ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠨᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠲᠣᠬᠢᠷᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2022/5/6
     4 ᠳ᠋ᠦ᠋ᠭᠡᠷ ᠰᠠᠷ᠎ᠠ ᠶᠢᠨ 24 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠷᠠᠭᠠᠨ ᠤ ᠭᠦᠶᠯᠭᠡᠭᠡᠨ  ᠤ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ ᠤᠳᠤᠷᠢᠳᠬᠤ ᠳᠤᠭᠤᠶᠢᠯᠠᠩ ᠤᠨ ᠶᠡᠷᠦᠩᠬᠡᠶ ᠵᠢᠯᠣᠭᠤᠳᠣᠭᠴᠢ ︵ᠪᠥᠬᠦᠳᠡ︶ ᠶᠢᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠡᠯ᠎ᠡ ᠲᠠᠯ᠎ᠠ ᠶᠢᠨ ᠬᠦᠴᠦᠨ ᠢ ᠳᠠᠶᠢᠴᠢᠯᠠᠵᠤ᠂ ᠶᠡᠷᠦᠩᠬᠡᠶᠢᠯᠡᠭᠰᠡᠨ ᠠᠷᠭ᠎ᠠ ᠬᠡᠮᠵᠢᠶ᠎ᠡ ᠠᠪᠴᠤ᠂ ᠪᠠᠷᠠᠭᠠᠨ ᠤ ᠭᠦᠶᠯᠭᠡᠭᠡᠨ ᠤ ᠴᠢᠬᠤᠯᠠ ᠵᠠᠮ ᠪᠠ ᠪᠢᠴᠢᠯ ᠡᠷᠭᠢᠯᠲᠡ ᠶᠢ ᠪᠥᠬᠦ ᠬᠦᠴᠦᠨ ᠢᠶᠠᠷ ᠢᠶᠠᠨ ᠨᠡᠪᠲᠡᠷᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ ᠲᠥᠷᠥ ᠶᠢᠨ ᠶᠠᠪᠤᠳᠠᠯ ᠤᠨ ᠬᠤᠷᠢᠶᠠᠨ ᠤ ᠪᠠᠷᠠᠭᠠᠨ ᠤ ᠭᠦᠶᠯᠭᠡᠭᠡᠨ ᠤ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠶᠡᠷᠦᠩᠬᠡᠶ ᠵᠢᠯᠣᠭᠤᠳᠣᠭᠴᠢ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠰᠠᠶᠢᠳ ᠯᠢ ᠰᠢᠶᠣᠣ ᠫᠧᠩ ᠬᠡᠲᠦ ᠬᠠᠮᠢᠶᠠᠷᠤᠨ ᠡᠵᠡᠮᠳᠡᠬᠦ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠮ ᠬᠠᠷᠢᠯᠴᠠᠭᠠᠨ ᠤ ᠲᠣᠤᠷ ᠤᠨ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠲᠠᠯ᠎ᠠ ᠪᠠᠷ ᠦᠷᠭᠦᠯᠵᠢᠯᠡᠨ ᠬᠦᠴᠦᠯᠡᠬᠦ︔ ᠲᠡᠷᠭᠡ ᠬᠦᠰᠬᠡ ᠨᠡᠪᠲᠡᠷᠡᠬᠦ ᠰᠠᠭᠠᠳ ᠲᠤ ᠠᠩᠬᠠᠷᠤᠯ ᠢᠶᠠᠨ ᠲᠥᠪᠯᠡᠷᠡᠭᠦᠯᠵᠦ ᠂ ᠣᠨᠤᠪᠴᠢᠲᠠᠢ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠬᠦ︔ ᠭᠤᠣᠯᠳᠠᠯᠭ᠎ᠠ  ᠲᠠᠢ ᠡᠳ᠋ ᠪᠣᠳᠠᠰ ᠤᠨ ᠲᠡᠭᠡᠭᠡᠪᠦᠷᠢ ᠶᠢᠨ ᠪᠠᠲᠤᠯᠠᠭ᠎ᠠ ᠵᠡᠷᠭᠡ 8 ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ ᠪᠠᠷᠠᠭᠠᠨ  ᠤ ᠭᠦᠢᠯᠭᠡᠭᠡᠨ ᠤ ᠰᠠᠭᠠᠳ ᠦᠭᠡᠢ ᠨᠡᠪᠲᠡᠷᠡᠭᠦᠯᠬᠦ ᠶᠢ ᠪᠠᠲᠤᠯᠠᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠤᠯᠬᠤ ᠲᠤᠬᠠᠢ ᠪᠠᠶᠢᠷᠢᠯᠠᠭᠤᠯᠤᠯᠲᠠ ᠬᠢᠪᠠ᠃ ᠬᠤᠷᠠᠯ ᠲᠡᠭᠦᠰᠦᠭᠰᠡᠨ ᠤ ᠳᠠᠷᠠᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠠᠭᠠᠨ ᠤ ᠭᠦᠶᠯᠭᠡᠭᠡᠨ ᠤ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠤᠳᠤᠷᠢᠳᠬᠤ ᠳᠤᠭᠤᠶᠢᠯᠠᠩ ᠲᠡᠷᠡ ᠳᠠᠷᠤᠶ ᠳᠤ ᠨᠢ ᠳᠤᠭᠤᠶᠢᠯᠠᠩ ︵ᠪᠥᠬᠦᠳᠡ︶ ᠤᠨ ᠲᠣᠬᠢᠷᠠᠭᠤᠯᠤᠯᠲᠠ  ᠶᠢᠨ ᠬᠤᠷᠠᠯ ᠬᠤᠷᠠᠯᠳᠤᠭᠤᠯᠵᠤ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠠᠵᠤ ᠦᠶᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠬᠤᠯᠪᠣᠭᠳᠠᠯ ᠪᠥᠬᠦᠶ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠥᠷᠥ ᠶᠢᠨ ᠶᠠᠪᠤᠳᠠᠯ ᠤᠨ ᠬᠤᠷᠢᠶᠠᠨ ᠤ ᠤᠳᠤᠷᠢᠳᠬᠤ ᠳᠤᠭᠤᠶᠢᠯᠠᠩ ᠤᠨ ᠶᠡᠷᠦᠩᠬᠡᠶ ᠵᠢᠯᠣᠭᠤᠳᠣᠭᠴᠢ ︵ᠪᠥᠬᠦᠳᠡ︶ ᠶᠢᠨ ᠲᠣᠬᠢᠷᠠᠭᠤᠯᠤᠯᠲᠠ ᠶᠢᠨ ᠬᠤᠷᠠᠯ  ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠰᠤᠳᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠪᠦᠬᠦ ᠲᠠᠯ᠎ᠠ ᠪᠣᠯᠤᠨ ᠪᠠᠶᠢᠯᠳᠤᠬᠤ ᠪᠤᠳᠤᠯᠭ᠎ᠠ ᠶᠢᠨ ᠦᠨᠳᠦᠷᠴᠡ ᠠᠴᠠ᠂ ᠪᠠᠷᠠᠭᠠᠨ ᠤ ᠭᠦᠢᠯᠭᠡᠭᠡᠨ ᠤ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠠᠵᠢᠯ ᠢ ᠰᠠᠶᠢᠲᠤᠷ ᠬᠢᠬᠦ ᠶᠢᠨ ᠲᠤᠶᠢᠯ ᠤᠨ ᠴᠢᠬᠤᠯᠠ ᠴᠢᠨᠠᠷ ᠪᠣᠯᠤᠨ ᠲᠤᠯᠭᠠᠮ ᠴᠢᠨᠠᠷ ᠢ ᠭᠦᠢᠴᠡᠳ ᠲᠠᠨᠢᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ  ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠲᠠᠢ ᠡᠷᠡᠰ ᠨᠢᠭᠡᠳᠬᠡᠵᠦ᠂ ᠤᠯᠤᠰ ᠲᠦᠷᠦ ᠶᠢᠨ ᠲᠠᠯ᠎ᠠ ᠠᠴᠠ ᠦᠵᠡᠵᠦ᠂ ᠤᠯᠤᠰ ᠲᠦᠷᠦ ᠶᠢᠨ ᠲᠠᠯ᠎ᠠ ᠠᠴᠠ ᠬᠢᠵᠦ᠂ ᠭᠠᠵᠠᠷ ᠣᠷᠣᠨ ᠤ ᠬᠤᠭᠤᠷᠣᠨᠳᠣᠬᠢ᠂ ᠰᠠᠯᠠᠭ᠎ᠠ ᠮᠥᠴᠢᠷ ᠤᠨ ᠬᠤᠭᠤᠷᠣᠨᠳᠣᠬᠢ ᠬᠠᠮᠵᠢᠯᠴᠠᠭ᠎ᠠ ᠶᠢ ᠴᠢᠩᠭᠠᠳᠬᠠᠵᠤ᠂ ᠶᠠᠮᠤᠨ ᠤ ᠰᠠᠶᠢᠳ ᠯᠢ ᠰᠢᠶᠤᠤ ᠫᠧᠩ ᠤᠨ ᠨᠠᠢᠮᠠᠨ ᠲᠠᠯ᠎ᠠ ᠶᠢᠨ ᠪᠣᠳᠠᠲᠠᠢ ᠱᠠᠭᠠᠷᠳᠠᠯᠭ᠎ᠠ ᠶᠣᠰᠣᠭᠠᠷ᠂ ᠬᠠᠷᠢᠭᠤᠴᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠦᠨ᠎ᠡ ᠦᠷᠳᠡᠭ ᠢ ᠡᠷᠬᠢᠮᠯᠡᠬᠦ ᠦᠭᠡᠢ᠂ ᠨᠥᠬᠦᠴᠡᠯ ᠢ ᠡᠷᠬᠢᠮᠯᠡᠬᠦ ᠦᠭᠡᠢ ᠪᠠᠷ ᠪᠠᠷᠠᠭᠠᠨ ᠤ ᠭᠦᠢᠯᠭᠡᠭᠡᠨ ᠤ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠬᠡᠷᠡᠭᠲᠡᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠣᠷᠣᠰᠢᠵᠤ ᠪᠠᠶᠢᠭ᠎ᠠ ᠠᠰᠠᠭᠤᠳᠠᠯ᠂ ᠳᠤᠲᠠᠭᠤᠳᠠᠯ ᠪᠠ ᠪᠠᠭᠤᠷᠠᠶ ᠭᠤᠭᠴᠤᠭ᠎ᠠ ᠳᠤ ᠴᠢᠭᠯᠡᠭᠦᠯᠦᠨ᠂ ᠠᠷᠭ᠎ᠠ  ᠪᠠᠷᠢᠯ ᠢᠶᠠᠨ ᠲᠡᠭᠦᠯᠳᠡᠷᠵᠢᠭᠦᠯᠵᠦ᠂ ᠲᠣᠬᠢᠷᠠᠭᠤᠯᠤᠯᠲᠠ ᠪᠠᠨ ᠴᠢᠩᠭᠠᠳᠬᠠᠨ᠂ ᠲᠦᠷᠭᠡᠳᠬᠡᠨ ᠠᠬᠢᠭᠤᠯᠬᠤ ᠬᠡᠷᠡᠭᠲᠡᠶ᠃ ᠠᠵᠢᠯ ᠤᠨ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠠᠵᠢᠯ ᠤᠨ ᠬᠠᠷᠢᠭᠤᠴᠠᠯᠭ᠎ᠠ ᠶᠢ ᠦᠨᠡᠨ ᠬᠦ ᠪᠣᠳᠠᠲᠠᠶᠢᠵᠢᠭᠤᠯᠤᠨ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ︽ᠨᠢᠭᠡ ᠬᠥᠯᠭᠡ ᠰᠢᠲᠠᠷ᠎ᠠ ᠮᠡᠲᠦ ᠪᠠᠶᠢᠬᠤ︾ ᠦᠵᠡᠯ ᠰᠠᠨᠠᠭ᠎ᠠ ᠶᠢ ᠪᠣᠶ ᠪᠣᠯᠭᠠᠵᠤ᠂ ᠥᠪᠡᠷᠲᠡᠭᠡᠨ ᠵᠠᠰᠠᠬᠤ ᠣᠷᠣᠨ  ᠤ ᠤᠳᠤᠷᠢᠳᠬᠤ ᠳᠤᠭᠤᠶᠢᠯᠠᠩ ᠪᠣᠯᠤᠨ ᠵᠢᠯᠣᠭᠤᠳᠬᠤ ᠭᠠᠵᠠᠷ ᠤᠨ ᠠᠵᠢᠯ ᠤᠨ ᠱᠠᠭᠠᠷᠳᠠᠯᠭ᠎ᠠ ᠶᠢ ᠤᠬᠠᠮᠰᠠᠷ ᠠᠴᠠ  ᠪᠠᠨ ᠳᠠᠭᠠᠬᠤ ᠪᠠ ᠬᠢᠨᠠᠮᠠᠭᠠᠶ ᠨᠠᠶᠢᠳᠠᠪᠤᠷᠢᠵᠢᠭᠤᠯᠵᠤ᠂ ᠲᠣᠰ ᠲᠣᠰ ᠤᠨ ᠠᠵᠢᠯ ᠢᠶᠠᠨ ᠰᠠᠶᠢᠲᠤᠷ ᠠᠳᠬᠤᠬᠤ ᠬᠡᠷᠡᠭᠲᠡᠶ ᠃ ︽ᠨᠢᠭᠡᠳᠦᠭᠡᠷ ᠭᠠᠷ︾ ᠪᠡᠶ᠎ᠡ ᠪᠠᠷ ᠢᠶᠠᠨ ᠣᠷᠣᠯᠴᠠᠵᠤ᠂ ᠨᠢᠭᠡᠳᠦᠯᠲᠡᠢ ᠲᠥᠯᠥᠪᠯᠡᠨ ᠲᠤᠬᠢᠷᠠᠭᠤᠯᠵᠤ᠂ ᠳᠡᠭᠡᠳᠦ ᠬᠡᠮᠵᠢᠶ᠎ᠡ ᠪᠠᠷ ᠠᠬᠢᠭᠤᠯᠵᠤ᠂ ᠤᠴᠢᠷ ᠶᠠᠪᠤᠳᠠᠯ ᠨᠢᠭᠡᠪᠦᠷᠢ ᠶᠢ ᠴᠥᠮ ᠬᠠᠮᠢᠶᠠᠷᠬᠤ ᠬᠥᠮᠦᠨ ᠲᠠᠢ ᠪᠠᠶᠢᠬᠤ᠂ ᠠᠵᠢᠯ ᠨᠢᠭᠡᠪᠦᠷᠢ ᠶᠢ ᠦᠨᠡᠨ ᠬᠦ ᠨᠠᠷᠢᠯᠢᠭ ᠠᠳᠬᠤᠬᠤ᠂ ᠪᠣᠳᠠᠲᠠᠢ ᠠᠳᠬᠤᠬᠤ᠂ ᠲᠤᠭᠤᠰᠢᠲᠠᠢ ᠠᠳᠬᠤᠬᠤ ᠶᠢ ᠦᠨᠡᠨ ᠬᠦ ᠪᠠᠲᠤᠯᠠᠬᠤ ᠬᠡᠷᠡᠭᠲᠡᠢ᠃      ᠬᠤᠷᠠᠯ ᠠᠴᠠ ᠱᠠᠭᠠᠷᠳᠠᠭᠰᠠᠨ ᠨᠢ᠂ ᠵᠢᠯᠣᠭᠤᠳᠬᠤ ᠭᠠᠵᠠᠷ ᠠᠴᠠ ︽ᠥᠪᠡᠷᠲᠡᠭᠡᠨ ᠵᠠᠰᠠᠬᠤ ᠣᠷᠣᠨ ᠤ ᠪᠠᠷᠠᠭᠠᠨ ᠤ ᠭᠦᠶᠯᠭᠡᠭᠡᠨ ᠤ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠲᠦᠷᠢᠮ︾ ᠢ ᠱᠠᠯᠠᠪᠳᠠᠨ ᠲᠣᠭᠲᠠᠭᠠᠵᠤ᠂ ︽ᠪᠠᠷᠠᠭᠠᠨ ᠤ ᠭᠦᠶᠯᠭᠡᠭᠡᠨ ᠤ ᠰᠠᠭᠠᠳ ᠥᠬᠡᠶ ᠨᠡᠪᠲᠡᠷᠡᠬᠦ ᠶᠢ ᠪᠠᠲᠤᠯᠠᠵᠤ ᠠᠵᠤ ᠦᠶᠯᠡᠰ ᠤᠨ ᠬᠡᠯᠬᠢᠶ᠎ᠡ ᠬᠠᠩᠭᠠᠯᠭ᠎ᠠ ᠶᠢᠨ ᠲᠣᠭᠲᠠᠭᠤᠨ ᠪᠠᠶᠢᠬᠤ ᠶᠢ ᠠᠬᠢᠭᠤᠯᠬᠤ ᠲᠤᠬᠠᠶ ᠥᠪᠡᠷᠲᠡᠭᠡᠨ ᠵᠠᠰᠠᠬᠤ ᠣᠷᠣᠨ ᠤ ᠠᠷᠭ᠎ᠠ ᠬᠡᠮᠵᠢᠶ᠎ᠡ ᠨᠦᠭᠦᠳ︾ ᠢ ᠨᠡᠶᠢᠲᠡᠯᠡᠵᠦ᠂ ᠬᠠᠮᠲᠤᠷᠠᠭᠰᠠᠨ ᠬᠤᠷᠠᠯ ᠤᠨ ᠲᠣᠭᠲᠠᠴᠠ᠂ ᠲᠤᠬᠠᠶ ᠶᠢᠨ ᠲᠠᠯᠠᠪᠠᠶ ᠳᠤ ᠰᠢᠮᠳᠠᠭᠤᠯᠤᠨ ᠪᠠᠶᠢᠴᠠᠭᠠᠬᠤ ᠲᠣᠭᠲᠠᠴᠠ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠣᠭᠲᠠᠴᠠ ᠪᠣᠯᠤᠨ ᠮᠡᠳᠡᠭᠡᠯᠡᠬᠦ ᠲᠣᠭᠲᠠᠴᠠ ᠶᠢ ᠱᠠᠯᠠᠪᠳᠠᠨ ᠪᠠᠶᠢᠭᠤᠯᠬᠤ ᠬᠡᠷᠡᠭᠲᠡᠶ᠃ ᠡᠯ᠎ᠡ ᠰᠠᠯᠠᠭ᠎ᠠ ᠮᠥᠴᠢᠷ ᠨᠢ ᠡᠭᠦᠷᠭᠡ ᠶᠢᠨ ᠨᠠᠷᠢᠨ ᠲᠠᠩᠰᠠ ᠲᠠᠢ ᠬᠠᠷᠭᠤᠭᠤᠯᠵᠤ᠂ ᠬᠡᠳᠦ ᠰᠡᠷᠭᠡᠶᠢᠯᠡᠨ ᠡᠵᠡᠮᠳᠡᠬᠦ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠵᠠᠮ ᠬᠠᠷᠢᠯᠴᠠᠭᠠᠨ ᠤ ᠲᠣᠤᠷ ᠤᠨ ᠰᠠᠭᠠᠳ ᠥᠬᠡᠶ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ︔ ᠲᠡᠷᠭᠡ ᠬᠥᠰᠬᠡ ᠶᠢᠨ ᠨᠡᠪᠲᠡᠷᠡᠬᠦ ᠶᠢ ᠣᠨᠣᠪᠴᠢᠲᠠᠶ ᠬᠠᠮᠢᠶᠠᠷᠤᠨ ᠡᠵᠡᠮᠳᠡᠬᠦ ᠶᠢ ᠰᠠᠶᠢᠲᠤᠷ ᠠᠳᠬᠤᠵᠤ᠂ ᠪᠠᠷᠠᠭᠠᠨ ᠤ ᠲᠡᠭᠡᠭᠡᠪᠦᠷᠢ ᠶᠢᠨ ᠪᠠᠷᠠᠭᠠᠨ ᠤ ᠭᠦᠶᠯᠭᠡᠭᠡᠨ ᠤ ᠠᠵᠢᠯᠯᠠᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ︔ ᠬᠤᠲᠠ ᠬᠥᠳᠡᠭᠡ ᠶᠢᠨ ᠪᠠᠷᠠᠭᠠᠨ ᠤ ᠭᠦᠢᠯᠭᠡᠭᠡᠨ ᠤ ᠲᠤᠬᠢᠷᠠᠭᠤᠯᠤᠨ ᠬᠦᠷᠭᠡᠬᠦ ᠦᠢᠯᠡᠴᠢᠯᠡᠭᠡ ᠶᠢ ᠰᠠᠶᠢᠲᠤᠷ ᠠᠳᠬᠤᠵᠤ᠂ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠬᠤ ᠬᠡᠷᠡᠭᠲᠡᠢ︔ ᠭᠤᠣᠯᠳᠠᠯᠭ᠎ᠠ ᠲᠠᠢ ᠠᠵᠤ ᠠᠬᠤᠶᠢᠯᠠᠯ ᠤᠨ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠶᠢ ᠰᠠᠶᠢᠲᠤᠷ ᠠᠳᠬᠤᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠢ ᠬᠠᠮᠠᠭᠠᠯᠠᠬᠤ ᠬᠡᠷᠡᠭᠲᠡᠢ︔ ᠬᠦᠴᠢᠷᠳᠡᠯ ᠢ ᠨᠢ ᠰᠢᠶᠳᠪᠦᠷᠢᠯᠡᠬᠦ ᠲᠥᠷᠥ  ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠪᠠᠷᠠᠭᠠᠨ ᠤ ᠭᠦᠶᠯᠭᠡᠭᠡᠨ ᠤ ᠠᠵᠤ ᠠᠬᠤᠶᠢᠯᠠᠯ  ᠢ ᠬᠠᠪᠰᠤᠷᠤᠨ ᠬᠦᠴᠢᠷ ᠢ ᠲᠣᠭᠤᠯᠬᠤ ᠬᠡᠷᠡᠭᠲᠡᠢ︔ ᠪᠠᠷᠠᠭᠠᠨ ᠤ ᠭᠦᠢᠯᠭᠡᠭᠡᠨ ᠤ ᠬᠦᠷᠢᠶᠡᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠠᠳᠬᠤᠵᠤ᠂ ᠬᠢᠵᠢᠭ ᠤᠨ ᠪᠠᠶᠢᠳᠠᠯ ᠤᠨ ᠲᠠᠷᠬᠠᠨ ᠳᠡᠯᠭᠡᠷᠡᠬᠦ ᠠᠶᠤᠯ ᠲᠦᠭᠰᠢᠭᠦᠷᠢ ᠶᠢ ᠰᠡᠷᠭᠡᠶᠢᠯᠡᠬᠦ ᠬᠡᠷᠡᠭᠲᠡᠢ︔ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠰᠠᠶᠢᠲᠤᠷ ᠠᠳᠬᠤᠵᠤ᠂ ᠨᠡᠶᠢᠭᠡᠮ ᠤᠨ ᠲᠣᠭᠲᠠᠭᠤᠨ ᠪᠠᠶᠢᠳᠠᠯ ᠤᠨ ᠶᠡᠭᠡ ᠲᠠᠯ᠎ᠠ ᠶᠢ ᠬᠠᠮᠠᠭᠠᠯᠠᠬᠤ ᠬᠡᠷᠡᠭᠲᠡᠢ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠠᠭᠠᠨ ᠤ ᠭᠦᠶᠯᠭᠡᠭᠡᠨ ᠤ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠢ ᠬᠤᠷᠠᠯ ᠳᠤ ᠣᠷᠣᠯᠴᠠᠪᠠ᠃                  ︵ᠥᠪᠡᠷᠲᠡᠭᠡᠨ ᠵᠠᠰᠠᠬᠤ ᠣᠷᠣᠨ ᠤ ᠪᠠᠷᠠᠭᠠᠨ ᠤ ᠭᠦᠢᠯᠭᠡᠭᠡᠨ ᠤ ᠰᠠᠭᠠᠳ ᠥᠬᠡᠶ ᠨᠡᠪᠲᠡᠷᠡᠬᠦ  ᠶᠢ ᠪᠠᠲᠤᠯᠠᠬᠤ ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ ᠬᠠᠩᠭᠠᠭᠰᠠᠨ ᠡᠬᠡ ᠪᠢᠴᠢᠭ ᠢ ᠦᠨᠳᠦᠰᠦᠯᠡᠨ ᠡᠮᠬᠢᠯᠡᠪᠡ︶
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号