︽ᠬᠥᠮᠦᠨ ᠠᠴᠢᠶᠠᠯᠠᠭᠰᠠᠨ ᠴᠢᠯᠥᠭᠡᠲᠦ ᠬᠡᠢ ᠪᠥᠮᠪᠦᠭᠡ ᠶᠢᠨ ᠠᠶᠠᠯᠠᠯ ᠳᠤ ᠵᠣᠬᠢᠯᠳᠤᠬᠤ ᠲᠣᠭᠲᠠᠭᠠᠯ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2022/8/16
     ᠲᠦᠷᠦᠭᠦᠬᠡᠨ᠂ ᠮᠠᠨ ᠤ ᠶᠠᠮᠤᠨ ︽ᠬᠥᠮᠦᠨ ᠠᠴᠢᠶᠠᠯᠠᠭᠰᠠᠨ ᠴᠢᠯᠥᠭᠡᠲᠦ ᠬᠡᠢ ᠪᠥᠮᠪᠦᠭᠡ ᠶᠢᠨ ᠠᠶᠠᠯᠠᠯ ᠳᠤ ᠵᠣᠬᠢᠯᠳᠤᠬᠤ ᠲᠣᠭᠲᠠᠭᠠᠯ︾ ︵ᠳᠣᠷᠣᠭᠰᠢ ︽ᠲᠣᠭᠲᠠᠭᠠᠯ︾ ᠭᠡᠵᠦ ᠲᠣᠪᠴᠢᠯᠠᠨ᠎ᠠ︶ ᠢ ᠲᠣᠭᠲᠠᠭᠠᠨ ᠨᠡᠶᠢᠲᠡᠯᠡᠪᠡ᠃ ᠬᠤᠯᠪᠣᠭᠳᠠᠯ ᠪᠦᠬᠦᠢ ᠪᠠᠶᠢᠳᠠᠯ ᠨᠢ ᠳᠣᠣᠷᠠᠬᠢ ᠮᠡᠲᠦ᠄      ᠨᠢᠭᠡ᠂ ᠬᠠᠤᠯᠢ ᠲᠣᠭᠲᠠᠭᠠᠬᠤ ᠶᠢᠨ ᠴᠢᠬᠤᠯᠠ ᠴᠢᠨᠠᠷ      ᠬᠥᠮᠦᠨ ᠠᠴᠢᠶᠠᠯᠠᠭᠰᠠᠨ ᠴᠢᠯᠥᠭᠡᠲᠦ ᠭᠡᠢ ᠪᠥᠮᠪᠦᠭᠡ ᠳᠤ ᠵᠢᠯᠣᠭᠤᠴᠢ ᠲᠠᠢ ᠬᠠᠯᠠᠭᠤᠨ ᠭᠡᠢ ᠪᠥᠮᠪᠦᠭᠡ᠂ ᠬᠦᠩᠭᠡᠠ ᠭᠡᠢ ᠪᠥᠮᠪᠦᠭᠡ ᠵᠡᠷᠭᠡ ᠪᠠᠭᠲᠠᠵᠤ᠂ ᠠᠷᠠᠳ ᠤᠨ ᠬᠡᠷᠡᠭᠴᠡᠭᠡᠨ ᠤ ᠠᠭᠠᠷ ᠤᠨ ᠠᠶᠠᠯᠠᠯ ᠤᠨ ᠨᠢᠰᠦᠭᠦᠷ ᠤᠨ ᠠᠢ ᠳᠤ ᠬᠠᠷᠢᠶᠠᠯᠠᠭᠳᠠᠨ᠂ ᠬᠠᠤᠯᠢ ᠶᠣᠰᠣᠭᠠᠷ ᠠᠶᠠᠯᠠᠯ ᠳᠤ ᠵᠣᠬᠢᠯᠳᠤᠬᠤ ᠬᠢᠨᠠᠨ ᠲᠣᠭᠲᠠᠭᠠᠯᠲᠠ ᠬᠢᠬᠦ ᠬᠡᠷᠡᠭᠲᠡᠢ᠃ ᠣᠲᠣ ᠶᠢᠨ ᠬᠡᠷᠡᠭᠵᠢᠭᠦᠯᠵᠦ ᠪᠠᠶᠢᠭ᠎ᠠ ︽ᠲᠣᠭᠲᠠᠭᠠᠯ︾ ᠢ ᠤᠤᠯ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠶᠡᠷᠦᠩᠬᠡᠶ ᠲᠣᠪᠴᠢᠶ᠎ᠠ ᠠᠴᠠ 2007 ᠣᠨ ᠳᠤ ᠨᠡᠶᠢᠲᠡᠯᠡᠵᠦ᠂ ᠭᠤᠤᠯᠳᠠᠭᠤ ᠬᠥᠮᠦᠨ ᠠᠴᠢᠶᠠᠯᠠᠭᠰᠠᠨ ᠴᠢᠯᠥᠭᠡᠲᠦ ᠬᠡᠢ ᠪᠥᠮᠪᠦᠭᠡ ᠶᠢᠨ ᠠᠶᠠᠯᠠᠯ ᠳᠤ ᠵᠣᠬᠢᠯᠳᠤᠬᠤ ᠮᠡᠷᠭᠡᠵᠢᠯ ᠤᠨ ᠴᠢᠨᠠᠷᠲᠠᠶ ᠱᠠᠭᠠᠷᠳᠠᠯᠭ᠎ᠠ ᠶᠢ ᠲᠣᠳᠣᠷᠬᠠᠶᠢᠯᠠᠵᠤ᠂ ᠮᠠᠨ  ᠤ ᠤᠯᠤᠰ ᠤᠨ ᠬᠥᠮᠦᠨ ᠠᠴᠢᠶᠠᠯᠠᠭᠰᠠᠨ ᠴᠢᠯᠥᠭᠡᠲᠦ ᠭᠡᠢ ᠪᠥᠮᠪᠦᠭᠡ ᠶᠢᠨ ᠠᠶᠠᠯᠠᠯ ᠳᠤ ᠵᠣᠬᠢᠯᠳᠤᠬᠤ ᠶᠢ ᠬᠢᠨᠠᠨ ᠲᠣᠭᠲᠠᠭᠠᠬᠤ ᠠᠵᠢᠯ ᠢ ᠵᠢᠷᠤᠮᠵᠢᠭᠤᠯᠬᠤ᠂ ᠠᠭᠠᠷ ᠤᠨ ᠠᠶᠠᠯᠠᠯ ᠤᠨ ᠠᠮᠤᠷ ᠲᠦᠪᠰᠢᠨ ᠢ ᠪᠠᠲᠤᠯᠠᠬᠤ ᠪᠠ ᠠᠷᠠᠳ ᠤᠨ ᠠᠭᠠᠷ ᠤᠨ ᠲᠡᠭᠡᠭᠡᠪᠦᠷᠢ ᠶᠢᠨ ᠦᠶᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠴᠢᠬᠤᠯᠠ ᠦᠶᠯᠡᠳᠦᠯ ᠦᠵᠡᠭᠦᠯᠪᠡ᠃ ᠠᠭᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢ ᠳᠠᠭᠠᠯᠳᠤᠨ᠂ ᠬᠥᠮᠦᠨ ᠠᠴᠢᠶᠠᠯᠠᠭᠰᠠᠨ ᠴᠢᠯᠥᠭᠡᠲᠦ ᠭᠡᠢ ᠪᠥᠮᠪᠦᠭᠡ ᠶᠢ ᠰᠤᠳᠤᠯᠤᠨ ᠦᠶᠯᠡᠳᠬᠦ᠂ ᠬᠢᠨᠠᠨ ᠲᠣᠭᠲᠠᠭᠠᠬᠤ ᠪᠠ ᠠᠵᠢᠯᠯᠠᠭᠤᠯᠬᠤ ᠲᠠᠯ᠎ᠠ ᠪᠠᠷ ᠬᠢ ᠲᠤᠷᠰᠢᠯᠭ᠎ᠠ ᠶᠢᠨ ᠬᠤᠷᠠᠮᠳᠤᠭᠤᠯᠤᠯ ᠵᠢᠴᠢ ᠬᠥᠮᠦᠰ ᠤᠨ ᠠᠭᠠᠷ ᠤᠨ ᠠᠶᠠᠯᠠᠯ ᠤᠨ ᠠᠮᠤᠷ ᠲᠦᠪᠰᠢᠨ ᠤ ᠲᠤᠬᠠᠶ ᠲᠠᠨᠢᠯᠲᠠ ᠶᠢᠨ ᠭᠦᠨᠵᠡᠭᠡᠶᠢᠷᠡᠯ ᠢ ᠳᠠᠭᠠᠯᠳᠤᠨ᠂ ᠬᠥᠮᠦᠨ ᠠᠴᠢᠶᠠᠯᠠᠭᠰᠠᠨ ᠴᠢᠯᠥᠭᠡᠲᠦ ᠭᠡᠢ ᠪᠥᠮᠪᠦᠭᠡ ᠶᠢᠨ ᠠᠶᠠᠯᠠᠯ ᠳᠤ ᠵᠣᠬᠢᠯᠳᠤᠬᠤ ᠱᠠᠭᠠᠷᠳᠠᠯᠭ᠎ᠠ ᠲᠠᠰᠤᠷᠠᠯᠲᠠ ᠥᠬᠡᠶ ᠬᠥᠭᠵᠢᠨ ᠰᠢᠨᠡᠳᠴᠦ ᠪᠣᠢ᠂ ︽ᠲᠣᠭᠲᠠᠭᠠᠯ︾ ᠳᠠᠬᠢ ᠬᠡᠰᠡᠭ ᠠᠭᠤᠯᠭ᠎ᠠ ᠨᠢ ᠠᠵᠢᠯ ᠲᠥᠷᠥᠯ ᠤᠨ ᠬᠥᠭᠵᠢᠯᠲᠡ ᠶᠢᠨ ᠬᠡᠷᠡᠭᠴᠡᠭᠡ ᠳᠤ ᠵᠣᠬᠢᠴᠠᠬᠤ ᠥᠬᠡᠶ ᠪᠣᠯᠬᠤᠷ᠂ ᠵᠠᠰᠠᠪᠤᠷᠢ ᠣᠷᠣᠭᠤᠯᠬᠤ ᠴᠢᠬᠤᠯᠠᠲᠠᠶ ᠪᠠᠶᠢᠨ᠎ᠠ᠃      ᠬᠤᠶᠠᠷ᠂ ᠭᠤᠣᠯ ᠠᠭᠤᠯᠭ᠎ᠠ       ︵ᠨᠢᠭᠡ︶ ᠬᠤᠯᠢᠮᠠᠭ ᠬᠡᠢ ᠪᠥᠮᠪᠦᠭᠡ ᠶᠢ ᠬᠡᠷᠡᠭᠯᠡᠬᠦ ᠬᠡᠪᠴᠢᠶᠡᠨ ᠳᠤ ᠣᠷᠤᠭᠤᠯᠪᠠ᠃ ᠬᠥᠮᠦᠨ ᠠᠴᠢᠶᠠᠯᠠᠭᠰᠠᠨ ᠴᠢᠯᠥᠭᠡᠲᠦ ᠭᠡᠢ ᠪᠥᠮᠪᠦᠭᠡ ᠶᠢᠨ ᠬᠥᠳᠡᠯᠭᠡᠭᠡᠨ ᠤ ᠬᠥᠭᠵᠢᠯᠲᠡ ᠪᠠ ᠭᠡᠢ ᠪᠥᠮᠪᠦᠭᠡ ᠶᠢᠨ ᠵᠢᠷᠤᠭ ᠲᠥᠯᠥᠪᠯᠡᠭᠡᠨ ᠤ ᠮᠡᠷᠭᠡᠵᠢᠯ ᠤᠨ ᠲᠡᠪᠰᠢᠯᠳᠠ ᠶᠢ ᠲᠡᠭᠠᠯᠳᠦᠠ᠂ ᠤᠯᠠᠮᠵᠢᠯᠠᠯᠲᠤ ᠬᠠᠯᠠᠭᠤᠨ ᠭᠡᠢ ᠪᠥᠮᠪᠦᠭᠡ᠂ ᠬᠦᠩᠭᠡᠠ ᠭᠡᠢ ᠪᠥᠮᠪᠦᠭᠡ  ᠠᠴᠠ ᠭᠠᠳᠠᠨ᠎ᠠ᠂ ᠠᠭᠠᠷ ᠢ ᠬᠠᠯᠠᠭᠠᠬᠤ ᠪᠠ ᠠᠭᠠᠷ ᠠᠴᠠ ᠬᠦᠩᠭᠡᠠ ᠰᠢᠳᠡᠯᠳᠠ ᠶᠢᠨ ᠭᠡᠢ ᠪᠡᠶᠡᠲᠦ ᠶᠢᠨ ᠨᠡᠶᠢᠯᠡᠮᠡᠯ  ᠠᠴᠠ ᠡᠷᠭᠦᠬᠦ ᠬᠦᠴᠦ ᠬᠠᠩᠭᠠᠬᠤ ᠬᠤᠯᠢᠮᠠᠭ ᠭᠡᠢ ᠪᠥᠮᠪᠦᠭᠡ ᠶᠢ ᠶᠠᠭ ᠬᠡᠷᠡᠭᠯᠡᠯᠲᠡ ᠳᠤ ᠣᠷᠣᠭᠤᠯᠵᠤ ᠪᠠᠶᠢᠨ᠎ᠠ᠂ ᠲᠡᠭᠦᠨ ᠳᠤ ᠠᠶᠠᠯᠠᠯ ᠳᠤ ᠵᠣᠬᠢᠯᠳᠤᠬᠤ ᠬᠢᠨᠠᠨ ᠲᠣᠭᠲᠠᠭᠠᠯᠲᠠ ᠬᠢᠬᠦ ᠬᠡᠷᠡᠭᠴᠡᠭᠡ ᠳᠤ ᠵᠣᠬᠢᠴᠠᠭᠤᠯᠬᠤ ᠶᠢᠨ ᠲᠥᠯᠥᠭᠡ᠂ ︽ᠲᠣᠭᠲᠠᠭᠠᠯ︾ ᠳᠤ ᠬᠤᠯᠢᠮᠠᠭ ᠭᠡᠢ ᠪᠥᠮᠪᠦᠭᠡ ᠶᠢ ᠬᠡᠷᠡᠭᠯᠡᠬᠦ ᠬᠡᠪᠴᠢᠶᠡᠨ ᠳᠤ ᠣᠷᠣᠭᠤᠯᠤᠭᠰᠠᠨ ᠪᠥᠭᠡᠳ ᠠᠶᠠᠯᠠᠯ  ᠳᠤ ᠵᠣᠬᠢᠯᠳᠤᠬᠤ ᠬᠢᠨᠠᠨ ᠲᠣᠭᠲᠠᠭᠠᠯᠲᠠ ᠶᠢᠨ ᠱᠠᠭᠠᠷᠳᠠᠯᠭ᠎ᠠ ᠶᠢ ᠲᠣᠭᠲᠠᠭᠠᠪᠠ᠃       ︵ᠬᠤᠶᠠᠷ︶ ᠮᠡᠷᠭᠡᠵᠢᠯ ᠤᠨ ᠴᠢᠨᠠᠷᠲᠠᠶ ᠱᠠᠭᠠᠷᠳᠠᠯᠭ᠎ᠠ ᠶᠢ ᠲᠡᠭᠦᠯᠳᠡᠷᠵᠢᠭᠦᠯᠪᠡ᠃ ᠤᠯᠤᠰ ᠤᠨ ᠳᠣᠲᠣᠭᠠᠳᠤ ᠭᠠᠳᠠᠭᠠᠳᠤ ᠶᠢᠨ ᠬᠥᠮᠦᠨ ᠠᠴᠢᠶᠠᠯᠠᠭᠰᠠᠨ ᠴᠢᠯᠥᠭᠡᠲᠦ ᠭᠡᠢ ᠪᠥᠮᠪᠦᠭᠡ ᠶᠢᠨ ᠬᠠᠮᠢᠶ᠎ᠠ ᠪᠦᠬᠦᠢ ᠠᠶᠠᠯᠠᠯ ᠳᠤ ᠵᠣᠬᠢᠯᠳᠤᠬᠤ ᠱᠠᠭᠠᠷᠳᠠᠯᠭ᠎ᠠ ᠶᠢ ᠡᠮᠬᠢᠯᠡᠨ ᠦᠨᠡᠯᠡᠨ ᠵᠢᠱᠢᠭᠰᠡᠨ ᠰᠠᠭᠤᠷᠢᠨ ᠳᠡᠭᠡᠷ᠎ᠡ᠂ ᠨᠢᠭᠡ ᠳᠤ᠂ ᠭᠠᠵᠠᠷᠳᠠᠬᠤ ᠳᠠᠭᠠᠭᠠᠴᠠ ᠶᠢᠨ ᠢᠯᠡᠳᠬᠡᠮᠵᠢ᠂ ᠬᠢᠵᠠᠭᠠᠷᠯᠠᠬᠤ ᠭᠢᠨᠵᠢᠨ ᠪᠦᠰᠡ ᠶᠢᠨ ᠬᠦᠴᠦᠯᠡᠴᠡ᠂ ᠪᠥᠮᠪᠥᠭᠡᠨ ᠤᠭᠤᠲᠠ ᠶᠢᠨ ᠮᠠᠲ᠋ᠧᠷᠢᠶᠠᠯ ᠤᠨ ᠰᠢᠲᠠᠯᠲᠠ ᠶᠢ ᠬᠤᠷᠢᠭᠯᠠᠬᠤ ᠴᠢᠨᠠᠷ᠂ ᠪᠥᠮᠪᠥᠭᠡᠨ ᠤᠭᠤᠲᠠ ᠶᠢᠨ ᠤᠷᠠᠵᠤ ᠬᠠᠭᠠᠷᠠᠬᠤ ᠠᠴᠠ ᠰᠡᠷᠭᠡᠶᠢᠯᠡᠬᠦ ᠬᠠᠮᠠᠭᠠᠯᠠᠯᠲᠠ᠂ ᠬᠠᠯᠠᠭᠠᠭᠤᠷ ᠤᠨ ᠭᠠᠯ ᠨᠣᠴᠣᠭᠠᠬᠤ ᠲᠦᠷᠦᠯ ᠤᠨ ᠨᠠᠶᠢᠳᠠᠪᠤᠷᠢᠲᠤ ᠴᠢᠨᠠᠷ ᠪᠠ ᠳᠠᠬᠢᠨ ᠨᠣᠴᠣᠭᠠᠬᠤ ᠵᠡᠷᠭᠡ ᠠᠶᠠᠯᠠᠯ ᠳᠤ ᠵᠣᠬᠢᠯᠳᠤᠬᠤ ᠱᠠᠭᠠᠷᠳᠠᠯᠭ᠎ᠠ ᠶᠢ ᠨᠡᠮᠡᠭᠳᠡᠭᠦᠯᠪᠡ︔ ᠬᠤᠶᠠᠷ ᠲᠤ᠂ ᠬᠥᠮᠦᠨ ᠠᠴᠢᠶᠠᠯᠠᠭᠰᠠᠨ ᠴᠢᠯᠥᠭᠡᠲᠦ ᠭᠡᠢ ᠪᠥᠮᠪᠦᠭᠡ ᠶᠢᠨ ᠲᠦᠯᠡᠰᠢ ᠶᠢᠨ ᠪᠣᠷᠳᠤᠭᠤ᠂ ᠳᠠᠷᠤᠯᠲᠠ ᠨᠡᠮᠡᠭᠳᠡᠭᠦᠯᠬᠦ ᠲᠦᠯᠡᠰᠢ ᠶᠢᠨ ᠰᠢᠰᠲ᠋ᠧᠮ ᠪᠣᠯᠤᠨ ᠵᠢᠯᠤᠭᠤᠳᠬᠤ ᠲᠠᠲᠠᠭᠤᠷ ᠵᠡᠷᠭᠡ ᠲᠠᠯ᠎ᠠ ᠶᠢᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠵᠢᠯᠣᠭᠤᠳᠬᠤ ᠬᠦᠴᠦᠨ ᠵᠡᠷᠭᠡ ᠱᠠᠭᠠᠷᠳᠠᠯᠭ᠎ᠠ ᠳᠤ ᠲᠣᠬᠢᠷᠠᠭᠤᠯᠤᠯᠲᠠ ᠬᠢᠪᠠ︔ ᠭᠤᠷᠪᠠ ᠳᠤ᠂ ᠪᠡᠯᠡᠳᠬᠡᠯ ᠭᠠᠯ ᠤᠨ ᠡᠬᠢ ᠰᠤᠷᠪᠤᠯᠵᠢ ᠶᠢᠨ ᠱᠠᠭᠠᠷᠳᠠᠯᠭ᠎ᠠ ᠪᠠ ᠵᠢᠯᠤᠭᠤᠳᠬᠤ ᠲᠠᠲᠠᠭᠤᠷ ᠢ ᠬᠡᠲᠦ ᠣᠷᠳᠣ ᠪᠠᠶᠢᠯᠭᠠᠵᠤ ᠪᠣᠯᠬᠤ ᠥᠬᠡᠶ ᠭᠡᠬᠦ ᠱᠠᠭᠠᠷᠳᠠᠯᠭ᠎ᠠ ᠶᠢ ᠨᠡᠮᠡᠭᠰᠡᠨ ᠪᠥᠭᠡᠳ ᠦᠪᠡᠷᠲᠡᠭᠡᠨ ᠣᠨᠢᠰᠤᠯᠠᠬᠤ ᠱᠤᠷᠠᠭ ᠢ ᠬᠡᠷᠡᠭᠯᠡᠬᠦ ᠬᠢᠵᠠᠭᠠᠷᠯᠠᠯ ᠢ ᠲᠣᠬᠢᠷᠠᠭᠤᠯᠵᠤ᠂ ᠪᠦᠬᠦᠯᠢ ᠴᠣᠭᠴᠠ ᠶᠢᠨ ᠠᠮᠤᠷ ᠲᠦᠪᠰᠢᠨ ᠤ ᠬᠢᠷᠢ ᠲᠦᠪᠰᠢᠨ ᠢ ᠳᠡᠭᠡᠭᠰᠢᠯᠡᠭᠦᠯᠪᠡ᠃       ︵ᠭᠤᠷᠪᠠ︶ ᠨᠢᠰᠦᠯᠲᠡ ᠶᠢᠨ ᠭᠠᠷ ᠳᠡᠪᠲᠡᠷ ᠤᠨ ᠱᠠᠭᠠᠷᠳᠠᠯᠭ᠎ᠠ ᠶᠢ ᠲᠡᠭᠦᠯᠳᠡᠷᠵᠢᠭᠦᠯᠪᠡ᠃ ᠨᠢᠰᠦᠯᠲᠡ ᠶᠢᠨ ᠭᠠᠷ ᠳᠡᠪᠲᠡᠷ ᠢ ᠨᠠᠶᠢᠷᠠᠭᠤᠯᠤᠨ ᠪᠢᠴᠢᠬᠦ ᠪᠠ ᠬᠢᠨᠠᠨ ᠲᠣᠭᠲᠠᠭᠠᠬᠤ ᠠᠵᠢᠯ ᠢ ᠵᠢᠷᠤᠮᠵᠢᠭᠤᠯᠵᠤ᠂ ᠵᠢᠯᠣᠭᠤᠴᠢ ᠳᠤ ᠨᠠᠩ ᠰᠠᠶᠢᠨ ᠵᠢᠯᠣᠭᠤᠳᠣᠯᠭ᠎ᠠ ᠬᠠᠩᠭᠠᠬᠤ ᠶᠢᠨ ᠲᠥᠯᠥᠭᠡ᠂ ︽ᠲᠣᠭᠲᠠᠭᠠᠯ︾ ᠳᠤ ᠨᠢᠰᠦᠯᠲᠡ ᠶᠢᠨ ᠭᠠᠷ ᠳᠡᠪᠲᠡᠷ ᠤᠨ ᠠᠭᠤᠯᠭ᠎ᠠ ᠶᠢᠨ ᠲᠤᠬᠠᠶ ᠱᠠᠭᠠᠷᠳᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠪᠠ᠂ ᠡᠭᠦᠨ ᠳᠤ ᠬᠡᠷᠡᠭᠯᠡᠬᠦ ᠲᠣᠳᠣᠷᠬᠠᠶᠢᠯᠠᠯᠲᠠ᠂ ᠬᠡᠷᠡᠭᠯᠡᠬᠦ ᠬᠢᠵᠠᠭᠠᠷᠯᠠᠯ᠂ ᠬᠡᠪ ᠤᠨ ᠵᠢᠷᠤᠮ᠂ ᠪᠠᠴᠢᠮ ᠪᠠᠶᠢᠳᠠᠯ ᠢ ᠠᠷᠭᠠᠴᠠᠭᠠᠬᠤ ᠵᠢᠷᠤᠮ ᠵᠡᠷᠭᠡ  ᠶᠢ ᠪᠠᠭᠲᠠᠭᠠᠬᠤ ᠶᠢᠨ ᠬᠠᠮᠲᠤ᠂ ᠭᠠᠷ ᠳᠡᠪᠲᠡᠷ ᠤᠨ ᠬᠡᠯᠪᠡᠷᠢ᠂ ᠬᠢᠨᠠᠨ ᠲᠣᠭᠲᠠᠭᠠᠯᠲᠠ ᠬᠢᠬᠦ ᠶᠣᠰᠣᠲᠠᠶ ᠠᠭᠤᠯᠭ᠎ᠠ ᠵᠡᠷᠭᠡ ᠱᠠᠭᠠᠷᠳᠠᠯᠭ᠎ᠠ ᠶᠢ ᠨᠠᠷᠢᠯᠢᠬᠵᠢᠭᠤᠯᠪᠠ᠃      ᠬᠠᠮᠢᠶ᠎ᠠ ᠪᠥᠬᠦᠶ ᠲᠥᠷᠥ ᠶᠢᠨ ᠪᠣᠳᠣᠯᠭ᠎ᠠ᠄ ᠬᠥᠮᠦᠨ ᠠᠴᠢᠶᠠᠯᠠᠭᠰᠠᠨ ᠴᠢᠯᠥᠭᠡᠲᠦ ᠭᠡᠢ ᠪᠥᠮᠪᠦᠭᠡ ᠶᠢᠨ ᠠᠶᠠᠯᠠᠯ  ᠳᠤ  ᠵᠣᠬᠢᠯᠳᠤᠬᠤ ᠲᠣᠭᠲᠠᠭᠠᠯ  ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠷᠯᠢᠭ 2022 ᠣᠨ ᠤ 21 ᠳ᠋ᠦ᠋ᠭᠡᠷ ᠲᠣᠭᠠᠲᠤ︶
 
ᠢᠷᠡᠯᠲᠡ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号