ᠥᠪᠥᠷ ᠮᠣᠩᠭᠤᠯ ︽ᠨᠢᠭᠡ ᠠᠵᠤ ᠠᠬᠤᠶᠢᠯᠠᠯ ᠨᠢᠭᠡ ᠲᠥᠷᠦ ᠶᠢᠨ ᠪᠣᠳᠣᠯᠭ᠎ᠠ︾ ᠪᠠᠷ ᠲᠡᠭᠡᠭᠡᠪᠦᠷᠢ ᠶᠢᠨ ᠲᠦᠭᠵᠢᠷᠡᠯ ᠤᠨ ᠴᠡᠭ ᠢ ᠨᠡᠪᠲᠡᠷᠡᠭᠦᠯᠪᠡ
ᠨᠡᠶᠢᠲᠡᠯᠡᠭᠰᠡᠨ ᠴᠠᠭ᠄
2022/5/20
      ︽ᠪᠢ ᠪᠠᠷᠤᠭ ᠳᠥᠷᠪᠡ ᠲᠠᠪᠤᠨ ᠡᠳᠦᠷ ᠲᠤ ᠨᠢᠭᠡ ᠤᠳᠠᠭ᠎ᠠ 5901 ᠤᠯᠤᠰ ᠤᠨ ᠵᠠᠮ ᠤᠨ ᠬᠥᠬᠡᠬᠤᠲᠠ  ᠶᠢᠨ ᠬᠤᠲᠠ ᠲᠣᠭᠤᠷᠢᠬᠤ ᠳᠡᠭᠡᠳᠦ ᠬᠤᠷᠳᠤ ᠶᠢᠨ ᠵᠠᠰᠠᠮᠠᠯ ᠵᠠᠮ ᠳᠠᠬᠢ ᠵᠣᠣ ᠵᠢᠶᠦ᠋ᠨ ᠰᠦᠶᠳᠬᠡᠯ ᠬᠤᠷᠢᠶᠠᠬᠤ ᠥᠷᠲᠡᠭᠡ ᠪᠠᠷ ᠥᠩᠭᠡᠷᠡᠳᠡᠭ᠂ ᠠᠳᠡᠬᠢ ᠶᠢᠨ ᠭᠠᠷᠳᠠᠮ ᠪᠠᠶᠢᠴᠠᠭᠠᠨ ᠰᠢᠯᠭᠠᠬᠤ ᠨᠢ ᠨᠡᠯᠢᠶᠡᠳ ᠲᠦᠷᠭᠡᠨ᠂ ᠦᠷ᠎ᠡ ᠪᠦᠲᠦᠮᠵᠢ ᠨᠢ ᠮᠠᠰᠢ ᠥᠨᠳᠥᠷ ᠪᠠᠶᠢᠳᠠᠭ᠃︾ ᠭᠡᠵᠦ ᠠᠮᠢᠳᠤᠷᠠᠯ ᠤᠨ ᠡᠳ᠋ ᠪᠣᠳᠠᠰ ᠲᠡᠭᠡᠭᠡᠪᠦᠷᠢᠯᠡᠨ ᠬᠦᠷᠭᠡᠬᠦ ᠪᠠᠷᠠᠭᠠᠨ ᠤ ᠲᠡᠷᠭᠡᠨ ᠵᠢᠯᠣᠭᠤᠴᠢ ᠮᠠ ᠪᠠᠭᠰᠢ ᠬᠡᠯᠡᠨ᠎ᠡ᠃       ᠵᠣᠣ ᠵᠢᠶᠦ᠋ᠨ ᠰᠦᠶᠳᠬᠡᠯ ᠬᠤᠷᠢᠶᠠᠬᠤ ᠥᠷᠲᠡᠭᠡ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ  ᠤ ᠬᠥᠬᠡᠬᠤᠲᠠ ᠶᠢᠨ ︽ᠰᠠᠭᠠᠳ ᠥᠬᠡᠶ ᠨᠡᠪᠲᠡᠷᠡᠬᠦ ᠵᠠᠮ︾ ᠤᠨ ᠪᠠᠷᠠᠭᠠᠨ ᠤ ᠲᠡᠷᠭᠡᠨ ᠴᠤᠪᠤᠷᠠᠯ ᠤᠨ ᠬᠡᠮᠵᠢᠶ᠎ᠡ ᠪᠠᠷ ᠬᠠᠮᠤᠭ ᠤᠨ ᠶᠡᠭᠡ ᠭᠠᠷᠴᠠ ᠪᠣᠯᠤᠨ᠎ᠠ᠂ ᠡᠳᠦᠷ ᠪᠦᠷᠢ ᠪᠠᠷᠤᠭ 