︽ᠤᠯᠤᠰ ᠤᠨ ᠵᠠᠰᠠᠮᠠᠯ ᠵᠠᠮ ᠤᠨ ᠲᠤᠤᠷ ᠤᠨ ᠲᠥᠯᠥᠪᠵᠢᠭᠦᠯᠭᠡ︾ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/7/14
     ᠲᠦᠷᠦᠭᠦᠬᠡᠨ᠂ ᠲᠥᠷᠥ ᠶᠢᠨ ᠶᠠᠪᠤᠳᠠᠯ ᠤᠨ ᠬᠤᠷᠢᠶᠠᠨ ᠤ ᠵᠥᠪᠰᠢᠶᠡᠷᠡᠯ ᠢᠶᠠᠷ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠠᠴᠠ ᠬᠠᠮᠲᠤᠷᠠᠨ ︽ᠤᠯᠤᠰ ᠤᠨ ᠵᠠᠰᠠᠮᠠᠯ ᠵᠠᠮ ᠤᠨ ᠲᠤᠤᠷ ᠤᠨ ᠲᠥᠯᠥᠪᠵᠢᠭᠦᠯᠭᠡ︾ ︵ᠳᠣᠷᠣᠭᠰᠢ ︽ᠲᠥᠯᠥᠪᠵᠢᠭᠦᠯᠭᠡ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠪᠠ᠃ ᠬᠤᠯᠪᠣᠭᠳᠠᠯ ᠪᠦᠬᠦᠢ ᠨᠢᠭᠡᠴᠢ ᠶᠢᠨ ᠬᠠᠮᠢᠶ᠎ᠠ ᠪᠦᠬᠦᠢ ᠠᠭᠤᠯᠭ᠎ᠠ ᠶᠢ ᠨᠡᠩ ᠰᠠᠶᠢᠲᠤᠷ ᠣᠶᠢᠯᠠᠭᠠᠵᠤ᠂  ᠲᠤᠭᠤᠰᠢᠯᠠᠭᠤᠯᠤᠨ ᠬᠡᠷᠡᠭᠵᠢᠭᠦᠯᠬᠦ ᠠᠵᠢᠯ ᠢ ᠦᠨᠡᠨ ᠬᠦ ᠰᠠᠶᠢᠲᠤᠷ ᠬᠢᠬᠦ ᠳᠤ ᠳᠥᠭᠦᠮ ᠪᠣᠯᠭᠠᠬᠤ ᠶᠢᠨ ᠲᠤᠰᠠᠳᠠ᠂ ᠡᠳᠦᠭᠡ ︽ᠲᠥᠯᠥᠪᠵᠢᠭᠦᠯᠭᠡ︾ ᠶᠢ ᠲᠣᠭᠲᠠᠭᠠᠭᠰᠠᠨ ᠠᠬᠤᠶ ᠪᠠᠶᠢᠳᠠᠯ ᠪᠣᠯᠤᠨ ᠭᠤᠣᠯ ᠠᠭᠤᠯᠭ᠎ᠠ ᠶᠢ ᠳᠣᠣᠷᠠᠬᠢ ᠮᠡᠲᠦ ᠲᠠᠶᠢᠯᠪᠤᠷᠢᠯᠠᠶ᠎ᠠ᠄      ᠨᠢᠭᠡ᠂ ᠲᠣᠭᠲᠠᠭᠠᠭᠰᠠᠨ ᠠᠬᠤᠶ ᠪᠠᠶᠢᠳᠠᠯ      2013 ᠣᠨ ᠤ 5 ᠳ᠋ᠤᠭᠠᠷ ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ︽ᠤᠯᠤᠰ ᠤᠨ ᠵᠠᠰᠠᠮᠠᠯ ᠵᠠᠮ ᠤᠨ ᠲᠣᠣᠷ ᠤᠨ ᠲᠥᠯᠥᠪᠵᠢᠭᠦᠯᠭᠡ ︵2013 - ᠣᠨ 2030 ᠣᠨ︶︾ ᠶᠢ ᠵᠥᠪᠰᠢᠶᠡᠷᠡᠪᠡ᠃ ᠣᠶᠢᠷ᠎ᠠ ᠶᠢᠨ ᠵᠢᠯ ᠤᠳ ᠲᠤ᠂ ᠲᠣᠰ ᠲᠥᠯᠥᠪᠵᠢᠭᠦᠯᠭᠡ ᠶᠢᠨ ᠵᠢᠯᠣᠭᠤᠳᠣᠯᠭ᠎ᠠ ᠳᠤᠤᠷ᠎ᠠ᠂ ᠤᠯᠤᠰ ᠤᠨ ᠵᠠᠰᠠᠮᠠᠯ ᠵᠠᠮ ᠲᠦᠷᠭᠡᠨ ᠬᠥᠭᠵᠢᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠳᠤ ᠶᠡᠷᠦᠩᠬᠡᠶ ᠳᠤ ᠪᠠᠨ ᠵᠣᠬᠢᠴᠠᠵᠤ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢ ᠬᠦᠴᠦᠲᠡᠶ ᠲᠤᠯᠭᠠᠭᠤᠷᠢᠯᠠᠵᠤ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠰᠢᠢᠳᠪᠦᠷᠢᠲᠦ ᠢᠯᠠᠯᠲᠠ ᠶᠢ ᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠪᠠ᠃ ᠡᠭᠦᠨ ᠤ ᠬᠠᠮᠲᠤ᠂  ᠳᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ ᠬᠥᠭᠵᠢᠯᠲᠡ ᠶᠢᠨ ᠪᠠᠶᠢᠳᠠᠯ ᠤᠨ ᠬᠤᠪᠢᠷᠠᠯᠲᠠ ᠪᠣᠯᠤᠨ ᠠᠷᠠᠳ ᠣᠯᠠᠨ ᠤ ᠴᠢᠨᠠᠷ ᠰᠠᠶᠢᠲᠠᠶ ᠶᠠᠪᠤᠵᠤ ᠰᠠᠭᠤᠬᠤ ᠬᠡᠷᠡᠭᠴᠡᠭᠡ ᠱᠠᠭᠠᠷᠳᠠᠯᠭ᠎ᠠ ᠡᠳᠦᠷ ᠢᠷᠡᠬᠦᠶ᠎ᠡ ᠨᠡᠮᠡᠭᠳᠡᠬᠦ ᠶᠢ ᠳᠠᠭᠠᠯᠳᠤᠨ᠂ ᠤᠯᠤᠰ ᠤᠨ ᠵᠠᠰᠠᠮᠠᠯ ᠵᠠᠮ ᠤᠨ ᠲᠣᠣᠷ ᠤᠨ ᠭᠤᠤᠯ ᠨᠡᠪᠲᠡᠷᠡᠬᠦ ᠵᠠᠮ ᠤᠨ ᠴᠢᠳᠠᠪᠤᠷᠢ ᠬᠦᠷᠦᠯᠴᠡᠬᠦ ᠥᠬᠡᠶ ᠪᠠᠶᠢᠵᠤ᠂ ᠬᠤᠲᠠ ᠶᠢᠨ ᠪᠥᠭᠡᠮᠨᠡᠷᠡᠯ ᠤᠨ ᠬᠤᠲᠠ ᠶᠢᠨ ᠲᠣᠭᠤᠷᠢᠭ ᠤᠨ ᠣᠷᠣᠨ ᠪᠦᠰᠡ ᠶᠢᠨ ᠲᠣᠣᠷ ᠰᠦᠯᠵᠢᠶ᠎ᠡ ᠲᠡᠭᠦᠯᠳᠡᠷᠵᠢᠭᠡᠳᠦᠶ᠂ ᠵᠠᠮ ᠤᠨ ᠲᠣᠣᠷ ᠤᠨ ᠪᠦᠷᠬᠦᠴᠡ ᠶᠢᠨ ᠭᠦᠨᠴᠡ ᠬᠦᠷᠦᠯᠴᠡᠬᠦ ᠥᠬᠡᠶ᠂ ᠵᠠᠮ ᠤᠨ ᠲᠣᠣᠷ ᠤᠨ ᠤᠶᠠᠨ ᠬᠠᠲᠠᠨ ᠴᠢᠨᠠᠷ ᠪᠠ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠴᠢᠳᠠᠪᠤᠷᠢ ᠶᠢ ᠪᠠᠰᠠ ᠳᠡᠭᠡᠭᠰᠢᠯᠡᠭᠦᠯᠬᠦ ᠴᠢᠬᠤᠯᠠᠲᠠᠶ ᠪᠠᠶᠢᠬᠤ ᠵᠡᠷᠭᠡ ᠠᠰᠠᠭᠤᠳᠠᠯ ᠠᠯᠬᠤᠮ ᠠᠯᠬᠤᠮ ᠢᠶᠠᠷ ᠢᠯᠡᠷᠡᠵᠦ ᠪᠠᠶᠢᠨ᠎ᠠ᠃      2021 ᠣᠨ ᠤ 2 ᠳ᠋ᠤᠭᠠᠷ ᠰᠠᠷ᠎ᠠ ᠳᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ︽ᠤᠯᠤᠰ ᠤᠨ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠲᠣᠣᠷ ᠤᠨ ᠲᠥᠯᠥᠪᠵᠢᠭᠦᠯᠭᠡ ᠶᠢᠨ ᠬᠥᠲᠥᠯᠪᠦᠷᠢ︾ ︵ᠳᠣᠷᠣᠭᠰᠢ ︽ᠲᠥᠯᠥᠪᠵᠢᠭᠦᠯᠭᠡ ᠶᠢᠨ ᠬᠥᠲᠥᠯᠪᠦᠷᠢ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠵᠤ᠂ ᠣᠳᠣᠬᠢᠴᠢᠯᠠᠭᠰᠠᠨ ᠴᠢᠨᠠᠷ ᠰᠠᠶᠢᠲᠠᠢ ᠤᠯᠤᠰ ᠤᠨ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠲᠣᠣᠷ ᠢ ᠪᠠᠶᠢᠭᠤᠯᠬᠤ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠬᠢᠵᠦ᠂ ᠰᠢᠨ᠎ᠡ ᠱᠠᠲᠤᠨ ᠳᠠᠬᠢ ᠤᠯᠤᠰ ᠤᠨ ᠵᠠᠰᠠᠮᠠᠯ ᠵᠠᠮ ᠤᠨ ᠬᠥᠭᠵᠢᠯᠲᠡ ᠶᠢᠨ ᠴᠢᠭᠯᠡᠯ ᠢ ᠲᠣᠳᠣᠷᠬᠠᠢ ᠵᠢᠭᠠᠵᠤ ᠥᠭᠪᠡ᠃ ︽ᠲᠥᠯᠥᠪᠵᠢᠭᠦᠯᠭᠡ ᠶᠢᠨ ᠬᠦᠲᠦᠯᠪᠦᠷᠢ︾ ᠳᠤ ᠲᠣᠳᠤᠷᠬᠠᠶᠢᠯᠠᠭᠰᠠᠨ ᠨᠢ᠂ ᠤᠯᠤᠰ  ᠤᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠣᠣᠷ ᠪᠣᠯᠤᠨ ᠡᠩ ᠤᠨ ᠤᠯᠤᠰ ᠤᠨ ᠵᠠᠮ ᠤᠨ ᠲᠣᠣᠷ ᠨᠡᠶᠢᠲᠡ 46 ᠲᠦᠮᠡᠨ ᠺᠢᠯᠣᠮᠧᠲᠷ ᠣᠷᠴᠢᠮ ᠪᠤᠶ᠃ ︽ᠤᠯᠤᠰ ᠤᠨ ᠵᠠᠰᠠᠮᠠᠯ ᠵᠠᠮ ᠤᠨ ᠲᠣᠣᠷ ᠤᠨ ᠲᠥᠯᠥᠪᠵᠢᠭᠦᠯᠭᠡ ︵2013 ᠣᠨ - 2030 ᠣᠨ︶︾ ᠲᠠᠢ ᠬᠠᠷᠢᠴᠠᠭᠤᠯᠪᠠᠯ᠂ ᠤᠯᠤᠰ ᠤᠨ ᠵᠠᠰᠠᠮᠠᠯ ᠵᠠᠮ ᠤᠨ ᠲᠣᠣᠷ ᠤᠨ ᠪᠠᠶᠢᠷᠢᠰᠢᠯ ᠤᠨ ᠶᠡᠷᠦᠩᠬᠡᠢ ᠪᠣᠷᠣ ᠲᠥᠯᠥᠪ ᠬᠤᠪᠢᠷᠠᠭ᠎ᠠ ᠦᠭᠡᠢ᠂ ᠤᠯᠤᠰ ᠤᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠣᠣᠷ ᠪᠠᠷᠤᠭ 2.4 ᠲᠦᠮᠡᠨ ᠺᠢᠯᠣᠮᠧᠲᠷ ᠨᠡᠮᠡᠭᠳᠡᠵᠦ᠂ ᠡᠩ ᠤᠨ ᠤᠯᠤᠰ ᠤᠨ ᠵᠠᠮ ᠤᠨ ᠲᠣᠣᠷ ᠪᠠᠷᠤᠭ 3.5 ᠲᠦᠮᠡᠨ ᠺᠢᠯᠣᠮᠧᠲᠷ ᠨᠡᠮᠡᠭᠳᠡᠵᠡᠢ᠃ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠶ᠂ ᠪᠥᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠤᠯᠤᠰ ᠤᠨ ᠵᠠᠰᠠᠮᠠᠯ ᠵᠠᠮ ᠤᠨ ᠲᠤᠤᠷ ᠤᠨ ᠲᠥᠯᠥᠪᠵᠢᠭᠦᠯᠭᠡ ᠳᠤ ᠲᠣᠬᠢᠷᠠᠭᠤᠯᠤᠯᠲᠠ ᠬᠢᠬᠦ ᠴᠢᠬᠤᠯᠠ ᠲᠠᠢ ᠪᠠᠶᠢᠵᠤ᠂ ᠣᠳᠣᠬᠢᠴᠢᠯᠠᠭᠰᠠᠨ ᠴᠢᠨᠠᠷ ᠰᠠᠶᠢᠲᠠᠶ ᠤᠯᠤᠰ ᠤᠨ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠲᠤᠤᠷ ᠢ ᠬᠦᠴᠦᠲᠡᠶ ᠲᠤᠯᠭᠠᠭᠤᠷᠢᠯᠠᠨ ᠪᠠᠶᠢᠭᠤᠯᠵᠤ᠂ ᠵᠠᠮ ᠬᠠᠷᠢᠯᠴᠠᠭᠠᠨ ᠤ ᠳᠤᠮᠳᠠᠳᠤ ᠤᠯᠤᠰ ᠤᠨ ᠣᠳᠣᠬᠢᠴᠢᠯᠠᠯᠲᠠ ᠶᠢᠨ ᠵᠠᠮ ᠨᠡᠭᠡᠭᠡᠬᠦ ᠬᠤᠰᠢᠭᠤᠴᠢ ᠦᠢᠯᠡᠳᠦᠯ ᠢ  ᠭᠦᠢᠴᠡᠳ ᠪᠠᠳᠠᠷᠠᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ᠃      ᠬᠤᠶᠠᠷ᠂ ᠭᠤᠤᠯ ᠠᠭᠤᠯᠭ᠎ᠠ      ︽ᠲᠥᠯᠥᠪᠵᠢᠭᠦᠯᠭᠡ︾ ᠨᠢ ᠨᠡᠶᠢᠲᠡ ᠵᠢᠷᠭᠤᠭᠠᠨ ᠶᠡᠭᠡ ᠬᠡᠰᠡᠭ ᠪᠠᠶᠢᠵᠤ᠂ ᠲᠥᠯᠥᠪᠵᠢᠭᠦᠯᠭᠡ ᠶᠢᠨ ᠰᠠᠭᠤᠷᠢ᠂ ᠶᠡᠷᠦᠩᠬᠡᠶ ᠱᠠᠭᠠᠷᠳᠠᠯᠭ᠎ᠠ᠂ ᠲᠥᠯᠥᠪᠵᠢᠭᠦᠯᠭᠡ ᠶᠢᠨ ᠲᠥᠰᠦᠯ᠂ ᠲᠥᠯᠥᠪᠵᠢᠭᠦᠯᠭᠡ ᠶᠢᠨ ᠬᠡᠷᠡᠭᠵᠢᠭᠦᠯᠦᠯᠲᠡ᠂ ᠣᠷᠴᠢᠨ ᠠᠬᠤᠢ ᠶᠢᠨ ᠨᠥᠯᠥᠭᠡᠯᠡᠯ ᠵᠢᠴᠢ ᠠᠷᠭᠠᠴᠠᠭᠠᠬᠤ ᠪᠣᠳᠣᠯᠭ᠎ᠠ ᠪᠠ ᠪᠠᠲᠤᠯᠠᠭ᠎ᠠ ᠶᠢᠨ ᠠᠷᠭ᠎ᠠ ᠬᠡᠮᠵᠢᠶ᠎ᠡ ᠭᠡᠵᠦ ᠬᠤᠪᠢᠶᠠᠪᠠ᠃      ᠨᠢᠭᠡ ᠳᠤ᠂ ᠲᠥᠯᠥᠪᠵᠢᠭᠦᠯᠭᠡ ᠶᠢᠨ ᠰᠠᠭᠤᠷᠢ᠂ ᠤᠯᠤᠰ ᠤᠨ ᠵᠠᠰᠠᠮᠠᠯ ᠵᠠᠮ ᠤᠨ ᠲᠣᠣᠷ ᠤᠨ ᠬᠥᠭᠵᠢᠯᠲᠡ ᠶᠢᠨ ᠣᠳᠣᠬᠢ ᠪᠠᠶᠢᠳᠠᠯ᠂ ᠭᠤᠣᠯ ᠠᠰᠠᠭᠤᠳᠠᠯ ᠢ ᠪᠦᠬᠦ ᠲᠠᠯ᠎ᠠ ᠪᠠᠷ ᠡᠮᠬᠢᠯᠡᠵᠦ᠂ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠶᠢ ᠵᠠᠳᠠᠯᠪᠠ᠃      ᠬᠤᠶᠠᠷ ᠲᠤ᠂ ᠶᠡᠷᠦᠩᠬᠡᠶ ᠱᠠᠭᠠᠷᠳᠠᠯᠭ᠎ᠠ᠂ ᠲᠥᠯᠥᠪᠵᠢᠭᠦᠯᠭᠡ ᠶᠢᠨ ᠵᠢᠯᠣᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ ᠪᠠ ᠲᠥᠯᠥᠪᠵᠢᠭᠦᠯᠭᠡ ᠶᠢᠨ ᠬᠠᠷᠠᠯᠲᠠ ᠶᠢ ᠲᠣᠳᠣᠷᠬᠠᠶᠢᠯᠠᠪᠠ᠃ 2035 ᠣᠨ ᠪᠣᠯᠬᠤ ᠳᠤ᠂ ᠪᠦᠷᠬᠦᠴᠡ ᠪᠠᠷ ᠥᠷᠭᠡᠨ᠂ ᠴᠢᠳᠠᠮᠵᠢ ᠪᠦᠷᠢᠨ᠂ ᠡᠷᠴᠢᠮᠯᠢᠭ ᠪᠥᠭᠡᠳ ᠥᠨᠳᠥᠷ ᠪᠦᠲᠦᠮᠵᠢᠲᠡᠶ᠂ ᠪᠣᠬᠢᠷᠲᠤᠯ ᠥᠬᠡᠶ ᠪᠥᠭᠡᠳ ᠣᠶᠤᠨᠴᠢ᠂ ᠠᠮᠤᠷ ᠲᠦᠪᠰᠢᠨ ᠪᠥᠭᠡᠳ ᠨᠠᠶᠢᠳᠠᠪᠤᠷᠢᠲᠠᠶ ᠣᠳᠣᠬᠢᠴᠢᠯᠠᠭᠰᠠᠨ ᠴᠢᠨᠠᠷ ᠰᠠᠶᠢᠲᠠᠶ ᠤᠯᠤᠰ ᠤᠨ ᠵᠠᠰᠠᠮᠠᠯ ᠵᠠᠮ ᠤᠨ ᠲᠤᠤᠷ ᠢ ᠦᠨᠳᠦᠰᠦᠨ ᠳᠤ ᠪᠠᠨ ᠪᠠᠶᠢᠭᠤᠯᠤᠨ᠎ᠠ᠃ 2050 ᠣᠨ ᠢ ᠪᠠᠷᠠᠯᠠᠬᠤ ᠳᠤ᠂ ᠳᠡᠯᠡᠬᠡᠶ ᠶᠢᠨ ᠲᠡᠷᠢᠭᠦᠨ ᠤ ᠤᠯᠤᠰ ᠤᠨ ᠵᠠᠰᠠᠮᠠᠯ ᠵᠠᠮ ᠤᠨ ᠲᠣᠣᠷ ᠢ ᠥᠨᠳᠥᠷ ᠲᠦᠪᠰᠢᠨ ᠢᠶᠠᠷ ᠪᠠᠶᠢᠭᠤᠯᠵᠤ᠂ ᠣᠳᠣᠬᠢᠴᠢᠯᠠᠭᠰᠠᠨ ᠴᠢᠨᠠᠷ ᠰᠠᠶᠢᠲᠠᠶ ᠤᠯᠤᠰ ᠤᠨ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠲᠣᠣᠷ ᠲᠠᠢ ᠵᠣᠬᠢᠴᠠᠭᠤᠯᠵᠤ᠂ ᠲᠡᠷᠢᠭᠦᠨ ᠤ ᠮᠡᠳᠡᠭᠡ ᠵᠠᠩᠭᠢ ᠶᠢᠨ ᠰᠦᠯᠵᠢᠶ᠎ᠡ ᠲᠠᠢ ᠠᠭᠤᠰᠤᠯᠴᠠᠭᠤᠯᠵᠤ᠂ ᠠᠮᠢ ᠠᠬᠤᠶ ᠶᠢᠨ ᠪᠣᠯᠪᠠᠰᠤᠨ ᠲᠠᠢ ᠵᠣᠬᠢᠴᠠᠭᠤᠯᠵᠤ᠂ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠲᠠᠢ ᠨᠢᠭᠡᠳᠬᠡᠵᠦ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠲᠠᠢ ᠵᠣᠬᠢᠴᠠᠭᠤᠯᠵᠤ᠂ ᠣᠳᠣᠬᠢᠴᠢᠯᠠᠭᠰᠠᠨ ᠠᠵᠤ ᠠᠬᠤᠶ ᠶᠢᠨ ᠰᠢᠰᠲ᠋ᠧᠮ ᠪᠣᠯᠤᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠬᠦᠴᠦᠲᠡᠶ ᠲᠤᠯᠭᠠᠭᠤᠷᠢᠯᠠᠨ᠎ᠠ᠃      ᠭᠤᠷᠪᠠ ᠳᠤ᠂ ᠲᠥᠯᠥᠪᠵᠢᠭᠦᠯᠭᠡ ᠶᠢᠨ ᠲᠥᠰᠦᠯ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠤᠯᠭᠠᠭᠤᠷᠢᠯᠠᠨ ᠪᠠᠶᠢᠭᠤᠯᠬᠤ᠂ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠪᠠ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢ ᠠᠬᠢᠭᠤᠯᠬᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠵᠡᠷᠭᠡ ᠤᠯᠤᠰ ᠤᠨ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠵᠡᠷᠭᠡ ᠲᠠᠯ᠎ᠠ ᠠᠴᠠ ᠵᠠᠮ ᠤᠨ ᠲᠤᠤᠷ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ ᠲᠡᠭᠦᠯᠳᠡᠷᠵᠢᠭᠦᠯᠦᠨ᠎ᠡ᠃ ᠲᠣᠬᠢᠷᠠᠭᠤᠯᠤᠯᠲᠠ ᠬᠢᠭᠰᠡᠨ ᠤ ᠳᠠᠷᠠᠭ᠎ᠠ ᠤᠯᠤᠰ ᠤᠨ ᠵᠠᠰᠠᠮᠠᠯ ᠵᠠᠮ ᠤᠨ ᠲᠤᠤᠷ ᠤᠨ ᠲᠥᠯᠥᠪᠵᠢᠭᠦᠯᠭᠡ ᠶᠢᠨ ᠪᠥᠬᠦ ᠣᠷᠳᠣ ᠨᠢ ᠪᠠᠷᠤᠭ 46.1 ᠲᠦᠮᠡᠨ ᠺᠢᠯᠣᠮᠧᠲᠷ ᠪᠣᠯᠤᠨ᠎ᠠ᠃ ᠡᠭᠦᠨ ᠳᠤ᠂ ᠤᠯᠤᠰ ᠤᠨ ᠳᠡᠭᠡᠳᠦ ᠬᠤᠷᠳᠤ ᠶᠢᠨ ᠵᠠᠰᠠᠮᠠᠯ ᠵᠠᠮ ᠪᠠᠷᠤᠭ 16.2 ᠲᠦᠮᠡᠨ ᠺᠢᠯᠣᠮᠧᠲᠷ ︵ᠠᠯᠤᠰ ᠢ ᠪᠠᠷᠠᠯᠠᠬᠤ ᠱᠤᠭᠤᠮ ᠪᠠᠷᠤᠭ 0.8 ᠲᠦᠮᠡᠨ ᠺᠢᠯᠣᠮᠧᠲᠷ ᠪᠠᠭᠲᠠᠨ᠎ᠠ︶ ᠪᠠᠶᠢᠵᠤ᠂ ᠡᠩ ᠤᠨ ᠤᠯᠤᠰ ᠤᠨ ᠵᠠᠮ ᠤᠨ ᠲᠤᠤᠷ ᠤᠨ ᠲᠥᠯᠥᠪᠵᠢᠭᠦᠯᠦᠭᠰᠡᠨ ᠵᠠᠮ ᠤᠨ ᠣᠷᠳᠣ ᠪᠠᠷᠤᠭ 29.9 ᠲᠦᠮᠡᠨ ᠺᠢᠯᠣᠮᠧᠲᠷ ᠪᠠᠶᠢᠨ᠎ᠠ᠃      ᠳᠥᠷᠪᠡ ᠳᠤ᠂ ᠲᠥᠯᠥᠪᠵᠢᠭᠦᠯᠭᠡ ᠶᠢᠨ ᠬᠡᠷᠡᠭᠵᠢᠭᠦᠯᠦᠯᠲᠡ᠂ ᠢᠷᠡᠭᠡᠳᠦᠶ ᠶᠢᠨ ᠪᠥᠲᠥᠭᠡᠨ ᠪᠠᠶᠢᠭᠤᠯᠤᠯᠲᠠ ᠶᠢᠨ ᠬᠡᠷᠡᠭᠴᠡᠭᠡ ᠱᠠᠭᠠᠷᠳᠠᠯᠭ᠎ᠠ ᠵᠢᠴᠢ ᠣᠶᠢᠷ᠎ᠠ ᠶᠢᠨ ᠬᠤᠭᠤᠴᠠᠭᠠᠨ ᠤ ᠬᠡᠷᠡᠭᠵᠢᠭᠦᠯᠬᠦ ᠭᠤᠤᠯᠳᠠᠯᠭ᠎ᠠ ᠶᠢ ᠳᠤᠷᠠᠳᠤᠭᠰᠠᠨ ᠪᠥᠭᠡᠳ ᠬᠡᠷᠡᠭᠵᠢᠭᠦᠯᠬᠦ ᠱᠠᠭᠠᠷᠳᠠᠯᠭ᠎ᠠ ᠳᠤᠷᠠᠳᠪᠠ᠃      ᠲᠠᠪᠤ ᠳᠤ᠂ ᠣᠷᠴᠢᠨ ᠠᠬᠤᠢ ᠶᠢᠨ ᠨᠥᠯᠥᠭᠡᠯᠡᠯ ᠵᠢᠴᠢ ᠠᠷᠭᠠᠴᠠᠭᠠᠬᠤ ᠪᠤᠳᠤᠯᠭ᠎ᠠ᠂ ᠭᠤᠣᠯᠳᠠᠭᠤ ᠲᠥᠯᠥᠪᠵᠢᠭᠦᠯᠭᠡ ᠶᠢᠨ ᠬᠡᠷᠡᠭᠵᠢᠭᠦᠯᠦᠯᠲᠡ ᠶᠢᠨ ᠣᠷᠴᠢᠨ ᠠᠬᠤᠢ ᠶᠢᠨ ᠨᠥᠯᠥᠭᠡᠯᠡᠯ ᠤᠨ ᠵᠠᠳᠠᠯᠤᠯᠲᠠ᠂ ᠨᠥᠯᠥᠭᠡᠯᠡᠯ ᠤᠨ ᠦᠨᠡᠯᠡᠯᠲᠡ ᠵᠢᠴᠢ ᠣᠷᠴᠢᠨ ᠠᠬᠤᠢ ᠶᠢᠨ ᠮᠠᠭᠤ ᠨᠥᠯᠥᠭᠡᠯᠡᠯ ᠢ ᠤᠷᠢᠳᠴᠢᠯᠠᠨ ᠰᠡᠷᠭᠡᠶᠢᠯᠡᠬᠦ ᠪᠠ ᠪᠠᠭᠠᠰᠬᠠᠬᠤ ᠠᠷᠭᠠᠴᠠᠭᠠᠬᠤ ᠪᠤᠳᠤᠯᠭ᠎ᠠ ᠪᠠᠭᠲᠠᠨ᠎ᠠ᠃      ᠵᠢᠷᠭᠤᠭ᠎ᠠ ᠳᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ᠂ ᠲᠥᠯᠥᠪᠵᠢᠭᠦᠯᠭᠡ ᠶᠢᠨ ᠡᠮᠬᠢ ᠵᠢᠷᠤᠮ ᠲᠠᠢ ᠬᠡᠷᠡᠭᠵᠢᠭᠦᠯᠦᠭᠳᠡᠬᠦ ᠶᠢ ᠪᠠᠲᠤᠯᠠᠬᠤ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃       ᠬᠠᠮᠢᠶ᠎ᠠ ᠪᠦᠬᠦᠢ ᠲᠥᠷᠦ ᠶᠢᠨ ᠪᠣᠳᠤᠯᠭ᠎ᠠ᠄ ︽ᠤᠯᠤᠰ ᠤᠨ ᠵᠠᠰᠠᠮᠠᠯ ᠵᠠᠮ ᠤᠨ ᠲᠣᠣᠷ ᠤᠨ ᠲᠥᠯᠥᠪᠵᠢᠭᠦᠯᠭᠡ ︾ ᠶᠢ ᠳᠠᠷᠤᠮᠠᠯᠯᠠᠨ ᠲᠠᠷᠬᠠᠭᠠᠬᠤ ᠲᠤᠬᠠᠶ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ  ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠮᠡᠳᠡᠭᠳᠡᠯ
 
ᠢᠷᠡᠯᠲᠡ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号