ᠪᠤᠭᠤᠲᠤ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠨᠢ ︽ᠵᠢᠷᠭᠤᠭ᠎ᠠ ᠶᠢ ᠪᠠᠭᠠᠰᠬᠠᠵᠤ ᠬᠤᠶᠠᠷ ᠢ ᠰᠢᠯᠢᠳᠡᠭᠵᠢᠭᠦᠯᠬᠦ︾ ᠠᠵᠢᠯ ᠢ ᠭᠦᠨᠵᠡᠭᠡᠶᠢᠷᠡᠭᠦᠯᠵᠦ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ  ᠢ ᠦᠷᠭᠦᠯᠵᠢᠯᠡᠨ ᠰᠢᠯᠢᠳᠡᠭᠵᠢᠭᠦᠯᠪᠡ
ᠨᠡᠶᠢᠲᠡᠯᠡᠭᠰᠡᠨ ᠴᠠᠭ᠄
2022/5/9
     ᠡᠨᠡ ᠵᠢᠯ ᠠᠴᠠ ᠨᠠᠭᠠᠰᠢ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠳᠠᠬᠢ ︽ᠲᠠᠯᠪᠢᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠶᠴᠡᠳᠬᠡᠬᠦ ᠳᠤ ᠲᠥᠬᠦᠮ ᠦᠵᠡᠭᠦᠯᠬᠦ ᠬᠡᠮᠵᠢᠶ᠎ᠡ ᠶᠢ ᠲᠠᠰᠤᠷᠠᠯᠲᠠ ᠥᠬᠡᠶ ᠨᠡᠮᠡᠭᠳᠡᠭᠦᠯᠬᠦ ᠶᠢᠨ ᠲᠥᠯᠥᠭᠡ᠂ ᠪᠤᠭᠤᠲᠤ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠨᠢ ᠰᠠᠨᠠᠭᠠᠴᠢᠯᠠᠭ᠎ᠠ ᠠᠴᠠ ᠪᠠᠨ ᠪᠡᠭᠡᠵᠢᠩ᠂ ᠱᠠᠩᠬᠠᠶ᠂ ᠱᠧᠨᠵᠧᠨ ᠵᠡᠷᠭᠡ ᠪᠥᠬᠦ ᠤᠯᠤᠰ ᠤᠨ ᠠᠩᠬᠠᠳᠠᠭᠴᠢ ᠪᠦᠯᠦᠭ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ  ᠤᠨ ᠰᠢᠨ᠎ᠡ ᠶᠢ ᠡᠭᠦᠳᠬᠦ ᠲᠤᠷᠰᠢᠯᠲᠠ ᠶᠢᠨ ᠬᠤᠲᠠ ᠶᠢᠨ ᠠᠵᠢᠯ ᠲᠥᠷᠥᠯ ᠤᠨ ᠬᠡᠪ ᠳᠠᠭᠤᠷᠢᠶᠠᠯ ᠪᠠ ᠥᠪᠡᠷᠲᠡᠭᠡᠨ ᠵᠠᠰᠠᠬᠤ ᠣᠷᠣᠨ ᠤ 3.0 ᠬᠡᠪᠯᠡᠯ᠂ ᠪᠤᠭᠤᠲᠤ ᠬᠤᠲᠠ ᠶᠢᠨ 100 ᠵᠤᠷᠪᠤᠰ ᠲᠡᠷᠢᠭᠦᠨ ᠤ ᠠᠷᠭ᠎ᠠ ᠬᠢᠳᠡᠯ ᠲᠠᠢ ᠬᠠᠷᠢᠴᠠᠭᠤᠯᠵᠤ᠂ ᠳᠥᠷᠪᠡᠳᠦᠭᠡᠷ ᠡᠭᠡᠯᠵᠢ ᠶᠢᠨ ︽ᠵᠢᠷᠭᠤᠭ᠎ᠠ ᠶᠢ ᠪᠠᠭᠠᠰᠬᠠᠵᠤ ᠬᠤᠶᠠᠷ ᠢ ᠰᠢᠯᠢᠳᠡᠭᠵᠢᠭᠦᠯᠬᠦ︾ ᠶᠢ ᠡᠮᠬᠢᠯᠡᠬᠦ ᠠᠵᠢᠯ ᠢ ᠥᠷᠨᠢᠭᠦᠯᠵᠦ᠂ ︽ᠮᠠᠲ᠋ᠧᠷᠢᠶᠠᠯ ᠢ ᠪᠠᠭᠠᠰᠬᠠᠬᠤ᠂ ᠭᠤᠭᠴᠤᠭ᠎ᠠ ᠶᠢ ᠪᠠᠭᠠᠰᠬᠠᠬᠤ᠂ ᠴᠠᠭ ᠤᠨ ᠬᠢᠵᠠᠭᠠᠷ ᠢ ᠪᠠᠭᠠᠰᠬᠠᠬᠤ᠂ ᠭᠦᠶᠦᠬᠦ ᠶᠢ ᠪᠠᠭᠠᠰᠬᠠᠬᠤ᠂ ᠭᠡᠷᠡᠴᠢᠯᠡᠬᠦ ᠶᠢ ᠪᠠᠭᠠᠰᠬᠠᠬᠤ᠂ ᠵᠠᠭᠤᠴᠢ ᠶᠢ ᠪᠠᠭᠠᠰᠬᠠᠬᠤ᠂ ᠴᠤᠪᠤᠷᠠᠯ ᠢ ᠰᠢᠯᠢᠳᠡᠭᠵᠢᠭᠦᠯᠬᠦ᠂ ᠦᠶᠯᠡᠴᠢᠯᠡᠭᠡ ᠶᠢ ᠰᠢᠯᠢᠳᠡᠭᠵᠢᠭᠦᠯᠬᠦ︾ ᠪᠠᠷ ᠠᠭᠤᠯᠭ᠎ᠠ ᠪᠣᠯᠭᠠᠵᠤ᠂ 70 ᠵᠦᠶᠯ ᠤᠨ ᠭᠤᠶᠤᠴᠢᠯᠠᠬᠤ ᠪᠠᠷ ᠦᠨᠳᠦᠰᠦᠯᠡᠯ ᠪᠣᠯᠭᠠᠭᠰᠠᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ᠪᠥᠬᠦ ᠲᠠᠯ᠎ᠠ ᠪᠠᠷ ᠰᠢᠯᠢᠳᠡᠭᠵᠢᠭᠦᠯᠪᠡ᠃      ᠨᠢᠭᠡᠨᠲᠡ ᠪᠠᠶᠢᠭ᠎ᠠ ᠠᠵᠢᠯ ᠤᠨ ᠰᠠᠭᠤᠷᠢᠨ ᠳᠡᠭᠡᠷ᠎ᠡ᠂ ᠲᠣᠰ ᠲᠣᠪᠴᠢᠶ᠎ᠠ ᠨᠢ ︽ᠡᠵᠡᠩᠨᠡᠯᠲᠡ ᠶᠢᠨ ᠴᠢᠨᠠᠷᠲᠠᠶ ᠵᠠᠮ ᠤᠨ ᠠᠶᠠᠨᠴᠢᠳ ᠪᠠᠷᠠᠭᠠᠨ ᠤ ᠲᠡᠭᠡᠭᠡᠪᠦᠷᠢ ᠶᠢᠨ ᠵᠢᠯᠣᠭᠤᠴᠢ ᠶᠢᠨ ᠠᠵᠢᠯᠯᠠᠭᠰᠠᠳ ᠤᠨ ᠬᠢᠷᠢ ᠬᠡᠮ ᠤᠨ ᠦᠨᠡᠮᠯᠡᠯ  ᠢ ᠬᠠᠷᠭᠤᠭᠤᠯᠤᠨ ᠣᠯᠭᠤᠬᠤ᠂ ᠠᠶᠤᠯᠲᠠᠶ ᠪᠠᠷᠠᠭ᠎ᠠ ᠲᠡᠭᠡᠭᠡᠪᠦᠷᠢᠯᠡᠬᠦ ᠡᠵᠡᠩᠨᠡᠯᠲᠡ ᠶᠢᠨ ᠵᠥᠪᠰᠢᠶᠡᠷᠡᠯ᠂ ᠤᠯᠤᠰ ᠤᠨ ᠳᠣᠲᠣᠭᠠᠳᠤ ᠶᠢᠨ ᠤᠰᠤᠨ ᠵᠠᠮ ᠤᠨ ᠲᠡᠭᠡᠭᠡᠪᠦᠷᠢ ᠶᠢᠨ ᠡᠵᠡᠩᠨᠡᠯᠲᠡ ᠶᠢᠨ ᠵᠥᠪᠰᠢᠶᠡᠷᠡᠯ︾ ᠵᠡᠷᠭᠡ ᠥᠨᠳᠥᠷ ᠳᠠᠪᠲᠠᠮᠵᠢᠲᠤ ᠵᠦᠶᠯᠡᠰ ᠢ ᠭᠤᠤᠯᠳᠠᠯᠭ᠎ᠠ ᠲᠠᠢ ᠪᠠᠷ ᠪᠥᠬᠦ ᠲᠠᠯ᠎ᠠ ᠪᠠᠷ ᠡᠮᠬᠢᠯᠡᠵᠦ᠂ ᠭᠠᠳᠠᠷ ᠣᠷᠣᠨ ᠤ ᠣᠯᠠᠨ ᠲᠦᠮᠡᠨ  ᠤ ︽ᠣᠷᠣᠰᠢᠨ ᠰᠠᠭᠤᠬᠤ ᠦᠨᠡᠮᠯᠡᠯ︾᠂ ᠠᠵᠤ ᠠᠬᠤᠶᠢᠯᠠᠯ ᠤᠨ ︽ᠡᠵᠡᠩᠨᠡᠯᠲᠡ ᠶᠢᠨ ᠦᠨᠡᠮᠯᠡᠯ︾ ︽ᠪᠡᠶ᠎ᠡ ᠶᠢᠨ ᠦᠨᠡᠮᠯᠡᠯ ᠤᠨ ᠭᠡᠷᠡᠴᠢ︾ ᠵᠡᠷᠭᠡ ᠮᠠᠲ᠋ᠧᠷᠢᠶᠠᠯ ᠢ ᠴᠣᠮᠬᠠᠳᠬᠠᠵᠤ᠂ ᠭᠦᠶᠴᠡᠳᠬᠡᠬᠦ ᠴᠤᠪᠤᠷᠠᠯ ᠢ ᠵᠡᠷᠭᠡ ᠳᠤ ᠨᠢ ᠰᠢᠯᠢᠳᠡᠭᠵᠢᠭᠦᠯᠦᠨ᠂ ᠪᠤᠭᠤᠲᠤ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠠᠯᠪᠠᠨ ᠰᠦᠯᠵᠢᠶ᠎ᠡ ᠶᠢᠨ ︽ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠰᠬᠠᠶ ᠪᠤᠯᠤᠩ︾ ᠳᠤ ᠵᠠᠷᠯᠠᠨ ᠨᠡᠶᠢᠲᠡᠯᠡᠵᠦ᠂ ᠨᠡᠶᠢᠭᠡᠮ ᠤᠨ ᠬᠢᠨᠠᠯᠲᠠ ᠲᠠᠯᠪᠢᠬᠤ ᠪᠠ ᠪᠠᠶᠢᠴᠠᠭᠠᠨ ᠦᠵᠡᠬᠦ ᠳᠤ ᠲᠥᠬᠦᠮ ᠦᠵᠡᠭᠦᠯᠪᠡ᠃ ᠡᠭᠦᠨ ᠤ ᠬᠠᠮᠲᠤ᠂ ᠵᠠᠰᠠᠭ ᠤᠨ ᠶᠠᠪᠤᠳᠠᠯ ᠤᠨ ᠦᠶᠯᠡᠴᠢᠯᠡᠭᠡ ᠶᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠲᠥᠬᠦᠮ ᠪᠣᠯᠭᠠᠬᠤ ᠱᠠᠭᠠᠷᠳᠠᠯᠭ᠎ᠠ ᠶᠣᠰᠣᠭᠠᠷ᠂ ᠨᠢᠭᠡ ᠪᠦᠯᠦᠭ ︽ᠮᠡᠳᠡᠭᠳᠡᠬᠦ ᠠᠮᠠᠯᠠᠯᠲᠠ︾᠂ ︽ᠳᠤᠲᠠᠭᠤᠳᠠᠯ ᠢ ᠠᠭᠤᠴᠢᠯᠠᠨ ᠰᠢᠶᠳᠪᠦᠷᠢᠯᠡᠬᠦ︾᠂ ︽ᠨᠢᠭᠡ ᠤᠴᠢᠷ ᠢ ᠨᠢᠭᠡ ᠯᠡ ᠤᠳᠠᠭ᠎ᠠ ᠳᠤ ᠭᠦᠶᠴᠡᠳᠬᠡᠬᠦ︾᠂ ︽ᠪᠥᠬᠦ ᠬᠤᠲᠠ ᠳᠤ ᠨᠡᠶᠢᠳᠡᠮ ᠭᠦᠶᠴᠡᠳᠬᠡᠬᠦ︾ ᠵᠦᠶᠯᠡᠰ ᠤᠨ ᠨᠠᠷᠢᠨ ᠲᠠᠩᠰᠠ ᠭᠠᠷᠭᠠᠵᠤ᠂ ᠬᠢᠨᠠᠨ ᠵᠥᠪᠰᠢᠶᠡᠷᠡᠬᠦ ᠵᠦᠶᠯᠡᠰ ᠢᠶᠠᠷ ᠬᠠᠮᠤᠭ  ᠤᠨ ᠴᠥᠭᠡᠨ᠂ ᠵᠠᠰᠠᠭ ᠤᠨ ᠶᠠᠪᠤᠳᠠᠯ ᠤᠨ ᠦᠶᠯᠡᠴᠢᠯᠡᠭᠡ ᠪᠠᠷ ᠬᠠᠮᠤᠭ ᠤᠨ ᠰᠠᠶᠢᠨ᠂ ᠬᠢᠨᠠᠨ ᠵᠥᠪᠰᠢᠶᠡᠷᠡᠬᠦ ᠬᠤᠷᠳᠤᠴᠠ ᠪᠠᠷ ᠬᠠᠮᠤᠭ ᠤᠨ ᠲᠦᠷᠭᠡᠨ᠂ ᠦᠶᠯᠡᠴᠢᠯᠡᠭᠡᠨ ᠤ ᠵᠠᠭᠪᠤᠷ ᠢᠶᠠᠷ ᠬᠠᠮᠤᠭ ᠤᠨ ᠰᠢᠯᠢᠳᠡᠭ ᠠᠵᠢᠯ ᠲᠥᠷᠥᠯ  ᠤᠨ ᠲᠡᠷᠢᠭᠦᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠪᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号