2022-08-19 07:43:04 ᠪᠣᠯᠲᠠᠯ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠰᠢᠨ᠎ᠡ ᠵᠠᠮ ᠤᠨ ᠪᠠᠶᠢᠳᠠᠯ ᠤᠨ ᠮᠡᠳᠡᠭᠡ ᠵᠠᠩᠭᠢ
ᠨᠡᠶᠢᠲᠡᠯᠡᠭᠰᠡᠨ ᠴᠠᠭ᠄
2022/8/19
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠰᠢᠨ᠎ᠡ ᠵᠠᠮ ᠤᠨ ᠪᠠᠶᠢᠳᠠᠯ ᠤᠨ ᠮᠡᠳᠡᠭᠡ ᠵᠠᠩᠭᠢ      2022-08-19 07:43:04      ᠥᠪᠥᠷ ᠮᠣᠩᠭᠤᠯ ᠤᠨ ᠴᠠᠩ ᠵᠢᠶᠧ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠣᠣᠷᠵᠢᠭᠤᠯᠤᠨ ᠰᠦᠢᠳᠬᠡᠯ ᠬᠤᠷᠢᠶᠠᠵᠤ ᠳ᠋ᠦᠩᠨᠡᠨ ᠪᠤᠳᠤᠬᠤ ᠬᠢᠵᠠᠭᠠᠷᠲᠤ ᠺᠣᠮᠫᠠᠨᠢ ᠲᠠᠨ ᠳᠤ ᠨᠡᠶᠢᠲᠡᠯᠡᠭᠰᠡᠨ ᠨᠢ᠄      ᠨᠢᠭᠡ᠂ G55 ᠡᠷᠢᠶᠡᠨ ᠠᠴᠠ ᠭᠤᠸᠠᠩᠵᠸᠦ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ      1. ᠵᠠᠮ ᠵᠠᠰᠠᠬᠤ ᠠᠴᠠ ᠪᠣᠯᠵᠤ᠂ ᠡᠷᠢᠶᠡᠨ ᠵᠦᠭ ᠶᠠᠪᠤᠬᠤ ᠲᠡᠷᠭᠡ ᠬᠥᠰᠬᠡ ᠰᠠᠶᠢᠬᠠᠨᠲᠠᠯ᠎ᠠ ᠶᠢᠨ ᠡᠮᠦᠨ᠎ᠡ ᠰᠦᠢᠳᠬᠡᠯ ᠬᠤᠷᠢᠶᠠᠬᠤ ᠥᠷᠲᠡᠭᠡ ᠪᠠᠷ ᠳᠡᠮᠵᠢᠨ ᠰᠠᠯᠵᠤ ᠭᠠᠷᠴᠤ᠂ 208 ᠤᠯᠤᠰ ᠤᠨ ᠵᠠᠮ ᠢ ᠲᠣᠭᠤᠷᠢᠨ ᠶᠠᠪᠤᠵᠤ ᠰᠠᠶᠢᠬᠠᠨᠲᠠᠯ᠎ᠠ ᠶᠢᠨ ᠬᠤᠶᠢᠲᠤ ᠰᠦᠢᠳᠬᠡᠯ ᠬᠤᠷᠢᠶᠠᠬᠤ ᠥᠷᠲᠡᠭᠡ ᠳᠤ ᠣᠷᠣᠨ᠎ᠠ︔ ᠲᠠᠶᠢᠶᠤᠸᠠᠨ ᠵᠦᠭ ᠶᠠᠪᠤᠬᠤ ᠲᠡᠷᠭᠡ ᠬᠦᠰᠭᠡ ᠰᠠᠶᠢᠬᠠᠨᠲᠠᠯ᠎ᠠ ᠶᠢᠨ ᠬᠤᠶᠢᠲᠤ ᠬᠡᠰᠡᠭ ᠤᠨ ᠰᠦᠢᠳᠬᠡᠯ ᠬᠤᠷᠢᠶᠠᠬᠤ ᠥᠷᠲᠡᠭᠡ ᠪᠠᠷ ᠳᠡᠮᠵᠢᠨ ᠰᠠᠯᠵᠤ ᠭᠠᠷᠴᠤ᠂ 208 ᠤᠯᠤᠰ ᠤᠨ ᠵᠠᠮ ᠢᠶᠠᠷ ᠳᠡᠮᠵᠢᠨ ᠰᠠᠶᠢᠬᠠᠨᠲᠠᠯ᠎ᠠ ᠶᠢᠨ ᠡᠮᠦᠨ᠎ᠡ ᠰᠦᠢᠳᠬᠡᠯ ᠬᠤᠷᠢᠶᠠᠬᠤ ᠥᠷᠲᠡᠭᠡ ᠠᠴᠠ G55 ᠳᠡᠭᠡᠳᠦ ᠬᠤᠷᠳᠤ ᠶᠢᠨ ᠵᠠᠰᠠᠮᠠᠯ ᠵᠠᠮ ᠳᠤ ᠣᠷᠤᠵᠤ ᠪᠣᠯᠣᠨ᠎ᠠ᠃      2. ᠲᠣᠨᠤᠭ ᠲᠥᠬᠦᠭᠡᠷᠦᠮᠵᠢ ᠶᠢᠨ ᠭᠡᠮᠲᠦᠯ ᠠᠴᠠ ᠪᠣᠯᠵᠤ᠂ ᠲᠤᠭ ᠤᠨ ᠠᠭᠤᠯᠠ ᠰᠦᠢᠳᠬᠡᠯ ᠬᠤᠷᠢᠶᠠᠬᠤ ᠥᠷᠲᠡᠭᠡ ᠶᠢᠨ ᠣᠷᠤᠴᠠ ᠪᠠᠷ ᠪᠠᠷᠠᠭᠠᠨ ᠤ ᠲᠡᠷᠭᠡ ᠨᠡᠪᠲᠡᠷᠡᠬᠦ ᠶᠢ ᠴᠠᠭᠠᠵᠠᠯᠠᠨ᠎ᠠ᠃      3. ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠴᠠ ᠪᠣᠯᠵᠤ᠂ ᠤᠯᠠᠭᠠᠨᠬᠠᠳᠠ ᠶᠢᠨ ᠰᠦᠢᠳᠬᠡᠯ ᠬᠤᠷᠢᠶᠠᠬᠤ ᠥᠷᠲᠡᠭᠡ ᠪᠠᠷ ᠲᠡᠷᠭᠡ ᠬᠥᠰᠬᠡ ᠨᠡᠪᠲᠡᠷᠡᠬᠦ ᠶᠢ ᠴᠠᠭᠠᠵᠠᠯᠠᠨ᠎ᠠ᠃      ᠬᠤᠶᠠᠷ᠂ G5901 ᠬᠥᠬᠡᠬᠤᠲᠠ ᠶᠢᠨ ᠬᠤᠲᠠ ᠲᠣᠭᠤᠷᠢᠬᠤ ᠳᠡᠭᠡᠳᠦ ᠬᠤᠷᠳᠤ ᠶᠢᠨ ᠵᠠᠰᠠᠮᠠᠯ ᠵᠠᠮ      1. ᠬᠢᠵᠢᠭ ᠤᠨ ᠪᠠᠶᠢᠳᠠᠯ ᠢ ᠬᠠᠮᠢᠶᠠᠷᠤᠨ ᠡᠵᠡᠮᠳᠡᠬᠦ ᠠᠴᠠ ᠪᠣᠯᠵᠤ᠂ ᠴᠠᠭᠠᠨ ᠰᠤᠪᠤᠷᠭ᠎ᠠ ᠶᠢᠨ ᠡᠯ᠎ᠡ ᠰᠦᠢᠳᠬᠡᠯ ᠬᠤᠷᠢᠶᠠᠬᠤ ᠥᠷᠲᠡᠭᠡ ᠶᠢᠨ ᠭᠠᠷᠴᠠ ᠣᠷᠤᠴᠠ ᠪᠠᠷ ᠪᠠᠷᠠᠭᠠᠨ ᠤ ᠲᠡᠷᠭᠡ ᠨᠡᠪᠲᠡᠷᠡᠬᠦ ᠶᠢ ᠴᠠᠭᠠᠵᠠᠯᠠᠵᠤ᠂ ᠵᠣᠣ ᠵᠢᠶᠦ᠋ᠨ᠂ ᠶᠢᠨ ᠾᠧ᠂ ᠭᠦᠸᠧ ᠵᠢᠶᠠ ᠶᠢᠩ ᠤᠨ ᠡᠯ᠎ᠡ ᠰᠦᠢᠳᠬᠡᠯ ᠬᠤᠷᠢᠶᠠᠬᠤ ᠥᠷᠲᠡᠭᠡ ᠶᠢᠨ ᠭᠠᠷᠴᠠ ᠣᠷᠤᠴᠠ ᠪᠠᠷ ᠠᠶᠠᠨᠴᠢᠳ ᠤᠨ ᠲᠡᠷᠭᠡ ᠨᠡᠪᠲᠡᠷᠡᠬᠦ ᠶᠢ ᠴᠠᠭᠠᠵᠠᠯᠠᠨ᠎ᠠ᠃      2. ᠵᠠᠮ ᠤᠨ ᠵᠠᠬᠢᠷᠤᠯᠲᠠ ᠠᠴᠠ ᠪᠣᠯᠵᠤ᠂ ᠴᠠᠭᠠᠨ ᠰᠤᠪᠤᠷᠭ᠎ᠠ᠂ ᠵᠢᠨᠱᠠᠨ ᠰᠦᠢᠳᠬᠡᠯ ᠬᠤᠷᠢᠶᠠᠬᠤ ᠭᠠᠵᠠᠷ  ᠠᠴᠠ ᠶᠢᠨᠴᠤᠸᠠᠨ ᠵᠦᠭ ᠶᠠᠪᠤᠬᠤ ᠣᠷᠤᠴᠠ ᠪᠠᠷ ᠲᠣᠯᠤᠭᠠᠨ ᠰᠠᠭᠤᠳᠠᠯ ᠠᠴᠠ ᠳᠣᠷᠤᠭᠰᠢᠬᠢ ᠠᠶᠠᠨᠴᠢᠳ ᠤᠨ ᠲᠡᠷᠭᠡ ᠨᠡᠪᠲᠡᠷᠡᠬᠦ ᠶᠢ ᠵᠦᠪᠰᠢᠶᠡᠷᠡᠨ᠎ᠡ︔ ᠭᠦᠸᠧ ᠵᠢᠶᠠ ᠶᠢᠩ᠂ ᠶᠢᠨ ᠾᠧ᠂ ᠵᠣᠣ ᠵᠢᠶᠦ᠋ᠨ ᠤ ᠡᠯ᠎ᠡ ᠰᠦᠢᠳᠬᠡᠯ ᠬᠤᠷᠢᠶᠠᠬᠤ ᠥᠷᠲᠡᠭᠡ ᠶᠢᠨ  ᠢᠷᠭᠠᠢ ᠶᠢᠨ ᠴᠢᠭᠯᠡᠯ ᠳᠤ ᠣᠷᠤᠬᠤ ᠶᠢ ᠴᠠᠭᠠᠵᠠᠯᠠᠨ᠎ᠠ᠃      ᠭᠤᠷᠪᠠ᠂ G6 ᠪᠡᠭᠡᠵᠢᠩ ᠠᠴᠠ ᠲᠥᠪᠡᠳ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ      1. ᠬᠢᠵᠢᠭ ᠤᠨ ᠪᠠᠶᠢᠳᠠᠯ ᠢ ᠬᠠᠮᠢᠶᠠᠷᠤᠨ ᠡᠵᠡᠮᠳᠡᠬᠦ ᠠᠴᠠ ᠪᠣᠯᠵᠤ᠂ ᠬᠥᠬᠡᠬᠤᠲᠠ ᠶᠢᠨ ᠵᠡᠭᠦᠨ᠂ ᠬᠥᠬᠡᠬᠤᠲᠠ᠂ ᠬᠥᠬᠡᠬᠤᠲᠠ ᠶᠢᠨ ᠪᠠᠷᠠᠭᠤᠨ᠂ ᠮᠤᠨᠠ ᠠᠭᠤᠯᠠ ᠶᠢᠨ ᠡᠯ᠎ᠡ ᠰᠦᠢᠳᠬᠡᠯ ᠬᠤᠷᠢᠶᠠᠬᠤ ᠥᠷᠲᠡᠭᠡ ᠪᠠᠷ ᠵᠥᠪᠬᠡᠨ ᠠᠶᠠᠨᠴᠢᠳ ᠤᠨ ᠲᠡᠷᠭᠡ ᠨᠡᠪᠲᠡᠷᠡᠬᠦ ᠶᠢ ᠵᠥᠪᠰᠢᠶᠡᠷᠡᠨ᠎ᠡ᠂ ᠪᠢᠴᠢᠭᠡᠴᠢ ᠰᠦᠢᠳᠬᠡᠯ ᠬᠤᠷᠢᠶᠠᠬᠤ ᠥᠷᠲᠡᠭᠡ ᠳᠤ ᠲᠤᠯᠤᠭᠠᠨ ᠰᠠᠭᠤᠳᠠᠯ ᠠᠴᠠ ᠳᠡᠭᠡᠭᠰᠢᠬᠢ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠲᠡᠷᠭᠡ ᠵᠢᠴᠢ ᠪᠠᠷᠠᠭᠠᠨ ᠤ ᠲᠡᠷᠭᠡ ᠨᠡᠪᠲᠡᠷᠡᠬᠦ ᠶᠢ ᠵᠥᠪᠰᠢᠶᠡᠷᠡᠨ᠎ᠡ᠃      2. ᠵᠠᠮ ᠵᠠᠰᠠᠬᠤ ᠠᠴᠠ ᠪᠣᠯᠵᠤ᠂ 8 ᠳ᠋ᠤᠭᠠᠷ ᠰᠠᠷ᠎ᠠ ᠶᠢᠨ 8 ᠤ ᠡᠳᠦᠷ ᠤᠨ 10 ᠴᠠᠭ ᠠᠴᠠ 11 ᠳ᠋ᠦ᠋ᠭᠡᠷ ᠰᠠᠷ᠎ᠠ ᠶᠢᠨ 8 ᠤ ᠡᠳᠦᠷ ᠪᠣᠯᠲᠠᠯ᠎ᠠ᠂ ᠪᠣᠷᠤ ᠬᠤᠰᠢᠭᠤ ᠬᠠᠷᠢᠯᠴᠠᠨ ᠨᠡᠪᠲᠡᠷᠡᠯᠴᠡᠬᠦ ᠠᠴᠠ ᠵᠢᠨᠱᠠᠨ ᠬᠠᠷᠢᠯᠴᠠᠨ ᠨᠡᠪᠲᠡᠷᠡᠯᠴᠡᠬᠦ ᠬᠦ᠋ᠷᠬᠦ K456-K499 ᠬᠡᠰᠡᠭ᠂ ᠪᠠᠷᠠᠭᠠᠨ ᠤ ᠲᠡᠷᠭᠡ ᠨᠡᠪᠲᠡᠷᠡᠬᠦ ᠶᠢ ᠴᠠᠭᠠᠵᠠᠯᠠᠨ᠎ᠠ᠃      3.  ᠵᠠᠬᠢᠷᠤᠯᠲᠠ ᠠᠴᠠ ᠪᠣᠯᠵᠤ᠂ ᠰᠢᠩ ᠾᠧ ᠠᠴᠠ ᠮᠡᠯᠡᠭᠡᠶᠢᠲᠦ ᠶᠢᠨ ᠡᠯ᠎ᠡ ᠰᠦᠢᠳᠬᠡᠯ ᠬᠤᠷᠢᠶᠠᠬᠤ ᠭᠠᠵᠠᠷ ᠤᠨ ᠢᠷᠭᠠᠶ  ᠶᠢᠨ ᠴᠢᠭᠯᠡᠯ ᠤᠨ ᠣᠷᠤᠴᠠ ᠪᠠᠷ ᠲᠡᠷᠭᠡ ᠨᠡᠪᠲᠡᠷᠡᠬᠦ ᠶᠢ ᠴᠠᠭᠠᠵᠠᠯᠠᠨ᠎ᠠ︔ ᠵᠦᠸᠧᠽᠢ ᠱᠠᠨ ᠠᠴᠠ ᠬᠥᠬᠡᠬᠤᠲᠠ ᠶᠢᠨ ᠪᠠᠷᠠᠭᠤᠨ ᠬᠦᠷᠬᠦ ᠡᠯ᠎ᠡ ᠰᠦᠢᠳᠬᠡᠯ ᠬᠤᠷᠢᠶᠠᠬᠤ ᠭᠠᠵᠠᠷ ᠤᠨ ᠢᠷᠭᠠᠶ ᠶᠢᠨ ᠴᠢᠭᠯᠡᠯ ᠤᠨ ᠣᠷᠤᠴᠠ ᠪᠠᠷ ᠳᠣᠯᠤᠭᠠᠨ ᠰᠠᠭᠤᠳᠠᠯ ᠠᠴᠠ ᠳᠡᠭᠡᠭᠰᠢᠬᠢ ᠠᠶᠠᠨᠴᠢᠳ ᠤᠨ ᠲᠡᠷᠭᠡ ᠪᠣᠯᠤᠨ ᠪᠠᠷᠠᠭᠠᠨ ᠤ ᠲᠡᠷᠭᠡ ᠨᠡᠪᠲᠡᠷᠡᠬᠦ ᠶᠢ ᠴᠠᠭᠠᠵᠠᠯᠠᠨ᠎ᠠ᠃      4. ᠬᠦᠨᠳᠦ ᠶᠢ ᠪᠤᠳᠤᠬᠤ ᠲᠥᠬᠦᠭᠡᠷᠦᠮᠵᠢ ᠶᠢᠨ ᠭᠡᠮᠲᠦᠯ ᠠᠴᠠ ᠪᠣᠯᠵᠤ᠂ ᠪᠤᠭᠤᠲᠤ ᠶᠢᠨ ᠰᠦᠢᠳᠬᠡᠯ ᠬᠤᠷᠢᠶᠠᠬᠤ ᠥᠷᠲᠡᠭᠡ ᠶᠢᠨ ᠭᠠᠷᠬᠤ ᠵᠠᠮ ᠳᠤ ᠬᠡᠲᠦ ᠥᠷᠭᠡᠨ ᠲᠡᠷᠭᠡ ᠬᠥᠰᠬᠡ ᠨᠡᠪᠲᠡᠷᠡᠬᠦ ᠶᠢ ᠴᠠᠭᠠᠵᠠᠯᠠᠨ᠎ᠠ᠃      5. ᠵᠠᠮ ᠵᠠᠰᠠᠵᠤ ᠠᠴᠠ ᠪᠣᠯᠵᠤ᠂ ᠰᠠᠭᠠᠯᠢᠴᠢᠨ ᠠᠴᠠ ᠪᠢᠴᠢᠭᠡᠴᠢ ᠬᠦᠷᠬᠦ ᠡᠯ᠎ᠡ ᠰᠦᠢᠳᠭᠡᠯ ᠬᠤᠷᠢᠶᠠᠬᠤ ᠭᠠᠵᠠᠷ ᠤᠨ ᠪᠡᠭᠡᠵᠢᠩ ᠤᠨ ᠴᠢᠭᠯᠡᠯ ᠤᠨ ᠣᠷᠤᠴᠠ ᠪᠠᠷ ᠪᠠᠷᠠᠭᠠᠨ ᠤ ᠲᠡᠷᠭᠡ ᠨᠡᠪᠲᠡᠷᠡᠬᠦ ᠶᠢ ᠴᠠᠭᠠᠵᠠᠯᠠᠨ᠎ᠠ᠃      ᠳᠥᠷᠪᠡ᠂ G1013 ᠬᠠᠶᠢᠯᠠᠷ ᠠᠴᠠ ᠵᠠᠩ ᠵᠢᠶᠠ ᠺᠧᠦ ᠬᠦᠷᠲᠡᠯᠡᠬᠢ ᠳᠡᠭᠡᠳᠦ ᠬᠤᠷᠳᠦ ᠶᠢᠨ ᠵᠠᠰᠠᠮᠠᠯ ᠵᠠᠮ      ᠪᠠᠷᠢᠯᠭ᠎ᠠ ᠶᠢᠨ ᠠᠵᠢᠯ ᠤᠨ ᠵᠠᠬᠢᠷᠤᠯᠲᠠ ᠠᠴᠠ ᠪᠣᠯᠵᠤ᠂ ᠰᠠᠩ ᠤᠨ ᠳᠠᠯᠠᠢ ᠶᠢᠨ ᠵᠡᠭᠦᠨ ᠰᠦᠢᠳᠬᠡᠯ ᠬᠤᠷᠢᠶᠠᠬᠤ ᠦᠷᠳᠡᠭᠡ ᠪᠣᠯᠣᠨ ᠰᠠᠩ ᠤᠨ ᠳᠠᠯᠠᠢ ᠶᠢᠨ ᠪᠠᠷᠠᠭᠤᠨ ᠰᠦᠢᠳᠬᠡᠯ ᠬᠤᠷᠢᠶᠠᠬᠤ ᠦᠷᠳᠡᠭᠡ ᠶᠢᠨ ᠵᠠᠮ ᠪᠢᠲᠡᠭᠦᠮᠵᠢᠯᠡᠭᠳᠡᠵᠦ᠂ ᠾᠧᠪᠧᠢ ᠵᠦᠭ ᠶᠠᠪᠤᠬᠤ ᠲᠡᠷᠭᠡ ᠬᠦᠰᠭᠡ ᠤᠷᠳᠤ ᠰᠦᠢᠳᠬᠡᠯ ᠬᠤᠷᠢᠶᠠᠬᠤ ᠦᠷᠳᠡᠭᠡ ᠪᠠᠷ ᠰᠠᠯᠵᠤ ᠭᠠᠷᠬᠤ ᠴᠢᠬᠤᠯᠠᠲᠠᠢ᠂ ᠰᠢᠯᠢᠩᠬᠤᠲᠠ ᠵᠦᠭ ᠶᠠᠪᠤᠬᠤ ᠲᠡᠷᠭᠡ ᠬᠦᠰᠭᠡ ᠰᠠᠩ ᠤᠨ ᠳᠠᠯᠠᠢ ᠶᠢᠨ ᠡᠮᠦᠨ᠎ᠡ ᠰᠦᠢᠳᠬᠡᠯ ᠬᠤᠷᠢᠶᠠᠬᠤ ᠦᠷᠳᠡᠭᠡ ᠪᠠᠷ ᠰᠠᠯᠵᠤ ᠭᠠᠷᠬᠤ ᠴᠢᠬᠤᠯᠠᠲᠠᠢ᠂ ᠨᠠᠭᠠᠰᠢ ᠴᠠᠭᠠᠰᠢ ᠥᠩᠭᠡᠷᠡᠬᠦ ᠲᠡᠷᠭᠡ ᠬᠦᠰᠭᠡ ᠤᠷᠢᠳᠴᠢᠯᠠᠨ ᠲᠣᠭᠤᠷᠢᠵᠤ ᠶᠠᠪᠤᠭᠠᠷᠠᠢ᠃      ᠲᠠᠪᠤ᠂ G45 ᠳ᠋ᠠᠴᠢᠩ ᠠᠴᠠ ᠭᠤᠸᠠᠩᠵᠸᠦ ᠬᠦᠷᠲᠡᠯᠡᠬᠢ ᠳᠡᠭᠡᠳᠦ ᠬᠤᠷᠳᠦ ᠶᠢᠨ ᠵᠠᠰᠠᠮᠠᠯ ᠵᠠᠮ      1. ᠵᠠᠮ ᠵᠠᠰᠠᠬᠤ ᠠᠴᠠ ᠪᠣᠯᠵᠤ᠂ 2022 ᠣᠨ ᠤ 8 ᠳ᠋ᠤᠭᠠᠷ ᠰᠠᠷ᠎ᠠ ᠶᠢᠨ 10 ᠤ ᠡᠳᠦᠷ ᠠᠴᠠ 2022 ᠣᠨ ᠤ 11 ᠳ᠋ᠦ᠋ᠭᠡᠷ ᠰᠠᠷ᠎ᠠ ᠶᠢᠨ 30 ᠤ ᠡᠳᠦᠷ ᠪᠣᠯᠲᠠᠯ᠎ᠠ᠂ ᠰᠠᠨ ᠳ᠋ᠣᠣ ᠵᠢᠩ ᠰᠦᠢᠳᠬᠡᠯ ᠬᠤᠷᠢᠶᠠᠬᠤ ᠥᠷᠲᠡᠭᠡ ᠶᠢ ᠪᠢᠲᠡᠭᠦᠮᠵᠢᠯᠡᠵᠦ᠂ ᠪᠣᠶ ᠪᠦᠬᠦᠢ ᠲᠡᠷᠭᠡ ᠬᠥᠰᠬᠡ ᠨᠡᠪᠲᠡᠷᠡᠬᠦ ᠶᠢ ᠴᠠᠭᠠᠵᠠᠯᠠᠨ᠎ᠠ᠃      2. ᠵᠠᠮ ᠵᠠᠰᠠᠬᠤ ᠠᠴᠠ ᠪᠣᠯᠵᠤ᠂ 2022 ᠣᠨ ᠤ 8 ᠳ᠋ᠤᠭᠠᠷ ᠰᠠᠷ᠎ᠠ ᠶᠢᠨ 15 ᠤ ᠡᠳᠦᠷ ᠠᠴᠠ 2022 ᠣᠨ ᠤ 8 ᠳ᠋ᠤᠭᠠᠷ ᠰᠠᠷ᠎ᠠ ᠶᠢᠨ 25 ᠤ ᠡᠳᠦᠷ ᠪᠣᠯᠲᠠᠯ᠎ᠠ᠂ ᠳ᠋ᠠ ᠯᠢᠨ ᠰᠦᠢᠳᠬᠡᠯ ᠬᠤᠷᠢᠶᠠᠬᠤ ᠥᠷᠲᠡᠭᠡ ᠶᠢ ᠪᠢᠲᠡᠭᠦᠮᠵᠢᠯᠡᠵᠦ᠂ ᠪᠣᠶ ᠪᠦᠬᠦᠢ ᠲᠡᠷᠭᠡ ᠬᠥᠰᠬᠡ ᠨᠡᠪᠲᠡᠷᠡᠬᠦ ᠶᠢ ᠴᠠᠭᠠᠵᠠᠯᠠᠨ᠎ᠠ᠃      ᠵᠢᠷᠭᠤᠭ᠎ᠠ᠂ G16 ᠳ᠋ᠠᠨᠳᠦ᠋ᠩ ᠠᠴᠠ ᠰᠢᠯᠢᠩᠬᠤᠲᠠ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ      ᠪᠠᠷᠢᠯᠭ᠎ᠠ ᠪᠠᠷᠢᠬᠤ ᠠᠴᠠ ᠪᠣᠯᠵᠤ᠂ ᠪᠠᠷᠢᠯᠭ᠎ᠠ ᠪᠠᠷᠢᠬᠤ ᠬᠤᠭᠤᠴᠠᠭ᠎ᠠ ᠨᠢ 2022 ᠣᠨ ᠤ 8 ᠳ᠋ᠤᠭᠠᠷ ᠰᠠᠷ᠎ᠠ ᠶᠢᠨ 15 ᠤ ᠡᠳᠦᠷ ᠤᠨ 0᠄00 — 2022 ᠣᠨ ᠤ 8 ᠳ᠋ᠤᠭᠠᠷ ᠰᠠᠷ᠎ᠠ ᠶᠢᠨ 25 ᠤ ᠡᠳᠦᠷ ᠤᠨ 0᠄00 ᠪᠣᠯᠲᠠᠯ᠎ᠠ᠂ ᠪᠠᠷᠢᠯᠭ᠎ᠠ ᠪᠠᠷᠢᠬᠤ ᠬᠤᠭᠤᠴᠠᠭᠠᠨ ᠳᠤ ᠫᠢᠩᠵᠤᠸᠠᠩ ᠰᠦᠢᠳᠬᠡᠯ ᠬᠤᠷᠢᠶᠠᠬᠤ ᠥᠷᠲᠡᠭᠡ ᠪᠠᠷ ᠨᠡᠪᠲᠡᠷᠡᠬᠦ ᠶᠢ ᠴᠠᠭᠠᠵᠠᠯᠠᠨ᠎ᠠ᠃      ᠳᠣᠯᠤᠭ᠎ᠠ᠂ G7 ᠪᠡᠭᠡᠵᠢᠩ ᠠᠴᠠ ᠰᠢᠨᠵᠢᠶᠠᠩ ᠬᠦᠷᠲᠡᠯᠡᠬᠢ ᠳᠡᠭᠡᠳᠦ ᠬᠤᠷᠳᠦ ᠶᠢᠨ ᠵᠠᠰᠠᠮᠠᠯ ᠵᠠᠮ      1. ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠴᠠ ᠪᠣᠯᠵᠤ᠂ ᠰᠢᠩ ᠾᠧ ᠶᠢᠨ ᠡᠮᠦᠨ᠎ᠡ ᠰᠦᠢᠳᠬᠡᠯ ᠬᠤᠷᠢᠶᠠᠬᠤ ᠥᠷᠲᠡᠭᠡ ᠶᠢᠨ ᠬᠤᠣᠰ ᠴᠢᠭᠯᠡᠯ ᠤᠨ ᠣᠷᠤᠴᠠ ᠪᠠᠷ ᠳᠣᠯᠤᠭᠠᠨ ᠰᠠᠭᠤᠳᠠᠯ ᠠᠴᠠ ᠳᠡᠭᠡᠭᠰᠢᠬᠢ ᠠᠶᠠᠨᠴᠢᠳ ᠤᠨ ᠲᠡᠷᠭᠡ ᠨᠡᠪᠲᠡᠷᠡᠬᠦ ᠶᠢ ᠴᠠᠭᠠᠵᠠᠯᠠᠨ᠎ᠠ᠃      2. ᠰᠢᠩ ᠾᠧ ᠶᠢᠨ ᠡᠮᠦᠨ᠎ᠡ ᠠᠴᠠ ᠴᠢ ᠰᠢᠶᠠ ᠶᠢᠩ ᠤᠨ ᠡᠮᠦᠨ᠎ᠡ ᠬᠦᠷᠬᠦ ᠡᠯ᠎ᠡ ᠰᠦᠢᠳᠬᠡᠯ ᠬᠤᠷᠢᠶᠠᠬᠤ ᠭᠠᠵᠠᠷ ᠤᠨ ᠣᠷᠤᠴᠠ ᠶᠢᠨ ᠢᠷᠭᠠᠢ ᠶᠢᠨ ᠴᠢᠭᠯᠡᠯ ᠤᠨ ᠣᠷᠤᠴᠠ ᠪᠠᠷ ᠪᠣᠢ ᠪᠦᠬᠦᠢ ᠲᠡᠷᠭᠡ ᠬᠦᠰᠭᠡ ᠨᠡᠪᠲᠡᠷᠡᠬᠦ ᠶᠢ ᠴᠠᠭᠠᠵᠠᠯᠠᠨ᠎ᠠ᠃      ᠨᠠᠢᠮᠠ᠂ G18 ᠷᠦᠩᠴᠧᠩ ᠠᠴᠠ ᠦᠬᠠᠢ ᠬᠦᠷᠲᠡᠯᠡᠬᠢ ᠳᠡᠭᠡᠳᠦ ᠬᠤᠷᠳᠤ ᠶᠢᠨ ᠵᠠᠰᠠᠮᠠᠯ ᠵᠠᠮ     1. K1319-550 ᠭᠠᠵᠠᠷ ︵ᠳᠣᠷᠤᠭᠰᠢ ᠶᠠᠪᠤᠬᠤ ᠴᠢᠭᠯᠡᠯ ᠤᠨ ᠱᠠᠨᠰᠢ ᠶᠢᠨ ᠴᠢᠭᠯᠡᠯ︶ ᠤᠨ ᠵᠠᠮ ᠤᠨ ᠭᠠᠳᠠᠷᠭᠤ ᠨᠢ ᠪᠦᠬᠦᠳᠡ ᠴᠥᠮᠥᠷᠡᠭᠰᠡᠨ ᠠᠴᠠ ᠪᠣᠯᠵᠤ᠂ ᠶᠣᠣ ᠭᠧᠦ ᠰᠦᠢᠳᠬᠡᠯ ᠬᠤᠷᠢᠶᠠᠬᠤ ᠭᠠᠵᠠᠷ ᠤᠨ ᠭᠠᠷᠴᠠ᠂ ᠣᠷᠤᠴᠠ ᠪᠠᠷ ᠨᠡᠪᠲᠡᠷᠡᠬᠦ ᠶᠢ ᠴᠠᠭᠠᠵᠠᠯᠠᠨ᠎ᠠ᠃      ᠶᠢᠰᠦ᠂ S54 ᠵᠢᠨᠢᠩ ᠤᠨ ᠵᠡᠭᠦᠨ ᠬᠤᠲᠠ ᠲᠤᠭᠤᠷᠢᠬᠤ ᠳᠡᠭᠡᠳᠦ ᠬᠤᠷᠳᠦ ᠶᠢᠨ ᠵᠠᠰᠠᠮᠠᠯ ᠵᠠᠮ      ᠵᠠᠮ ᠬᠠᠷᠢᠯᠴᠠᠭᠠᠨ ᠤ ᠴᠠᠭᠳᠠᠭ᠎ᠠ ᠶᠢᠨ ᠵᠠᠬᠢᠷᠤᠯᠲᠠ ᠠᠴᠠ ᠪᠣᠯᠵᠤ᠂᠂ ᠵᠢᠢ ᠱᠠᠩ᠂ ᠮᠧᠢ ᠭᠦᠢ ᠶᠢᠩ ᠰᠦᠢᠳᠭᠡᠯ ᠬᠤᠷᠢᠶᠠᠬᠤ ᠭᠠᠵᠠᠷ ᠤᠨ ᠢᠷᠭᠠᠢ ᠶᠢᠨ ᠣᠷᠤᠴᠠ ᠪᠠᠷ  ᠪᠣᠢ ᠪᠦᠬᠦᠢ ᠲᠡᠷᠭᠡ ᠬᠦᠰᠭᠡ ᠨᠡᠪᠲᠡᠷᠡᠬᠦ ᠶᠢ ᠴᠠᠭᠠᠵᠠᠯᠠᠨ᠎ᠠ᠃      ᠠᠷᠪᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠯᠢ ᠳᠣᠲᠣᠷᠠᠬᠢ ᠪᠤᠰᠤᠳ ᠳᠡᠭᠡᠳᠦ ᠬᠤᠷᠳᠤ ᠶᠢᠨ ᠵᠠᠰᠠᠮᠠᠯ ᠵᠠᠮ ᠰᠠᠭᠠᠳ ᠦᠭᠡᠢ ᠨᠡᠪᠲᠡᠷᠡᠨ᠎ᠡ      ᠲᠣᠳᠣᠷᠬᠠᠶᠢᠯᠠᠯᠲᠠ᠄      1. ᠵᠠᠮ ᠬᠠᠷᠢᠯᠴᠠᠭᠠᠨ ᠤ ᠵᠠᠬᠢᠷᠤᠯᠲᠠ ᠨᠢ 24 ᠴᠠᠭ ᠢᠶᠠᠷ ᠴᠠᠭ ᠲᠤᠬᠠᠢ ᠳᠤ ᠨᠢ ᠰᠢᠨᠡᠳᠬᠡᠨ᠎ᠡ︔      2. ᠬᠤᠪᠢᠷᠠᠯᠲᠠ ᠲᠠᠢ ᠪᠣᠯ ᠰᠦᠢᠳᠬᠡᠯ ᠬᠤᠷᠢᠶᠠᠬᠤ ᠭᠠᠵᠠᠷ ᠤᠨ ᠪᠣᠳᠠᠲᠠᠢ ᠪᠠᠶᠢᠳᠠᠯ ᠢᠶᠠᠷ ᠪᠠᠷᠢᠮᠵᠢᠶ᠎ᠠ ᠪᠣᠯᠭᠠᠨ᠎ᠠ︔      3. ᠪᠣᠶ ᠪᠦᠬᠦᠢ ᠮᠡᠳᠡᠭᠡ ᠵᠠᠩᠭᠢ ᠨᠢ ᠴᠥᠮ ᠡᠯ᠎ᠡ ᠡᠵᠡᠩᠨᠡᠯᠲᠡ ᠶᠢᠨ ᠬᠠᠮᠢᠶᠠᠷᠤᠯᠲᠠ ᠶᠢᠨ ᠨᠢᠭᠡᠴᠢ ᠠᠴᠠ ᠢᠷᠠᠵᠡᠢ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号