ᠪᠤᠭᠤᠲᠤ ᠬᠤᠲᠠ ᠶᠢᠨ ᠵᠠᠰᠠᠮᠠᠯ ᠵᠠᠮ ᠤᠨ ᠦᠢᠯᠡᠰ ᠤᠨ ᠬᠥᠭᠵᠢᠯᠲᠡ ᠶᠢᠨ ᠲᠥᠪ ᠨᠢ ᠰᠠᠭᠠᠳ ᠥᠬᠡᠶ ᠠᠮᠤᠷ ᠲᠥᠪᠰᠢᠨ ᠲᠠᠭᠠᠯᠠᠮᠵᠢᠲᠠᠶ ᠰᠠᠶᠢᠬᠠᠨ ᠵᠠᠮ ᠬᠠᠷᠢᠯᠴᠠᠭᠠᠨ ᠤ ᠣᠷᠴᠢᠨ ᠨᠥᠬᠦᠴᠡᠯ ᠢ ᠪᠦᠬᠦ ᠬᠦᠴᠦᠨ  ᠢᠶᠠᠷ ᠢᠶᠠᠨ ᠪᠠᠶᠢᠭᠤᠯᠪᠠ
ᠨᠡᠶᠢᠲᠡᠯᠡᠭᠰᠡᠨ ᠴᠠᠭ᠄
2022/1/17
      2021 ᠣᠨ ᠳᠤ᠂ ᠪᠤᠭᠤᠲᠤ ᠬᠤᠲᠠ ᠶᠢᠨ ᠵᠠᠰᠠᠮᠠᠯ ᠵᠠᠮ ᠤᠨ ᠦᠢᠯᠡᠰ ᠤᠨ ᠬᠥᠭᠵᠢᠯᠲᠡ ᠶᠢᠨ ᠲᠥᠪ ︽ᠰᠢᠨ᠎ᠡ ᠶᠢ ᠡᠭᠦᠳᠬᠦ᠂ ᠵᠣᠬᠢᠴᠠᠩᠭᠤᠢ᠂ ᠪᠣᠬᠢᠷᠲᠤᠯ ᠦᠭᠡᠢ᠂ ᠨᠡᠭᠡᠭᠡᠯᠲᠡᠲᠦ᠂ ᠬᠠᠮᠲᠤ ᠪᠠᠷ ᠡᠳ᠋ᠯᠡᠬᠦ︾ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠭᠤᠣᠯ ᠱᠤᠭᠤᠮ ᠤᠨ ᠵᠠᠰᠠᠮᠠᠯ ᠵᠠᠮ  ᠤᠨ ᠠᠮᠤᠷ ᠲᠦᠪᠰᠢᠨ ᠰᠠᠭᠠᠳ ᠦᠭᠡᠢ ᠨᠡᠪᠲᠡᠷᠡᠬᠦ ᠶᠢ ᠬᠦᠴᠦᠯᠡᠨ ᠪᠠᠲᠤᠯᠠᠵᠤ᠂ ᠰᠠᠭᠠᠳ ᠦᠭᠡᠢ ᠠᠮᠤᠷ ᠲᠦᠪᠰᠢᠨ ᠲᠠᠭᠠᠯᠠᠮᠵᠢᠲᠠᠢ ᠰᠠᠶᠢᠬᠠᠨ ᠵᠠᠮ ᠬᠠᠷᠢᠯᠴᠠᠭᠠᠨ ᠤ ᠣᠷᠴᠢᠨ ᠨᠥᠬᠦᠴᠡᠯ ᠢ ᠪᠠᠶᠢᠭᠤᠯᠵᠤ᠂ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃      ᠵᠠᠰᠠᠮᠠᠯ ᠵᠠᠮ ᠤᠨ ᠠᠮᠤᠷ ᠲᠦᠪᠰᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠪᠠ᠃ ᠲᠣᠰ ᠲᠥᠪ ᠨᠢ ᠪᠥᠬᠦ ᠵᠢᠯ ᠳᠤ ᠨᠡᠶᠢᠲᠡ 5754 ᠲᠦᠮᠡᠨ ᠲᠥᠭᠦᠷᠢᠭ ᠤᠨ ᠠᠷᠠᠴᠢᠯᠠᠨ ᠬᠠᠮᠠᠭᠠᠯᠠᠬᠤ ᠪᠠᠯᠠ ᠮᠥᠩᠭᠦ ᠣᠷᠣᠭᠤᠯᠵᠤ᠂ ᠨᠡᠶᠢᠲᠡ 101 ᠲᠦᠮᠡᠨ ᠲᠡᠭᠰᠢ ᠳᠥᠷᠪᠡᠯᠵᠢᠨ ᠮᠧᠲᠷ ᠬᠤᠷᠠᠮᠠᠯ ᠡᠯᠡᠰᠦ᠂ ᠬᠠᠶᠠᠭᠳᠠᠮᠠᠯ ᠰᠢᠷᠣᠶ ᠶᠢ ᠴᠡᠪᠡᠷᠯᠡᠵᠦ᠂ 1 ᠲᠦᠮᠡᠨ ᠲᠡᠭᠰᠢ ᠳᠥᠷᠪᠡᠯᠵᠢᠨ ᠮᠧᠲᠷ ᠵᠠᠮ ᠤᠨ ᠮᠥᠷᠥ ᠶᠢ ᠵᠠᠰᠠᠵᠤ᠂ 16.9 ᠲᠦᠮᠡᠨ ᠤᠷᠳᠤᠳᠬᠠᠯ ᠮᠧᠲᠷ ᠴᠠᠷᠳᠠᠮᠠᠯ ᠵᠠᠮ ᠢ ᠴᠢᠳᠬᠤᠨ ᠨᠥᠬᠦᠵᠦ᠂ 1.3 ᠳ᠋ᠦᠩᠰᠢᠭᠤᠷ ᠲᠡᠭᠰᠢ ᠳᠥᠷᠪᠡᠯᠵᠢᠨ ᠮᠧᠲᠷ ᠵᠠᠮ ᠤᠨ ᠭᠠᠳᠠᠷᠭᠤ ᠶᠢ ᠴᠡᠪᠡᠷᠯᠡᠵᠦ᠂ 2 ᠲᠦᠮᠡᠨ ᠲᠡᠭᠰᠢ ᠳᠥᠷᠪᠡᠯᠵᠢᠨ ᠮᠧᠲᠷ ᠨᠦᠬᠡᠨ ᠬᠤᠪᠢᠯ ᠢ ᠨᠦᠬᠦᠪᠦᠷᠢᠯᠡᠨ ᠵᠠᠰᠠᠵᠤ᠂ 1317 ᠮᠧᠲᠷ ᠬᠠᠯᠬᠠᠪᠴᠢ ᠬᠡᠷᠡᠰᠬᠡ ᠶᠢ ᠰᠣᠯᠢᠨ ᠵᠠᠰᠠᠵᠤ᠂ 12.7 ᠲᠦᠮᠡᠨ ᠮᠧᠲᠷ ᠬᠠᠯᠬᠠᠪᠴᠢ ᠬᠡᠷᠡᠰᠬᠡ ᠶᠢ ᠴᠡᠪᠡᠷᠯᠡᠵᠦ᠂ ᠤᠯᠤᠰ ᠮᠤᠵᠢ ᠶᠢᠨ ᠭᠤᠤᠯ ᠱᠤᠭᠤᠮ ᠤᠨ ᠰᠢᠯᠢᠳᠡᠭ ᠰᠠᠶᠢᠨ ᠨᠣᠷᠮ᠎ᠠ ᠨᠢ 79.6% ᠳᠤ ᠬᠦᠷᠪᠡ᠃      ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ᠂ ᠲᠤᠰᠬᠠᠶ ᠠᠷᠠᠴᠢᠯᠠᠨ ᠬᠠᠮᠠᠭᠠᠯᠠᠬᠤ᠂ ᠬᠥᠭᠦᠷᠭᠡ ᠨᠦᠬᠡᠨ ᠵᠠᠮ ᠢ ᠠᠷᠠᠴᠢᠯᠠᠨ ᠬᠠᠮᠠᠭᠠᠯᠠᠬᠤ ᠶᠢ ᠴᠠᠭ ᠲᠤᠬᠠᠶ ᠳᠤ ᠨᠢ ᠵᠢᠷᠤᠮᠵᠢᠭᠤᠯᠪᠠ᠃ ᠲᠣᠰ ᠲᠥᠪ ᠨᠢ ᠵᠠᠮ ᠤᠨ ᠭᠠᠳᠠᠷᠭᠤ  ᠶᠢ ᠠᠷᠠᠴᠢᠯᠠᠨ ᠬᠠᠮᠠᠭᠠᠯᠠᠬᠤ ᠪᠠᠷ ᠭᠤᠤᠯ ᠪᠣᠯᠭᠠᠵᠤ᠂ ᠬᠥᠭᠦᠷᠭᠡ᠂ ᠨᠦᠬᠡᠨ ᠵᠠᠮ ᠢ ᠠᠷᠠᠴᠢᠯᠠᠨ ᠬᠠᠮᠠᠭᠠᠯᠠᠬᠤ ᠪᠠᠷ ᠭᠤᠤᠯᠳᠠᠯᠭ᠎ᠠ ᠪᠣᠯᠭᠠᠨ᠂ ᠵᠠᠰᠠᠮᠠᠯ ᠵᠠᠮ ᠤᠨ ᠡᠪᠡᠳᠴᠢᠨ ᠤ ᠬᠥᠨᠥᠭᠡᠯ ᠢ ᠴᠠᠭ ᠲᠤᠬᠠᠶ ᠳᠤ ᠨᠢ ᠵᠠᠰᠠᠨ ᠰᠡᠷᠭᠦᠭᠡᠵᠦ᠂ ᠵᠠᠰᠠᠮᠠᠯ ᠵᠠᠮ ᠤᠨ ᠵᠠᠮ ᠬᠠᠷᠢᠯᠴᠠᠭᠠᠨ ᠤ ᠠᠮᠤᠷ ᠲᠦᠪᠰᠢᠨ ᠢ ᠪᠠᠲᠤᠯᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃      ᠭᠤᠣᠯ ᠱᠤᠭᠤᠮ ᠤᠨ ᠵᠠᠰᠠᠮᠠᠯ ᠵᠠᠮ ᠤᠨ 10 ᠵᠦᠢᠯ ᠤᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠥᠭᠦᠷᠭᠡ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠪᠠ᠃ ᠬᠥᠭᠦᠷᠭᠡ ᠶᠢᠨ ᠬᠠᠮᠢᠶᠠᠷᠤᠯᠲᠠ ᠶᠢᠨ ᠰᠢᠰᠲ᠋ᠧᠮ ᠢ ᠬᠡᠷᠡᠭᠯᠡᠨ ᠬᠥᠭᠦᠷᠭᠡ ᠠᠷᠠᠴᠢᠯᠠᠨ ᠬᠠᠮᠠᠭᠠᠯᠠᠬᠤ ᠪᠠ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠴᠠᠭ ᠲᠤᠬᠠᠶ ᠳᠤ ᠨᠢ ᠬᠥᠳᠡᠯᠦᠩᠭᠦᠶ ᠬᠠᠮᠢᠶᠠᠷᠤᠯᠲᠠ ᠶᠢ ᠪᠡᠶᠡᠯᠡᠭᠦᠯᠪᠡ︔ ᠬᠥᠭᠦᠷᠭᠡ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠫᠠᠶᠢᠰᠠ ᠪᠠ ᠠᠴᠢᠶᠠᠨ ᠤ ᠬᠡᠮᠵᠢᠶ᠎ᠡ ᠶᠢ ᠬᠢᠵᠠᠭᠠᠷᠯᠠᠬᠤ ᠲᠡᠮᠳᠡᠭ  ᠢ ᠰᠣᠯᠢᠬᠤ ᠠᠵᠢᠯ ᠢ ᠪᠡᠶᠡᠯᠡᠭᠦᠯᠵᠦ᠂ ᠬᠥᠭᠦᠷᠭᠡ ᠶᠢᠨ ᠠᠴᠢᠶᠠᠨ ᠤ ᠬᠡᠮᠵᠢᠶ᠎ᠡ ᠶᠢ ᠬᠢᠵᠠᠭᠠᠷᠯᠠᠬᠤ ᠲᠡᠮᠳᠡᠭ ᠢ ᠵᠢᠷᠤᠮᠵᠢᠭᠤᠯᠪᠠ︔ 210 ᠤᠯᠤᠰ ᠤᠨ ᠵᠠᠮ ᠤᠨ ᠭᠦᠸᠧ ᠱᠠ ᠶᠤᠸᠠᠨ ᠵᠡᠭᠡᠯᠢ ᠶᠢᠨ ᠨᠡᠪᠲᠡᠷᠡᠬᠦ ᠵᠠᠮ ᠤᠨ ᠬᠥᠭᠦᠷᠭᠡ  ᠶᠢ ᠥᠭᠡᠷᠡᠴᠢᠯᠡᠬᠦ ᠲᠥᠰᠦᠯ ᠤᠨ ᠵᠢᠷᠤᠭ ᠲᠥᠯᠥᠪᠯᠡᠭᠡ ᠶᠢ ᠪᠡᠶᠡᠯᠡᠭᠦᠯᠪᠡ᠃      ᠠᠷᠠᠴᠢᠯᠠᠨ ᠬᠠᠮᠠᠭᠠᠯᠠᠬᠤ ᠵᠢᠱᠢᠶ᠎ᠡ ᠦᠵᠡᠭᠦᠯᠬᠦ ᠵᠠᠮ ᠢ ᠡᠭᠦᠳᠦᠨ ᠪᠠᠶᠢᠭᠤᠯᠬᠤ ᠠᠵᠢᠯ ᠪᠣᠳᠠᠲᠤ ᠦᠷ᠎ᠡ ᠪᠦᠲᠦᠮᠵᠢ ᠣᠯᠪᠠ᠃ 331 ᠤᠯᠤᠰ ᠤᠨ ᠵᠠᠮ ᠤᠨ  ᠤᠯᠠᠭᠠᠨ᠋ᠤ᠋ᠪᠤᠭ᠎ᠠ ᠠᠴᠠ ᠦᠵᠦᠭᠦᠷ ᠬᠦᠷᠬᠦ ᠬᠡᠰᠡᠭ ᠤᠨ ᠵᠠᠰᠠᠮᠠᠯ ᠵᠠᠮ ᠪᠠ 211 ᠮᠤᠵᠢ ᠶᠢᠨ ᠵᠠᠮ ᠤᠨ ᠪᠠᠶ᠋ᠬᠠᠤᠪᠤᠭ᠎ᠠ ᠠᠴᠠ ᠭᠦᠶᠡᠩ ᠬᠦᠷᠬᠦ ᠬᠡᠰᠡᠭ ᠤᠨ ᠵᠠᠰᠠᠮᠠᠯ ᠵᠠᠮ ᠳᠤ ᠲᠦᠰᠢᠭᠯᠡᠨ ᠵᠢᠱᠢᠶ᠎ᠡ ᠦᠵᠡᠭᠦᠯᠬᠦ ᠵᠠᠮ ᠤᠨ ᠬᠡᠰᠡᠭ ᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ᠂ ᠨᠠᠷᠢᠯᠢᠭᠵᠢᠭᠤᠯᠤᠨ ᠠᠷᠠᠴᠢᠯᠠᠬᠤ ᠬᠠᠮᠠᠭᠠᠯᠠᠬᠤ ᠶᠢ ᠬᠡᠷᠡᠭᠵᠢᠭᠦᠯᠦᠭᠡᠳ᠂ ᠵᠠᠮ ᠤᠨ ᠣᠷᠴᠢᠨ ᠨᠥᠬᠦᠴᠡᠯ ᠲᠤᠶᠢᠯ ᠤᠨ ᠶᠡᠭᠡ ᠪᠠᠷ ᠰᠠᠶᠢᠵᠢᠷᠠᠪᠠ᠃      ᠵᠠᠰᠠᠮᠠᠯ ᠵᠠᠮ ᠤᠨ ᠦᠶᠯᠡᠴᠢᠯᠡᠭᠡᠨ ᠤ ᠴᠢᠳᠠᠮᠵᠢ ᠶᠢ ᠨᠠᠩ ᠬᠥᠮᠦᠨᠴᠢ ᠴᠢᠨᠠᠷ ᠲᠠᠢ ᠪᠣᠯᠭᠠᠪᠠ᠃ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠦᠶᠯᠡᠴᠢᠯᠡᠭᠡᠨ ᠤ ᠲᠣᠭᠤᠷᠢᠭ ᠤᠨ ᠰᠠᠭᠠᠳ ᠥᠬᠡᠶ ᠣᠷᠴᠢᠨ ᠲᠣᠭᠤᠷᠢᠨ ᠤ ᠪᠥᠲᠥᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠬᠥᠮᠦᠨ ᠢᠶᠠᠷ ᠦᠨᠳᠦᠰᠦ ᠪᠣᠯᠭᠠᠬᠤ ᠣᠨᠣᠯᠵᠢᠬᠤᠨ ᠢᠶᠠᠷ᠂ ᠦᠶᠯᠡᠴᠢᠯᠡᠭᠡᠨ ᠤ ᠲᠣᠭᠤᠷᠢᠭ ︵ᠲᠡᠷᠭᠡ ᠵᠣᠭᠰᠣᠬᠤ ᠲᠣᠭᠤᠷᠢᠭ︶ ᠤᠨ ᠰᠠᠭᠠᠳ ᠥᠬᠡᠶ ᠲᠥᠬᠦᠭᠡᠷᠦᠮᠵᠢ ᠶᠢ ᠲᠠᠰ ᠳᠡᠪᠰᠢᠭᠦᠯᠦᠨ ᠥᠭᠡᠷᠡᠴᠢᠯᠡᠵᠦ᠂ ᠰᠠᠭᠠᠳ ᠥᠬᠡᠶ ᠨᠠᠯᠠᠤ ᠵᠠᠮ ᠵᠢᠴᠢ ᠲᠦᠰᠢᠭᠦᠷ 15 ᠤᠷᠳᠤᠳᠬᠠᠯ ᠮᠧᠲᠷ ᠨᠡᠮᠡᠵᠦ ᠤᠭᠰᠠᠷᠠᠨ᠂ 11 ᠡᠷᠡᠭᠦᠯ ᠬᠠᠮᠠᠭᠠᠯᠠᠯ ᠤᠨ ᠲᠥᠬᠦᠭᠡᠷᠦᠮᠵᠢ ᠨᠡᠮᠡᠵᠦ ᠪᠠᠶᠢᠭᠤᠯᠤᠨ᠂ ᠣᠯᠠᠨ ᠲᠦᠮᠡᠨ ᠤ ᠶᠠᠪᠤᠵᠤ ᠰᠠᠭᠤᠬᠤ ᠳᠤ ᠨᠠᠩ ᠲᠥᠬᠦᠮ ᠦᠵᠡᠭᠦᠯᠪᠡ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号