ᠪᠤᠭᠤᠲᠤ ᠬᠤᠲᠠ ᠶᠢᠨ ᠳᠥᠷᠪᠡᠳᠦᠭᠡᠷ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠠᠵᠢᠯ ᠤᠨ ᠲᠣᠭᠤᠷᠢᠭ ᠨᠢ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠪᠠᠷ ᠠᠮᠤᠷ ᠲᠦᠪᠰᠢᠨ ᠤ ︽ᠭᠠᠯ ᠢ ᠰᠡᠷᠭᠡᠶᠢᠯᠡᠬᠦ ᠬᠡᠷᠡᠮ︾ ᠢ ᠪᠠᠬᠢᠵᠢᠭᠦᠯᠪᠡ
ᠨᠡᠶᠢᠲᠡᠯᠡᠭᠰᠡᠨ ᠴᠠᠭ᠄
2022/5/25
     5 ᠳ᠋ᠤᠭᠠᠷ ᠰᠠᠷ᠎ᠠ ᠶᠢᠨ 24 ᠤ ᠡᠳᠦᠷ᠂ ᠪᠤᠭᠤᠲᠤ ᠬᠤᠲᠠ ᠶᠢᠨ ᠵᠠᠰᠠᠮᠠᠯ ᠵᠠᠮ ᠤᠨ ᠠᠵᠢᠯ ᠦᠶᠯᠡᠰ ᠤᠨ ᠬᠥᠭᠵᠢᠯᠲᠡ ᠶᠢᠨ ᠲᠥᠪ ᠤᠨ ᠳᠥᠷᠪᠡᠳᠦᠭᠡᠷ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠠᠵᠢᠯ ᠤᠨ ᠲᠣᠭᠤᠷᠢᠭ ᠨᠢ ᠪᠤᠭᠤᠲᠤ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠪᠣᠣ ᠪᠧᠶ ᠬᠤᠶᠠᠳᠤᠭᠠᠷ ᠶᠡᠭᠡ ᠠᠩᠭᠢ ᠲᠠᠢ ᠬᠠᠮᠲᠤᠷᠠᠨ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢ ᠣᠨᠴᠠ ᠤᠷᠢᠵᠤ ᠭᠠᠯ ᠤᠨᠲᠠᠷᠠᠭᠠᠬᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠦᠷᠨᠢᠭᠦᠯᠵᠦ᠂ ᠠᠮᠤᠷ ᠲᠦᠪᠰᠢᠨ  ᠤ ︽ᠭᠠᠯ ᠢ ᠰᠡᠷᠭᠡᠶᠢᠯᠡᠬᠦ ᠬᠡᠷᠡᠮ︾ ᠢ ᠪᠠᠬᠢᠵᠢᠭᠦᠯᠪᠡ᠃
     ᠰᠣᠷᠢᠯᠲᠠ ᠳᠤᠮᠳᠠ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠰᠤᠷᠭᠠᠭᠴᠢ ᠠᠴᠠ ᠡᠩ ᠲᠡᠷᠢᠭᠦᠨ ᠳᠤ ᠣᠯᠠᠨ ᠳᠤ ᠬᠡᠷᠬᠢᠨ ᠵᠥᠪ ᠲᠠᠷᠬᠠᠭᠠᠬᠤ᠂ ᠴᠠᠭᠳᠠᠭ᠎ᠠ ᠳᠤ ᠮᠡᠳᠡᠭᠦᠯᠬᠦ᠂ ᠭᠠᠯ ᠤᠨᠲᠠᠷᠠᠭᠠᠬᠤ᠂ ᠥᠪᠡᠷ ᠢ ᠪᠠᠨ ᠠᠪᠤᠷᠬᠠᠤ ᠪᠠ ᠬᠠᠷᠢᠯᠴᠠᠨ ᠠᠪᠤᠷᠬᠠᠤ ᠲᠤᠬᠠᠶ ᠲᠠᠶᠢᠯᠪᠤᠷᠢᠯᠠᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠪᠠ ᠭᠠᠯ ᠭᠠᠷᠤᠭᠰᠠᠨ ᠭᠠᠵᠠᠷ ᠤᠨ ᠠᠮᠢ ᠵᠢᠭᠤᠲᠠᠬᠤ ᠤᠷ᠎ᠠ ᠮᠡᠷᠭᠡᠵᠢᠯ ᠢ ᠲᠦᠭᠡᠮᠡᠯᠵᠢᠭᠦᠯᠵᠦ᠂ ᠲᠤᠬᠠᠶ ᠶᠢᠨ ᠲᠠᠯᠠᠪᠠᠢ ᠳᠤ ᠺᠠᠳ᠋ᠷ ᠠᠵᠢᠯᠲᠠᠨ ᠠᠵᠢᠯᠴᠢᠨ ᠳᠤ ᠭᠠᠯ ᠤᠨᠲᠠᠷᠠᠭᠠᠭᠤᠷ ᠤᠨ ᠵᠥᠪ ᠬᠡᠷᠡᠭᠯᠡᠬᠦ ᠠᠷᠭ᠎ᠠ ᠪᠠ ᠦᠨᠳᠦᠰᠦᠨ ᠠᠷᠭ᠎ᠠ ᠪᠠᠷᠢᠯ ᠢ ᠵᠢᠭᠠᠨ ᠵᠢᠯᠣᠭᠤᠳᠪᠠ᠃
     ᠳᠠᠷᠠᠭ᠎ᠠ ᠨᠢ᠂ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠡᠬᠢᠯᠡᠪᠡ᠃ ᠳᠠᠭᠤᠷᠢᠶᠠᠮᠠᠯ ᠠᠯᠪᠠᠨ ᠠᠰᠠᠷ ᠤᠨ ᠭᠠᠯ ᠤᠨ ᠪᠠᠶᠢᠳᠠᠯ ᠢ ᠣᠯᠵᠤ ᠮᠡᠳᠡᠭᠰᠡᠨ ᠤ ᠳᠠᠷᠠᠭ᠎ᠠ᠂ ᠲᠤᠬᠠᠶ ᠶᠢᠨ ᠲᠠᠯᠠᠪᠠᠶ ᠶᠢᠨ ᠬᠥᠮᠦᠰ ᠴᠠᠭ ᠲᠤᠬᠠᠶ ᠳᠤ ᠨᠢ ᠴᠠᠭᠳᠠᠭ᠎ᠠ ᠳᠤ ᠮᠡᠳᠡᠭᠦᠯᠬᠦ ᠶᠢᠨ ᠬᠠᠮᠲᠤ᠂ ᠠᠰᠠᠷ ᠤᠨ ᠳᠣᠲᠣᠷᠠᠬᠢ ᠬᠥᠮᠦᠰ ᠠᠮᠠ ᠬᠠᠮᠠᠷ ᠢᠶᠠᠨ ᠪᠥᠭᠯᠡᠵᠦ᠂ ᠯᠠᠪᠳᠠᠭᠤᠨ ᠲᠣᠭᠲᠠᠭᠤᠨ ᠢᠶᠠᠷ᠂ ᠳᠠᠷᠤᠶ ᠲᠦᠷᠭᠡᠨ ᠬᠠᠮᠤᠭ ᠣᠶᠢᠷ᠎ᠠ ᠭᠠᠷᠬᠤ ᠡᠭᠦᠳᠡ ᠪᠠᠷ ᠠᠮᠤᠷ ᠲᠦᠪᠰᠢᠨ ᠭᠠᠵᠠᠷ ᠲᠤ ᠵᠠᠶᠢᠯᠠᠵᠤ᠂ ᠲᠤᠰᠠᠯᠠᠬᠤ ᠶᠢ ᠬᠠᠷᠢᠭᠤᠴᠠᠬᠤ ᠠᠵᠢᠯᠲᠠᠨ ᠠᠴᠠ ᠬᠥᠮᠦᠨ ᠤ ᠲᠤᠭ᠎ᠠ ᠶᠢ ᠪᠦᠷᠢᠳᠬᠡᠭᠰᠡᠨ ᠤ ᠳᠠᠷᠠᠭ᠎ᠠ᠂ 1 ᠬᠥᠮᠦᠨ ᠬᠤᠷᠢᠭᠳᠠᠭᠰᠠᠨ ᠢ ᠣᠯᠵᠤ ᠮᠡᠳᠡᠪᠡ᠃ ᠳᠠᠷᠤᠶ ᠲᠦᠷᠭᠡᠨ ᠬᠦᠷᠴᠦ ᠢᠷᠡᠭᠰᠡᠨ ᠭᠠᠯ ᠤᠨᠲᠠᠷᠠᠭᠠᠬᠤ ᠠᠵᠢᠯᠲᠠᠳ ᠭᠠᠯ ᠭᠠᠷᠤᠭᠰᠠᠨ ᠪᠠᠶᠢᠳᠠᠯ ᠤᠨ ᠮᠡᠳᠡᠭᠡ ᠵᠠᠩᠭᠢ ᠶᠢ ᠣᠯᠤᠭᠰᠠᠨ ᠤ ᠳᠠᠷᠠᠭ᠎ᠠ ᠳᠠᠷᠤᠶᠢᠬᠠᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠠᠵᠢᠯ ᠥᠷᠨᠢᠭᠦᠯᠵᠦ᠂ ᠳᠠᠮᠨᠠᠭᠤᠷ ᠠᠪᠴᠤ ᠭᠠᠯ ᠭᠠᠷᠤᠭᠰᠠᠨ ᠲᠤᠬᠠᠶ ᠶᠢᠨ ᠲᠠᠯᠠᠪᠠᠶ ᠳᠤ ᠣᠷᠣᠵᠤ ᠬᠤᠷᠢᠭᠳᠠᠭᠰᠠᠨ ᠬᠥᠮᠦᠰ ᠢ ᠠᠪᠤᠷᠠᠵᠤ ᠭᠠᠷᠭᠠᠪᠠ᠃ ᠰᠣᠷᠢᠯᠲᠠ  ᠶᠢᠨ ᠪᠦᠬᠦ ᠶᠠᠪᠤᠴᠠ ᠶᠢᠨ ᠵᠣᠬᠢᠶᠠᠨ ᠪᠠᠶᠢᠭᠤᠯᠤᠯᠲᠠ ᠨᠢ ᠨᠠᠷᠢᠨ ᠨᠢᠭᠲᠠ᠂ ᠳᠡᠰ ᠳᠠᠪᠬᠤᠷᠭ᠎ᠠ ᠨᠢ ᠲᠣᠳᠣᠷᠬᠠᠶ᠂ ᠡᠮᠬᠢ ᠵᠢᠷᠤᠮ ᠲᠠᠢ ᠶᠠᠪᠤᠭᠳᠠᠵᠠᠶ᠃
     ᠰᠣᠷᠢᠯᠲᠠ ᠪᠠᠷ ᠳᠠᠮᠵᠢᠭᠤᠯᠤᠨ᠂ ᠪᠦᠬᠦ ᠺᠠᠳ᠋ᠷ ᠠᠵᠢᠯᠲᠠᠨ ᠠᠵᠢᠯᠴᠢᠨ ᠳᠤ ᠠᠶᠤᠯ ᠲᠦᠭᠰᠢᠭᠦᠷᠢ ᠶᠢᠨ ᠳᠤᠮᠳᠠ ᠲᠦᠷᠭᠡᠨ ᠠᠮᠢ ᠵᠢᠭᠤᠲᠠᠨ ᠥᠪᠡᠷ ᠢ ᠪᠠᠨ ᠠᠪᠤᠷᠠᠬᠤ᠂ ᠬᠠᠷᠢᠯᠴᠠᠨ ᠠᠪᠤᠷᠠᠬᠤ ᠦᠨᠳᠦᠰᠦᠨ ᠠᠷᠭ᠎ᠠ ᠶᠢ ᠡᠵᠡᠮᠰᠢᠭᠦᠯᠵᠦ᠂ ᠭᠠᠯ ᠤᠨ ᠠᠶᠤᠯ ᠢ ᠠᠷᠭᠠᠴᠠᠭᠠᠵᠤ ᠰᠢᠶᠳᠪᠦᠷᠢᠯᠡᠬᠦ ᠴᠢᠳᠠᠪᠤᠷᠢ ᠶᠢ ᠨᠢ ᠳᠡᠭᠡᠭᠰᠢᠯᠡᠭᠦᠯᠦᠨ᠂ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号