ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠠ ᠤᠯᠤᠰ ᠲᠥᠷᠥ ᠶᠢᠨ ᠠᠮᠢ ᠠᠬᠤᠶ  ᠶᠢ ᠴᠡᠪᠡᠷᠰᠢᠭᠦᠯᠬᠦ ᠶᠢ ᠨᠢᠭᠡ ᠴᠣᠭᠴᠠᠵᠢᠭᠤᠯᠤᠨ ᠠᠬᠢᠭᠤᠯᠤᠨ᠎ᠠ
ᠨᠡᠶᠢᠲᠡᠯᠡᠭᠰᠡᠨ ᠴᠠᠭ᠄
2022/3/25
     ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠠᠰᠠᠭᠤᠳᠠᠯ ᠪᠣᠯ ᠤᠯᠤᠰ ᠲᠥᠷᠥ ᠶᠢᠨ ᠠᠮᠢ ᠠᠬᠤᠶ ᠡᠪᠳᠡᠭᠳᠡᠭᠰᠡᠨ ᠤ ᠳᠠᠷᠠᠭᠠᠬᠢ ᠶᠡᠷᠦᠩᠬᠡᠶᠢᠯᠡᠭᠰᠡᠨ ᠲᠤᠰᠬᠠᠯ ᠪᠠ ᠪᠣᠳᠠᠲᠠᠶ ᠬᠤᠭᠤᠷᠠᠯᠲᠠ ᠮᠥᠨ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠠᠰᠠᠭᠤᠳᠠᠯ ᠤᠨ ︽ᠦᠨᠳᠦᠰᠦ ᠰᠤᠷᠪᠤᠯᠵᠢ︾ ᠨᠢ ᠤᠯᠤᠰ ᠲᠦᠷᠦ ᠶᠢᠨ ᠠᠮᠢ ᠠᠬᠤᠢ ᠳᠤ ᠪᠤᠢ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠤᠯᠤᠰ ᠲᠦᠷᠦ ᠶᠢᠨ ᠠᠮᠢ ᠠᠬᠤᠢ ᠶᠢᠨ ᠪᠦᠬᠦᠯᠢ ᠴᠣᠭᠴᠠ ᠶᠢᠨ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠡᠷᠡᠰ ᠤᠯᠬᠤ ᠳᠤ᠂ ᠡᠷᠬᠡᠪᠰᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠠ ᠤᠯᠤᠰ ᠲᠦᠷᠦ ᠶᠢᠨ ᠠᠮᠢ ᠠᠬᠤᠢ  ᠶᠢ ᠴᠡᠪᠡᠷᠰᠢᠭᠦᠯᠬᠦ ᠶᠢ ᠤᠶᠠᠯᠳᠤᠭᠤᠯᠵᠤ᠂ ᠨᠢᠭᠡ ᠴᠤᠬᠴᠠᠵᠢᠭᠤᠯᠤᠨ ᠠᠬᠢᠭᠤᠯᠬᠤ ᠬᠡᠷᠡᠭᠲᠡᠢ᠃      ᠤᠯᠤᠰ ᠲᠥᠷᠥ ᠶᠢᠨ ᠠᠮᠢ ᠠᠬᠤᠶ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠳᠤ ᠦᠵᠡᠭᠦᠯᠬᠦ ᠨᠥᠯᠥᠭᠡ ᠪᠣᠯ ᠰᠢᠭᠤᠳ᠂ ᠥᠷᠭᠡᠨ ᠳᠡᠯᠭᠡᠷ᠂ ᠠᠯᠤᠰ ᠬᠡᠲᠦ ᠶᠢᠨ ᠶᠤᠮ᠃ ᠤᠯᠤᠰ ᠲᠦᠷᠦ ᠶᠢᠨ ᠠᠮᠢ ᠠᠬᠤᠢ ᠰᠠᠶᠢᠨ ᠪᠣᠯ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠰᠠᠶ᠋ᠢ ᠦᠨᠳᠦᠰᠦᠨ ᠠᠴᠠ ᠪᠠᠨ ᠰᠠᠶᠢᠵᠢᠷᠠᠵᠤ ᠴᠢᠳᠠᠨ᠎ᠠ ᠃ ᠣᠳᠣᠬᠠᠨ ᠳᠤ᠂ ᠥᠪᠥᠷ ᠮᠣᠩᠭᠤᠯ ᠤᠨ ᠤᠯᠤᠰ ᠲᠦᠷᠦ ᠶᠢᠨ ᠠᠮᠢ ᠠᠬᠤᠢ ᠶᠢ ᠲᠠᠬᠢᠨ ᠴᠣᠭᠴᠠᠯᠠᠬᠤ ᠳᠤ ᠮᠥᠨ ᠬᠦ ᠡᠭᠦᠷᠭᠡ ᠬᠦᠨᠳᠦ ᠵᠠᠮ ᠬᠤᠯᠠ ᠪᠠᠶᠢᠭᠰᠠᠭᠠᠷ᠂ ᠵᠠᠷᠢᠮ ᠨᠠᠮ ᠤᠨ ᠭᠡᠰᠢᠭᠦᠨ ᠺᠠᠳ᠋ᠷ ᠤᠨ ᠦᠵᠡᠯ ᠰᠠᠨᠠᠭ᠎ᠠ ᠨᠢ ᠪᠠᠲᠤ ᠪᠠᠬᠢ᠂ ᠣᠪᠣᠷ ᠰᠤᠷᠲᠠᠯ ᠤᠨ ᠠᠷᠬᠠᠭ ᠭᠡᠮ᠂ ᠢᠯᠵᠠᠷᠠᠯ ᠤᠨ ᠬᠥᠨᠳᠦ ᠡᠪᠡᠳᠴᠢᠨ ᠢ ᠬᠠᠷᠠᠬᠠᠨ ᠦᠨᠳᠦᠰᠦ ᠠᠴᠠ ᠨᠢ ᠠᠷᠢᠯᠭᠠᠭᠠᠳᠤᠢ᠂ ᠵᠠᠷᠢᠮ ᠬᠠᠭᠤᠴᠢᠨ ᠠᠰᠠᠭᠤᠳᠠᠯ ᠪᠠᠰᠠ ᠢᠯᠡᠷᠡᠵᠦ᠂ ᠵᠠᠷᠢᠮ ᠰᠢᠨ᠎ᠡ ᠠᠰᠠᠭᠤᠳᠠᠯ ᠪᠠᠰᠠ ᠠᠭᠠᠵᠢᠮ  ᠢᠶᠠᠷ ᠢᠯᠡᠷᠡᠵᠦ ᠪᠠᠶᠢᠨ᠎ᠠ᠃ ᠭᠠᠭᠴᠠ ᠬᠦ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠦᠬᠦ ᠶᠠᠪᠤᠴᠠ ᠪᠠ ᠡᠯ᠎ᠡ ᠭᠤᠭᠴᠤᠭ᠎ᠠ ᠳᠤ ᠲᠤᠭᠤᠰᠢᠯᠠᠭᠤᠯᠵᠤ᠂ ᠤᠯᠤᠰ ᠲᠦᠷᠦ ᠶᠢᠨ ᠬᠢᠨᠠᠯᠲᠠ ᠶᠢ ᠴᠢᠩᠭᠠᠳᠬᠠᠵᠤ᠂ ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠶᠢ ᠭᠦᠨᠵᠡᠭᠡᠶᠢᠷᠡᠭᠦᠯᠵᠦ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠡᠷᠴᠢᠮ  ᠢᠶᠠᠨ ᠴᠢᠩᠭᠠᠷᠠᠭᠤᠯᠵᠤ᠂ ᠤᠯᠤᠰ ᠲᠦᠷᠦ ᠶᠢᠨ ᠠᠮᠢ ᠠᠬᠤᠢ ᠶᠢ ᠪᠦᠬᠦ ᠲᠠᠯ᠎ᠠ ᠪᠠᠷ ᠲᠠᠬᠢᠨ ᠴᠣᠭᠴᠠᠯᠠᠬᠤ᠂ ᠦᠨᠳᠦᠰᠦᠨ ᠠᠴᠠ ᠨᠢ ᠰᠠᠶᠢᠵᠢᠷᠠᠭᠤᠯᠤᠨ ᠠᠬᠢᠭᠤᠯᠬᠤ ᠶᠢ ᠪᠠᠷᠢᠮᠲᠠᠯᠠᠪᠠᠯ ᠰᠠᠶ᠋ᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠡᠮᠬᠢ ᠵᠠᠮᠪᠠᠷᠠᠭ᠎ᠠ ᠦᠭᠡᠢ ᠪᠠᠶᠢᠳᠠᠯ ᠢ ᠪᠤᠢ ᠪᠣᠯᠭᠠᠬᠤ ᠬᠥᠷᠥᠰᠥ ᠰᠢᠷᠣᠢ ᠶᠢ ᠦᠨᠳᠦᠰᠦ ᠠᠴᠠ ᠨᠢ ᠠᠷᠢᠯᠭᠠᠵᠤ ᠴᠢᠳᠠᠨ᠎ᠠ᠃      ᠡᠪᠡᠳᠴᠢᠨ ᠢ ᠨᠢ ᠣᠨᠤᠰᠢᠯᠠᠵᠤ ᠡᠮ ᠵᠠᠷᠤᠵᠤ᠂ ︽ᠡᠪᠡᠳᠴᠢᠨ ᠤ ᠦᠨᠳᠦᠰᠦ︾ ᠶᠢ ᠲᠤᠶᠢᠯᠪᠤᠷᠢᠲᠠᠶ ᠵᠠᠰᠠᠪᠠᠯ ᠂ ᠰᠠᠶ᠋ᠢ ᠠᠰᠠᠭᠤᠳᠠᠯ ᠢ ᠠᠮᠠᠷᠬᠠᠨ ᠰᠢᠶᠳᠪᠦᠷᠢᠯᠡᠵᠦ ᠴᠢᠳᠠᠨ᠎ᠠ᠃ ᠠᠯᠵᠠᠭᠤ ᠵᠠᠯᠬᠠᠭᠤ ᠬᠤᠶᠢᠷᠭᠤ᠂ ᠨᠢᠭᠤᠭᠳᠠᠮᠠᠯ ᠬᠤᠪᠢᠷᠠᠯᠲᠠ ᠭᠠᠷᠤᠭᠰᠠᠨ ᠬᠤᠪᠢ ᠶᠢᠨ ᠠᠰᠢᠭ ᠬᠥᠭᠡᠭᠡᠴᠡᠯᠳᠦᠬᠦ ᠵᠡᠷᠭᠡ ᠠᠰᠠᠭᠤᠳᠠᠯ ᠳᠤ ᠴᠢᠭᠯᠡᠭᠦᠯᠦᠨ᠂ ᠳᠣᠭᠰᠢᠨ ᠡᠮ ᠢᠶᠠᠷ ᠡᠪᠡᠳᠴᠢᠨ ᠢ ᠠᠷᠢᠯᠭᠠᠬᠤ᠂ ᠰᠠᠮᠠᠭᠤᠷᠠᠯ ᠢ ᠵᠠᠰᠠᠬᠤ ᠡᠷᠡᠰ ᠵᠣᠷᠢᠭ ᠭᠠᠷᠭᠠᠵᠤ᠂ ᠶᠠᠰᠤ ᠶᠢ ᠬᠤᠰᠤᠵᠤ ᠬᠤᠤᠷ ᠢ ᠠᠷᠢᠯᠭᠠᠬᠤ ᠪᠠᠭᠠᠲᠤᠷ ᠡᠷ᠎ᠡ ᠪᠠᠭᠤᠤ ᠪᠠᠨ ᠴᠠᠪᠴᠢᠬᠤ ᠰᠥᠰᠥ ᠵᠣᠷᠢᠭ ᠭᠠᠷᠭᠠᠬᠤ ᠬᠡᠷᠡᠭᠲᠡᠶ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠲᠣᠪᠣᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠶᠢ ᠦᠷᠭᠦᠯᠵᠢᠯᠡᠨ ᠦᠷᠨᠢᠭᠦᠯᠵᠦ᠂ ᠪᠤᠷᠤᠩᠬᠤᠶ ᠮᠠᠭᠤ ᠳᠠᠳᠬᠠᠯ ᠵᠢᠴᠢ ᠲᠡᠭᠦᠨ ᠤ ᠰᠢᠨ᠎ᠡ ᠬᠠᠨᠳᠤᠰᠢ ᠰᠢᠨ᠎ᠡ ᠲᠥᠷᠥᠯ ᠵᠦᠶᠯ ᠢ ᠴᠢᠩᠭ᠎ᠠ ᠠᠳᠬᠤᠵᠤ᠂ ᠳᠠᠬᠢᠨ ᠠᠳᠬᠤᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠬᠠᠭᠤᠴᠢᠨ ᠠᠰᠠᠭᠤᠳᠠᠯ ᠪᠠ ᠰᠢᠨ᠎ᠡ ᠢᠯᠡᠷᠡᠯ ᠢ ᠡᠷᠡᠰ ᠵᠠᠯᠠᠷᠠᠭᠤᠯᠤᠨ᠂ ᠡᠯ᠎ᠡ ᠵᠦᠶᠯ ᠤᠨ ᠬᠠᠷᠢᠭᠤᠴᠠᠯᠭ᠎ᠠ ᠡᠭᠦᠷᠭᠡᠯᠡᠬᠦ ᠥᠬᠡᠶ ᠡᠰᠡ ᠦᠢᠯᠡᠳᠬᠦᠢ᠂ ᠤᠳᠠᠭᠠᠨ ᠦᠶᠯᠡᠳᠬᠦᠶ ᠳᠤᠷ᠎ᠠ ᠪᠠᠷ ᠦᠢᠯᠡᠳᠬᠦᠢ ᠶᠢᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠢᠳᠡᠭᠳᠡᠭᠦᠯᠬᠦ ᠰᠤᠷᠲᠠᠯ ᠤᠨ ᠸᠢᠷᠦ᠋ᠰ ᠢ ᠲᠠᠰᠤᠷᠠᠯᠲᠠ ᠦᠭᠡᠢ ᠴᠡᠪᠡᠷᠯᠡᠨ ᠠᠷᠢᠯᠭᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠡᠪᠳᠡᠬᠦ ᠢᠯᠵᠠᠷᠠᠯ ᠤᠨ ᠬᠦᠨᠳᠦ ᠡᠪᠡᠳᠴᠢᠨ ᠢ ᠲᠠᠰᠤᠷᠠᠯᠲᠠ ᠦᠭᠡᠢ ᠴᠡᠪᠡᠷᠯᠡᠨ ᠠᠷᠢᠯᠭᠠᠵᠤ᠂ ᠪᠠᠷᠢᠮᠵᠢᠶ᠎ᠠ ᠪᠠᠭᠤᠷᠠᠭᠤᠯᠬᠤ ᠦᠭᠡᠢ᠂ ᠱᠠᠭᠠᠷᠳᠠᠯᠭ᠎ᠠ ᠰᠤᠯᠠᠷᠠᠭᠤᠯᠤᠯ ᠦᠭᠡᠢ᠂ ᠠᠷᠭ᠎ᠠ ᠬᠡᠮᠵᠢᠶ᠎ᠡ ᠬᠠᠰᠤᠭᠳᠠᠬᠤ ᠦᠭᠡᠢ᠂ ᠠᠭᠤᠷ ᠠᠮᠢᠰᠬᠤᠯ ᠰᠤᠯᠠ ᠪᠤᠰᠤ ᠶᠢ ᠪᠠᠲᠤᠯᠠᠬᠤ ᠬᠡᠷᠡᠭᠲᠡᠶ᠃      ᠬᠢᠨᠠᠯᠲᠠ ᠲᠠᠯᠪᠢᠵᠤ ᠰᠢᠯᠭᠠᠨ ᠬᠢᠨᠠᠬᠤ ᠶᠢ ᠴᠢᠩᠭᠠᠳᠬᠠᠵᠤ᠂ ︽ᠳᠣᠬᠢᠭᠤᠷ︾ ᠤᠨ ᠦᠢᠯᠡᠳᠦᠯ ᠢ ᠰᠠᠶᠢᠲᠤᠷ ᠪᠠᠳᠠᠷᠠᠭᠤᠯᠬᠤ ᠪᠣᠯ ᠪᠦᠬᠦᠶᠢᠯᠡ ᠴᠣᠭᠴᠠ ᠶᠢᠨ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠤᠯᠬᠤ ᠶᠢᠨ ᠴᠢᠬᠤᠯᠠ ᠪᠠᠲᠤᠯᠠᠭ᠎ᠠ ᠪᠣᠯᠤᠨ᠎ᠠ᠃ ︽ᠭᠤᠷᠪᠠ ᠶᠢ ᠢᠯᠭᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠺᠠᠳ᠋ᠷᠴᠤᠳ ᠤᠨ ᠵᠣᠷᠢᠭᠲᠠᠢ ᠪᠠᠷ ᠰᠢᠨ᠎ᠡ ᠶᠢ ᠡᠭᠦᠳᠴᠦ᠂ ᠯᠠᠪᠳᠠᠭᠤᠨ ᠪᠠᠲᠤᠲᠠᠢ ᠠᠵᠢᠯᠯᠠᠬᠤ ᠶᠢ ᠵᠣᠷᠢᠭᠵᠢᠭᠤᠯᠵᠤ᠂ ᠲᠡᠳᠡᠭᠡᠷ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠳᠡᠭ ᠺᠠᠳ᠋ᠷ ᠢ ᠦᠨᠡᠨ ᠬᠦ ᠴᠢᠬᠤᠯᠠᠴᠢᠯᠠᠨ ᠬᠡᠷᠡᠭᠯᠡᠵᠦ᠂ ᠠᠪᠢᠶᠠᠰ ᠪᠢᠯᠢᠭ ᠢ ᠨᠢ ᠭᠦᠢᠴᠡᠳ ᠪᠠᠳᠠᠷᠠᠭᠤᠯᠬᠤ ᠬᠡᠷᠡᠭᠲᠡᠢ᠃ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠤᠭᠤᠷᠣᠨᠳᠣᠬᠢ ᠳᠣᠲᠣᠨᠣ ᠴᠢᠬᠡᠴᠢ ᠬᠠᠷᠢᠴᠠᠭ᠎ᠠ ᠶᠢ ᠪᠠᠶᠢᠭᠤᠯᠵᠤ᠂ ᠵᠠᠰᠠᠭ ᠠᠵᠤ ᠠᠬᠤᠶᠢᠯᠠᠯ ᠤᠨ ᠨᠡᠪᠲᠡᠷᠡᠯᠴᠡᠬᠦ ᠪᠠᠶᠢᠩᠭᠤᠵᠢᠭᠰᠠᠨ ᠲᠣᠭᠲᠠᠴᠠ ᠶᠢ ᠪᠠᠶᠢᠭᠤᠯᠵᠤ᠂ ᠵᠠᠰᠠᠭ ᠠᠵᠤ ᠠᠬᠤᠶᠢᠯᠠᠯ  ᠤᠨ ᠨᠡᠪᠲᠡᠷᠡᠯᠴᠡᠬᠦ ᠠᠷᠭ᠎ᠠ ᠵᠠᠮ ᠢ ᠥᠷᠭᠡᠳᠬᠡᠬᠦ ᠬᠡᠷᠡᠭᠲᠡᠢ᠃ ᠲᠣᠳᠣᠷᠬᠠᠶᠢᠯᠠᠬᠤ ᠬᠠᠮᠠᠭᠠᠯᠠᠬᠤ ᠲᠣᠭᠲᠠᠴᠠ ᠶᠢ ᠪᠦᠷᠢᠨᠰᠢᠬᠦᠯᠵᠤ᠂ ᠦᠨᠡᠨ ᠪᠤᠰᠤ ᠢᠯᠡᠴᠢᠯᠡᠨ ᠮᠡᠳᠡᠭᠦᠯᠦᠯᠲᠡ ᠶᠢ ᠴᠠᠭ ᠲᠤᠬᠠᠢ ᠳᠤ ᠨᠢ ᠲᠣᠳᠣᠷᠬᠠᠶᠢᠯᠠᠵᠤ᠂ ᠭᠦᠳᠬᠡᠨ ᠭᠦᠵᠢᠷᠯᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠵᠤ᠂ ᠠᠵᠢᠯ ᠬᠢᠳᠡᠭ ᠺᠠᠳ᠋ᠷ ᠢ ᠬᠢᠯᠢᠰᠳᠡᠭᠦᠯᠵᠦ ᠪᠣᠯᠬᠤ ᠦᠭᠡᠢ᠂ ᠠᠵᠢᠯ ᠬᠢᠳᠡᠭ ᠦᠭᠡᠢ ᠺᠠᠳ᠋ᠷ ᠲᠤ ᠢᠨᠢᠶᠡᠳᠦᠮ ᠦᠵᠡᠭᠦᠯᠵᠦ᠂ ᠥᠷᠭᠡᠰᠦ ᠱᠦᠷᠭᠦᠭᠡᠰᠦ ᠲᠠᠢ ᠦᠭᠡ ᠬᠡᠯᠡᠭᠦᠯᠵᠦ ᠪᠣᠯᠬᠤ ᠦᠭᠡᠢ᠃      ᠡᠷᠡᠯᠬᠡᠭᠯᠡᠨ ᠤᠷᠤᠭᠰᠢᠯᠠᠵᠤ ᠪᠠᠶᠢᠭ᠎ᠠ ᠥᠪᠥᠷ ᠮᠣᠩᠭᠤᠯ᠂ ᠲᠠᠭᠠᠷᠢᠯᠳᠠ ᠶᠢᠨ ᠪᠦᠷᠢᠶ᠎ᠡ ᠪᠠᠨ ᠲᠠᠬᠢᠨ ᠬᠠᠩᠭᠢᠨᠠᠭᠤᠯᠵᠤ᠂ ᠪᠠᠶᠢᠯᠳᠤᠭᠠᠨ ᠤ ᠬᠡᠩᠭᠡᠷᠭᠡ ᠪᠠᠨ ᠲᠠᠬᠢᠨ ᠬᠠᠩᠭᠢᠨᠠᠭᠤᠯᠪᠠ᠃ ᠪᠢᠳᠡ ᠬᠠᠷᠠᠯᠲᠠ ᠪᠠᠨ ᠪᠠᠲᠤ ᠡᠵᠡᠮᠳᠡᠵᠦ᠂ ᠠᠮᠠᠨ ᠳᠡᠭᠡᠷ᠎ᠡ ᠪᠠᠨ ᠬᠡᠯᠡᠵᠦ᠂ ᠴᠠᠭᠠᠰᠤᠨ ᠳᠡᠭᠡᠷ᠎ᠡ ᠪᠢᠴᠢᠭᠰᠡᠨ᠂ ᠬᠤᠷᠠᠯ ᠳᠡᠭᠡᠷ᠎ᠡ ᠲᠣᠭᠲᠠᠭᠠᠭᠰᠠᠨ  ᠢᠶᠠᠨ ᠦᠨᠡᠨ ᠪᠣᠳᠠᠲᠠᠢ ᠠᠵᠢᠯᠯᠠᠭ᠎ᠠ ᠪᠣᠯᠭᠠᠨ ᠬᠤᠪᠢᠷᠠᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠪᠣᠯᠤᠨ ᠤᠯᠤᠰ ᠲᠦᠷᠦ ᠶᠢᠨ ᠠᠮᠢ ᠠᠬᠤᠢ ᠶᠢᠨ ᠬᠠᠷᠢᠯᠴᠠᠨ ᠠᠬᠢᠭᠤᠯᠬᠤ᠂ ᠬᠠᠮᠲᠤ ᠪᠠᠷ ᠰᠠᠶᠢᠵᠢᠷᠠᠬᠤ ᠶᠢ ᠠᠬᠢᠭᠤᠯᠵᠤ᠂ ᠥᠪᠥᠷ ᠮᠣᠩᠭᠤᠯ ᠢ ᠬᠤᠳᠠᠯᠳᠤᠭ᠎ᠠ ᠡᠵᠡᠩᠨᠡᠬᠦ ᠥᠨᠳᠦᠷᠯᠢᠭ ᠭᠠᠵᠠᠷ᠂ ᠦᠢᠯᠡᠰ ᠢᠶᠠᠨ ᠬᠥᠭᠵᠢᠭᠦᠯᠬᠦ ᠦᠩ ᠰᠢᠮᠡᠯᠢᠭ ᠬᠥᠷᠥᠰᠥ ᠰᠢᠷᠣᠢ ᠪᠣᠯᠭᠠᠶ᠎ᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号