ᠴᠠᠭᠠᠨ ᠰᠠᠷ᠎ᠠ ᠶᠢᠨ ᠲᠡᠭᠡᠭᠡᠪᠦᠷᠢ ᠶᠢᠨ ᠠᠩᠬᠠᠨ ᠤ ᠡᠳᠦᠷ ᠪᠥᠬᠦ ᠣᠷᠣᠨ ᠤ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠪᠠᠶᠢᠳᠠᠯ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠪᠠ
ᠨᠡᠶᠢᠲᠡᠯᠡᠭᠰᠡᠨ ᠴᠠᠭ᠄
2022/1/21
     2022 ᠣᠨ ᠤ ᠴᠠᠭᠠᠨ ᠰᠠᠷ᠎ᠠ ᠶᠢᠨ ᠲᠡᠭᠡᠭᠡᠪᠦᠷᠢ ᠨᠢ 1 ᠳ᠋ᠦ᠋ᠭᠡᠷ ᠰᠠᠷ᠎ᠠ ᠶᠢᠨ 17 ᠤ ᠡᠳᠦᠷ ᠠᠴᠠ ᠡᠬᠢᠯᠡᠵᠦ᠂ 2 ᠳ᠋ᠤᠭᠠᠷ ᠰᠠᠷ᠎ᠠ ᠶᠢᠨ 25 ᠤ ᠡᠳᠦᠷ ᠳᠠᠭᠤᠰᠤᠨ᠎ᠠ᠂ ᠨᠡᠶᠢᠲᠡ 40 ᠡᠳᠦᠷ᠃ ᠪᠥᠬᠦ ᠣᠷᠣᠨ ᠤ ᠡᠯ᠎ᠡ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠤᠳ ᠥᠪᠡᠷᠲᠡᠭᠡᠨ ᠵᠠᠰᠠᠬᠤ ᠣᠷᠣᠨ ᠪᠣᠯᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠴᠠᠭᠠᠨ ᠰᠠᠷ᠎ᠠ ᠶᠢᠨ ᠲᠡᠭᠡᠭᠡᠪᠦᠷᠢ ᠶᠢᠨ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠠᠷᠠᠳ ᠣᠯᠠᠨ ᠢᠶᠠᠷ ᠭᠤᠤᠯ ᠪᠣᠯᠭᠠᠬᠤ ᠶᠢ ᠪᠠᠷᠢᠮᠲᠠᠯᠠᠨ᠂ ᠠᠮᠤᠷ ᠲᠦᠪᠰᠢᠨ ᠤ ᠪᠠᠶᠢᠴᠠᠭᠠᠯᠲᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠵᠣᠬᠢᠶᠠᠨ ᠪᠠᠶᠢᠭᠤᠯᠤᠨ ᠬᠠᠮᠵᠢᠯᠴᠠᠬᠤ᠂ ᠮᠡᠳᠡᠭᠡ ᠵᠠᠩᠭᠢ ᠶᠢ ᠬᠠᠮᠲᠤ  ᠪᠠᠷ ᠡᠳ᠋ᠯᠡᠬᠦ ᠶᠢ ᠴᠢᠩᠭᠠᠳᠬᠠᠨ᠂ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠠᠷᠭ᠎ᠠ ᠬᠡᠮᠵᠢᠶ᠎ᠡ ᠶᠢ ᠰᠢᠯᠢᠳᠡᠭᠵᠢᠭᠦᠯᠵᠦ᠂ ᠲᠡᠭᠡᠭᠡᠪᠦᠷᠢ ᠶᠢᠨ ᠦᠶᠯᠡᠴᠢᠯᠡᠭᠡᠨ ᠤ ᠶᠠᠰᠤ ᠴᠢᠨᠠᠷ ᠢ ᠰᠠᠶᠢᠵᠢᠷᠠᠭᠤᠯᠤᠨ᠂ ᠠᠷᠠᠳ ᠣᠯᠠᠨ ᠳᠤ ᠡᠷᠡᠭᠦᠯ ᠴᠢᠬᠢᠷᠠᠭ᠂ ᠠᠮᠤᠷ ᠲᠦᠪᠰᠢᠨ᠂ ᠴᠢᠨᠠᠷ ᠰᠠᠶᠢᠲᠠᠶ ᠲᠡᠭᠡᠭᠡᠪᠦᠷᠢ ᠶᠢᠨ ᠦᠶᠯᠡᠴᠢᠯᠡᠭᠡᠨ ᠤ ᠪᠠᠲᠤᠯᠠᠭ᠎ᠠ ᠬᠠᠩᠭᠠᠵᠤ ᠂ ᠠᠷᠠᠳ ᠣᠯᠠᠨ ᠤ ᠬᠠᠯᠠᠭᠤᠨ ᠳᠤᠯᠠᠭᠠᠨ ᠶᠠᠪᠤᠵᠤ ᠰᠠᠭᠤᠬᠤ᠂ ᠠᠮᠤᠷ ᠲᠦᠪᠰᠢᠨ ᠢᠶᠠᠷ ᠬᠡᠷ ᠲᠤ ᠪᠠᠨ ᠬᠠᠷᠢᠬᠤ᠂ ᠪᠠᠶᠠᠷ ᠬᠥᠷ ᠲᠠᠢ ᠪᠠᠷ ᠰᠢᠨᠡᠯᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠴᠠᠭᠠᠨ ᠰᠠᠷ᠎ᠠ ᠶᠢᠨ ᠲᠡᠭᠡᠭᠡᠪᠦᠷᠢ ᠶᠢᠨ ᠠᠩᠬᠠᠨ ᠤ ᠡᠳᠦᠷ᠂ ᠪᠥᠬᠦ ᠣᠷᠣᠨ ᠤ ᠵᠠᠰᠠᠮᠠᠯ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠪᠠᠶᠢᠳᠠᠯ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠵᠤ᠂ ᠠᠶᠠᠨᠴᠢᠳ ᠢ ᠨᠡᠶᠢᠲᠡ 32198 ᠬᠥᠮᠦᠨ ᠤᠳᠠᠭ᠎ᠠ ᠬᠦᠷᠭᠡᠵᠦ᠂ 2021 ᠣᠨ ᠤ ᠠᠳᠠᠯᠢ ᠬᠤᠭᠤᠴᠠᠭᠠᠨ ᠬᠢ ᠲᠠᠢ ᠠᠳᠠᠯᠢᠳᠬᠠᠪᠠᠯ 12.37% ᠪᠠᠷ ᠨᠡᠮᠡᠭᠳᠡᠪᠡ᠃  ︵ᠵᠣᠣ ᠨᠠ︶
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号