ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠢ ᠣᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠡᠷᠡᠭᠯᠡᠭᠡ ᠪᠠᠷ ᠬᠠᠪᠰᠤᠷᠤᠨ ᠲᠡᠳᠬᠦᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/8/17
     ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠨᠢ ᠡᠷᠬᠡ ᠲᠤᠰᠢᠶᠠᠯ ᠤᠨ ᠦᠶᠯᠡᠳᠦᠯ ᠢᠶᠠᠨ ᠢᠳᠡᠪᠬᠢᠲᠡᠶ ᠪᠠᠳᠠᠷᠠᠭᠤᠯᠵᠤ᠂ ᠬᠡᠷᠡᠭᠯᠡᠭᠡ ᠪᠠᠷ ᠬᠠᠪᠰᠤᠷᠤᠨ ᠲᠡᠳᠬᠦᠬᠦ ᠪᠠᠷ ᠳᠠᠮᠵᠢᠭᠤᠯᠤᠨ ᠦᠶᠯᠡᠳᠬᠦᠨ ᠪᠠ ᠦᠶᠯᠡᠴᠢᠯᠡᠭᠡᠨ ᠤ ᠬᠡᠷᠡᠭᠯᠡᠭᠡ ᠶᠢ ᠦᠷᠭᠦᠯᠵᠢᠯᠡᠨ ᠥᠷᠭᠡᠳᠬᠡᠵᠦ᠂ ᠪᠠᠷᠠᠭᠠᠨ ᠤ ᠭᠦᠶᠯᠭᠡᠭᠡᠨ ᠤ ᠲᠡᠭᠡᠭᠡᠪᠦᠷᠢ ᠶᠢᠨ ᠰᠢᠰᠲ᠋ᠧᠮᠵᠢ ᠶᠢ ᠴᠢᠩᠭᠠᠳᠬᠠᠨ ᠲᠡᠭᠦᠯᠳᠡᠷᠵᠢᠭᠦᠯᠵᠦ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠵᠥᠪᠰᠢᠶᠡᠷᠡᠬᠦ ᠬᠡᠮᠵᠢᠶ᠎ᠡ ᠪᠠ ᠥᠷᠢᠰᠦᠯᠳᠦᠬᠦ ᠬᠦᠴᠦᠨ ᠢ ᠳᠡᠭᠡᠭᠰᠢᠯᠡᠭᠦᠯᠪᠡ᠃      ᠨᠢᠭᠡ ᠳᠤ᠂ ᠵᠢᠭᠤᠯᠴᠢᠯᠠᠯ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠶ ᠪᠠᠷ ᠲᠦᠯᠬᠢᠨ ᠠᠬᠢᠭᠤᠯᠪᠠ᠃ ᠬᠢᠩᠭᠠᠨ ᠠᠶᠢᠮᠠᠭ ᠤᠨ ᠤᠯᠠᠭᠠᠨ ᠭᠤᠣᠯ ᠠᠴᠠ ᠤᠯᠠᠭᠠᠠᠣᠳᠤ ᠬᠦᠷᠬᠦ ᠦᠨᠳᠦᠰᠦᠲᠡᠨ ᠤ ᠵᠠᠩ ᠦᠢᠯᠡ  ᠶᠢᠨ ᠲᠠᠯ᠎ᠠ ᠨᠤᠲᠤᠭ ᠤᠨ ᠵᠢᠭᠤᠯᠴᠢᠯᠠᠯ ᠤᠨ ᠵᠠᠰᠠᠮᠠᠯ ᠵᠠᠮ᠂ ᠷᠠᠰᠢᠶᠠᠨ ᠤ ᠡᠦ ᠴᠠ ᠭᠸᠦ— ᠮᠢᠩ ᠱᠦᠶ ᠵᠢᠭᠤᠯᠴᠢᠯᠠᠯ  ᠤᠨ ᠵᠠᠰᠠᠮᠠᠯ ᠵᠠᠮ᠂ ᠤᠯᠠᠭᠠᠨᠴᠠᠪ ᠬᠤᠲᠠ ᠶᠢᠨ ᠴᠠᠬᠠᠷ ᠨᠠᠭᠤᠷ ᠤᠨ ᠵᠢᠭᠤᠯᠴᠢᠯᠠᠯ ᠤᠨ ᠵᠠᠮ ᠤᠨ ᠲᠥᠷᠥᠯ ᠵᠦᠢᠯ᠂ ᠮᠥᠰᠥᠲᠦᠯᠭᠡ ᠶᠢᠨ ᠴᠢᠯᠠᠭᠤᠨ ᠣᠶ ᠶᠢᠨ ᠭᠠᠵᠠᠷ ᠰᠢᠨᠵᠢᠯᠡᠭᠡᠨ ᠤ ᠴᠡᠴᠡᠷᠯᠢᠭ— ᠥᠯᠦ ᠬᠥᠯᠳᠡᠬᠦ ᠭᠤᠣᠯ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠠᠯᠠᠱᠠ ᠠᠶᠢᠮᠠᠭ ᠤᠨ X751 ᠱᠤᠭᠤᠮ ᠠᠴᠠ ᠡᠯᠡᠰᠦᠨ ᠴᠥᠯ ᠤᠨ ᠲᠢᠶᠠᠨ ᡂᠢ ᠬᠦᠷᠬᠦ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠪᠦᠬᠦ ᠣᠷᠣᠨ ᠳᠤ ᠲᠠᠷᠢᠶᠠᠯᠠᠬᠤ ᠮᠠᠯᠵᠢᠬᠤ ᠣᠷᠣᠨ ᠤ ᠵᠢᠭᠤᠯᠴᠢᠯᠠᠯ ᠤᠨ ᠵᠠᠮ ᠢ ᠨᠡᠶᠢᠲᠡ 408 ᠺᠢᠯᠦᠮᠧᠲᠷ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠬᠡᠷᠡᠭᠯᠡᠭᠡᠨ ᠳᠤ ᠵᠠᠮ ᠬᠠᠷᠢᠯᠴᠠᠭᠠᠨ ᠤ ᠲᠤᠯᠭᠠᠭᠤᠷᠢᠯᠠᠯ ᠢ ᠤᠯᠠᠮ ᠨᠢᠭᠡ ᠠᠯᠬᠤᠮ ᠬᠠᠩᠭᠠᠪᠠ᠃      ᠬᠤᠶᠠᠷ ᠲᠤ᠂ ᠪᠠᠶᠢᠭᠤᠯᠵᠤ ᠪᠠᠶᠢᠭ᠎ᠠ ᠲᠥᠷᠥᠯ ᠵᠦᠶᠯ ᠪᠠ ᠵᠠᠰᠠᠮᠠᠯ ᠵᠠᠮ ᠳᠠᠭᠠᠤ ᠶᠢᠨ ᠦᠶᠯᠡᠴᠢᠯᠡᠭᠡᠨ ᠤ ᠲᠣᠭᠤᠷᠢᠭ᠂ ᠰᠦᠶᠳᠬᠡᠯ ᠬᠤᠷᠢᠶᠠᠬᠤ ᠥᠷᠲᠡᠭᠡ ᠶᠢ ᠶᠠᠳᠠᠭᠤ ᠠᠴᠠ ᠠᠩᠭᠢᠵᠢᠷᠠᠭᠤᠯᠬᠤ ᠭᠠᠵᠠᠷ ᠣᠷᠣᠨ ᠤ ᠦᠶᠯᠡᠳᠬᠦᠨ ᠢ ᠤᠷᠢᠳᠠᠪᠠᠷ ᠬᠤᠳᠠᠯᠳᠤᠨ ᠠᠪᠤᠭᠤᠯᠪᠠ᠃ ᠮᠠᠨ ᠤ ᠲᠢᠩᠬᠢᠮ ᠨᠢ ᠪᠠᠶᠢᠭᠤᠯᠵᠤ ᠪᠠᠶᠢᠭ᠎ᠠ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠥᠷᠥᠯ ᠵᠦᠶᠯ ᠤᠨ ᠬᠠᠮᠢᠶᠠᠷᠤᠯᠲᠠ ᠶᠢᠨ ᠬᠤᠪᠢᠶᠠᠷᠢ ᠺᠣᠮᠫᠠᠨᠢ ᠶᠢ ᠵᠣᠬᠢᠴᠠᠭᠤᠯᠵᠤ ᠪᠠᠶᠢᠭᠠᠳ ᠬᠡᠷᠡᠭᠰᠡᠬᠦ ᠡᠳ᠋ ᠪᠣᠳᠠᠰ ᠪᠠ ᠠᠮᠢᠳᠤᠷᠠᠯ ᠤᠨ ᠬᠡᠷᠡᠭᠰᠡᠯ ᠬᠤᠳᠠᠯᠳᠤᠨ ᠠᠪᠬᠤ ᠳᠤ ᠲᠥᠷᠥᠯ ᠵᠦᠶᠯ ᠤᠨ ᠥᠩᠭᠡᠷᠡᠬᠦ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠳᠤ ᠤᠷᠢᠳ ᠢᠶᠠᠷ ᠳᠣᠭᠢᠷᠠᠭᠤᠯᠵᠤ᠂ ᠠᠳᠠᠯᠢ ᠨᠥᠬᠦᠴᠡᠯ ᠳᠣᠤᠷ᠎ᠠ ᠲᠤᠬᠠᠶ ᠶᠢᠨ ᠭᠠᠵᠠᠷ ᠤᠨ ᠶᠠᠳᠠᠭᠤ ᠠᠴᠠ ᠠᠩᠭᠢᠵᠢᠷᠠᠭᠰᠠᠨ ᠡᠷᠦᠬᠡ ᠶᠢᠨ ᠬᠡᠷ ᠪᠠᠶᠢᠰᠢᠩ ᠢ ᠤᠷᠢᠳ ᠢᠶᠠᠷ ᠲᠦᠷᠢᠶᠡᠰᠦᠯᠡᠨ ᠬᠡᠷᠡᠭᠯᠡᠵᠦ᠂ ᠲᠤᠬᠠᠶ ᠶᠢᠨ ᠭᠠᠵᠠᠷ ᠤᠨ ᠮᠠᠰᠢᠨ ᠮᠧᠬᠠᠨᠢᠭ ᠢ ᠲᠦᠷᠢᠶᠡᠰᠦᠯᠡᠨ ᠬᠡᠷᠡᠭᠯᠡᠵᠦ᠂ ᠲᠤᠬᠠᠶ  ᠶᠢᠨ ᠭᠠᠵᠠᠷ ᠲᠤ ᠮᠠᠰᠢᠨ ᠮᠧᠬᠠᠨᠢᠭ ᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠪᠠ᠃ ᠶᠠᠳᠠᠭᠤ ᠶᠢ ᠲᠡᠳᠬᠦᠬᠦ ᠦᠶᠯᠡᠳᠬᠦᠨ ᠢ ᠬᠤᠳᠠᠯᠳᠤᠨ ᠠᠪᠴᠤ᠂ ᠶᠠᠳᠠᠭᠤ ᠠᠴᠠ ᠠᠩᠭᠢᠵᠢᠷᠠᠭᠤᠯᠬᠤ ᠲᠠᠷᠢᠶᠠᠯᠠᠩ ᠤᠨ ᠪᠦᠲᠦᠭᠡᠭᠳᠡᠬᠦᠨ ᠢ ᠬᠤᠭᠤᠯᠠᠨ ᠭᠡᠷ ᠲᠤ ᠰᠢᠭᠤᠳ ᠬᠠᠩᠭᠠᠵᠤ ᠰᠢᠭᠤᠳ ᠪᠣᠷᠣᠯᠠᠭᠤᠯᠬᠤ ᠶᠢ ᠦᠷᠨᠢᠭᠦᠯᠪᠡ᠃      ᠭᠤᠷᠪᠠ ᠳᠤ᠂ ᠬᠥᠳᠡᠭᠡ ᠲᠣᠰᠬᠤᠨ ᠤ ᠠᠶᠠᠨᠴᠢᠳ ᠪᠠᠷᠠᠭ᠎ᠠ ᠰᠢᠦᠳᠠᠨ ᠢ ᠠᠭᠤᠰᠤᠯᠴᠠᠭᠤᠯᠤᠨ ᠬᠥᠭᠵᠢᠭᠦᠯᠬᠦ  ᠶᠢ ᠥᠷᠨᠢᠭᠦᠯᠵᠦ᠂ ︽ᠨᠢᠭᠡ ᠴᠡᠭ ᠲᠤ ᠤᠯᠠᠨ ᠴᠢᠳᠠᠪᠤᠷᠢ ᠲᠠᠢ᠂ ᠨᠢᠭᠡ ᠰᠦᠯᠵᠢᠶ᠎ᠡ ᠤᠯᠠᠨ ᠬᠡᠷᠡᠭᠴᠡᠭᠡ ᠲᠠᠢ᠂ ᠴᠢᠳᠠᠮᠵᠢ ᠨᠢ ᠡᠷᠴᠢᠮᠯᠢᠭ᠂ ᠳᠥᠭᠦᠮ ᠳᠥᠲᠡ ᠥᠨᠳᠥᠷ ᠪᠦᠲᠦᠮᠵᠢᠲᠡᠢ︾ ᠬᠥᠳᠡᠭᠡ ᠲᠣᠰᠬᠤᠨ ᠤ ᠲᠡᠭᠡᠭᠡᠪᠦᠷᠢ ᠶᠢᠨ ᠦᠢᠯᠡᠴᠢᠯᠡᠭᠡᠨ ᠤ ᠬᠥᠭᠵᠢᠯᠲᠡ ᠶᠢᠨ ᠵᠠᠭᠪᠤᠷ ᠢ ᠪᠠᠶᠢᠭᠤᠯᠬᠤ ᠶᠢ ᠠᠬᠢᠭᠤᠯᠪᠠ᠃ ᠲᠠᠷᠢᠶᠠᠯᠠᠩ᠂ ᠬᠤᠳᠠᠯᠳᠤᠭᠠᠨ ᠤ ᠶᠠᠪᠤᠳᠠᠯ᠂ ᠬᠠᠩᠭᠠᠨ ᠪᠣᠷᠣᠯᠠᠭᠤᠯᠬᠤ᠂ ᠰᠢᠦᠳᠠᠨ ᠵᠡᠷᠭᠡ ᠰᠠᠯᠠᠭ᠎ᠠ ᠮᠥᠴᠢᠷ ᠲᠠᠢ ᠢᠳᠡᠪᠬᠢᠲᠡᠶ ᠪᠠᠷ ᠬᠠᠮᠲᠤᠷᠠᠨ᠂ ᠲᠠᠷᠢᠶᠠᠯᠠᠬᠤ ᠮᠠᠯᠵᠢᠬᠤ ᠣᠷᠣᠨ ᠤ ᠪᠠᠷᠠᠭᠠᠨ ᠤ ᠭᠦᠶᠯᠭᠡᠭᠡᠨ ᠤ ᠰᠠᠭᠤᠷᠢ ᠲᠥᠬᠦᠭᠡᠷᠦᠮᠵᠢ ᠶᠢᠨ ᠲᠣᠤᠷ ᠰᠦᠯᠵᠢᠶ᠎ᠡ ᠶᠢ ᠨᠢᠭᠡᠳᠦᠯᠲᠡᠶ ᠲᠥᠯᠥᠪᠵᠢᠭᠦᠯᠵᠦ᠂ ᠰᠢᠶᠠᠨ᠂ ᠰᠢᠶᠠᠩ᠂ ᠲᠣᠰᠬᠤᠨ ᠭᠤᠷᠪᠠᠨ ᠱᠠᠲᠤᠨ ᠤ ᠪᠠᠷᠠᠭᠠᠨ ᠤ ᠭᠦᠶᠯᠭᠡᠭᠡᠨ ᠤ ᠦᠶᠯᠡᠴᠢᠯᠡᠭᠡᠨ ᠤ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ︽ᠵᠠᠮ ᠬᠠᠷᠢᠯᠴᠠᠭ᠎ᠠ ᠰᠢᠦᠳᠠᠨ ᠤ ᠶᠠᠪᠤᠳᠠᠯ ᠤᠨ ᠬᠠᠮᠲᠤᠷᠠᠯᠴᠠᠭ᠎ᠠ︾ ᠶᠢ ᠭᠦᠨᠵᠡᠭᠡᠢ ᠠᠬᠢᠭᠤᠯᠵᠤ᠂ ᠬᠥᠳᠡᠭᠡ ᠲᠣᠰᠬᠤᠨ ᠤ ᠠᠶᠠᠨᠴᠢᠳ ᠪᠠ ᠪᠠᠷᠠᠭ᠎ᠠ  ᠶᠢᠨ ᠲᠡᠭᠡᠭᠡᠪᠦᠷᠢ ᠶᠢᠨ ᠥᠷᠲᠡᠭᠡ ᠲᠠᠯᠠᠪᠤᠷ᠂ ᠰᠢᠦᠳᠠᠨ ᠤ ᠲᠦᠷᠭᠡᠨ ᠬᠦᠷᠭᠡᠬᠦ ᠥᠷᠲᠡᠭᠡ ᠴᠡᠭ᠂ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠠᠵᠢᠯ ᠤᠨ ᠲᠣᠭᠤᠷᠢᠭ ᠵᠡᠷᠭᠡ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠴᠢᠳᠠᠮᠵᠢ ᠶᠢ ᠨᠢ ᠳᠡᠰ ᠳᠡᠪᠰᠢᠭᠦᠯᠬᠦ ᠶᠢ ᠠᠬᠢᠭᠤᠯᠪᠠ᠃ ᠲᠠᠷᠢᠶᠠᠯᠠᠬᠤ ᠮᠠᠯᠵᠢᠬᠤ ᠣᠷᠣᠨ ᠤ ᠠᠶᠠᠨᠴᠢᠳ ᠤᠨ ᠲᠡᠭᠡᠭᠡᠪᠦᠷᠢ ᠶᠢᠨ ᠲᠡᠷᠭᠡ ᠬᠥᠰᠬᠡ ᠶᠢᠨ ᠪᠣᠭᠤᠳᠠᠯ ᠤᠨ ᠥᠷᠦᠭᠡᠨ ᠳᠤ ᠰᠢᠦᠳᠠᠨ ᠤ ᠵᠦᠶᠯ ᠲᠦᠷᠭᠡᠨ ᠬᠦᠷᠭᠡᠬᠦ ᠵᠦᠶᠯ ᠪᠠ ᠵᠢᠵᠢᠭ ᠵᠦᠶᠯ ᠤᠨ ᠲᠠᠷᠢᠶᠠᠯᠠᠩ ᠤᠨ ᠪᠦᠲᠦᠭᠡᠭᠳᠡᠬᠦᠨ ᠢ ᠣᠷᠤᠯᠠᠨ ᠲᠡᠭᠡᠭᠡᠪᠦᠷᠢᠯᠡᠬᠦ ᠶᠢ ᠳᠡᠯᠭᠡᠷᠡᠭᠦᠯᠪᠡ᠃ ᠥᠪᠡᠷᠲᠡᠭᠡᠨ ᠵᠠᠰᠠᠬᠤ ᠣᠷᠣᠨ ᠤ ᠰᠢᠦᠳᠠᠨ ᠤ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠪᠠᠷᠠᠭᠠᠨ ᠤ ᠭᠦᠶᠯᠭᠡᠭᠡᠨ ᠤ ᠦᠶᠯᠡᠴᠢᠯᠡᠭᠡᠨ ᠤ ᠨᠡᠷ᠎ᠡ ᠲᠡᠮᠳᠡᠭ ᠢ ᠳᠡᠯᠭᠡᠷᠡᠭᠦᠯᠬᠦ ᠠᠵᠢᠯ ᠢ ᠵᠣᠬᠢᠶᠠᠨ ᠪᠠᠶᠢᠭᠤᠯᠤᠨ ᠦᠷᠨᠢᠭᠦᠯᠪᠡ᠃     ᠳᠥᠷᠪᠡ ᠳᠤ᠂ ︽ᠨᠣᠭᠤᠭ᠎ᠠ ᠶᠢᠨ ᠰᠠᠭᠰᠤ︾ ᠶᠢᠨ ᠬᠠᠩᠭᠠᠯᠭ᠎ᠠ ᠶᠢ ᠪᠠᠲᠤᠯᠠᠪᠠ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠬᠠᠮᠲᠤᠷᠠᠨ ᠳᠠᠷᠤᠮᠠᠯᠯᠠᠨ ᠲᠠᠷᠬᠠᠭᠠᠭᠰᠠᠨ ︽ᠠᠮᠢᠳᠤ ᠰᠣᠷᠭᠤᠭ ᠲᠠᠷᠢᠶᠠᠯᠠᠩ ᠤᠨ ᠪᠦᠲᠦᠭᠡᠭᠳᠡᠬᠦᠨ ᠤ ᠲᠡᠭᠡᠭᠡᠪᠦᠷᠢ ᠶᠢᠨ ᠰᠠᠭᠠᠳ ᠥᠬᠡᠶ ᠨᠡᠪᠲᠡᠷᠡᠬᠦ ᠵᠠᠮ ᠤᠨ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠬᠤ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ 2022 ᠣᠨ ᠤ ᠳᠡᠭᠡᠷ᠎ᠡ ᠬᠠᠭᠠᠰ ᠵᠢᠯ ᠳᠤ ᠠᠮᠢᠳᠤ ᠰᠣᠷᠭᠤᠭ ᠲᠠᠷᠢᠶᠠᠯᠠᠩ ᠤᠨ ᠪᠦᠲᠦᠭᠡᠭᠳᠡᠬᠦᠨ ᠢ ᠬᠠᠤᠯᠢ ᠶᠣᠰᠣᠭᠠᠷ ᠪᠦᠲᠦᠨ ᠲᠡᠷᠭᠡ ᠰᠠᠪᠠᠯᠠᠵᠤ ᠲᠡᠭᠡᠭᠡᠪᠦᠷᠢᠯᠡᠭᠰᠡᠨ ᠲᠡᠷᠭᠡ ᠬᠥᠰᠬᠡ ᠶᠢᠨ ᠨᠡᠪᠲᠡᠷᠡᠬᠦ ᠰᠦᠶᠳᠬᠡᠯ ᠢ 1.9 ᠳ᠋ᠦᠩᠰᠢᠭᠤᠷ ᠲᠥᠭᠦᠷᠢᠭ ᠬᠠᠰᠤᠵᠤ ᠬᠡᠯᠲᠦᠷᠢᠭᠦᠯᠪᠡ᠃   ︵ᠶᠠᠩ ᠱᠤ᠋ ᠹᠠᠩ︶
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号