ᠬᠥᠬᠡᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ︽ᠵᠠᠭᠤᠨ ᠡᠳᠦᠷ ᠤᠨ ᠴᠡᠭᠴᠡᠯᠡᠨ ᠵᠠᠰᠠᠬᠤ ᠠᠵᠢᠯᠯᠠᠭ᠎ᠠ︾ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠭᠡᠯ ᠤᠯᠪᠠ
ᠨᠡᠶᠢᠲᠡᠯᠡᠭᠰᠡᠨ ᠴᠠᠭ᠄
2022/5/19
     5 ᠳ᠋ᠤᠭᠠᠷ ᠰᠠᠷ᠎ᠠ ᠶᠢᠨ 9 ᠤ ᠡᠳᠦᠷ ᠠᠴᠠ᠂ ᠬᠥᠬᠡᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠨᠢ ᠠᠶᠠᠨᠴᠢᠳ ᠤᠨ ᠲᠡᠭᠡᠭᠡᠪᠦᠷᠢ ᠶᠢᠨ ᠲᠦᠷᠢᠶᠡᠰᠦᠨ ᠮᠠᠰᠢᠨ ᠲᠡᠷᠭᠡᠨ ᠤ ᠠᠵᠢᠯ ᠲᠥᠷᠥᠯ ᠤᠨ ︽ᠵᠠᠭᠤᠨ ᠡᠳᠦᠷ ᠤᠨ ᠴᠡᠭᠴᠡᠯᠡᠨ ᠵᠠᠰᠠᠬᠤ ᠠᠵᠢᠯᠯᠠᠭ᠎ᠠ︾ ᠶᠢ ᠥᠷᠨᠢᠭᠦᠯᠦᠭᠰᠡᠨ ᠠᠴᠠ ᠨᠠᠭᠠᠰᠢ᠂ 5 ᠳ᠋ᠤᠭᠠᠷ ᠰᠠᠷ᠎ᠠ ᠶᠢᠨ 17 ᠤ ᠡᠳᠦᠷ ᠪᠣᠯᠲᠠᠯ᠎ᠠ᠂ ᠬᠠᠤᠯᠢ ᠲᠣᠭᠲᠠᠭᠠᠯ ᠠᠴᠠ ᠵᠥᠷᠢᠴᠡᠭᠰᠡᠨ ᠲᠡᠷᠭᠡ ᠬᠥᠰᠬᠡ ᠶᠢ ᠨᠡᠶᠢᠲᠡ 202 ᠵᠢᠱᠢᠶ᠎ᠡ ᠪᠠᠶᠢᠴᠠᠭᠠᠨ ᠰᠢᠢᠳᠪᠦᠷᠢᠯᠡᠪᠡ᠂ ᠡᠭᠦᠨ ᠳᠤ ᠲᠣᠭᠤᠷᠢᠨ ᠶᠠᠪᠤᠬᠤ ᠲᠦᠷᠢᠶᠡᠰᠦᠨ ᠮᠠᠰᠢᠨ ᠲᠡᠷᠭᠡᠨ ᠤ ᠬᠠᠤᠯᠢ ᠪᠤᠰᠤ ᠪᠠᠷ ᠲᠡᠭᠡᠭᠡᠪᠦᠷᠢᠯᠡᠨ ᠡᠵᠡᠩᠨᠡᠬᠦ ᠦᠢᠯᠡ ᠠᠵᠢᠯᠯᠠᠭ᠎ᠠ ᠨᠢ 11 ᠵᠢᠱᠢᠶ᠎ᠡ᠂ ᠰᠦᠯᠵᠢᠶ᠎ᠡ ᠪᠠᠷ ᠪᠣᠯᠵᠣᠬᠤ ᠮᠠᠰᠢᠨ ᠲᠡᠷᠭᠡᠨ ᠤ ᠬᠠᠤᠯᠢ ᠪᠤᠰᠤ ᠪᠠᠷ ᠡᠵᠡᠩᠨᠡᠬᠦ ᠦᠢᠯᠡ ᠠᠵᠢᠯᠯᠠᠭ᠎ᠠ ᠨᠢ 30 ᠵᠢᠱᠢᠶ᠎ᠡ᠂ ᠲᠦᠷᠢᠶᠡᠰᠦᠨ ᠮᠠᠰᠢᠨ ᠲᠡᠷᠭᠡᠨ ᠤ ᠲᠡᠭᠡᠭᠡᠪᠦᠷᠢᠯᠡᠨ ᠡᠵᠡᠩᠨᠡᠬᠦ ᠵᠢᠴᠢ ᠵᠢᠯᠣᠭᠤᠴᠢ ᠶᠢᠨ ᠪᠣᠯᠪᠠᠰᠤᠨ ᠦᠢᠯᠡ ᠠᠵᠢᠯᠯᠠᠭ᠎ᠠ ᠨᠢ 136 ᠵᠢᠱᠢᠶ᠎ᠡ᠂ ᠪᠤᠰᠤᠳ 25 ᠵᠢᠱᠢᠶ᠎ᠡ᠂ ︽ᠵᠠᠭᠤᠨ ᠡᠳᠦᠷ ᠤᠨ ᠴᠡᠭᠴᠡᠯᠡᠨ ᠵᠠᠰᠠᠬᠤ ᠠᠵᠢᠯᠯᠠᠭ᠎ᠠ︾ ᠨᠢ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠭᠡᠯ ᠣᠯᠵᠤ᠂ ᠪᠥᠬᠦ ᠬᠤᠲᠠ ᠶᠢᠨ ᠲᠦᠷᠢᠶᠡᠰᠦᠨ ᠮᠠᠰᠢᠨ ᠲᠡᠷᠭᠡᠨ ᠤ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠵᠢᠷᠤᠮ ᠤᠯᠠᠮ ᠨᠢᠭᠡ ᠠᠯᠬᠤᠮ ᠵᠢᠷᠤᠮᠵᠢᠪᠠ᠃      ᠬᠥᠬᠡᠬᠤᠲᠠ ᠶᠢᠨ ᠠᠶᠠᠨᠴᠢᠳ ᠤᠨ ᠲᠡᠭᠡᠭᠡᠪᠦᠷᠢ ᠶᠢᠨ ᠲᠦᠷᠢᠶᠡᠰᠦᠨ ᠮᠠᠰᠢᠨ ᠲᠡᠷᠭᠡᠨ ᠤ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠵᠢᠷᠦᠮ ᠢ ᠤᠯᠠᠮ ᠨᠢᠭᠡ ᠠᠯᠬᠤᠮ ᠬᠠᠮᠠᠭᠠᠯᠠᠵᠤ᠂ ᠠᠵᠢᠯ ᠲᠥᠷᠥᠯ ᠤᠨ ᠡᠷᠡᠭᠦᠯ ᠪᠥᠭᠡᠳ ᠲᠣᠭᠲᠠᠭᠤᠨ ᠢᠶᠠᠷ ᠬᠥᠭᠵᠢᠬᠦ ᠶᠢ ᠠᠬᠢᠭᠤᠯᠬᠤ ᠶᠢᠨ ᠲᠥᠯᠥᠭᠡ᠂ ᠪᠣᠳᠠᠲᠠᠶ ᠲᠠᠢ ᠪᠠᠨ ᠤᠶᠠᠯᠳᠤᠭᠤᠯᠤᠨ᠂ ᠬᠥᠬᠡᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠨᠢ 5 ᠳ᠋ᠤᠭᠠᠷ ᠰᠠᠷ᠎ᠠ ᠶᠢᠨ 9 ᠤ ᠡᠳᠦᠷ ᠠᠴᠠ 8 ᠳ᠋ᠤᠭᠠᠷ ᠰᠠᠷ᠎ᠠ ᠶᠢᠨ 16 ᠤ ᠡᠳᠦᠷ ᠪᠣᠯᠲᠠᠯ᠎ᠠ᠂ 100 ᠡᠳᠦᠷ ᠤᠨ ᠬᠤᠭᠤᠴᠠᠭ᠎ᠠ ᠲᠠᠢ ᠠᠶᠠᠨᠴᠢᠳ ᠤᠨ ᠲᠡᠭᠡᠭᠡᠪᠦᠷᠢ ᠶᠢᠨ ᠲᠦᠷᠢᠶᠡᠰᠦᠨ ᠮᠠᠰᠢᠨ ᠲᠡᠷᠭᠡᠨ ᠤ ᠠᠵᠢᠯ ᠲᠥᠷᠥᠯ ᠤᠨ ︽ᠵᠠᠭᠤᠨ ᠡᠳᠦᠷ ᠤᠨ ᠴᠡᠭᠴᠡᠯᠡᠨ ᠵᠠᠰᠠᠬᠤ ᠠᠵᠢᠯᠯᠠᠭ᠎ᠠ︾ ᠦᠷᠨᠢᠭᠦᠯᠦᠨ᠎ᠡ᠃ ︽ᠵᠠᠭᠤᠨ ᠡᠳᠦᠷ ᠤᠨ ᠴᠡᠭᠴᠡᠯᠡᠨ ᠵᠠᠰᠠᠬᠤ ᠠᠵᠢᠯᠯᠠᠭ᠎ᠠ︾ ᠨᠢ ᠬᠠᠤᠯᠢ ᠶᠢ ᠵᠥᠷᠢᠴᠡᠨ ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠡᠭᠡᠭᠡᠪᠦᠷᠢ ᠶᠢᠨ ᠡᠵᠡᠩᠨᠡᠯᠲᠡ ᠬᠢᠬᠦ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠦᠭᠰᠡᠨ ᠰᠠᠭᠤᠷᠢᠨ ᠳᠡᠭᠡᠷ᠎ᠡ᠂ ᠲᠣᠭᠤᠷᠢᠨ ᠶᠠᠪᠤᠬᠤ ᠲᠦᠷᠢᠶᠡᠰᠦᠨ ᠮᠠᠰᠢᠨ ᠲᠡᠷᠭᠡᠨ ᠤ ᠬᠠᠤᠯᠢ ᠪᠤᠰᠤ ᠪᠠᠷ ᠲᠡᠭᠡᠭᠡᠪᠦᠷᠢᠯᠡᠨ ᠡᠵᠡᠩᠨᠡᠬᠦ ᠦᠢᠯᠡ ᠠᠵᠢᠯᠯᠠᠭ᠎ᠠ ᠳᠤ ᠭᠤᠤᠯᠳᠠᠯᠭ᠎ᠠ ᠲᠠᠢ ᠴᠣᠬᠢᠯᠲᠠ ᠥᠭᠴᠦ᠂ ᠰᠦᠯᠵᠢᠶ᠎ᠡ ᠪᠠᠷ ᠲᠡᠷᠭᠡ ᠪᠣᠯᠵᠣᠬᠤ ᠬᠠᠤᠯᠢ ᠪᠤᠰᠤ ᠪᠠᠷ ᠡᠵᠡᠩᠨᠡᠬᠦ  ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠲᠦᠷᠢᠶᠡᠰᠦᠨ ᠮᠠᠰᠢᠨ ᠲᠡᠷᠭᠡᠨ ᠤ ᠡᠵᠡᠩᠨᠡᠯᠲᠡ ᠵᠢᠴᠢ ᠵᠢᠯᠣᠭᠤᠴᠢ  ᠶᠢᠨ ᠪᠣᠯᠪᠠᠰᠤᠨ ᠦᠢᠯᠡ ᠠᠵᠢᠯᠯᠠᠭ᠎ᠠ ᠶᠢ ᠵᠢᠷᠤᠮᠵᠢᠭᠤᠯᠤᠨ᠎ᠠ᠃  ︵ᠳ᠋ᠤᠸᠠᠨ ᠬᠤᠶ ᠮᠢᠨ︶
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号