ᠭᠤᠤ ᠱᠢ ᠴᠢᠨ ᠪᠠᠶᠠᠨᠴᠠᠭᠠᠨ ᠠᠴᠠ ᠠᠨ ᠶᠧ ᠬᠦᠷᠬᠦ᠂ ᠠᠨ ᠶᠧ ᠠᠴᠠ ᠭᠦᠩᠵᠦ ᠶᠢᠨ ᠳᠠᠯᠠᠩ ᠬᠥᠷᠬᠦ ᠬᠡᠰᠡᠭ ᠤᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠦᠷᠦᠯ ᠵᠦᠢᠯ ᠳᠤ ᠲᠤᠬᠠᠢ ᠶᠢᠨ ᠲᠠᠯᠠᠪᠠᠢ ᠶᠢᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/8/10
     ᠪᠦᠬᠦ ᠣᠷᠣᠨ ᠤ ᠵᠠᠰᠠᠮᠠᠯ ᠵᠠᠮ ᠤᠨ ᠵᠠᠮ ᠬᠠᠷᠢᠯᠴᠠᠭᠠᠨ ᠤ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠦᠷᠭᠡᠳᠬᠡᠬᠦ ᠶᠢᠨ ᠲᠤᠰᠠᠳᠠ᠂ 8 ᠳ᠋ᠤᠭᠠᠷ ᠰᠠᠷ᠎ᠠ ᠶᠢᠨ 2 ᠤᠨ ᠡᠳᠦᠷ  ᠠᠴᠠ 3 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠤᠣ ᠱᠢ ᠴᠢᠨ ᠨᠡᠷ ᠡᠷᠢᠶᠡᠨ ᠠᠴᠠ ᠭᠤᠸᠠᠩᠵᠧᠦ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠵᠢᠨᠢᠩ ᠠᠴᠠ ᠠᠷᠤᠨ ᠬᠤᠰᠢᠭᠤ ᠬᠦᠷᠬᠦ ᠬᠠᠷᠢᠯᠴᠠᠬᠤ ᠱᠤᠭᠤᠮ ᠤᠨ ᠪᠠᠶᠠᠨᠴᠠᠭᠠᠨ ᠠᠴᠠ ᠠᠨ ᠶᠧ ᠬᠦᠷᠬᠦ᠂ ᠠᠨ ᠶᠧ ᠠᠴᠠ ᠭᠦᠩᠵᠦ ᠶᠢᠨ ᠳᠠᠯᠠᠩ ᠬᠦᠷᠬᠦ ᠬᠡᠰᠡᠭ ᠤᠨ ᠵᠠᠰᠠᠮᠠᠯ ᠵᠠᠮ ᠤᠨ ᠲᠥᠷᠥᠯ ᠵᠦᠢᠯ ᠳᠤ ᠲᠤᠬᠠᠶ ᠶᠢᠨ ᠲᠠᠯᠠᠪᠠᠶ ᠶᠢᠨ ᠪᠠᠶᠢᠴᠠᠭᠠᠨ ᠰᠤᠳᠤᠯᠤᠯᠲᠠ ᠬᠢᠪᠡ᠃      ᠪᠠᠶᠠᠨᠴᠠᠭᠠᠨ ᠠᠴᠠ ᠠᠨ ᠶᠧ ᠬᠥᠷᠬᠦ ᠬᠡᠰᠡᠭ ᠲᠤ ᠪᠠᠶᠢᠴᠠᠭᠠᠨ ᠰᠤᠳᠤᠯᠤᠯᠲᠠ ᠬᠢᠬᠦ ᠳᠤ ᠪᠠᠨ᠂ ᠭᠤᠤ ᠱᠢ ᠴᠢᠨ ᠲᠥᠷᠥᠯ ᠵᠦᠶᠯ ᠤᠨ ᠪᠦᠬᠦᠯᠢ ᠴᠣᠭᠴᠠ ᠶᠢᠨ ᠪᠠᠷᠢᠯᠭ᠎ᠠ ᠶᠢᠨ ᠠᠬᠢᠴᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠵᠠᠮ ᠤᠨ ᠰᠤᠪᠠᠭ ᠤᠨ ᠬᠠᠵᠠᠭᠤ ᠪᠠᠯ ᠤᠨ ᠰᠡᠷᠭᠡᠶᠢᠯᠡᠨ ᠬᠠᠮᠠᠭᠠᠯᠠᠬᠤ ᠵᠢᠷᠤᠭ ᠲᠥᠯᠥᠪᠯᠡᠭᠡ ᠶᠢᠨ ᠲᠥᠰᠦᠯ᠂ ᠪᠠᠷᠢᠯᠭ᠎ᠠ  ᠶᠢᠨ ᠶᠠᠰᠤ ᠴᠢᠨᠠᠷ ᠤᠨ ᠡᠵᠡᠮᠳᠡᠯ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠭᠤᠤ ᠱᠢ ᠴᠢᠨ ᠵᠢᠭᠠᠵᠤ ᠭᠠᠷᠭᠠᠭᠰᠠᠨ  ᠨᠢ᠂ ᠲᠥᠷᠥᠯ ᠵᠦᠶᠯ ᠤᠨ ᠶᠡᠷᠦᠩᠬᠡᠶ ᠴᠣᠭᠴᠠ ᠶᠢᠨ ᠵᠢᠭᠳᠡ ᠬᠡᠮᠵᠢᠶ᠎ᠡ ᠶᠢ ᠨᠡᠯᠢᠶᠡᠳ ᠰᠠᠶᠢᠨ ᠡᠵᠡᠮᠳᠡᠵᠦ᠂ ᠬᠡᠰᠡᠭ ᠬᠥᠭᠦᠷᠭᠡᠨ ᠦᠵᠦᠭᠦᠷ ᠤᠨ ᠰᠢᠶᠳᠪᠦᠷᠢᠯᠡᠯᠲᠡ ᠶᠢ ᠪᠠᠰᠠ ᠴᠢᠩᠭᠠᠳᠬᠠᠬᠤ ᠴᠢᠬᠤᠯᠠᠲᠠᠶ ᠪᠠᠶᠢᠨ᠎ᠠ︔ ᠲᠥᠷᠥᠯ ᠵᠦᠶᠯ  ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠶᠢᠨ ᠬᠠᠮᠲᠤ᠂ ᠡᠵᠡᠩᠨᠡᠯᠲᠡ ᠪᠣᠯᠤᠨ ᠪᠠᠷᠢᠯᠭ᠎ᠠ ᠶᠢᠨ ᠠᠵᠢᠯ ᠤᠨ ᠠᠮᠤᠷ ᠲᠥᠪᠰᠢᠨ ᠤ ᠠᠵᠢᠯ ᠢ ᠰᠠᠶᠢᠲᠤᠷ ᠠᠳᠬᠤᠵᠤ᠂ ᠪᠠᠷᠢᠯᠭ᠎ᠠ ᠶᠢᠨ ᠠᠵᠢᠯ ᠬᠢᠬᠦ ᠶᠢᠨ ᠳᠠᠭᠠᠤ ᠲᠡᠷᠭᠡ ᠨᠡᠪᠲᠡᠷᠡᠬᠦ ᠵᠠᠮ ᠤᠨ ᠬᠡᠰᠡᠭ ᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ ᠲᠡᠷᠭᠡ ᠶᠠᠪᠤᠭᠤᠯᠬᠤ ᠬᠤᠷᠳᠤᠴᠠ ᠵᠢᠴᠢ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠪᠠᠶᠢᠳᠠᠯ ᠢ ᠴᠢᠩᠭ᠎ᠠ ᠬᠢᠵᠠᠭᠠᠷᠯᠠᠵᠤ᠂ ᠠᠶᠤᠯᠭᠦᠢ ᠦᠶᠯᠡᠳᠪᠦᠷᠢᠯᠡᠯ ᠤᠨ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠡᠭᠦᠨ ᠤ ᠬᠠᠮᠲᠤ ᠭᠤᠤ ᠱᠢ ᠴᠢᠨ ᠬᠠᠮᠢᠶ᠎ᠠ ᠪᠦᠬᠦᠢ ᠭᠠᠷᠳᠠᠮ ᠢ ᠤᠷᠢᠳᠴᠢᠯᠠᠨ ᠭᠦᠢᠴᠡᠳᠬᠡᠵᠦ᠂ ᠲᠦᠷᠦᠯ ᠵᠦᠢᠯ ᠤᠨ ᠠᠵᠢᠯ ᠢᠶᠠᠨ ᠲᠤᠰᠢᠶᠠᠵᠤ ᠰᠢᠯᠭᠠᠨ ᠠᠪᠬᠤ᠂ ᠠᠰᠢᠭᠯᠠᠯᠲᠠ ᠳᠤ ᠣᠷᠣᠭᠤᠯᠬᠤ ᠶᠢ ᠡᠷᠲᠡᠬᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠠᠨ ᠶᠧ ᠠᠴᠠ ᠭᠦᠩᠵᠦ ᠶᠢᠨ ᠳᠠᠯᠠᠩ ᠬᠦᠷᠬᠦ ᠬᠡᠰᠡᠭ ᠲᠤ ᠪᠠᠶᠢᠴᠠᠭᠠᠨ ᠰᠤᠳᠤᠯᠤᠯᠲᠠ ᠬᠢᠬᠦ ᠳᠤ ᠪᠠᠨ᠂ ᠭᠤᠤ ᠱᠢ ᠴᠢᠨ ᠲᠦᠷᠦᠯ ᠵᠦᠢᠯ ᠤᠨ ᠲᠤᠬᠠᠢ ᠶᠢᠨ ᠴᠠᠭ ᠤᠨ ᠠᠬᠢᠴᠠ ᠶᠢᠨ ᠪᠠᠶᠢᠳᠠᠯ ᠢ ᠠᠰᠠᠭᠤᠨ ᠯᠠᠪᠯᠠᠵᠤ᠂ ᠮᠢᠩᠭᠠᠲᠤ ᠶᠢᠨ ᠬᠠᠷᠢᠯᠴᠠᠨ ᠨᠡᠪᠲᠡᠷᠡᠯᠴᠡᠬᠦ᠂ ᠤᠷᠢᠳᠴᠢᠯᠠᠨ ᠦᠢᠯᠡᠳᠦᠭᠰᠡᠨ ᠨᠢᠷᠤᠭᠤᠪᠴᠢ ᠶᠢᠨ ᠲᠠᠯᠠᠪᠠᠢ᠂ ᠳᠣᠣᠷᠠᠳᠤ ᠰᠠᠭᠤᠷᠢ ᠳᠠᠪᠬᠤᠷᠭ᠎ᠠ ᠶᠢ ᠳᠡᠯᠭᠡᠨ ᠳᠡᠪᠢᠰᠦᠭᠰᠡᠨ ᠲᠤᠬᠠᠢ ᠶᠢᠨ ᠲᠠᠯᠠᠪᠠᠢ ᠵᠡᠷᠭᠡ ᠬᠡᠳᠦᠨ ᠠᠵᠢᠯ ᠤᠨ ᠴᠡᠭ ᠪᠣᠯᠤᠨ ᠲᠦᠷᠦᠯ ᠵᠦᠢᠯ ᠤᠨ ᠠᠮᠤᠷ ᠲᠦᠪᠰᠢᠨ ᠤ ᠪᠡᠶᠡᠴᠢᠯᠡᠨ ᠣᠶᠢᠯᠠᠭᠠᠬᠤ ᠣᠷᠳᠣᠨ ᠢ ᠲᠤᠬᠠᠢ ᠶᠢᠨ ᠲᠠᠯᠠᠪᠠᠢ ᠳᠤ ᠨᠢ ᠪᠠᠶᠢᠴᠠᠭᠠᠨ ᠦᠵᠡᠪᠡ᠃ ᠭᠤᠤ ᠱᠢ ᠴᠢᠨ ᠴᠢᠬᠤᠯᠠᠴᠢᠯᠠᠭᠰᠠᠨ ᠨᠢ᠂ ᠶᠠᠰᠤ ᠴᠢᠨᠠᠷ ᠪᠠ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠤᠷᠢᠲᠠᠯ ᠳᠣᠤᠷ᠎ᠠ᠂ ᠪᠠᠷᠢᠯᠭ᠎ᠠ ᠶᠢᠨ ᠠᠬᠢᠴᠠ ᠶᠢ ᠴᠢᠷᠮᠠᠶᠢᠨ ᠲᠦᠷᠭᠡᠳᠬᠡᠵᠦ᠂ ᠪᠠᠷᠢᠯᠭ᠎ᠠ ᠶᠢᠨ ᠰᠢᠵᠢᠷ ᠠᠯᠲᠠᠨ ᠤᠯᠠᠷᠢᠯ ᠢ ᠰᠠᠶᠢᠲᠤᠷ ᠡᠵᠡᠮᠳᠡᠵᠦ᠂ ᠡᠨᠡ ᠵᠢᠯ ᠤᠨ ᠳᠣᠲᠤᠷ᠎ᠠ ᠪᠣᠳᠠᠲᠤ ᠴᠣᠭᠴᠠ ᠶᠢᠨ ᠪᠠᠷᠢᠯᠭ᠎ᠠ  ᠶᠢᠨ ᠬᠡᠮᠵᠢᠶ᠎ᠡ ᠶᠢ ᠠᠯᠢ ᠴᠢᠳᠠᠬᠤ ᠪᠠᠷ ᠢᠯᠡᠭᠦᠬᠡᠨ ᠪᠡᠶᠡᠯᠡᠭᠦᠯᠬᠦ ᠬᠡᠷᠡᠭᠲᠡᠶ᠃  ︵ᠯᠢ ᠴᠤᠤ︶
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号