠢᠬᠤ ᠬᠦᠴᠦᠨ ᠢ ᠪᠠᠲᠤᠯᠠᠵᠤ᠂ ᠡᠮᠬᠢ ᠳᠢᠭᠯᠢᠮ ᠢᠶᠠᠷ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠪᠡᠶ᠎ᠡ ᠶᠢᠨ ᠬᠠᠯᠠᠭᠤᠨ ᠢ ᠴᠢᠩᠭ᠎ᠠ ᠪᠠᠶᠢᠴᠠᠭᠠᠨ ᠬᠡᠮᠵᠢᠵᠦ᠂ ᠬᠤᠤᠰ ᠺᠣᠳ᠋ ᠢᠶᠠᠷ ᠪᠠᠶᠢᠴᠠᠭᠠᠨ ᠰᠢᠯᠭᠠᠬᠤ ᠪᠠ ᠭᠤᠤᠯᠳᠠᠯᠭ᠎ᠠ ᠲᠠᠢ ᠬᠥᠮᠦᠰ ᠢ ᠰᠢᠭᠰᠢᠨ ᠪᠠᠶᠢᠴᠠᠭᠠᠵᠤ ᠣᠷᠬᠢᠭᠳᠠᠭᠤᠯᠬᠤ ᠥᠬᠡᠶ ᠪᠠᠶᠢᠬᠤ  ᠶᠢ ᠪᠠᠲᠤᠯᠠᠬᠤ ᠬᠡᠷᠡᠭᠲᠡᠶ︔ ᠴᠢᠩᠭ᠎ᠠ ᠪᠠᠷᠢᠮᠵᠢᠶᠠᠯᠠᠨ ᠬᠠᠷᠭᠤᠭᠤᠯᠵᠤ᠂ ᠪᠠᠴᠢᠮ ᠪᠠᠶᠢᠳᠠᠯ ᠢ ᠠᠷᠭᠠᠴᠠᠭᠠᠨ ᠰᠢᠶᠳᠪᠦᠷᠢᠯᠡᠬᠦ᠂ ᠤᠬᠠᠭᠤᠯᠤᠨ ᠬᠥᠲᠥᠯᠥᠨ ᠵᠢᠯᠣᠭᠤᠳᠬᠤ᠂ ᠲᠦᠷᠢᠮ ᠢ ᠨᠠᠶᠢᠳᠠᠪᠤᠷᠢᠵᠢᠭᠤᠯᠬᠤ᠂ ᠡᠮᠬᠢ ᠳᠢᠭᠯᠢᠮ ᠢ ᠪᠠᠲᠤᠯᠠᠬᠤ᠂ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠯᠲᠠ᠂ ᠲᠤᠬᠠᠶ ᠶᠢᠨ ᠲᠠᠯᠠᠪᠠᠶ ᠶᠢᠨ ᠬᠠᠮᠢᠶᠠᠷᠤᠯᠲᠠ᠂ ᠮᠠᠲ᠋ᠧᠷᠢᠶᠠᠯ ᠢ ᠡᠮᠬᠢᠯᠡᠬᠦ ᠵᠡᠷᠭᠡ ᠲᠠᠯ᠎ᠠ ᠠᠴᠠ ᠨᠢᠭᠡ ᠠᠴᠠ ᠵᠦᠢᠴᠢᠯᠡᠵᠦ ᠨᠥᠭᠦᠭᠡ ᠶᠢ ᠮᠡᠳᠡᠵᠦ᠂ ᠦᠪᠡᠷ ᠢᠶᠠᠨ ᠪᠠᠶᠢᠴᠠᠭᠠᠵᠤ ᠥᠪᠡᠰᠦᠪᠡᠨ ᠵᠠᠯᠠᠷᠠᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠤᠯᠠᠷᠠᠭᠤᠯᠤᠯ ᠥᠬᠡᠶ᠂ ᠠᠯᠳᠠᠭ᠎ᠠ ᠳᠤᠲᠠᠭᠳᠠᠯ ᠥᠬᠡᠶ ᠪᠠᠶᠢᠬᠤ ᠶᠢ ᠪᠠᠲᠤᠯᠠᠬᠤ ᠬᠡᠷᠡᠭᠲᠡᠶ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号