ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠷᠦᠩᠬᠡᠶ ᠠᠩᠭᠢ
ᠨᠡᠶᠢᠲᠡᠯᠡᠭᠰᠡᠨ ᠴᠠᠭ᠄
2022/7/21
     ᠨᠢᠭᠡ᠂ ᠵᠠᠰᠠᠮᠠᠯ ᠵᠠᠮ ᠤᠰᠤᠨ ᠵᠠᠮ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠲᠦᠷᠢᠮ ᠲᠣᠭᠲᠠᠭᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ  ᠤ ᠬᠠᠤᠯᠢ ᠬᠡᠷᠡᠭᠵᠢᠭᠦᠯᠬᠦ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠲᠦᠷᠢᠮ ᠲᠣᠭᠲᠠᠭᠠᠯ᠂ ᠲᠥᠷᠥ  ᠶᠢᠨ ᠪᠣᠳᠣᠯᠭ᠎ᠠ᠂ ᠲᠦᠷᠢᠮ ᠪᠠ ᠪᠠᠷᠢᠮᠵᠢᠶ᠎ᠠ ᠶᠢ ᠲᠤᠭᠤᠷᠪᠢᠬᠤ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠰᠤᠨ ᠵᠠᠮ ᠤᠨ ᠦᠶᠯᠡᠰ ᠤᠨ ᠬᠥᠭᠵᠢᠯᠲᠡ ᠶᠢᠨ ᠬᠠᠮᠢᠶ᠎ᠠ ᠪᠥᠬᠦᠶ ᠲᠥᠯᠥᠪᠵᠢᠭᠦᠯᠭᠡ ᠶᠢ ᠳᠤᠭᠤᠷᠪᠢᠨ ᠲᠣᠭᠲᠠᠭᠠᠬᠤ ᠳᠤ ᠣᠷᠣᠯᠴᠠᠨ᠎ᠠ᠃      ᠬᠤᠶᠠᠷ᠂ ᠥᠪᠡᠷᠲᠡᠭᠡᠨ ᠵᠠᠰᠠᠬᠤ ᠣᠷᠣᠨ ᠤ ᠳᠡᠭᠡᠳᠦ ᠬᠤᠷᠳᠤ ᠶᠢᠨ ᠵᠠᠰᠠᠮᠠᠯ ᠵᠠᠮ ᠪᠣᠯᠤᠨ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠷᠬᠡ ᠮᠡᠳᠡᠯ ᠤᠨ ᠳᠣᠲᠣᠷᠠᠬᠢ ᠨᠢᠭᠡᠳᠦᠭᠡᠷ ᠳᠡᠰ ᠤᠨ ᠵᠠᠰᠠᠮᠠᠯ ᠵᠠᠮ ᠤᠨ ᠶᠠᠪᠤᠳᠠᠯ᠂ ᠬᠡᠮᠵᠢᠶ᠎ᠡ ᠠᠴᠠ ᠭᠡᠲᠦᠷᠡᠭᠦᠯᠦᠭᠰᠡᠨ ᠢ ᠵᠠᠰᠠᠬᠤ᠂ ᠰᠦᠢᠳᠬᠡᠯ ᠲᠠᠲᠠᠪᠤᠷᠢᠯᠠᠬᠤ ᠵᠡᠷᠭᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠵᠤ᠂ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠬᠠᠮᠢᠶ᠎ᠠ ᠪᠦᠬᠦᠢ ᠠᠵᠢᠯ ᠢ ᠬᠠᠮᠵᠢᠯᠴᠠᠨ ᠥᠷᠨᠢᠭᠦᠯᠦᠨ᠎ᠡ᠃      ᠭᠤᠷᠪᠠ᠂ ᠡᠷᠬᠡ ᠮᠡᠳᠡᠯ ᠤᠨ ᠳᠣᠲᠣᠷᠠᠬᠢ ᠵᠠᠰᠠᠮᠠᠯ ᠵᠠᠮ ᠤᠰᠤᠨ ᠵᠠᠮ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠪᠣᠯᠤᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ᠂ ᠵᠠᠮ ᠲᠡᠭᠡᠭᠡᠪᠦᠷᠢ ᠶᠢᠨ ᠶᠠᠪᠤᠳᠠᠯ᠂ ᠤᠰᠤᠨ ᠵᠠᠮ  ᠤᠨ ᠲᠡᠭᠡᠭᠡᠪᠦᠷᠢ ᠶᠢᠨ ᠶᠠᠪᠤᠳᠠᠯ᠂ ᠠᠶᠠᠯᠠᠯ ᠤᠨ ᠵᠠᠮ ᠤᠨ ᠵᠠᠰᠠᠭ ᠵᠠᠬᠢᠷᠭᠠᠨ᠂ ᠣᠷᠣᠨ ᠨᠤᠲᠤᠭ ᠤᠨ ᠳᠠᠯᠠᠶ ᠶᠢᠨ ᠶᠠᠪᠤᠳᠠᠯ ᠤᠨ ᠵᠠᠰᠠᠭ ᠵᠠᠬᠢᠷᠭᠠᠨ᠂ ᠣᠩᠭᠤᠴᠠ ᠰᠠᠯ ᠢ ᠪᠠᠶᠢᠴᠠᠭᠠᠨ ᠬᠡᠮᠵᠢᠵᠦ ᠬᠢᠨᠠᠯᠲᠠ ᠲᠠᠯᠪᠢᠬᠤ᠂ ᠠᠮᠤᠷ ᠲᠥᠪᠰᠢᠨ ᠤ ᠬᠢᠨᠠᠯᠲᠠ ᠬᠠᠮᠢᠶᠠᠷᠤᠯᠲᠠ ᠵᠡᠷᠭᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃      ᠳᠥᠷᠪᠡ᠂ ᠬᠠᠷᠢᠶ᠎ᠠ ᠪᠦᠬᠦᠢ ᠵᠠᠰᠠᠮᠠᠯ ᠵᠠᠮ ᠤᠨ ᠬᠤᠶᠠᠷ ᠬᠠᠵᠠᠭᠤ ᠶᠢᠨ ᠪᠠᠷᠢᠯᠭ᠎ᠠ ᠡᠵᠡᠮᠳᠡᠬᠦ ᠣᠷᠣᠨ᠂ ᠵᠠᠰᠠᠮᠠᠯ ᠵᠠᠮ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠣᠷᠣᠨ ᠢ ᠬᠠᠷᠢᠭᠤᠴᠠᠨ ᠬᠠᠮᠢᠶᠠᠷᠴᠤ᠂ ᠵᠠᠰᠠᠮᠠᠯ ᠵᠠᠮ ᠤᠨ ᠬᠠᠮᠢᠶᠠᠷᠤᠯᠲᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠠᠴᠠ ᠵᠦᠷᠢᠴᠡᠭᠰᠡᠨ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃      ᠲᠠᠪᠤ᠂ ᠪᠥᠬᠦ ᠣᠷᠣᠨ ᠤ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠣᠣᠷᠵᠢᠭᠤᠯᠤᠨ ᠰᠦᠶᠳᠬᠡᠯ ᠬᠤᠷᠢᠶᠠᠬᠤ  ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠪᠤᠰᠤᠳ ᠰᠦᠶᠳᠬᠡᠯ ᠬᠤᠷᠢᠶᠠᠬᠤ ᠵᠠᠰᠠᠮᠠᠯ ᠵᠠᠮ ᠤᠨ ᠰᠦᠶᠳᠬᠡᠯ ᠬᠤᠷᠢᠶᠠᠬᠤ ᠶᠢᠨ ᠬᠢᠨᠠᠯᠲᠠ ᠬᠠᠮᠢᠶᠠᠷᠤᠯᠲᠠ ᠶᠢᠨ ᠮᠡᠷᠭᠡᠵᠢᠯ ᠤᠨ ᠲᠤᠯᠭᠠᠭᠤᠷᠢᠯᠠᠯ ᠪᠠ ᠲᠤᠰᠠᠯᠠᠬᠤ ᠠᠵᠢᠯ ᠢ ᠡᠭᠦᠷᠭᠡᠯᠡᠨ᠎ᠡ᠃      ᠵᠢᠷᠭᠤᠭ᠎ᠠ᠂ ᠲᠤᠰ ᠱᠠᠲᠤᠨ ᠤ ᠬᠠᠤᠯᠢ ᠬᠡᠷᠡᠭᠵᠢᠭᠦᠯᠬᠦ ᠡᠩᠨᠡᠭᠡᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠬᠠᠤᠯᠢ ᠬᠡᠷᠡᠭᠵᠢᠭᠦᠯᠬᠦ ᠠᠵᠢᠯ ᠤᠨ ᠲᠤᠬᠠᠶᠢᠯᠠᠭᠰᠠᠨ ᠠᠵᠢᠯ ᠤᠨ ᠵᠢᠷᠤᠮᠵᠢᠯ ᠪᠣᠯᠤᠨ ᠬᠠᠮᠢᠶᠠᠷᠤᠯᠲᠠ  ᠶᠢᠨ ᠳᠦᠷᠢᠮ ᠢ ᠰᠤᠳᠤᠯᠤᠨ ᠲᠣᠭᠲᠠᠭᠠᠵᠤ᠂ ᠬᠠᠮᠢᠶ᠎ᠠ ᠪᠦᠬᠦᠢ ᠪᠣᠯᠪᠠᠰᠤᠷᠠᠭᠤᠯᠤᠯ᠂ ᠬᠢᠨᠠᠨ ᠰᠢᠯᠭᠠᠬᠤ ᠵᠡᠷᠭᠡ ᠠᠵᠢᠯ  ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ᠳᠣᠯᠤᠭ᠎ᠠ᠂ ᠲᠢᠩᠬᠢᠮ ᠤᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠠᠵᠢᠯᠯᠠᠭᠠᠨ ᠢ ᠬᠢᠨᠠᠨ ᠬᠡᠮᠵᠢᠬᠦ᠂ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠤᠯᠭ᠎ᠠ ᠶᠢᠨ ᠬᠠᠮᠢᠶ᠎ᠠ ᠪᠦᠬᠦᠢ ᠮᠡᠷᠭᠡᠵᠢᠯ ᠤᠨ ᠲᠤᠯᠭᠠᠭᠤᠷᠢᠯᠠᠯ ᠪᠠ ᠲᠤᠰᠠᠯᠠᠬᠤ ᠠᠵᠢᠯ ᠢ ᠡᠭᠦᠷᠭᠡᠯᠡᠨ᠎ᠡ᠃      ᠨᠠᠶᠮᠠ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠲᠤᠰᠢᠶᠠᠨ ᠭᠦᠶᠴᠡᠳᠬᠡᠯᠭᠡᠬᠦ ᠪᠤᠰᠤᠳ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃      ᠪᠠᠶᠢᠭᠤᠯᠤᠮᠵᠢ ᠶᠢᠨ ᠪᠠᠶᠢᠷᠢᠯᠠᠭᠤᠯᠤᠯᠲᠠ᠄      ᠳᠣᠲᠣᠭᠠᠳᠤ ᠳᠤ ᠪᠠᠨ 15 ᠵᠢᠩᠬᠢᠨᠢ ᠰᠠᠯᠠᠭᠠᠨ ᠤ ᠲᠠᠰ ᠤᠨ ᠪᠠᠶᠢᠭᠤᠯᠤᠮᠵᠢ ᠲᠣᠬᠢᠷᠠᠭᠤᠯᠵᠤ᠄ ᠠᠯᠪᠠᠨ ᠬᠡᠷ᠂ ᠠᠵᠢᠯᠲᠠᠨ ᠤ ᠰᠠᠯᠠᠭ᠎ᠠ ︵ᠨᠠᠮ ᠪᠠ ᠣᠯᠠᠨ ᠲᠦᠮᠡᠨ ᠤ ᠠᠵᠢᠯ ᠤᠨ ᠰᠠᠯᠠᠭ᠎ᠠ︶᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠠᠰᠤᠭ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠰᠠᠯᠠᠭ᠎ᠠ᠂ ᠡᠳ᠋ ᠤᠨ ᠶᠠᠪᠤᠳᠠᠯ ᠤᠨ ᠰᠠᠯᠠᠭ᠎ᠠ᠂ ᠵᠠᠮ ᠤᠨ ᠶᠠᠪᠤᠳᠠᠯ ᠤᠨ ᠬᠠᠮᠢᠶᠠᠷᠤᠯᠲᠠ ᠶᠢᠨ ᠰᠠᠯᠠᠭ᠎ᠠ᠂ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠰᠠᠯᠠᠭ᠎ᠠ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠰᠠᠯᠠᠭ᠎ᠠ᠂ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠰᠠᠯᠠᠭ᠎ᠠ᠂ ᠵᠠᠮ ᠲᠡᠭᠡᠭᠡᠪᠦᠷᠢ ᠶᠢᠨ ᠶᠠᠪᠤᠳᠠᠯ ᠤᠨ ᠰᠠᠯᠠᠭ᠎ᠠ᠂ ᠤᠰᠤᠨ ᠲᠡᠭᠡᠭᠡᠪᠦᠷᠢ ᠶᠢᠨ ᠲᠡᠯᠡᠶ ᠶᠢᠨ ᠶᠠᠪᠤᠳᠠᠯ ᠤᠨ ᠣᠩᠭᠤᠴᠠ ᠪᠠᠶᠢᠴᠠᠭᠠᠬᠤ ᠰᠠᠯᠠᠭ᠎ᠠ᠂ ᠰᠦᠶᠳᠬᠡᠯ ᠬᠤᠷᠢᠶᠠᠬᠤ ᠬᠠᠮᠢᠶᠠᠷᠤᠯᠲᠠ ᠶᠢᠨ ᠰᠠᠯᠠᠭ᠎ᠠ᠂ ᠲᠣᠬᠢᠷᠠᠭᠤᠯᠬᠤ ᠰᠠᠯᠠᠭ᠎ᠠ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ᠂ ᠬᠠᠤᠯᠢ ᠬᠡᠷᠡᠭᠵᠢᠭᠦᠯᠬᠦ ᠲᠣᠨᠤᠭ ᠲᠥᠬᠦᠭᠡᠷᠦᠮᠵᠢ ᠬᠢᠭᠡᠳ ᠮᠡᠷᠭᠡᠵᠢᠯ ᠤᠨ ᠬᠠᠮᠢᠶᠠᠷᠤᠯᠲᠠ ᠶᠢᠨ ᠰᠠᠯᠠᠭ᠎ᠠ ᠪᠣᠯᠤᠨ᠎ᠠ᠃      ᠶᠡᠷᠦᠩᠬᠡᠶ ᠠᠩᠭᠢ ᠶᠢᠨ ᠳᠣᠣᠷ᠎ᠠ 13 ᠰᠠᠯᠪᠤᠷᠢ ᠠᠩᠭᠢ ᠲᠣᠬᠢᠷᠠᠭᠤᠯᠵᠤ᠂ ᠲᠤᠬᠠᠶᠢᠯᠠᠪᠠᠯ ᠨᠢᠭᠡᠳᠦᠭᠡᠷ ᠰᠠᠯᠪᠤᠷᠢ ᠠᠩᠭᠢ᠂ ᠬᠤᠶᠠᠳᠤᠭᠠᠷ ᠰᠠᠯᠪᠤᠷᠢ ᠠᠩᠭᠢ…… ᠭᠡᠬᠦ ᠮᠡᠲᠦ ᠪᠠᠷ ᠠᠷᠪᠠᠨ ᠭᠤᠷᠪᠠᠳᠤᠭᠠᠷ ᠰᠠᠯᠪᠤᠷᠢ ᠠᠩᠭᠢ ᠬᠦᠷᠲᠡᠯ᠎ᠡ ᠪᠠᠶᠢᠵᠤ᠂ ᠳᠡᠳ᠋ ᠭᠠᠵᠠᠷ ᠤᠨ ᠳᠡᠰ ᠤᠨ ᠠᠵᠢᠯ ᠦᠢᠯᠡᠰ ᠤᠨ ᠨᠢᠭᠡᠴᠢ ᠲᠠᠢ ᠲᠡᠩᠴᠡᠨ᠎ᠡ᠃      13 ᠰᠠᠯᠪᠤᠷᠢ ᠠᠩᠭᠢ ᠶᠢᠨ ᠳᠣᠣᠷ᠎ᠠ ᠨᠢ 158 ᠶᠡᠭᠡ ᠠᠩᠭᠢ ᠲᠣᠬᠢᠷᠠᠭᠤᠯᠵᠤ᠂ ᠵᠢᠩᠬᠢᠨᠢ ᠰᠠᠯᠠᠭᠠᠨ ᠤ ᠳᠡᠰ  ᠤᠨ ᠠᠵᠢᠯ ᠦᠢᠯᠡᠰ ᠤᠨ ᠨᠢᠭᠡᠴᠢ ᠲᠠᠢ ᠲᠡᠩᠴᠡᠨ᠎ᠡ᠃      13 ᠰᠠᠯᠪᠤᠷᠢ ᠠᠩᠭᠢ ᠨᠢ ᠲᠣᠰ ᠲᠣᠰ ᠵᠢᠩᠬᠢᠨᠢ ᠰᠠᠯᠠᠭᠠᠨ ᠤ ᠲᠠᠰ ᠲᠠᠢ ᠲᠡᠩᠴᠡᠬᠦ 9 ᠳᠣᠲᠣᠭᠠᠳᠤ ᠪᠠᠶᠢᠭᠤᠯᠤᠮᠵᠢ ᠲᠣᠬᠢᠷᠠᠭᠤᠯᠵᠤ᠂ ᠲᠤᠬᠠᠶᠢᠯᠠᠪᠠᠯ᠄ ᠠᠯᠪᠠᠨ ᠬᠡᠷ᠂ ᠠᠵᠢᠯᠲᠠᠨ ᠤ ᠰᠠᠯᠠᠭ᠎ᠠ ︵ᠨᠠᠮ ᠪᠠ ᠣᠯᠠᠨ ᠲᠦᠮᠡᠨ  ᠤ ᠠᠵᠢᠯ ᠤᠨ ᠰᠠᠯᠠᠭ᠎ᠠ︶᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠠᠰᠤᠭ᠂ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠰᠠᠯᠠᠭ᠎ᠠ᠂ ᠡᠳ᠋ ᠤᠨ ᠶᠠᠪᠤᠳᠠᠯ ᠬᠢᠭᠡᠳ ᠲᠣᠨᠤᠭ ᠲᠥᠬᠦᠭᠡᠷᠦᠮᠵᠢ ᠶᠢᠨ ᠰᠠᠯᠠᠭ᠎ᠠ᠂ ᠵᠠᠮ ᠤᠨ ᠶᠠᠪᠤᠳᠠᠯ ᠤᠨ ᠬᠠᠮᠢᠶᠠᠷᠤᠯᠲᠠ ᠶᠢᠨ ᠰᠠᠯᠠᠭ᠎ᠠ᠂ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠰᠠᠯᠠᠭ᠎ᠠ᠂ ᠰᠦᠶᠳᠬᠡᠯ ᠬᠤᠷᠢᠶᠠᠬᠤ ᠬᠠᠮᠢᠶᠠᠷᠤᠯᠲᠠ ᠶᠢᠨ ᠰᠠᠯᠠᠭ᠎ᠠ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠪᠣᠯᠤᠨ᠎ᠠ᠃      ᠠᠯᠪᠠᠨ ᠬᠠᠶ᠋ᠢᠭ᠄ ᠬᠥᠬᠡᠬᠤᠲᠠ ᠶᠢᠨ ᠢᠦᠶ ᠴᠢᠤᠸᠠᠨ ᠲᠣᠭᠤᠷᠢᠭ ᠤᠨ ᠣᠷᠳᠣᠰ ᠶᠡᠭᠡ ᠵᠡᠭᠡᠯᠢ ᠶᠢᠨ ᠱᠢ ᠳ᠋ᠦᠩ ᠵᠠᠮ ᠤᠨ 6 ᠳ᠋ᠤᠭᠠᠷ ᠨᠣᠮᠧᠷ      ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠷᠯᠦᠭᠡ ᠶᠢᠨ 9᠄ 00—12᠄00᠂  14᠄ 30 —17᠄ 30᠂ ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠢ ᠭᠠᠷᠭᠠᠨ᠎ᠠ            ᠬᠠᠷᠢᠯᠴᠠᠬᠤ ᠠᠷᠭ᠎ᠠ ᠮᠠᠶ᠋ᠢᠭ᠄ 0471 — 5973300      ᠬᠠᠷᠢᠭᠤᠴᠠᠯᠭᠠᠲᠠᠨ᠄ ᠸᠠᠩ ᠴᠦᠨ ᠯᠸᠢ 
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号