508 ᠤᠯᠤᠰ ᠤᠨ ᠵᠠᠮ ᠤᠨ ᠰᠢᠶᠤᠤ ᠴᠧᠩ ᠽᠢ ᠠᠴᠠ ᠫᠢᠩ ᠴᠢᠤᠸᠠᠨ ︵ᠥᠪᠥᠷ ᠮᠣᠩᠭᠤᠯ ᠾᠧᠪᠧᠢ ᠶᠢᠨ ᠵᠠᠭᠠᠭ︶ ᠬᠦᠷᠬᠦ ᠲᠦᠷᠦᠯ ᠵᠦᠢᠯ ᠠᠵᠢᠯ ᠢᠶᠠᠨ ᠰᠡᠷᠭᠦᠭᠡᠪᠡ
ᠨᠡᠶᠢᠲᠡᠯᠡᠭᠰᠡᠨ ᠴᠠᠭ᠄
2022/5/6
     ᠣᠳᠣᠬᠠᠨ ᠳᠤ᠂ ᠤᠯᠠᠭᠠᠨᠬᠠᠳᠠ ᠬᠤᠲᠠ ᠶᠢᠨ 508 ᠤᠯᠤᠰ ᠤᠨ ᠵᠠᠮ ᠤᠨ ᠰᠢᠶᠤᠤ ᠴᠧᠩ ᠽᠢ ᠠᠴᠠ ᠫᠢᠩ ᠴᠢᠤᠸᠠᠨ ︵ᠥᠪᠥᠷ ᠮᠣᠩᠭᠤᠯ ᠾᠧᠪᠧᠶ ᠶᠢᠨ ᠵᠠᠭᠠᠭ︶ ᠬᠥᠷᠬᠦ ᠲᠥᠷᠥᠯ ᠵᠦᠢᠯ ᠳᠤ ᠨᠡᠶᠢᠲᠡ 15.1 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠵᠠᠮ ᠤᠨ ᠰᠠᠭᠤᠷᠢ ᠶᠢᠨ ᠢᠨᠵᠧᠨᠧᠷᠢᠩ 18% ᠶᠢ ᠪᠡᠶᠡᠯᠡᠭᠦᠯᠵᠦ᠂ ᠬᠥᠭᠦᠷᠭᠡ ᠶᠢᠨ ᠢᠨᠵᠧᠨᠧᠷᠢᠩ 26% ᠶᠢ ᠪᠡᠶᠡᠯᠡᠭᠦᠯᠵᠦ᠂ ᠭᠤᠯᠳᠤᠩ ᠠᠭᠤᠶ ᠶᠢᠨ ᠢᠨᠵᠧᠨᠧᠷᠢᠩ 41% ᠶᠢ ᠪᠡᠶᠡᠯᠡᠭᠦᠯᠵᠦ᠂ ᠨᠢᠭᠡᠨᠲᠡ ᠪᠥᠬᠦ ᠱᠤᠭᠤᠮ ᠢᠶᠠᠷ ᠠᠵᠢᠯ ᠦᠢᠯᠡᠳᠪᠦᠷᠢᠯᠡᠯ ᠢᠶᠠᠨ ᠰᠡᠷᠭᠦᠭᠡᠵᠦ᠂ 1200 ᠭᠠᠷᠤᠶ ᠬᠠᠮᠢᠶᠠᠷᠤᠯᠲᠠ ᠶᠢᠨ ᠠᠵᠢᠯᠲᠠᠨ ᠪᠠ ᠪᠠᠷᠢᠯᠭ᠎ᠠ ᠶᠢᠨ ᠠᠵᠢᠯ ᠬᠢᠭᠰᠡᠳ᠂ 300 ᠭᠠᠷᠤᠶ ᠮᠠᠰᠢᠨ ᠲᠥᠬᠦᠭᠡᠷᠦᠮᠵᠢ ᠶᠢ ᠣᠷᠤᠭᠤᠯᠵᠤ᠂ ᠶᠠᠭ ᠰᠠᠶᠢᠬᠠᠨ ᠨᠢᠷᠤᠭᠤ ᠬᠠᠪᠲᠠᠰᠤ ᠶᠢ ᠤᠷᠢᠳᠴᠢᠯᠠᠨ ᠦᠢᠯᠡᠳᠬᠦ᠂ ᠵᠠᠮ ᠤᠨ ᠰᠠᠭᠤᠷᠢ ᠶᠢ ᠪᠥᠭᠯᠡᠵᠦ ᠮᠠᠯᠲᠠᠬᠤ᠂ ᠬᠦᠭᠦᠷᠭᠡᠨ ᠨᠢᠷᠤᠭᠤ ᠲᠠᠯᠪᠢᠬᠤ ᠵᠡᠷᠭᠡ ᠪᠠᠷᠢᠯᠭ᠎ᠠ ᠶᠢ ᠬᠢᠵᠦ᠂ ᠡᠨᠡ ᠵᠢᠯ ᠤᠨ ᠡᠴᠦᠰ ᠲᠤ ᠭᠤᠤᠯ ᠴᠣᠭᠴᠠ ᠶᠢᠨ ᠪᠠᠷᠢᠯᠭ᠎ᠠ ᠶᠢ ᠪᠦᠬᠦᠨ ᠢ ᠳᠠᠭᠤᠰᠬᠠᠬᠤ ᠪᠠᠷ ᠲᠥᠯᠥᠪᠯᠡᠵᠦ ᠪᠣᠶ᠃
    ᠣᠶᠢᠯᠠᠭᠠᠭᠰᠠᠨ ᠢᠶᠠᠷ᠂ ᠲᠣᠰ ᠲᠥᠷᠥᠯ ᠵᠦᠢᠯ ᠨᠢ ᠬᠠᠷᠠᠴᠢᠨ ᠬᠤᠰᠢᠭᠤ ᠪᠣᠯᠤᠨ ᠨᠢᠩᠴᠧᠩ ᠬᠤᠶᠠᠷ ᠬᠤᠰᠢᠭᠤ ᠰᠢᠶᠠᠨ ᠢᠶᠠᠷ ᠥᠩᠭᠡᠷᠡᠵᠦ᠂ ᠡᠬᠢᠯᠡᠯᠲᠡ ᠶᠢᠨ ᠴᠡᠭ ᠨᠢ ᠬᠠᠷᠠᠴᠢᠨ ᠬᠤᠰᠢᠭᠤᠨ ᠤ ᠵᠢᠶᠠᠩ ᠵᠢᠶᠠ ᠳ᠋ᠢᠶᠠᠨ ᠪᠠᠶᠢᠵᠤ᠂ ᠰᠢᠶᠤᠤ ᠴᠧᠩ ᠽᠢ ᠪᠠᠷ ᠳᠡᠮᠵᠢᠨ᠂ ᠳ᠋ᠠ ᠴᠧᠩ ᠽᠢ᠂ ᠰᠠᠨ ᠽᠦᠸᠧ ᠳ᠋ᠢᠶᠠᠨ᠂ ᠳ᠋ᠢᠶᠠᠨ ᠽᠢ ᠪᠠᠷ ᠳᠡᠮᠵᠢᠨ᠂ ᠨᠢᠩᠴᠧᠩ ᠰᠢᠶᠠᠨ ᠪᠣᠯᠤᠨ ᠾᠧᠪᠧᠶ ᠮᠤᠵᠢ ᠶᠢᠨ ᠴᠧᠩᠳᠧ ᠬᠤᠲᠠ ᠳᠤ ᠵᠠᠯᠭᠠᠯᠳᠤᠵᠤ᠂ ᠪᠥᠬᠦ ᠣᠷᠳᠣ ᠨᠢ 70 ᠺᠢᠯᠣᠮᠧᠲᠷ᠂ ᠨᠢᠭᠡᠳᠦᠭᠡᠷ ᠳᠡᠰ ᠤᠨ ᠵᠠᠰᠠᠮᠠᠯ ᠵᠠᠮ ᠤᠨ ᠪᠠᠷᠢᠮᠵᠢᠶ᠎ᠠ ᠪᠠᠷ ᠪᠥᠲᠥᠭᠡᠨ ᠪᠠᠶᠢᠭᠤᠯᠵᠤ᠂ ᠲᠦᠯᠦᠪᠯᠡᠭᠰᠡᠨ ᠲᠡᠷᠭᠡ ᠶᠠᠪᠤᠭᠤᠯᠬᠤ ᠬᠤᠷᠳᠤᠴᠠ ᠨᠢ 100 ᠺᠢᠯᠣᠮᠧᠲᠷ / ᠴᠠᠭ᠂ ᠶᠡᠷᠦᠩᠬᠡᠶ ᠪᠠᠯᠠ ᠣᠷᠣᠭᠤᠯᠤᠯᠲᠠ ᠨᠢ 27.1 ᠳ᠋ᠦᠩᠰᠢᠭᠤᠷ ᠲᠥᠭᠦᠷᠢᠭ ᠪᠣᠯᠤᠨ᠎ᠠ᠃      ᠲᠣᠰ ᠲᠥᠷᠥᠯ ᠵᠦᠢᠯ ᠪᠣᠯ ︽ᠤᠯᠤᠰ ᠤᠨ ᠵᠠᠰᠠᠮᠠᠯ ᠵᠠᠮ ᠤᠨ ᠲᠤᠤᠷ ᠤᠨ ᠲᠥᠯᠥᠪᠵᠢᠭᠦᠯᠭᠡ ︵2013-2030 ᠣᠨ︶︾ ᠳᠤ ᠲᠥᠯᠥᠪᠵᠢᠭᠦᠯᠦᠭᠰᠡᠨ 508 ᠤᠯᠤᠰ ᠤᠨ ᠵᠠᠮ ᠤᠨ ᠤᠯᠠᠭᠠᠨᠬᠠᠳᠠ ᠠᠴᠠ ᠼᠤᠤ ᠹᠸᠢ ᠳ᠋ᠢᠶᠠᠨ ᠬᠥᠷᠬᠦ ᠳᠡᠭᠡᠳᠦ ᠬᠤᠷᠳᠤ ᠶᠢᠨ ᠵᠠᠰᠠᠮᠠᠯ ᠵᠠᠮ ᠤᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠂ ᠤᠯᠤᠰ ᠤᠨ ᠬᠥᠭᠵᠢᠭᠦᠯᠦᠯᠲᠡ ᠪᠠ  ᠥᠭᠡᠷᠡᠴᠢᠯᠡᠯᠲᠡ ᠶᠢᠨ ᠵᠥᠪᠯᠡᠯ ᠤᠨ ᠣᠷᠣᠨ ᠤ ︽ᠠᠷᠪᠠᠨ ᠭᠤᠷᠪᠠᠳᠤᠭᠠᠷ ᠲᠠᠪᠤᠨ ᠵᠢᠯ︾ ᠤᠨ ᠵᠠᠮ ᠬᠠᠷᠢᠯᠴᠠᠭ᠎ᠠ ᠪᠠᠷ ᠶᠠᠳᠠᠭᠤ ᠶᠢ ᠲᠡᠳᠬᠦᠬᠦ ︽ᠬᠤᠤᠰ ᠵᠠᠭᠤᠨ︾ ᠤ ᠢᠨᠵᠧᠨᠧᠷᠢᠩ ᠳᠤ ᠵᠢᠭᠰᠠᠭᠠᠨ ᠣᠷᠣᠭᠤᠯᠤᠭᠰᠠᠨ ᠵᠠᠮ ᠬᠠᠷᠢᠯᠴᠠᠭ᠎ᠠ ᠪᠠᠷ ᠶᠠᠳᠠᠭᠤ ᠶᠢ ᠲᠡᠳᠬᠦᠬᠦ 24 ᠵᠠᠰᠠᠮᠠᠯ ᠵᠠᠮ ᠤᠨ ᠲᠥᠷᠥᠯ ᠵᠦᠢᠯ ᠤᠨ ᠨᠢᠭᠡ ᠪᠣᠯᠤᠨ᠎ᠠ᠃  ︵ᠴᠢᠶᠠᠨ ᠱᠦ ᠪᠥᠸᠧ︶
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号