120 ︽ᠰᠠᠭᠠᠳ ᠥᠬᠡᠶ ᠨᠡᠪᠲᠡᠷᠡᠬᠦ ᠵᠠᠮ︾ ᠤᠨ ᠲᠡᠭᠡᠭᠡᠪᠦᠷᠢ ᠶᠢᠨ ᠲᠡᠷᠭᠡ ᠠᠳᠡ ᠠᠴᠠ ᠥᠩᠭᠡᠷᠡᠳᠡᠭ᠃ ︽ᠪᠠᠶᠢᠴᠠᠭᠠᠨ ᠰᠢᠯᠭᠠᠬᠤ ᠭᠠᠷᠳᠠᠮ ᠢ ᠳᠥᠭᠦᠮᠴᠢᠯᠡᠬᠦ ᠪᠠᠷ ᠳᠡᠮᠵᠢᠨ᠂ ᠳᠠᠩᠰᠠᠯᠠᠵᠤ ᠳᠡᠭᠡᠭᠰᠢ ᠳᠠᠮᠵᠢᠭᠤᠯᠬᠤ ᠠᠴᠠ ᠣᠯᠠᠨ ᠴᠡᠭ ᠲᠤ ᠪᠠᠶᠢᠴᠠᠭᠠᠨ ᠰᠢᠯᠭᠠᠬᠤ ᠬᠦᠷᠲᠡᠯ᠎ᠡ᠂ ᠳᠠᠬᠢᠨ ᠬᠠᠮᠤᠭ ᠤᠨ ᠰᠡᠭᠦᠯ ᠳᠤ ᠶᠠᠪᠤᠭᠤᠯᠬᠤ ᠪᠣᠯᠲᠠᠯ᠎ᠠ᠂ ᠪᠠᠷᠤᠭ 2 ᠮᠢᠨᠦ᠋ᠲ ᠬᠡᠷᠡᠭᠰᠡᠨ᠎ᠡ᠃︾ ᠭᠡᠵᠦ ᠥᠪᠥᠷ ᠮᠣᠩᠭᠤᠯ ᠤᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠪᠦᠯᠦᠭᠯᠡᠯ ᠤᠨ ᠬᠥᠬᠡᠬᠤᠲᠠ ᠳᠠᠬᠢ ᠬᠤᠪᠢᠶᠠᠷᠢ ᠺᠣᠮᠫᠠᠨᠢ  ᠶᠢᠨ ᠵᠣᠣ ᠵᠢᠶᠦ᠋ᠨ ᠰᠦᠶᠳᠬᠡᠯ ᠬᠤᠷᠢᠶᠠᠬᠤ ᠥᠷᠲᠡᠭᠡᠨ ᠤ ᠠᠵᠢᠯᠲᠠᠨ ᠠᠴᠠ ᠲᠠᠨᠢᠯᠴᠠᠭᠤᠯᠪᠠ᠃
     ᠬᠥᠬᠡᠬᠤᠲᠠ ᠶᠢᠨ ᠵᠣᠣ ᠵᠢᠶᠦ᠋ᠨ ᠰᠦᠶᠳᠬᠡᠯ ᠬᠤᠷᠢᠶᠠᠬᠤ ᠥᠷᠲᠡᠭᠡᠨ ᠤ ᠠᠵᠢᠯᠲᠠᠨ ᠪᠠᠷᠠᠭᠠᠨ ᠤ ᠲᠡᠷᠭᠡᠨ ᠵᠢᠯᠣᠭᠤᠴᠢ ᠶᠢ ᠬᠥᠲᠥᠯᠥᠨ ᠵᠢᠯᠣᠭᠤᠳᠴᠤ ᠺᠣᠳ᠋ ᠢ ᠲᠦᠷᠭᠡᠨ ᠰᠢᠷᠪᠢᠭᠦᠯᠵᠦ᠂ ᠰᠠᠭᠠᠳ ᠥᠬᠡᠶ ᠨᠡᠪᠲᠡᠷᠡᠭᠦᠯᠪᠡ᠃ ᠵᠠᠩ ᠷᠦᠸᠧ ᠢᠦ᠋ᠢ ᠰᠡᠭᠦᠳᠡᠷᠯᠡᠪᠡ      ᠣᠶᠢᠷ᠎ᠠ ᠳᠤ᠂ ᠥᠪᠥᠷ ᠮᠣᠩᠭᠤᠯ ᠤᠨ ᠪᠠᠷᠠᠭᠠᠨ ᠤ ᠭᠦᠶᠯᠭᠡᠭᠡᠨ ᠤ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠤᠳᠤᠷᠢᠳᠬᠤ ᠳᠤᠭᠤᠶᠢᠯᠠᠩ ᠤᠨ ᠠᠯᠪᠠᠨ ᠬᠡᠷ ᠮᠡᠳᠡᠭᠳᠡᠯ ᠨᠡᠶᠢᠲᠡᠯᠡᠵᠦ᠂ ᠡᠯ᠎ᠡ ᠠᠶᠢᠮᠠᠭ ᠬᠤᠲᠠ ᠶᠢ ᠲᠡᠭᠡᠭᠡᠪᠦᠷᠢ ᠶᠢᠨ ᠲᠦᠭᠵᠢᠷᠡᠯ ᠤᠨ ᠴᠡᠭ ᠢ ᠪᠥᠬᠦ ᠬᠦᠴᠦᠨ ᠢᠶᠠᠷ ᠢᠶᠠᠨ ᠨᠡᠪᠲᠡᠷᠡᠭᠦᠯᠵᠦ᠂ ᠪᠠᠷᠠᠭᠠᠨ ᠤ ᠭᠦᠶᠯᠭᠡᠭᠡᠨ ᠤ ᠰᠠᠭᠠᠳ ᠥᠬᠡᠶ ᠪᠥᠭᠡᠳ ᠥᠨᠳᠥᠷ ᠪᠦᠲᠦᠮᠵᠢᠲᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠯ᠎ᠡ ᠠᠶᠢᠮᠠᠭ ᠬᠤᠲᠠ ᠨᠢ ᠭᠤᠤᠯᠳᠠᠯᠭ᠎ᠠ ᠲᠠᠢ ᠪᠠᠷᠠᠭ᠎ᠠ ᠲᠡᠭᠡᠭᠡᠪᠦᠷᠢ ᠶᠢᠨ ᠠᠵᠤ ᠠᠬᠤᠶᠢᠯᠠᠯ ᠵᠢᠴᠢ ᠭᠤᠤᠯᠳᠠᠯᠭ᠎ᠠ ᠲᠠᠢ ᠠᠵᠤ ᠦᠶᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠠᠵᠢᠯᠯᠠᠭᠠᠨ ᠢ ᠪᠠᠲᠤᠯᠠᠬᠤ ︽ᠴᠠᠭᠠᠨ ᠨᠡᠷᠡᠰ ᠤᠨ ᠵᠢᠭᠰᠠᠭᠠᠯᠲᠠ︾ ᠤᠨ ᠠᠵᠤ ᠠᠬᠤᠶᠢᠯᠠᠯ ᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ ᠦᠢᠯᠡᠴᠢᠯᠡᠨ᠂ ᠠᠵᠤ ᠠᠬᠤᠶᠢᠯᠠᠯ ᠤᠨ ᠳᠤᠷᠠᠳᠤᠭᠰᠠᠨ ᠠᠰᠠᠭᠤᠳᠠᠯ ᠢ ᠳᠠᠷᠤᠶᠢᠬᠠᠨ ᠭᠥᠯᠢᠶᠡᠨ ᠠᠪᠴᠤ ᠳᠠᠷᠤᠶᠢᠬᠠᠨ ᠭᠦᠶᠴᠡᠳᠬᠡᠬᠦ ᠬᠡᠷᠡᠭᠲᠡᠶ︔ ︽ᠨᠢᠭᠡ ᠠᠵᠤ ᠠᠬᠤᠶᠢᠯᠠᠯ ᠨᠢᠭᠡ ᠲᠥᠷᠦ ᠶᠢᠨ ᠪᠣᠳᠣᠯᠭ᠎ᠠ︾ ᠶᠢ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠲᠠᠢ ᠵᠣᠯᠭᠠᠭᠤᠯᠵᠤ᠂ ︽ᠨᠢᠭᠡ ᠨᠢᠭᠡ ᠤᠴᠢᠷ ᠶᠠᠪᠤᠳᠠᠯ ᠢᠶᠠᠷ ᠵᠣᠬᠢᠴᠠᠭᠤᠯᠤᠨ᠂ ᠨᠢᠭᠡ ᠨᠢᠭᠡ ᠤᠴᠢᠷ ᠶᠠᠪᠤᠳᠠᠯ ᠢᠶᠠᠷ ᠰᠢᠶᠳᠪᠦᠷᠢᠯᠡᠬᠦ︾ ᠪᠠᠷ ᠲᠡᠭᠡᠭᠡᠪᠦᠷᠢ ᠶᠢᠨ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠴᠠᠭ ᠲᠤᠬᠠᠶ  ᠳᠤ ᠨᠢ ᠲᠣᠬᠢᠲᠠᠶ ᠰᠢᠢᠳᠪᠦᠷᠢᠯᠡᠬᠦ ᠬᠡᠷᠡᠭᠲᠡᠢ ᠭᠡᠵᠦ ᠱᠠᠭᠠᠷᠳᠠᠪᠠ᠃      ᠪᠠᠷᠠᠭ᠎ᠠ ᠲᠡᠭᠡᠭᠡᠪᠦᠷᠢᠯᠡᠬᠦ ᠬᠥᠮᠦᠰ ᠨᠡᠯᠢᠶᠡᠳ ᠲᠥᠪᠯᠡᠷᠡᠭᠰᠡᠨ ᠦᠶᠯᠡᠴᠢᠯᠡᠭᠡᠨ ᠤ ᠲᠣᠭᠤᠷᠢᠭ᠂ ᠪᠠᠷᠠᠭᠠᠨ ᠤ ᠭᠦᠶᠯᠭᠡᠭᠡᠨ ᠤ ᠬᠦᠷᠢᠶᠡᠯᠡᠩ ᠲᠣᠭᠤᠷᠢᠭ᠂ ᠬᠢᠵᠢᠭ ᠰᠡᠷᠭᠡᠶᠢᠯᠡᠬᠦ ᠪᠠᠶᠢᠴᠠᠭᠠᠯᠲᠠ ᠶᠢᠨ ᠴᠡᠭ ᠵᠡᠷᠭᠡ ᠭᠠᠵᠠᠷ ᠲᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠪᠠᠷᠠᠭᠠᠨ ᠤ ᠲᠡᠷᠭᠡᠨ ᠵᠢᠯᠣᠭᠤᠴᠢ ᠶᠢᠨ ᠡᠷᠡᠭᠦᠯ ᠮᠡᠨᠳᠦ  ᠶᠢᠨ ᠺᠣᠳ᠋ ᠤᠨ ᠭᠤᠮᠤᠳᠠᠯ ᠲᠣᠭᠠᠴᠢᠬᠤ ︽ᠰᠠᠭᠠᠳ ᠥᠬᠡᠶ ᠨᠡᠪᠲᠡᠷᠡᠬᠦ ᠵᠠᠮ︾ ᠢ ᠪᠠᠶᠢᠭᠤᠯᠵᠤ᠂ ᠡᠷᠡᠭᠦᠯ ᠮᠡᠨᠳᠦ ᠶᠢᠨ ᠺᠣᠳ᠋ ᠨᠢ ᠬᠠᠷᠢᠮᠠᠬᠠᠢ ᠴᠣᠩᠬᠤ ᠲᠠᠢ ᠪᠠᠷᠠᠭ᠎ᠠ ᠲᠡᠭᠡᠭᠡᠪᠦᠷᠢᠯᠡᠬᠦ ᠠᠵᠢᠯᠲᠠᠨ ᠢ ᠱᠠᠭᠠᠷᠳᠠᠯᠭ᠎ᠠ ᠳᠤ ᠨᠡᠶᠢᠴᠡᠭᠰᠡᠨ ᠪᠠᠶᠢᠳᠠᠯ ᠳᠣᠤᠷ᠎ᠠ ᠳᠠᠷᠤᠶᠢᠬᠠᠨ ︽ᠺᠣᠳ᠋ ᠢ ᠨᠢ ᠳᠡᠶᠢᠯᠵᠦ︾᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠦᠷ᠎ᠡ ᠳ᠋ᠦᠩ ᠢ ᠪᠥᠬᠦ ᠤᠯᠤᠰ ᠲᠤ ᠬᠠᠷᠢᠯᠴᠠᠨ ᠮᠡᠳᠡᠷᠡᠵᠦ ᠨᠡᠶᠢᠳᠡᠮ ᠬᠡᠷᠡᠭᠯᠡᠬᠦ ᠶᠢ ᠳᠡᠯᠭᠡᠷᠡᠭᠦᠯᠪᠠ︔ ᠣᠨᠴᠠᠭᠠᠢ ᠪᠠᠴᠢᠮ ᠬᠡᠷᠡᠭᠴᠡᠭᠡ ᠲᠠᠢ ᠪᠠᠷᠠᠭᠠᠨ ᠤ ᠲᠡᠷᠭᠡᠨ ᠵᠢᠯᠣᠭᠤᠴᠢ ᠳᠤ ᠨᠡᠪᠲᠡᠷᠡᠬᠦ ᠦᠨᠡᠮᠯᠡᠯ ᠢ ᠳᠠᠷᠤᠶᠢᠬᠠᠨ ᠭᠦᠶᠴᠡᠳᠬᠡᠵᠦ᠂ ︽ᠴᠠᠭᠠᠨ ᠨᠡᠷᠡᠰ ᠤᠨ ᠵᠢᠭᠰᠠᠭᠠᠯᠲᠠ︾ ᠤᠨ ᠠᠵᠤ ᠠᠬᠤᠶᠢᠯᠠᠯ ᠳᠤ ᠤᠷᠢᠳᠠᠪᠠᠷ ᠭᠦᠶᠴᠡᠳᠬᠡᠵᠦ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠠᠳᠠᠯᠢ ᠲᠡᠭᠰᠢ ᠪᠠᠷ ᠭᠦᠶᠴᠡᠳᠬᠡᠵᠦ᠂ ︽ᠭᠤᠶᠤᠴᠢᠯᠠᠬᠤ ᠶᠣᠰᠣᠲᠠᠶ ᠶᠢ ᠨᠢ ᠪᠦᠬᠦᠨ ᠢ ᠭᠤᠶᠤᠴᠢᠯᠠᠬᠤ᠂ ᠣᠯᠭᠤᠬᠤ ᠶᠣᠰᠣᠲᠠᠶ ᠶᠢ ᠨᠢ ᠪᠦᠬᠦᠨ ᠢ ᠣᠯᠭᠤᠬᠤ︾ ᠶᠢ ᠪᠡᠶᠡᠯᠡᠭᠦᠯᠪᠡ᠃      ᠣᠳᠣᠬᠠᠨ ᠳᠤ᠂ ᠥᠪᠥᠷ ᠮᠣᠩᠭᠤᠯ ᠤᠨ ᠪᠥᠬᠦ ᠣᠷᠣᠨ ᠤ ᠡᠩ ᠤᠨ ᠤᠯᠤᠰ ᠮᠤᠵᠢ ᠶᠢᠨ ᠭᠤᠤᠯ ᠱᠤᠭᠤᠮ  ᠤᠨ ᠵᠠᠰᠠᠮᠠᠯ ᠵᠠᠮ ᠳᠤ ᠬᠢᠵᠢᠭ ᠰᠡᠷᠭᠡᠶᠢᠯᠡᠬᠦ ᠪᠠᠶᠢᠴᠠᠭᠠᠯᠲᠠ ᠶᠢᠨ ᠴᠡᠭ ᠨᠡᠶᠢᠲᠡ 224 ᠪᠠᠶᠢᠵᠤ᠂ ᠲᠤᠬᠠᠶ ᠶᠢᠨ ᠲᠠᠯᠠᠪᠠᠶ ᠶᠢᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠴᠡᠭ 126 ᠪᠠᠶᠢᠵᠤ᠂ 314 ᠪᠠᠴᠢᠮ ᠪᠠᠶᠢᠳᠠᠯ ᠢ ᠠᠷᠭᠠᠴᠠᠭᠠᠬᠤ ᠲᠡᠭᠡᠭᠡᠪᠦᠷᠢ ᠶᠢᠨ ︽ᠰᠠᠭᠠᠳ ᠥᠬᠡᠶ ᠨᠡᠪᠲᠡᠷᠡᠬᠦ ᠵᠠᠮ︾᠂ 5 ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠲᠤᠰᠬᠠᠶ ᠥᠷᠲᠡᠭᠡ ᠶᠢ ᠡᠬᠢᠯᠡᠭᠦᠯᠦᠨ ᠬᠡᠷᠡᠭᠯᠡᠵᠦ᠂ ᠲᠤᠬᠠᠢ ᠶᠢᠨ ᠭᠠᠵᠠᠷ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠴᠡᠭ ᠨᠢ ︽ᠳᠣᠣᠷ᠎ᠠ ᠨᠢ ᠴᠤᠭᠯᠠᠭᠤᠯᠵᠤ ᠳᠣᠣᠷ᠎ᠠ ᠨᠢ ᠶᠠᠪᠤᠭᠤᠯᠵᠤ ᠳᠣᠣᠷ᠎ᠠ ᠨᠢ ᠨᠡᠬᠡᠮᠵᠢᠯᠡᠬᠦ︾ ᠶᠢ ᠬᠡᠷᠡᠭᠵᠢᠭᠦᠯᠪᠡ᠃ ᠬᠥᠬᠡᠬᠤᠲᠠ ᠶᠢᠨ ᠪᠠᠷᠠᠭᠤᠨ ᠦᠶᠯᠡᠴᠢᠯᠡᠭᠡᠨ ᠤ ᠲᠣᠭᠤᠷᠢᠭ᠂ ᠵᠣᠣ ᠵᠢᠶᠦ᠋ᠨ ᠦᠶᠯᠡᠴᠢᠯᠡᠭᠡᠨ ᠤ ᠲᠣᠭᠤᠷᠢᠭ ᠲᠤ ᠲᠦᠷ ᠴᠠᠭ ᠤᠨ ᠪᠥᠭᠡᠮ ᠬᠦᠴᠢᠯ ᠤᠨ ᠥᠯᠢᠭᠡᠷ ᠠᠪᠬᠤ ᠴᠡᠭ ᠭᠠᠷᠭᠠᠵᠤ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠦᠷ᠎ᠡ ᠳ᠋ᠦᠩ ᠨᠢ ᠬᠤᠭᠤᠴᠠᠭ᠎ᠠ ᠠᠴᠠ ᠬᠡᠲᠦᠷᠡᠭᠰᠡᠨ ᠪᠠᠷᠠᠭᠠᠨ ᠤ ᠲᠡᠷᠭᠡᠨ ᠵᠢᠯᠣᠭᠤᠴᠢ ᠶᠢᠨ ᠴᠠᠭ ᠲᠤᠬᠠᠢ ᠳᠤ ᠨᠢ ᠦᠯᠢᠭᠡᠷ ᠠᠪᠬᠤ ᠳᠤ ᠲᠥᠬᠦᠮ ᠦᠵᠡᠭᠦᠯᠪᠡ᠃   ︵ᠮᠦᠩᠭᠦᠨᠴᠡᠴᠡᠭ︶
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号