ᠣᠷᠳᠣᠰ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠬᠠᠩᠭᠢᠨ ᠬᠤᠰᠢᠭᠤᠨ ᠤ ᠶᠡᠭᠡ ᠠᠩᠭᠢ ᠨᠢ ᠵᠠᠮ ᠤᠨ ᠣᠷᠴᠢᠨ ᠨᠥᠬᠦᠴᠡᠯ ᠢ ᠪᠥᠬᠦ ᠲᠠᠯ᠎ᠠ ᠪᠠᠷ ᠵᠠᠰᠠᠪᠠ
ᠨᠡᠶᠢᠲᠡᠯᠡᠭᠰᠡᠨ ᠴᠠᠭ᠄
2022/5/19
     ᠣᠶᠢᠷ᠎ᠠ ᠳᠤ᠂ ᠣᠷᠳᠣᠰ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠬᠠᠩᠭᠢᠨ ᠬᠤᠰᠢᠭᠤᠨ ᠤ ᠶᠡᠭᠡ ᠠᠩᠭᠢ ᠳᠠᠬᠢ ᠵᠠᠮ ᠤᠨ ᠶᠠᠪᠤᠳᠠᠯ ᠤᠨ ᠲᠣᠭᠤᠷᠢᠨ  ᠪᠠᠶᠢᠴᠠᠭᠠᠬᠤ ᠠᠵᠢᠯᠲᠠᠨ ᠤ ᠢᠯᠡᠷᠡᠭᠦᠯᠦᠭᠰᠡᠨ ᠢᠶᠠᠷ᠂ S24 ᠬᠠᠲᠤᠨ ᠭᠤᠤᠯ ᠳᠠᠭᠠᠤ  ᠶᠢᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠪᠢᠲᠡᠭᠦᠮᠵᠢᠯᠡᠭᠰᠡᠨ ᠵᠠᠮ ᠤᠨ ᠠᠭᠤᠯᠵᠠᠷ ᠨᠢ ᠡᠪᠳᠡᠭᠳᠡᠵᠦ᠂ ᠵᠠᠷᠢᠮ ᠲᠣᠰᠬᠤᠨ ᠤ ᠠᠷᠠᠳ ᠳᠥᠲᠡ ᠵᠠᠮ ᠢᠶᠠᠷ ᠶᠠᠪᠤᠬᠤ ᠶᠢᠨ ᠲᠥᠯᠥᠭᠡ ᠪᠢᠲᠡᠭᠦᠮᠵᠢᠯᠡᠭᠰᠡᠨ ᠵᠠᠮ ᠤᠨ ᠠᠭᠤᠯᠵᠠᠷ ᠢ ᠳᠤᠷ᠎ᠠ ᠪᠠᠷ ᠢᠶᠠᠨ ᠡᠪᠳᠡᠪᠡ᠃ ᠠᠮᠤᠷ ᠲᠦᠪᠰᠢᠨ ᠤ ᠠᠳᠡᠯ ᠭᠠᠷᠬᠤ ᠠᠴᠠ ᠠᠶᠤᠵᠤ᠂ ᠲᠣᠭᠤᠷᠢᠨ ᠪᠠᠶᠢᠴᠠᠭᠠᠬᠤ ᠠᠵᠢᠯᠲᠠᠳ ᠨᠢ ᠲᠣᠭᠤᠷᠢᠨ ᠪᠠᠶᠢᠴᠠᠭᠠᠬᠤ ᠡᠷᠴᠢᠮ ᠪᠣᠯᠤᠨ ᠤᠬᠠᠭᠤᠯᠬᠤ ᠠᠵᠢᠯ ᠢᠶᠠᠨ ᠴᠢᠩᠭᠠᠷᠠᠭᠤᠯᠵᠤ᠂ ᠲᠥᠪᠯᠡᠷᠡᠭᠦᠯᠦᠨ ᠤᠬᠠᠭᠤᠯᠬᠤ᠂ ᠡᠷᠦᠬᠡ ᠳᠤ ᠬᠦᠷᠴᠦ ᠤᠬᠠᠭᠤᠯᠬᠤ ᠵᠡᠷᠭᠡ ᠬᠡᠯᠪᠡᠷᠢ ᠶᠢ ᠥᠷᠨᠢᠭᠦᠯᠵᠦ ᠵᠠᠮ ᠳᠠᠭᠠᠤ  ᠶᠢᠨ ᠣᠯᠠᠨ ᠲᠦᠮᠡᠨ ᠤ ᠵᠠᠮ ᠤᠨ ᠳᠠᠭᠠᠯᠲᠠ ᠲᠥᠬᠦᠭᠡᠷᠦᠮᠵᠢ ᠶᠢ ᠬᠠᠮᠠᠭᠠᠯᠠᠬᠤ ᠦᠵᠡᠯ ᠤᠬᠠᠮᠰᠠᠷ ᠢ ᠨᠢ ᠳᠡᠭᠡᠭᠰᠢᠯᠡᠭᠦᠯᠵᠦ᠂ ᠡᠷᠬᠢᠨ ᠲᠣᠭᠤᠷᠢᠨ ᠤ ᠣᠯᠠᠨ ᠲᠦᠮᠡᠨ ᠳᠤ ᠵᠠᠮ ᠳᠠᠭᠠᠤ ᠶᠢᠨ ᠲᠥᠬᠦᠭᠡᠷᠦᠮᠵᠢ ᠶᠢ ᠡᠪᠳᠡᠭᠰᠡᠨ  ᠠᠴᠠ ᠪᠣᠯᠤᠭᠰᠠᠨ ᠳᠠᠯᠳᠠ ᠭᠡᠮ ᠢ ᠣᠶᠢᠯᠠᠭᠠᠭᠤᠯᠪᠠ᠃      5 ᠳ᠋ᠤᠭᠠᠷ ᠰᠠᠷ᠎ᠠ ᠠᠴᠠ ᠨᠠᠭᠠᠰᠢ᠂ ᠲᠣᠰ ᠶᠡᠭᠡ ᠠᠩᠭᠢ ᠦᠷᠭᠦᠯᠵᠢᠯᠡᠨ ᠵᠠᠮ ᠤᠨ ᠣᠷᠴᠢᠨ ᠨᠥᠬᠦᠴᠡᠯ ᠤᠨ ᠠᠰᠠᠭᠤᠳᠠᠯ ᠢ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠵᠠᠰᠠᠯᠲᠠ ᠨᠢ ᠢᠯᠡᠳᠲᠡ ᠦᠷ᠎ᠡ ᠪᠦᠲᠦᠮᠵᠢ ᠣᠯᠵᠤ᠂ ᠬᠠᠷᠢᠶ᠎ᠠ ᠣᠷᠣᠨ ᠤ ᠵᠠᠮ ᠤᠨ ᠣᠷᠴᠢᠨ ᠨᠥᠬᠦᠴᠡᠯ ᠢᠯᠡᠳᠲᠡ ᠳᠡᠭᠡᠭᠰᠢᠯᠡᠪᠡ᠃ ᠬᠠᠤᠯᠢ ᠬᠡᠷᠡᠭᠵᠢᠭᠦᠯᠬᠦ ᠠᠵᠢᠯᠲᠠᠳ ᠠᠴᠠ ᠵᠠᠮ ᠳᠠᠭᠠᠤ ᠬᠡᠰᠡᠭ ᠤᠨ ᠵᠠᠮ ᠤᠨ ᠭᠠᠳᠠᠷᠭᠤ ᠶᠢᠨ ᠰᠠᠭᠠᠳ ᠪᠣᠳᠠᠰ᠂ ᠵᠠᠰᠠᠮᠠᠯ ᠵᠠᠮ ᠤᠨ ᠬᠡᠷᠡᠭᠯᠡᠬᠦ ᠭᠠᠵᠠᠷ ᠤᠨ ᠬᠡᠪᠴᠢᠶ᠎ᠡ ᠵᠡᠷᠭᠡ ᠳᠤ ᠵᠠᠶ ᠦᠭᠡᠢ ᠵᠢᠭᠰᠠᠭᠠᠨ ᠪᠠᠶᠢᠴᠠᠭᠠᠯᠲᠠ ᠦᠷᠨᠢᠭᠦᠯᠪᠡ᠃ ᠵᠠᠰᠠᠮᠠᠯ ᠵᠠᠮ ᠤᠨ ᠬᠥᠭᠦᠷᠭᠡ᠂ ᠵᠠᠰᠠᠮᠠᠯ ᠵᠠᠮ ᠤᠨ ᠨᠦᠬᠡᠨ ᠵᠠᠮ᠂ ᠭᠤᠯᠳᠤᠩ ᠨᠦᠬᠡ ᠶᠢ ᠠᠰᠢᠭᠯᠠᠨ ᠡᠳ᠋ ᠪᠤᠳᠠᠰ ᠣᠪᠣᠭᠠᠯᠠᠬᠤ᠂ ᠲᠥᠬᠦᠭᠡᠷᠦᠮᠵᠢ ᠪᠠᠶᠢᠭᠤᠯᠬᠤ ᠵᠢᠴᠢ ᠵᠠᠰᠠᠮᠠᠯ ᠵᠠᠮ ᠤᠨ ᠲᠥᠬᠦᠭᠡᠷᠦᠮᠵᠢ ᠳᠤ ᠬᠥᠨᠥᠭᠡᠯ ᠤᠴᠠᠷᠠᠭᠤᠯᠬᠤ ᠪᠤᠰᠤᠳ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠶᠳᠪᠦᠷᠢᠯᠡᠵᠦ᠂ ᠡᠳᠦᠷ ᠪᠦᠷᠢ ᠲᠣᠭᠤᠷᠢᠨ ᠪᠠᠶᠢᠴᠠᠭᠠᠵᠤ ᠡᠳᠦᠷ ᠪᠦᠷᠢ ᠬᠠᠷᠢᠭᠤ ᠮᠡᠳᠡᠭᠦᠯᠬᠦ ᠡᠬᠡ ᠳᠠᠩᠰᠠ ᠶᠢ ᠭᠦᠢᠴᠡᠳᠬᠡᠨ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ  ᠶᠢ ᠪᠣᠳᠠᠲᠠᠶᠢᠵᠢᠭᠤᠯᠬᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠶᠢ ᠴᠢᠩᠭᠠᠷᠠᠭᠤᠯᠪᠠ᠃      ᠣᠳᠣᠬᠠᠨ ᠪᠣᠯᠲᠠᠯ᠎ᠠ᠂ ᠲᠣᠰ ᠶᠡᠭᠡ ᠠᠩᠭᠢ ᠶᠢᠨ ᠵᠠᠮ ᠤᠨ ᠶᠠᠪᠤᠳᠠᠯ ᠤᠨ ᠲᠣᠭᠤᠷᠢᠨ ᠪᠠᠶᠢᠴᠠᠭᠠᠬᠤ ᠳᠤᠮᠳᠠ ᠠᠩᠭᠢ ᠶᠢᠨ ᠲᠣᠭᠤᠷᠢᠨ ᠪᠠᠶᠢᠴᠠᠭᠠᠭᠰᠠᠨ ᠵᠠᠮ ᠤᠨ ᠣᠷᠳᠣ ᠨᠢ 2000 ᠭᠠᠷᠤᠶ ᠺᠢᠯᠣᠮᠧᠲᠷ᠂ ᠬᠥᠭᠦᠷᠭᠡ 450 ᠭᠠᠷᠤᠶ ᠪᠠᠶᠢᠵᠤ᠂ ᠵᠠᠮ ᠡᠪᠳᠡᠭᠳᠡᠭᠰᠡᠨ ᠬᠡᠷᠡᠭ ᠢ 4 ᠤᠳᠠᠭ᠎ᠠ ᠰᠢᠶᠳᠪᠦᠷᠢᠯᠡᠵᠦ᠂ ᠵᠠᠰᠠᠮᠠᠯ ᠵᠠᠮ ᠤᠨ ᠬᠠᠤᠯᠢ ᠠᠴᠠ ᠵᠥᠷᠢᠴᠡᠭᠰᠡᠨ ᠬᠡᠷᠡᠭ ᠢ 1 ᠤᠳᠠᠭ᠎ᠠ ᠪᠠᠶᠢᠴᠠᠭᠠᠨ ᠰᠢᠶᠳᠪᠦᠷᠢᠯᠡᠪᠡ᠃   ︵ᠼᠤᠤ ᠬᠠᠢ ᠶᠠᠨ︶
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号