ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠤᠤ ᠱᠢ ᠴᠢᠨ ᠶᠠᠰᠤ ᠴᠢᠨᠠᠷ ᠲᠤ ᠬᠢᠨᠠᠯᠲᠠ ᠲᠠᠯᠪᠢᠬᠤ ᠥᠷᠲᠡᠭᠡ ᠶᠢᠨ ᠨᠠᠮ ᠤᠨ ᠡᠭᠦᠷ ᠤᠨ 2021 ᠣᠨ ᠤ ᠵᠣᠬᠢᠶᠠᠨ ᠪᠠᠶᠢᠭᠤᠯᠤᠯᠲᠠ  ᠶᠢᠨ ᠠᠮᠢᠳᠤᠷᠠᠯ ᠤᠨ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2022/4/7
     ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠤᠤ ᠱᠢ ᠴᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠢ ᠬᠢᠨᠠᠨ ᠬᠡᠮᠵᠢᠵᠦ ᠰᠢᠯᠭᠠᠨ ᠲᠣᠭᠲᠠᠭᠠᠬᠤ ᠥᠷᠲᠡᠭᠡ ᠶᠢᠨ ᠨᠠᠮ ᠤᠨ ᠡᠭᠦᠷ ᠤᠨ ᠵᠥᠪᠯᠡᠯ ᠤᠨ 2021 ᠣᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠣᠷᠤᠯᠴᠠᠵᠤ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠲᠢᠶᠠᠨ ᠶᠠ ᠯᠢ ᠵᠢᠴᠢ ᠲᠢᠩᠬᠢᠮ  ᠤᠨ ᠠᠵᠢᠯᠲᠠᠨ ᠤ ᠰᠤᠷᠭᠠᠨ ᠬᠥᠮᠦᠵᠢᠯ ᠤᠨ ᠭᠠᠵᠠᠷ᠂ ᠪᠠᠶᠢᠭᠤᠯᠭ᠎ᠠ ᠶᠢᠨ ᠨᠠᠮ ᠤᠨ ᠬᠤᠷᠢᠶᠠᠨ ᠤ ᠬᠠᠷᠢᠭᠤᠴᠠᠯᠭᠠᠲᠠᠨ ᠨᠥᠬᠦᠳ ᠵᠢᠴᠢ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠤᠨ ᠬᠤᠯᠪᠣᠭᠳᠠᠯ ᠪᠥᠬᠦᠶ ᠨᠥᠬᠦᠳ ᠬᠤᠷᠠᠯ ᠳᠤ ᠣᠷᠣᠯᠴᠠᠪᠠ᠃      ᠶᠠᠰᠤ ᠴᠢᠨᠠᠷ ᠲᠤ ᠬᠢᠨᠠᠯᠲᠠ ᠲᠠᠯᠪᠢᠬᠤ ᠥᠷᠲᠡᠭᠡ ᠶᠢᠨ ᠨᠠᠮ ᠤᠨ ᠡᠭᠦᠷ ᠤᠨ ᠳᠡᠳ᠋ ᠱᠦᠵᠢ ᠵᠠᠩ ᠬᠤᠩ ᠸᠧᠶ  ᠠᠴᠠ ᠡᠩ ᠲᠡᠷᠢᠭᠦᠨ ᠳᠤ ᠨᠠᠮ ᠤᠨ ᠡᠭᠦᠷ ᠤᠨ ᠵᠥᠪᠯᠡᠯ ᠢ ᠲᠥᠯᠥᠭᠡᠯᠡᠨ ᠬᠤᠷᠠᠯ ᠤᠨ ᠭᠤᠤᠯ ᠰᠡᠳᠦᠪ ᠤᠨ ᠲᠣᠭᠤᠷᠢᠨ ᠳᠤ 2021 ᠣᠨ ᠤ ᠠᠵᠢᠯ ᠢ ᠬᠠᠷᠢᠴᠠᠭᠤᠯᠤᠨ ᠪᠠᠶᠢᠴᠠᠭᠠᠵᠤ᠂ 6 ᠭᠡᠰᠢᠭᠦᠨ ᠲᠣᠰ ᠲᠣᠰ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠥᠷᠨᠢᠭᠦᠯᠵᠦ᠂ ᠠᠰᠠᠭᠤᠳᠠᠯ ᠤᠨ ᠣᠷᠣᠰᠢᠵᠤ ᠪᠠᠶᠢᠭ᠎ᠠ ᠰᠢᠯᠲᠠᠭᠠᠨ ᠢ ᠵᠠᠳᠠᠯᠤᠨ ᠰᠢᠨᠵᠢᠯᠡᠵᠦ᠂ ᠲᠠᠷᠠᠭᠠᠴᠢ ᠶᠢᠨ ᠠᠯᠬᠤᠮ ᠤᠨ ᠴᠢᠷᠮᠠᠶᠢᠬᠤ ᠴᠢᠭᠯᠡᠯ ᠪᠠ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ  ᠶᠢ ᠳᠤᠷᠠᠳᠪᠠ᠃
     ᠭᠤᠤ ᠱᠢ ᠴᠢᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠦᠨᠡᠯᠡᠯᠲᠡ ᠬᠢᠭᠰᠡᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠴᠠᠢ᠃ ᠨᠢᠭᠡ ᠳᠤ᠂ ᠪᠠᠶᠢᠴᠠᠭᠠᠨ ᠬᠡᠮᠵᠢᠬᠦ  ᠪᠠᠷ ᠲᠤᠯᠭᠠᠭᠤᠷᠢᠯᠠᠯ ᠪᠣᠯᠭᠠᠭᠰᠠᠨ ᠶᠠᠰᠤ ᠴᠢᠨᠠᠷ ᠲᠤ ᠬᠢᠨᠠᠯᠲᠠ ᠲᠠᠯᠪᠢᠬᠤ ᠠᠵᠢᠯ ᠢ ᠬᠦᠴᠦᠯᠡᠨ ᠴᠢᠩᠭᠠᠳᠬᠠᠬᠤ ᠬᠡᠷᠡᠭᠲᠡᠢ᠃ ᠨᠠᠮ ᠤᠨ ᠬᠠᠮᠤᠭ ᠤᠨ ᠰᠢᠨ᠎ᠡ ᠣᠨᠣᠯ ᠢᠶᠠᠷ ᠶᠠᠰᠤ ᠴᠢᠨᠠᠷ ᠲᠤ ᠬᠢᠨᠠᠯᠲᠠ ᠲᠠᠯᠪᠢᠬᠤ ᠠᠵᠢᠯ᠂ ᠡᠭᠦᠷᠭᠡ ᠬᠠᠷᠢᠭᠤᠴᠠᠯᠭ᠎ᠠ ᠪᠠ ᠦᠵᠡᠯ ᠰᠠᠨᠠᠭ᠎ᠠ ᠶᠢ ᠪᠠᠭᠲᠠᠭᠠᠨ ᠣᠷᠣᠭᠤᠯᠵᠤ᠂ ᠰᠢᠨ᠎ᠡ ᠴᠠᠭ ᠦᠶ᠎ᠡ ᠶᠢᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠠᠵᠢᠯ ᠤᠨ ᠪᠠᠶᠢᠷᠢ ᠲᠣᠭᠲᠠᠭᠠᠯᠲᠠ ᠪᠠ ᠡᠭᠦᠷᠭᠡ ᠬᠠᠷᠢᠭᠤᠴᠠᠯᠭ᠎ᠠ ᠶᠢ ᠭᠦᠨᠵᠡᠭᠡᠶ ᠵᠠᠳᠠᠯᠵᠤ᠂ ᠵᠠᠰᠠᠭ ᠵᠠᠬᠢᠷᠭᠠᠨ᠂ ᠬᠠᠤᠯᠢ ᠬᠡᠷᠡᠭᠵᠢᠭᠦᠯᠦᠯᠲᠡ ᠪᠠ ᠮᠡᠷᠭᠡᠵᠢᠯ ᠢ ᠠᠭᠤᠰᠤᠯᠴᠠᠭᠤᠯᠤᠨ ᠬᠥᠭᠵᠢᠭᠦᠯᠦᠭᠰᠡᠨ ᠶᠠᠰᠤ ᠴᠢᠨᠠᠷ ᠲᠤ ᠬᠢᠨᠠᠯᠲᠠ ᠲᠠᠯᠪᠢᠬᠤ ᠰᠢᠰᠲ᠋ᠧᠮᠵᠢ ᠶᠢ ᠰᠦᠪᠡᠭᠴᠢᠯᠡᠨ᠂ ᠪᠠᠶᠢᠭᠤᠯᠤᠮᠵᠢ ᠶᠢᠨ ᠥᠭᠡᠷᠡᠴᠢᠯᠡᠯᠲᠡ ᠳᠤ ᠦᠨᠳᠦᠰᠦᠨ ᠱᠠᠲᠤᠨ ᠳᠤ ᠭᠦᠨᠵᠡᠭᠡᠶᠢᠷᠡᠭᠰᠡᠨ ᠬᠡᠪ ᠵᠠᠭᠪᠤᠷ ᠢ ᠬᠠᠩᠭᠠᠬᠤ ᠬᠡᠷᠡᠭᠲᠡᠢ᠃ ᠬᠤᠶᠠᠷ ᠲᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠬᠦᠴᠦᠯᠡᠨ ᠴᠢᠩᠭᠠᠳᠬᠠᠬᠤ ᠬᠡᠷᠡᠭᠲᠡᠢ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠪᠠᠷ ᠤᠳᠤᠷᠢᠳᠤᠮᠵᠢ ᠪᠣᠯᠭᠠᠵᠤ᠂ ᠰᠤᠳᠤᠯᠭᠠᠨ ᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠥᠭᠦᠯᠡᠯ ᠢᠶᠠᠨ ︽ᠡᠬᠡ ᠭᠠᠵᠠᠷ︾ ᠳᠡᠭᠡᠷ᠎ᠡ ᠪᠢᠴᠢᠵᠦ᠂ ᠵᠠᠮ ᠬᠠᠷᠢᠯᠴᠠᠭᠠᠨ ᠤ ᠬᠦᠴᠦᠷᠬᠡᠭ ᠤᠯᠤᠰ ᠤᠨ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ᠂ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠲᠣᠤᠷ ᠰᠦᠯᠵᠢᠶᠡᠨ ᠤ ᠪᠠᠶᠢᠷᠢᠰᠢᠭᠤᠯᠤᠯᠲᠠ᠂ ᠨᠡᠭᠦᠷᠡᠰᠦᠲᠥ᠋ᠷᠥᠭᠴᠢ ᠶᠢ ᠣᠷᠭᠢᠯ ᠬᠡᠮᠵᠢᠭᠳᠡᠯ ᠠᠴᠠ ᠪᠠᠭᠤᠷᠠᠭᠤᠯᠬᠤ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯ ᠢ ᠴᠢᠷᠮᠠᠶᠢᠨ ᠲᠤᠯᠭᠠᠭᠤᠷᠢᠯᠠᠬᠤ ᠬᠡᠷᠡᠭᠲᠡᠶ᠃ ᠭᠤᠷᠪᠠ ᠳᠤ᠂ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠬᠦᠴᠦᠯᠡᠨ ᠴᠢᠩᠭᠠᠳᠬᠠᠬᠤ ᠬᠡᠷᠡᠭᠲᠡᠢ᠃ ᠰᠢᠨ᠎ᠡ ᠶᠢ ᠡᠭᠦᠳᠬᠦ ᠬᠡᠯᠪᠡᠷᠢ ᠶᠢᠨ ᠲᠠᠪᠴᠠᠩ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠥᠨᠳᠥᠷ ᠬᠢᠷᠢ ᠲᠦᠪᠰᠢᠨ ᠪᠦᠬᠦᠢ ᠴᠢᠳᠠᠪᠤᠷᠢᠲᠠᠨ ᠤ ᠪᠦᠯᠬᠦᠮ ᠨᠡᠶᠢᠲᠡ ᠶᠢ ᠪᠤᠢ ᠪᠣᠯᠭᠠᠵᠤ᠂ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠶᠢ ᠴᠢᠩᠭᠠᠳᠬᠠᠬᠤ ᠬᠡᠷᠡᠭᠲᠡᠢ᠃ ᠲᠦᠷᠪᠡ ᠳᠤ᠂ ᠨᠠᠮ  ᠤᠨ ᠡᠭᠦᠷ ᠤᠨ ᠪᠠᠷᠢᠮᠵᠢᠶᠠᠵᠢᠭᠰᠠᠨ᠂ ᠵᠢᠷᠤᠮᠵᠢᠭᠰᠠᠨ ᠪᠠᠶᠢᠭᠤᠯᠤᠯᠲᠠ ᠶᠢᠨ ᠲᠦᠪᠰᠢᠨ ᠢ ᠤᠯᠠᠮ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃ ︽ᠬᠠᠮᠤᠭ ᠤᠨ ᠬᠦᠴᠦᠷᠬᠡᠭ ᠨᠠᠮ ᠤᠨ ᠡᠭᠦᠷ︾ ᠤᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠨᠠᠮ ᠤᠨ ᠡᠭᠦᠷ ᠤᠨ ᠨᠢᠭᠲᠠᠷᠠᠯ ᠤᠨ ᠬᠦᠴᠦᠨ᠂ ᠪᠠᠶᠢᠯᠳᠤᠬᠤ ᠬᠦᠴᠦᠨ ᠢ ᠳᠡᠭᠡᠭᠰᠢᠯᠡᠭᠦᠯᠦᠨ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ᠂ ᠵᠣᠷᠢᠭᠲᠠᠶ  ᠪᠠᠷ ᠰᠢᠨ᠎ᠡ ᠶᠢ ᠡᠭᠦᠳᠬᠦ ᠨᠠᠮ ᠤᠨ ᠡᠭᠦᠷ ᠤᠨ ᠰᠤᠷᠲᠠᠯ ᠢ ᠪᠠᠳᠠᠷᠠᠭᠤᠯᠵᠤ᠂ ᠨᠠᠮ ᠤᠨ ᠭᠡᠰᠢᠭᠦᠨ ᠺᠠᠳ᠋ᠷᠴᠤᠳ ᠲᠦᠷᠦᠭᠦᠯᠡᠨ ᠪᠠᠷᠢᠯᠭ᠎ᠠ ᠶᠢᠨ ᠭᠠᠵᠠᠷ ᠲᠤ ᠪᠠᠭᠤᠵᠤ ᠮᠡᠷᠭᠡᠵᠢᠯ ᠤᠨ ᠬᠦᠴᠢᠷ ᠠᠰᠠᠭᠤᠳᠠᠯ ᠢ ᠰᠢᠶᠳᠪᠦᠷᠢᠯᠡᠨ᠂ ᠨᠠᠮ  ᠤᠨ ᠡᠭᠦᠷ ᠤᠨ ᠳᠠᠶᠢᠴᠢᠨ ᠪᠠᠬᠢᠯᠡᠯᠲᠡ ᠶᠢᠨ ᠦᠶᠯᠡᠳᠦᠯ ᠪᠠ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠶᠯᠡᠳᠦᠯ ᠢ ᠭᠦᠶᠴᠡᠳ ᠪᠠᠳᠠᠷᠠᠭᠤᠯᠵᠤ᠂ ᠮᠠᠨ ᠤ ᠣᠷᠣᠨ ᠤ ᠵᠠᠮ ᠬᠠᠷᠢᠯᠴᠠᠭᠠᠨ ᠤ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠢ ᠬᠢᠨᠠᠨ ᠬᠡᠮᠵᠢᠬᠦ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ  ᠳᠤ ᠪᠠᠲᠤ ᠴᠢᠩᠭ᠎ᠠ ᠶᠠᠰᠤ ᠴᠢᠨᠠᠷ ᠤᠨ ᠪᠠᠲᠤᠯᠠᠭ᠎ᠠ ᠬᠠᠩᠭᠠᠬᠤ ᠬᠡᠷᠡᠭᠲᠡᠶ᠃
      ᠳᠤᠭᠤᠶᠢᠯᠠᠩ ᠤᠨ ᠳᠠᠷᠤᠭ᠎ᠠ ᠲᠢᠶᠠᠨ ᠶᠠ ᠯᠢ ᠠᠴᠠ ᠴᠢᠬᠤᠯᠠᠴᠢᠯᠠᠭᠰᠠᠨ ᠨᠢ᠂ ᠶᠠᠰᠤ ᠴᠢᠨᠠᠷ ᠲᠤ ᠬᠢᠨᠠᠯᠲᠠ ᠲᠠᠯᠪᠢᠬᠤ ᠥᠷᠲᠡᠭᠡ ᠶᠢᠨ ᠨᠠᠮ ᠤᠨ ᠡᠭᠦᠷ ᠨᠢ ᠵᠠᠯᠠᠭᠤ ᠺᠠᠳ᠋ᠷ ᠢ ᠬᠥᠮᠦᠵᠢᠭᠦᠯᠬᠦ ᠠᠵᠢᠯ ᠢ ᠦᠨᠡᠨ ᠬᠦ ᠰᠠᠶᠢᠲᠤᠷ ᠬᠢᠵᠦ ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠲᠦᠭᠰᠢᠭᠦᠷᠢ ᠶᠢᠨ ᠴᠡᠭ ᠢ ᠦᠨᠡᠨ ᠬᠦ ᠰᠠᠶᠢᠲᠤᠷ ᠡᠮᠬᠢᠯᠡᠨ ᠳᠢᠭᠯᠡᠵᠦ᠂ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠶᠴᠡᠳᠬᠡᠬᠦ ᠬᠡᠷᠡᠭᠲᠡᠶ᠃  ︵ᠶᠠᠰᠤ ᠴᠢᠨᠠᠷ ᠲᠤ ᠬᠢᠨᠠᠯᠲᠠ ᠲᠠᠯᠪᠢᠬᠤ ᠥᠷᠲᠡᠭᠡ  ᠯᠢᠦ ᠵᠢᠶᠠᠨ︶
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号