2022-08-10 11᠄ 54᠄ 03 ᠪᠣᠯᠲᠠᠯ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠰᠢᠨ᠎ᠡ ᠵᠠᠮ ᠤᠨ ᠪᠠᠶᠢᠳᠠᠯ ᠤᠨ ᠮᠡᠳᠡᠭᠡ ᠵᠠᠩᠭᠢ
ᠨᠡᠶᠢᠲᠡᠯᠡᠭᠰᠡᠨ ᠴᠠᠭ᠄
2022/8/10
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠰᠢᠨ᠎ᠡ ᠵᠠᠮ ᠤᠨ ᠪᠠᠶᠢᠳᠠᠯ ᠤᠨ ᠮᠡᠳᠡᠭᠡ ᠵᠠᠩᠭᠢ      2022-08-10 11:54:03      ᠥᠪᠥᠷ ᠮᠣᠩᠭᠤᠯ ᠤᠨ ᠴᠠᠩ ᠵᠢᠶᠧ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠣᠣᠷᠵᠢᠭᠤᠯᠤᠨ ᠰᠦᠢᠳᠬᠡᠯ ᠬᠤᠷᠢᠶᠠᠵᠤ ᠳ᠋ᠦᠩᠨᠡᠨ ᠪᠤᠳᠤᠬᠤ ᠬᠢᠵᠠᠭᠠᠷᠲᠤ ᠺᠣᠮᠫᠠᠨᠢ ᠲᠠᠨ ᠳᠤ ᠨᠡᠶᠢᠲᠡᠯᠡᠭᠰᠡᠨ ᠨᠢ᠄      ᠨᠢᠭᠡ᠂ G55 ᠡᠷᠢᠶᠡᠨ ᠠᠴᠠ ᠭᠤᠸᠠᠩᠵᠸᠦ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ      1. ᠵᠠᠮ ᠵᠠᠰᠠᠬᠤ ᠠᠴᠠ ᠪᠣᠯᠵᠤ᠂ ᠡᠷᠢᠶᠡᠨ ᠵᠦᠭ ᠶᠠᠪᠤᠬᠤ ᠲᠡᠷᠭᠡ ᠬᠥᠰᠬᠡ ᠰᠠᠶᠢᠬᠠᠨᠲᠠᠯ᠎ᠠ ᠶᠢᠨ ᠡᠮᠦᠨ᠎ᠡ ᠰᠦᠢᠳᠬᠡᠯ ᠬᠤᠷᠢᠶᠠᠬᠤ ᠥᠷᠲᠡᠭᠡ ᠪᠠᠷ ᠳᠡᠮᠵᠢᠨ ᠰᠠᠯᠵᠤ ᠭᠠᠷᠴᠤ᠂ 208 ᠤᠯᠤᠰ ᠤᠨ ᠵᠠᠮ ᠢ ᠲᠣᠭᠤᠷᠢᠨ ᠶᠠᠪᠤᠵᠤ ᠰᠠᠶᠢᠬᠠᠨᠲᠠᠯ᠎ᠠ ᠶᠢᠨ ᠬᠤᠶᠢᠲᠤ ᠰᠦᠢᠳᠬᠡᠯ ᠬᠤᠷᠢᠶᠠᠬᠤ ᠥᠷᠲᠡᠭᠡ ᠳᠤ ᠣᠷᠣᠨ᠎ᠠ︔ ᠲᠠᠶᠢᠶᠤᠸᠠᠨ ᠵᠦᠭ ᠶᠠᠪᠤᠬᠤ ᠲᠡᠷᠭᠡ ᠬᠥᠰᠬᠡ ᠰᠠᠶᠢᠬᠠᠨᠲᠠᠯ᠎ᠠ ᠶᠢᠨ ᠬᠤᠶᠢᠲᠤ ᠬᠡᠰᠡᠭ ᠤᠨ ᠰᠦᠢᠳᠬᠡᠯ ᠬᠤᠷᠢᠶᠠᠬᠤ ᠥᠷᠲᠡᠭᠡ ᠪᠠᠷ ᠳᠡᠮᠵᠢᠨ ᠰᠠᠯᠵᠤ ᠭᠠᠷᠴᠤ᠂ 208 ᠤᠯᠤᠰ ᠤᠨ ᠵᠠᠮ ᠢᠶᠠᠷ ᠳᠡᠮᠵᠢᠨ ᠰᠠᠶᠢᠬᠠᠨᠲᠠᠯ᠎ᠠ ᠶᠢᠨ ᠡᠮᠦᠨ᠎ᠡ ᠰᠦᠢᠳᠬᠡᠯ ᠬᠤᠷᠢᠶᠠᠬᠤ ᠥᠷᠲᠡᠭᠡ ᠠᠴᠠ G55 ᠳᠡᠭᠡᠳᠦ ᠬᠤᠷᠳᠤ ᠶᠢᠨ ᠵᠠᠰᠠᠮᠠᠯ ᠵᠠᠮ ᠳᠤ ᠣᠷᠤᠵᠤ ᠪᠣᠯᠣᠨ᠎ᠠ᠃      2. ᠲᠣᠨᠤᠭ ᠲᠥᠬᠦᠭᠡᠷᠦᠮᠵᠢ ᠶᠢᠨ ᠭᠡᠮᠲᠦᠯ ᠠᠴᠠ ᠪᠣᠯᠵᠤ᠂ ᠲᠤᠭ ᠤᠨ ᠠᠭᠤᠯᠠ ᠰᠦᠢᠳᠬᠡᠯ ᠬᠤᠷᠢᠶᠠᠬᠤ ᠥᠷᠲᠡᠭᠡ ᠶᠢᠨ ᠣᠷᠤᠴᠠ ᠪᠠᠷ ᠪᠠᠷᠠᠭᠠᠨ ᠤ ᠲᠡᠷᠭᠡ ᠶᠢᠨ ᠨᠡᠪᠲᠡᠷᠡᠬᠦ ᠶᠢ ᠴᠠᠭᠠᠵᠠᠯᠠᠨ᠎ᠠ᠃      ᠬᠤᠶᠠᠷ᠂ G5901 ᠬᠥᠬᠡᠬᠤᠲᠠ ᠶᠢᠨ ᠬᠤᠲᠠ ᠲᠣᠭᠤᠷᠢᠬᠤ ᠳᠡᠭᠡᠳᠦ ᠬᠤᠷᠳᠤ ᠶᠢᠨ ᠵᠠᠰᠠᠮᠠᠯ ᠵᠠᠮᠬᠢᠵᠢᠭ ᠤᠨ ᠪᠠᠶᠢᠳᠠᠯ ᠢ ᠬᠠᠮᠢᠶᠠᠷᠤᠨ ᠡᠵᠡᠮᠳᠡᠬᠦ ᠠᠴᠠ ᠪᠣᠯᠵᠤ᠂ ᠵᠢᠨᠱᠠᠨ᠂ ᠴᠠᠭᠠᠨ ᠰᠤᠪᠤᠷᠭ᠎ᠠ ᠶᠢᠨ ᠡᠯ᠎ᠡ ᠰᠦᠢᠳᠬᠡᠯ ᠬᠤᠷᠢᠶᠠᠬᠤ ᠥᠷᠲᠡᠭᠡ ᠶᠢᠨ ᠭᠠᠷᠴᠠ ᠣᠷᠤᠴᠠ ᠪᠠᠷ ᠪᠠᠷᠠᠭᠠᠨ ᠤ ᠲᠡᠷᠭᠡ ᠨᠡᠪᠲᠡᠷᠡᠬᠦ ᠶᠢ ᠴᠠᠭᠠᠵᠠᠯᠠᠵᠤ᠂ ᠵᠣᠣ ᠵᠢᠶᠦ᠋ᠨ᠂ ᠶᠢᠨ ᠾᠧ᠂ ᠭᠦᠸᠧ ᠵᠢᠶᠠ ᠶᠢᠩ ᠤᠨ ᠡᠯ᠎ᠡ ᠰᠦᠢᠳᠬᠡᠯ ᠬᠤᠷᠢᠶᠠᠬᠤ ᠥᠷᠲᠡᠭᠡ ᠶᠢᠨ ᠭᠠᠷᠴᠠ ᠣᠷᠤᠴᠠ ᠪᠠᠷ ᠠᠶᠠᠨᠴᠢᠳ ᠤᠨ ᠲᠡᠷᠭᠡ ᠨᠡᠪᠲᠡᠷᠡᠬᠦ ᠶᠢ ᠴᠠᠭᠠᠵᠠᠯᠠᠪᠠ᠃      ᠭᠤᠷᠪᠠ᠂ G6 ᠪᠡᠭᠡᠵᠢᠩ ᠠᠴᠠ ᠲᠥᠪᠡᠳ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ      1. ᠬᠢᠵᠢᠭ ᠤᠨ ᠪᠠᠶᠢᠳᠠᠯ ᠢ ᠬᠠᠮᠢᠶᠠᠷᠤᠨ ᠡᠵᠡᠮᠳᠡᠬᠦ ᠠᠴᠠ ᠪᠣᠯᠵᠤ᠂ ᠬᠥᠬᠡᠬᠤᠲᠠ ᠶᠢᠨ ᠵᠡᠭᠦᠨ᠂ ᠬᠥᠬᠡᠬᠤᠲᠠ᠂ ᠬᠥᠬᠡᠬᠤᠲᠠ ᠶᠢᠨ ᠪᠠᠷᠠᠭᠤᠨ᠂ ᠮᠤᠨᠠ ᠠᠭᠤᠯᠠ ᠶᠢᠨ ᠡᠯ᠎ᠡ ᠰᠦᠢᠳᠬᠡᠯ ᠬᠤᠷᠢᠶᠠᠬᠤ ᠥᠷᠲᠡᠭᠡ ᠪᠠᠷ ᠵᠥᠪᠬᠡᠨ ᠠᠶᠠᠨᠴᠢᠳ ᠤᠨ ᠲᠡᠷᠭᠡ ᠨᠡᠪᠲᠡᠷᠡᠬᠦ ᠶᠢ ᠵᠥᠪᠰᠢᠶᠡᠷᠡᠨ᠎ᠡ᠂ ᠪᠢᠴᠢᠭᠡᠴᠢ ᠪᠠᠷ ᠵᠥᠪᠬᠡᠨ ᠪᠠᠷᠠᠭᠠᠨ ᠤ ᠲᠡᠷᠭᠡ ᠨᠡᠪᠲᠡᠷᠡᠬᠦ ᠶᠢ ᠵᠥᠪᠰᠢᠶᠡᠷᠡᠨ᠎ᠡ᠃      2. ᠵᠠᠮ ᠵᠠᠰᠠᠬᠤ ᠠᠴᠠ ᠪᠣᠯᠵᠤ᠂ 8 ᠳ᠋ᠤᠭᠠᠷ ᠰᠠᠷ᠎ᠠ ᠶᠢᠨ 8 ᠤ ᠡᠳᠦᠷ ᠤᠨ 10 ᠴᠠᠭ ᠠᠴᠠ 11 ᠳ᠋ᠦ᠋ᠭᠡᠷ ᠰᠠᠷ᠎ᠠ ᠶᠢᠨ 8 ᠤ ᠡᠳᠦᠷ ᠪᠣᠯᠲᠠᠯ᠎ᠠ ᠪᠣᠷᠤ ᠬᠤᠰᠢᠭᠤ ᠬᠠᠷᠢᠯᠴᠠᠨ ᠨᠡᠪᠲᠡᠷᠡᠯᠴᠡᠬᠦ ᠠᠴᠠ ᠵᠢᠨᠱᠠᠨ ᠬᠠᠷᠢᠯᠴᠠᠨ ᠨᠡᠪᠲᠡᠷᠡᠯᠴᠡᠬᠦ ᠬᠦ᠋ᠷᠬᠦ K456-K499 ᠬᠡᠰᠡᠭ᠂ ᠪᠠᠷᠠᠭᠠᠨ ᠤ ᠲᠡᠷᠭᠡ ᠶᠢᠨ ᠨᠡᠪᠲᠡᠷᠡᠬᠦ ᠶᠢ ᠴᠠᠭᠠᠵᠠᠯᠠᠨ᠎ᠠ᠃ᠳᠥᠷᠪᠡ᠂ G1013 ᠬᠠᠶᠢᠯᠠᠷ ᠠᠴᠠ ᠵᠠᠩ ᠵᠢᠶᠠ ᠺᠧᠦ ᠬᠦᠷᠲᠡᠯᠡᠬᠢ ᠳᠡᠭᠡᠳᠦ ᠬᠤᠷᠳᠦ ᠶᠢᠨ ᠵᠠᠰᠠᠮᠠᠯ ᠵᠠᠮ       ᠪᠠᠷᠢᠯᠭ᠎ᠠ ᠶᠢᠨ ᠠᠵᠢᠯ ᠤᠨ ᠵᠠᠬᠢᠷᠤᠯᠲᠠ ᠠᠴᠠ ᠪᠣᠯᠵᠤ᠂ ᠰᠠᠩ ᠤᠨ ᠳᠠᠯᠠᠢ ᠶᠢᠨ ᠵᠡᠭᠦᠨ ᠰᠦᠢᠳᠬᠡᠯ ᠬᠤᠷᠢᠶᠠᠬᠤ ᠦᠷᠳᠡᠭᠡ ᠪᠣᠯᠣᠨ ᠰᠠᠩ ᠤᠨ ᠳᠠᠯᠠᠢ ᠶᠢᠨ ᠪᠠᠷᠠᠭᠤᠨ ᠰᠦᠢᠳᠬᠡᠯ ᠬᠤᠷᠢᠶᠠᠬᠤ ᠦᠷᠳᠡᠭᠡ ᠶᠢᠨ ᠵᠠᠮ ᠪᠢᠲᠡᠭᠦᠮᠵᠢᠯᠡᠭᠳᠡᠵᠦ᠂ ᠾᠧᠪᠧᠢ ᠵᠦᠭ ᠶᠠᠪᠤᠬᠤ ᠲᠡᠷᠭᠡ ᠬᠦᠰᠭᠡ ᠤᠷᠳᠤ ᠰᠦᠢᠳᠬᠡᠯ ᠬᠤᠷᠢᠶᠠᠬᠤ ᠦᠷᠳᠡᠭᠡ ᠪᠠᠷ ᠰᠠᠯᠵᠤ ᠭᠠᠷᠬᠤ ᠴᠢᠬᠤᠯᠠᠲᠠᠢ᠂ ᠰᠢᠯᠢᠩᠬᠤᠲᠠ ᠵᠦᠭ ᠶᠠᠪᠤᠬᠤ ᠲᠡᠷᠭᠡ ᠬᠦᠰᠭᠡ ᠰᠠᠩ ᠤᠨ ᠳᠠᠯᠠᠢ ᠶᠢᠨ ᠡᠮᠦᠨ᠎ᠡ ᠰᠦᠢᠳᠬᠡᠯ ᠬᠤᠷᠢᠶᠠᠬᠤ ᠦᠷᠳᠡᠭᠡ ᠪᠠᠷ ᠰᠠᠯᠵᠤ ᠭᠠᠷᠬᠤ ᠴᠢᠬᠤᠯᠠᠲᠠᠢ᠂ ᠨᠠᠭᠠᠰᠢ ᠴᠠᠭᠠᠰᠢ ᠥᠩᠭᠡᠷᠡᠬᠦ ᠲᠡᠷᠭᠡ ᠬᠦᠰᠭᠡ ᠤᠷᠢᠳᠴᠢᠯᠠᠨ ᠲᠣᠭᠤᠷᠢᠵᠤ ᠶᠠᠪᠤᠭᠠᠷᠠᠢ᠃      ᠲᠠᠪᠤ᠂ G18 ᠷᠦᠩᠴᠧᠩ ᠠᠴᠠ ᠦᠬᠠᠢ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ      ᠵᠠᠮ ᠵᠠᠰᠠᠬᠤ ᠠᠴᠠ ᠪᠣᠯᠵᠤ᠂ 1358 ᠠᠴᠠ 1345 ᠺᠢᠯᠣᠮᠧᠲᠷ ᠤᠨ ᠬᠤᠭᠤᠷᠣᠨᠳᠣᠬᠢ ᠵᠠᠮ ᠤᠨ ᠬᠡᠰᠡᠭ ᠲᠤ ᠪᠠᠷᠢᠯᠭ᠎ᠠ ᠪᠠᠷᠢᠬᠤ ᠤᠴᠢᠷ ᠠᠴᠠ ᠱᠠᠨ ᠰᠢ ᠵᠦᠭ ᠶᠠᠪᠤᠬᠤ ᠲᠡᠷᠭᠡ ᠬᠦᠰᠭᠡ ᠨᠢ S31 ᠬᠥᠬᠡᠬᠤᠲᠠ ᠠᠴᠠ ᠳ᠋ᠠᠲ᠋ᠦ᠋ᠩ ᠬᠦᠷᠲᠡᠯᠡᠬᠢ ᠳᠡᠭᠡᠳᠦ ᠬᠤᠷᠳᠦ ᠶᠢᠨ ᠵᠠᠰᠠᠮᠠᠯ ᠵᠠᠮ ᠤᠨ ᠳ᠋ᠠ ᠹᠠᠨ ᠫᠦ᠋ ᠰᠦᠢᠳᠬᠡᠯ ᠬᠤᠷᠢᠶᠠᠬᠤ ᠥᠷᠲᠡᠭᠡ ᠪᠠᠷ ᠲᠣᠭᠤᠷᠢᠵᠤ ᠳᠡᠭᠡᠳᠦ ᠬᠤᠷᠳᠦ ᠶᠢᠨ ᠵᠠᠰᠠᠮᠠᠯ ᠵᠠᠮ ᠠᠴᠠ ᠰᠠᠯᠵᠤ ᠭᠠᠷᠬᠤ ᠴᠢᠬᠤᠯᠠᠲᠠᠢ᠃      ᠵᠢᠷᠭᠤᠭ᠎ᠠ᠂ G45 ᠳ᠋ᠠᠴᠢᠩ ᠠᠴᠠ ᠭᠤᠸᠠᠩᠵᠸᠦ ᠬᠦᠷᠲᠡᠯᠡᠬᠢ ᠳᠡᠭᠡᠳᠦ ᠬᠤᠷᠳᠦ ᠶᠢᠨ ᠵᠠᠰᠠᠮᠠᠯ ᠵᠠᠮ      ᠵᠠᠮ ᠵᠠᠰᠠᠬᠤ ᠠᠴᠠ ᠪᠣᠯᠵᠤ᠂ 2022 ᠣᠨ ᠤ 8 ᠳ᠋ᠤᠭᠠᠷ ᠰᠠᠷ᠎ᠠ ᠶᠢᠨ 10 ᠤ ᠡᠳᠦᠷ ᠠᠴᠠ 2022 ᠣᠨ ᠤ 11 ᠳ᠋ᠦ᠋ᠭᠡᠷ ᠰᠠᠷ᠎ᠠ ᠶᠢᠨ 30 ᠤ ᠡᠳᠦᠷ ᠪᠣᠯᠲᠠᠯ᠎ᠠ᠂ ᠰᠠᠨ ᠳ᠋ᠣᠣ ᠵᠢᠩ ᠰᠦᠢᠳᠬᠡᠯ ᠬᠤᠷᠢᠶᠠᠬᠤ ᠥᠷᠲᠡᠭᠡ ᠶᠢ ᠪᠢᠲᠡᠭᠦᠮᠵᠢᠯᠡᠵᠦ᠂ ᠪᠣᠶ ᠪᠦᠬᠦᠢ ᠲᠡᠷᠭᠡ ᠬᠥᠰᠬᠡ ᠶᠢᠨ ᠨᠡᠪᠲᠡᠷᠡᠬᠦ ᠶᠢ ᠴᠠᠭᠠᠵᠠᠯᠠᠨ᠎ᠠ᠃      ᠳᠣᠯᠤᠭ᠎ᠠ᠂ G65 ᠪᠤᠭᠤᠲᠤ ᠠᠴᠠ ᠮᠣᠤᠮᠢᠩ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ      ᠵᠠᠮ ᠬᠠᠷᠢᠯᠴᠠᠭᠠᠨ ᠤ ᠵᠠᠬᠢᠷᠤᠯᠲᠠ ᠠᠴᠠ ᠪᠣᠯᠵᠤ᠂ ᠸᠠᠨ ᠯᠢ ᠪᠠᠯᠭᠠᠰᠤᠨ ᠤ ᠰᠦᠢᠳᠬᠡᠯ ᠬᠤᠷᠢᠶᠠᠬᠤ ᠥᠷᠲᠡᠭᠡᠨ ᠤ ᠪᠤᠭᠤᠲᠤ ᠶᠢᠨ ᠴᠢᠭᠯᠡᠯ ᠤᠨ ᠣᠷᠤᠴᠠ ᠶᠢ ᠪᠢᠲᠡᠭᠦᠮᠵᠢᠯᠡᠵᠦ᠂ ᠪᠣᠶ ᠪᠦᠬᠦᠢ ᠲᠡᠷᠭᠡ ᠬᠥᠰᠬᠡ   ᠶᠢᠨ ᠨᠡᠪᠲᠡᠷᠡᠬᠦ   