ᠭᠤᠤ ᠱᠢ ᠴᠢᠨ 331 ᠱᠤᠭᠤᠮ ᠤᠨ ᠠᠷᠤ ᠨᠠᠭᠤᠷ ᠤᠨ ᠪᠦᠳᠦᠭᠦᠨ ᠠᠴᠠ ᠤᠯᠢᠶᠠᠰᠤᠲᠠᠢ ᠬᠦᠷᠬᠦ ᠵᠠᠰᠠᠮᠠᠯ ᠵᠠᠮ ᠤᠨ ᠲᠦᠷᠦᠯ ᠵᠦᠢᠯ ᠳᠤ ᠲᠤᠬᠠᠢ ᠶᠢᠨ ᠲᠠᠯᠠᠪᠠᠢ ᠶᠢᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/8/10
     8 ᠳ᠋ᠤᠭᠠᠷ ᠰᠠᠷ᠎ᠠ ᠶᠢᠨ 4 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠤᠤ ᠱᠢ ᠴᠢᠨ ᠨᠡᠷ 331 ᠤᠯᠤᠰ ᠤᠨ ᠵᠠᠮ ᠤᠨ ᠠᠷᠤ ᠨᠠᠭᠤᠷ ᠤᠨ ᠪᠦᠳᠦᠭᠦᠨ ᠠᠴᠠ ᠤᠯᠢᠶᠠᠰᠤᠲᠠᠢ ᠬᠥᠷᠬᠦ ᠵᠠᠰᠠᠮᠠᠯ ᠵᠠᠮ ᠤᠨ ᠲᠥᠷᠥᠯ ᠵᠦᠶᠯ ᠳᠤ ᠲᠤᠬᠠᠶ ᠶᠢᠨ ᠲᠠᠯᠠᠪᠠᠶ ᠶᠢᠨ ᠪᠠᠶᠢᠴᠠᠭᠠᠨ ᠰᠤᠳᠤᠯᠤᠯᠲᠠ ᠬᠢᠪᠠ᠃ ᠬᠡᠰᠡᠭ ᠪᠠᠷᠢᠯᠭ᠎ᠠ ᠶᠢᠨ ᠨᠢᠭᠡᠴᠢ ᠶᠢᠨ ᠲᠠᠯᠠᠪᠤᠷ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠪᠣᠯᠤᠨ ᠶᠠᠭ ᠪᠠᠷᠢᠵᠤ ᠪᠠᠶᠢᠭ᠎ᠠ ᠵᠠᠮ ᠤᠨ ᠰᠠᠭᠤᠷᠢ ᠬᠡᠰᠡᠭ᠂ ᠳᠣᠣᠷᠠᠳᠤ ᠰᠠᠭᠤᠷᠢ ᠳᠠᠪᠬᠤᠷᠭ᠎ᠠ ᠶᠢ ᠳᠡᠯᠭᠡᠨ ᠳᠡᠪᠢᠰᠦᠭᠰᠡᠨ ᠵᠡᠷᠭᠡ ᠪᠠᠶᠢᠳᠠᠯ ᠢ ᠪᠠᠶᠢᠴᠠᠭᠠᠨ ᠦᠵᠡᠭᠰᠡᠨ ᠤ ᠳᠠᠷᠠᠭ᠎ᠠ᠂ ᠭᠤᠤ ᠱᠢ ᠴᠢᠨ ᠲᠤᠬᠠᠶ ᠶᠢᠨ ᠲᠠᠯᠠᠪᠠᠶ ᠳᠤ ᠢᠯᠡᠷᠡᠭᠦᠯᠦᠭᠰᠡᠨ ᠠᠰᠠᠭᠤᠳᠠᠯ ᠪᠣᠯᠤᠨ ᠲᠠᠷᠠᠭᠠᠴᠢ ᠶᠢᠨ ᠠᠯᠬᠤᠮ ᠤᠨ ᠠᠵᠢᠯ ᠢ ᠰᠠᠶᠢᠲᠤᠷ ᠬᠢᠬᠦ ᠲᠤᠬᠠᠶ ᠪᠣᠳᠠᠲᠠᠶ ᠱᠠᠭᠠᠷᠳᠠᠯᠭ᠎ᠠ ᠳᠤᠷᠠᠳᠪᠠ᠄ ᠨᠢᠭᠡ ᠳᠤ᠂ ᠪᠠᠷᠢᠮᠵᠢᠶᠠᠵᠢᠭᠤᠯᠤᠨ ᠪᠠᠷᠢᠯᠭ᠎ᠠ ᠪᠠᠷᠢᠬᠤ ᠶᠢ ᠴᠢᠩᠭᠠᠳᠬᠠᠵᠤ᠂ ᠲᠥᠷᠥᠯ ᠵᠦᠶᠯ ᠤᠨ ᠮᠡᠳᠡᠭᠡ ᠵᠠᠩᠭᠢᠴᠢᠯᠠᠯᠲᠠ ᠶᠢᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ︔ ᠬᠤᠶᠠᠷ ᠲᠤ᠂ ᠪᠠᠷᠢᠯᠭ᠎ᠠ ᠶᠢᠨ ᠠᠵᠢᠯ ᠤᠨ ᠠᠮᠤᠷ ᠲᠦᠪᠰᠢᠨ ᠢ ᠴᠢᠩᠭᠠᠳᠬᠠᠵᠤ᠂ ᠪᠠᠷᠢᠯᠭ᠎ᠠ ᠶᠢᠨ ᠠᠵᠢᠯ ᠤᠨ ᠠᠵᠢᠯᠯᠠᠭᠠᠨ ᠤ ᠵᠢᠷᠤᠮᠵᠢᠯ ᠢ ᠵᠢᠷᠤᠮᠯᠠᠵᠤ᠂ ᠪᠠᠶᠢᠴᠠᠭᠠᠵᠤ ᠭᠠᠷᠭᠠᠭᠰᠠᠨ ᠠᠰᠠᠭᠤᠳᠠᠯ ᠳᠤ ᠴᠢᠭᠯᠡᠭᠦᠯᠦᠨ ᠳᠠᠷᠤᠶᠢᠬᠠᠨ ᠴᠡᠭᠴᠡᠯᠡᠨ ᠰᠠᠶᠢᠵᠢᠷᠠᠭᠤᠯᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠶ︔ ᠭᠤᠷᠪᠠ ᠳᠤ᠂ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠵᠢᠷᠤᠮᠵᠢᠭᠰᠠᠨ ᠱᠠᠭᠠᠷᠳᠠᠯᠭ᠎ᠠ ᠶᠣᠰᠣᠭᠠᠷ ᠨᠢᠷᠤᠭᠤ ᠬᠠᠪᠲᠠᠰᠤ ᠬᠠᠳᠠᠭᠠᠯᠠᠬᠤ ᠴᠠᠭ ᠢ ᠵᠣᠬᠢᠰᠲᠠᠶ ᠡᠵᠡᠮᠳᠡᠵᠦ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠢ ᠪᠠᠲᠤᠯᠠᠬᠤ ᠬᠡᠷᠡᠭᠲᠡᠶ︔ ᠲᠦᠷᠪᠡ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠠᠳᠬᠤᠵᠤ᠂ ᠲᠤᠬᠠᠢ ᠶᠢᠨ ᠲᠠᠯᠠᠪᠠᠢ ᠶᠢᠨ ᠬᠥᠮᠦᠰ ᠤᠨ ᠬᠠᠮᠢᠶᠠᠷᠤᠯᠲᠠ ᠶᠢ ᠴᠢᠩᠭᠠᠳᠬᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ︔ ᠲᠠᠪᠤ ᠳᠤ᠂ ᠠᠮᠢ ᠠᠬᠤᠶ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠂ ᠪᠠᠷᠢᠯᠭ᠎ᠠ ᠪᠠᠷᠢᠬᠤ ᠶᠠᠪᠤᠴᠠ ᠳᠤ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠵᠤ᠂ ᠲᠠᠯ᠎ᠠ ᠨᠤᠲᠤᠭ ᠤᠨ ᠭᠠᠵᠠᠷ ᠣᠷᠣᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠠᠮᠢ ᠠᠬᠤᠶ ᠶᠢᠨ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠶ︔ ᠵᠢᠷᠭᠤᠭ᠎ᠠ ᠳᠤ᠂ ᠪᠠᠷᠢᠯᠭ᠎ᠠ ᠶᠢᠨ ᠠᠬᠢᠴᠠ ᠶᠢ ᠦᠨᠳᠦᠰᠦᠯᠡᠨ᠂ ᠪᠠᠷᠢᠯᠭ᠎ᠠ ᠶᠢᠨ ᠠᠵᠢᠯ ᠤᠨ ᠵᠣᠬᠢᠶᠠᠨ ᠪᠠᠶᠢᠭᠤᠯᠤᠯᠲᠠ ᠶᠢᠨ ᠲᠣᠬᠢᠷᠠᠭᠤᠯᠤᠯᠲᠠ ᠶᠢ ᠵᠦᠶ ᠵᠣᠬᠢᠰᠲᠠᠶ ᠲᠣᠬᠢᠷᠠᠭᠤᠯᠬᠤ ᠶᠢᠨ ᠬᠠᠮᠲᠤ ᠰᠢᠯᠢᠳᠡᠭᠵᠢᠭᠦᠯᠵᠦ᠂ ᠪᠣᠷᠣᠭᠠᠨ ᠤ ᠤᠯᠠᠷᠢᠯ ᠵᠡᠷᠭᠡ ᠠᠰᠢᠭ ᠥᠬᠡᠶ ᠠᠭᠤᠷ ᠠᠮᠢᠰᠬᠤᠯ  ᠤᠨ ᠨᠥᠯᠥᠭᠡ ᠶᠢ ᠢᠯᠡᠨ ᠳᠠᠪᠠᠵᠤ᠂ ᠡᠨᠡ ᠵᠢᠯ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠬᠦ ᠬᠡᠷᠡᠭᠲᠡᠶ᠃  ︵ᠯᠢ ᠴᠤᠤ︶
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号