ᠥᠪᠥᠷ ᠮᠣᠩᠭᠤᠯ ᠤᠨ ᠵᠠᠮ ᠬᠠᠷᠢᠯᠴᠠᠭ᠎ᠠ ᠨᠢ ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ ᠶᠢ ᠨᠠᠶᠢᠷᠠᠭᠤᠯᠤᠨ ᠵᠣᠬᠢᠶᠠᠵᠤ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠬᠦ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2022/5/26
     ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠢ ︽ᠤᠯᠤᠰ ᠪᠠ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠲᠠᠢ ᠬᠤᠯᠪᠣᠭᠳᠠᠭᠰᠠᠨ ᠠᠵᠤ ᠠᠬᠤᠶᠢᠯᠠᠯ ᠢ ᠬᠠᠪᠰᠤᠷᠴᠤ ᠬᠦᠴᠢᠷᠳᠡᠯ ᠢ ᠨᠢ ᠰᠢᠢᠳᠪᠦᠷᠢᠯᠡᠬᠦ ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ︾ ︵︽ᠨᠠᠷᠢᠨ ᠲᠠᠩᠰᠠ︾ ᠭᠡᠵᠦ ᠲᠣᠪᠴᠢᠯᠠᠨ᠎ᠠ︶ ᠶᠢ ᠡᠮᠬᠢᠯᠡᠨ ᠨᠠᠶᠢᠷᠠᠭᠤᠯᠵᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠭᠦᠨᠵᠡᠭᠡᠶ ᠥᠷᠨᠢᠭᠦᠯᠦᠨ᠂ ᠬᠠᠮᠢᠶ᠎ᠠ ᠪᠥᠬᠦᠶ ᠠᠵᠤ ᠠᠬᠤᠶᠢᠯᠠᠯ ᠢ ᠵᠢᠯᠣᠭᠤᠳᠴᠤ ᠡᠯ᠎ᠡ ᠵᠦᠢᠯ ᠤᠨ ᠲᠦᠭᠡᠮᠡᠯ ᠬᠠᠷᠠᠭᠠᠯᠵᠠᠯ ᠤᠨ ᠴᠢᠨᠠᠷᠲᠠᠶ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠵᠢᠭᠦᠯᠪᠡ᠃      ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠭᠠᠷᠤᠭᠰᠠᠨ ᠠᠴᠠ ᠨᠠᠭᠠᠰᠢ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠤ ᠠᠬᠤᠶᠢᠯᠠᠯ ᠤᠨ ᠡᠵᠡᠩᠨᠡᠯᠲᠡ ᠵᠣᠬᠢᠬᠤ ᠬᠡᠮᠵᠢᠶ᠎ᠡ ᠪᠠᠷ ᠨᠥᠯᠥᠭᠡᠯᠡᠭᠳᠡᠪᠡ᠃ ᠤᠯᠤᠰ ᠵᠢᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠳᠤ ᠬᠠᠨᠳᠤᠭᠤᠯᠤᠭᠰᠠᠨ  ᠣᠨᠣᠪᠴᠢᠲᠠᠶ ᠪᠠᠷ ᠲᠡᠳᠬᠦᠬᠦ ᠲᠥᠷᠥ ᠶᠢᠨ ᠪᠣᠳᠣᠯᠭ᠎ᠠ ᠪᠠ ᠬᠦᠴᠢᠷᠳᠡᠯᠲᠡᠶ ᠠᠵᠢᠯ ᠲᠥᠷᠥᠯ ᠳᠤ ᠬᠠᠨᠳᠤᠭᠤᠯᠤᠭᠰᠠᠨ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠦᠴᠢᠷᠳᠡᠯ ᠢ ᠰᠢᠢᠳᠪᠦᠷᠢᠯᠡᠬᠦ ᠲᠥᠷᠥ ᠶᠢᠨ ᠪᠣᠳᠣᠯᠭ᠎ᠠ ᠶᠢ ᠵᠠᠯᠭᠠᠭ᠎ᠠ ᠪᠠᠷ ᠲᠣᠭᠲᠠᠭᠠᠪᠠ᠃ ᠡᠯ᠎ᠡ ᠭᠠᠵᠠᠷ᠂ ᠡᠯ᠎ᠡ ᠰᠠᠯᠠᠭ᠎ᠠ ᠮᠥᠴᠢᠷ ᠵᠢᠴᠢ ᠬᠠᠮᠢᠶ᠎ᠠ ᠪᠥᠬᠦᠶ ᠠᠵᠤ ᠠᠬᠤᠶᠢᠯᠠᠯ ᠢ ᠬᠠᠪᠰᠤᠷᠤᠨ ᠲᠥᠷᠥ ᠶᠢᠨ ᠪᠣᠳᠣᠯᠭ᠎ᠠ ᠨᠡᠶᠢᠲᠡᠯᠡᠭᠰᠡᠨ ᠪᠠᠶᠢᠳᠠᠯ ᠢ ᠴᠠᠭ ᠲᠤᠬᠠᠶ ᠳᠤ ᠨᠢ ᠣᠶᠢᠯᠠᠭᠠᠭᠤᠯᠬᠤ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠲᠣᠰ ᠵᠦᠢᠯ ᠤᠨ ︽ᠨᠠᠷᠢᠨ ᠲᠠᠩᠰᠠ︾ ᠶᠢ ᠡᠮᠬᠢᠯᠡᠨ ᠨᠠᠶᠢᠷᠠᠭᠤᠯᠪᠠ᠃      ᠣᠶᠢᠯᠠᠭᠠᠭᠰᠠᠨ ᠢᠶᠠᠷ᠂ ︽ᠨᠠᠷᠢᠨ ᠲᠠᠩᠰᠠ︾ ᠳᠤ ᠳᠡᠭᠡᠳᠦ ᠱᠠᠲᠤᠨ ᠤ 32 ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠨᠡᠶᠢᠲᠡᠯᠡᠭᠰᠡᠨ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡ ᠵᠢᠴᠢ ᠠᠵᠢᠯ ᠲᠥᠷᠥᠯ ᠢ ᠲᠡᠳᠬᠦᠨ ᠳᠡᠮᠵᠢᠬᠦ ᠪᠢᠴᠢᠭ ᠮᠠᠲ᠋ᠧᠷᠢᠶᠠᠯ ᠢ ᠪᠠᠭᠲᠠᠭᠠᠭᠰᠠᠨ ᠪᠥᠭᠡᠳ ᠲᠥᠷᠥ ᠶᠢᠨ ᠪᠣᠳᠣᠯᠭ᠎ᠠ ᠶᠢᠨ ᠭᠦᠨᠵᠡᠭᠡᠶ ᠲᠠᠶᠢᠯᠤᠮᠵᠢ ᠬᠢᠵᠦ᠂ ᠰᠡᠳᠬᠢᠬᠦᠶ ᠶᠢᠨ ᠤᠳᠤᠷᠢᠳᠬᠠᠯ ᠵᠢᠷᠤᠭ ᠵᠡᠷᠭᠡ ᠬᠡᠯᠪᠡᠷᠢ ᠶᠢ ᠭᠦᠢᠴᠡᠳ ᠠᠰᠢᠭᠯᠠᠨ ᠲᠥᠷᠥ ᠶᠢᠨ ᠪᠣᠳᠣᠯᠭ᠎ᠠ ᠶᠢᠨ ᠲᠣᠪᠬᠢᠮᠠᠯ᠂ ᠢᠵᠢ ᠪᠥᠷᠢᠳᠦᠭᠰᠡᠨ ᠲᠦᠷᠢᠮ᠂ ᠨᠠᠶᠢᠳᠠᠪᠤᠷᠢᠵᠢᠭᠤᠯᠬᠤ ᠠᠷᠭ᠎ᠠ ᠵᠠᠮ ᠵᠡᠷᠭᠡ ᠶᠢ ᠠᠮᠢᠳᠤᠯᠢᠭ ᠢᠶᠠᠷ ᠵᠠᠳᠠᠯᠤᠨ ᠰᠢᠨᠵᠢᠯᠡᠵᠦ᠂ ᠵᠠᠰᠠᠭ ᠤᠨ ᠣᠷᠳᠣᠨ ᠤ ᠰᠦᠯᠵᠢᠶ᠎ᠡ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢᠶᠠᠷ ᠳᠠᠮᠵᠢᠭᠤᠯᠤᠨ ᠴᠠᠭ ᠲᠤᠬᠠᠶ ᠳᠤ ᠨᠢ ᠨᠡᠶᠢᠲᠡᠯᠡᠪᠡ᠃ ᠡᠭᠦᠨ ᠤ ᠬᠠᠮᠲᠤ᠂ ᠲᠢᠩᠬᠢᠮ ᠠᠴᠠ ᠠᠵᠢᠯ ᠤᠨ ᠮᠡᠳᠡᠭᠳᠡᠯ ᠳᠠᠷᠤᠮᠠᠯᠯᠠᠨ ᠲᠠᠷᠬᠠᠭᠠᠵᠤ᠂ ᠥᠪᠡᠷᠲᠡᠭᠡᠨ ᠵᠠᠰᠠᠬᠤ ᠣᠷᠣᠨ ᠤ ᠡᠯ᠎ᠡ ᠭᠠᠵᠠᠷ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠤᠨ ᠬᠢᠨ ᠲᠥᠷᠥ ᠶᠢᠨ ᠪᠣᠳᠣᠯᠭ᠎ᠠ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ᠂ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠬᠠᠮᠢᠶ᠎ᠠ ᠪᠥᠬᠦᠶ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠤ ᠠᠬᠤᠶᠢᠯᠠᠯ ᠵᠢᠴᠢ ᠠᠵᠢᠯ ᠡᠷᠭᠢᠯᠡᠭᠰᠡᠳ ᠢ ᠵᠢᠯᠣᠭᠤᠳᠤᠨ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠬᠦ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ ᠲᠣᠭᠲᠠᠭᠤᠨ ᠪᠠᠶᠢᠯᠭᠠᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ  ᠭᠦᠢᠴᠡᠳ ᠬᠡᠷᠡᠭᠯᠡᠵᠦ᠂ ᠠᠵᠤ ᠠᠬᠤᠶᠢᠯᠠᠯ ᠵᠢᠴᠢ ᠠᠵᠢᠯ ᠡᠷᠭᠢᠯᠡᠭᠰᠡᠳ ᠢ ᠬᠠᠪᠰᠤᠷᠤᠨ ᠬᠦᠴᠢᠷ ᠢ ᠳᠤᠭᠤᠯᠬᠤ ᠬᠡᠷᠡᠭᠲᠡᠶ ᠭᠡᠵᠦ ᠱᠠᠭᠠᠷᠳᠠᠪᠠ᠃      ᠲᠠᠷᠠᠭᠠᠴᠢ ᠶᠢᠨ ᠠᠯᠬᠤᠮ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠢ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠢ ᠨᠢᠭᠲᠠ ᠮᠥᠷᠳᠡᠵᠦ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠬᠥᠳᠡᠯᠦᠩᠭᠦᠶ ᠪᠠᠷ ᠤᠶᠢᠯᠠᠭᠠᠨ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠲᠣᠬᠢᠷᠠᠭᠤᠯᠬᠤ ᠪᠠ ᠲᠡᠭᠦᠯᠲᠡᠷᠵᠢᠭᠦᠯᠬᠦ ᠰᠠᠨᠠᠭᠤᠯᠭ᠎ᠠ ᠶᠢ ᠲᠣᠬᠢᠷᠠᠭᠤᠯᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠠᠬᠢᠭᠤᠯᠤᠨ᠎ᠠ᠃  ︵ᠰᠢᠶᠤᠤ ᠬᠠᠨ︶
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号