ᠶᠢ ᠴᠠᠭᠠᠵᠠᠯᠠᠨ᠎ᠠ᠃      ᠨᠠᠢᠮᠠ᠂ G65 ᠪᠤᠭᠤᠲᠤ ᠠᠴᠠ ᠮᠣᠤᠮᠢᠩ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮᠲᠤᠨᠤᠭ ᠲᠥᠬᠦᠭᠡᠷᠦᠮᠵᠢ ᠶᠢᠨ ᠭᠡᠮᠲᠦᠯ ᠠᠴᠠ ᠪᠣᠯᠵᠤ᠂ ᠪᠤᠭᠤᠲᠤ ᠰᠦᠢᠳᠬᠡᠯ ᠬᠤᠷᠢᠶᠠᠬᠤ ᠥᠷᠲᠡᠭᠡᠨ ᠤ ᠬᠤᠣᠰ ᠴᠢᠭᠯᠡᠯ ᠤᠨ  ᠣᠷᠤᠴᠠ ᠪᠠᠷ ETC ᠠᠶᠠᠨᠴᠢᠳ ᠤᠨ ᠲᠡᠷᠭᠡ ᠯᠡ ᠨᠡᠪᠲᠡᠷᠡᠵᠦ ᠪᠣᠯᠣᠨ᠎ᠠ᠃      ᠶᠢᠰᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠯᠢ ᠳᠣᠲᠣᠷᠠᠬᠢ ᠪᠤᠰᠤᠳ ᠳᠡᠭᠡᠳᠦ ᠬᠤᠷᠳᠤ ᠶᠢᠨ ᠵᠠᠰᠠᠮᠠᠯ ᠵᠠᠮ ᠰᠠᠭᠠᠳ ᠦᠭᠡᠢ ᠨᠡᠪᠲᠡᠷᠡᠨ᠎ᠡ      ᠲᠣᠳᠣᠷᠬᠠᠶᠢᠯᠠᠯᠲᠠ᠄      1. ᠵᠠᠮ ᠬᠠᠷᠢᠯᠴᠠᠭᠠᠨ ᠤ ᠵᠠᠬᠢᠷᠤᠯᠲᠠ ᠨᠢ 24 ᠴᠠᠭ ᠢᠶᠠᠷ ᠴᠠᠭ ᠲᠤᠬᠠᠢ ᠳᠤ ᠨᠢ ᠰᠢᠨᠡᠳᠬᠡᠨ᠎ᠡ︔      2. ᠬᠤᠪᠢᠷᠠᠯᠲᠠ ᠲᠠᠢ ᠪᠣᠯ ᠰᠦᠢᠳᠬᠡᠯ ᠬᠤᠷᠢᠶᠠᠬᠤ ᠭᠠᠵᠠᠷ ᠤᠨ ᠪᠣᠳᠠᠲᠠᠢ ᠪᠠᠶᠢᠳᠠᠯ ᠢᠶᠠᠷ ᠪᠠᠷᠢᠮᠵᠢᠶ᠎ᠠ ᠪᠣᠯᠭᠠᠨ᠎ᠠ︔      3. ᠪᠣᠶ ᠪᠦᠬᠦᠢ ᠮᠡᠳᠡᠭᠡ ᠵᠠᠩᠭᠢ ᠨᠢ ᠴᠥᠮ ᠡᠯ᠎ᠡ ᠡᠵᠡᠩᠨᠡᠯᠲᠡ ᠶᠢᠨ ᠬᠠᠮᠢᠶᠠᠷᠤᠯᠲᠠ ᠶᠢᠨ ᠨᠢᠭᠡᠴᠢ ᠠᠴᠠ ᠢᠷᠠᠵᠡᠢ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号