︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ | ᠬᠢᠨᠠᠯᠲᠠ ᠬᠠᠮᠢᠶᠠᠷᠤᠯᠲᠠ ᠶᠢᠨ ᠠᠷᠭ᠎ᠠ︾ ᠶᠢᠨ ᠲᠠᠶᠢᠯᠤᠮᠵᠢ | | ᠨᠢᠭᠡ᠂ ᠪᠢᠴᠢᠭ ᠮᠠᠲ᠋ᠧᠷᠢᠶᠠᠯ ᠢ ᠲᠣᠭᠲᠠᠭᠠᠭᠰᠠᠨ ᠠᠬᠤᠢ ᠪᠠᠶᠢᠳᠠᠯ᠂ ᠴᠢᠬᠤᠯᠠ ᠴᠢᠨᠠᠷ ᠵᠢᠴᠢ ᠪᠣᠯᠣᠮᠵᠢᠲᠤ | ᠴᠢᠨᠠᠷ | ᠣᠳᠣ ᠬᠡᠷᠡᠭᠵᠢᠭᠦᠯᠵᠦ ᠪᠠᠶᠢᠭ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ | ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ︾ ᠶᠢ 2009 ᠣᠨ ᠳᠤ ᠨᠡᠶᠢᠲᠡᠯᠡᠵᠦ᠂ ᠡᠨᠡ ᠬᠦ | ᠬᠤᠭᠤᠴᠠᠭᠠᠨ ᠳᠤ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠵᠢᠴᠢ | ᠠᠵᠢᠯ ᠶᠠᠪᠤᠳᠠᠯ ᠤᠨ ᠡᠷᠬᠡ ᠶᠢᠨ ᠬᠤᠪᠢᠶᠠᠷᠢᠯᠠᠯ ᠳᠤ ᠮᠠᠰᠢ ᠶᠡᠭᠡ ᠬᠤᠪᠢᠷᠠᠯᠲᠠ ᠭᠠᠷᠴᠤ᠂ ᠬᠡᠳᠦᠶᠢᠪᠡᠷ ᠣᠶᠢᠷ᠎ᠠ ᠶᠢᠨ | ᠵᠢᠯ ᠳᠤ ᠵᠠᠰᠠᠭ ᠵᠠᠬᠢᠷᠭᠠᠨ ᠤ ᠡᠷᠬᠡ ᠶᠢᠨ ᠲᠣᠬᠢᠷᠠᠭᠤᠯᠤᠯᠲᠠ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ | ᠬᠠᠮᠢᠶᠠᠷᠤᠯᠲᠠ ᠶᠢᠨ ᠠᠷᠭ᠎ᠠ︾ ᠶᠢ ᠨᠠᠶᠢᠷᠠᠭᠤᠯᠤᠨ ᠵᠣᠬᠢᠶᠠᠵᠤ ᠨᠡᠶᠢᠲᠡᠯᠡᠬᠦ ᠵᠡᠷᠭᠡ ᠲᠤᠰᠬᠠᠢ ᠵᠦᠢᠯ ᠤᠨ ᠠᠷᠭ᠎ᠠ ᠪᠠᠷ | ᠳᠠᠮᠵᠢᠭᠤᠯᠤᠨ ᠬᠡᠰᠡᠭ ᠲᠠᠯ᠎ᠠ ᠪᠠᠷ ᠲᠡᠭᠦᠯᠳᠡᠷᠵᠢᠭᠦᠯᠦᠭᠰᠡᠨ ᠪᠣᠯᠪᠠᠴᠤ᠂ ᠭᠡᠪᠡᠴᠦ ᠶᠡᠷᠦᠩᠬᠡᠢ ᠳᠤ ᠪᠠᠨ ᠮᠥᠨ ᠬᠦ ᠪᠥᠬᠦ | ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠣᠳᠣᠬᠢ ᠪᠠᠶᠢᠳᠠᠯ ᠯᠤᠭ᠎ᠠ | ᠵᠣᠬᠢᠴᠠᠬᠤ ᠦᠭᠡᠢ ᠪᠠᠶᠢᠳᠠᠯ ᠨᠡᠯᠢᠶᠡᠳ ᠣᠯᠠᠨ ᠪᠠᠶᠢᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ︾ ᠳᠤ ᠵᠠᠰᠠᠪᠤᠷᠢ ᠣᠷᠣᠭᠤᠯᠵᠤ᠂ | ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠶᠢᠨ ᠦᠶᠯᠡ ᠠᠵᠢᠯᠯᠠᠭ᠎ᠠ ᠶᠢ ᠤᠯᠠᠮ | ᠨᠢᠭᠡ ᠠᠯᠬᠤᠮ ᠵᠢᠷᠤᠮᠵᠢᠭᠤᠯᠤᠨ᠂ ᠠᠵᠢᠯ ᠲᠥᠷᠥᠯ ᠤᠨ ᠵᠠᠰᠠᠯᠲᠠ ᠶᠢᠨ ᠬᠢᠷᠢ ᠲᠦᠪᠰᠢᠨ ᠶᠢ ᠳᠡᠭᠡᠭᠰᠢᠯᠡᠭᠦᠯᠬᠦ | ᠴᠢᠬᠤᠯᠠᠲᠠᠢ ᠪᠠᠶᠢᠨ᠎ᠠ᠃ ᠲᠣᠰ ᠤᠳᠠᠭ᠎ᠠ ᠵᠠᠮ ᠬᠠᠷᠢᠯᠴᠠᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ | ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠶᠢᠨ ᠦᠢᠯᠡᠳᠦᠯ ᠢ ᠭᠦᠢᠴᠡᠳ | ᠪᠠᠳᠠᠷᠠᠭᠤᠯᠬᠤ ᠪᠠ ᠬᠢᠨᠠᠯᠲᠠ ᠬᠠᠮᠢᠶᠠᠷᠤᠯᠲᠠ ᠶᠢᠨ ᠦᠶᠯᠡ ᠠᠵᠢᠯᠯᠠᠭ᠎ᠠ ᠶᠢ ᠵᠢᠷᠤᠮᠵᠢᠭᠤᠯᠬᠤ ᠶᠡᠷᠦᠩᠬᠡᠢ ᠰᠡᠳᠬᠢᠮᠵᠢ | ᠶᠣᠰᠣᠭᠠᠷ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ︽ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ | ᠬᠢᠨᠠᠯᠲᠠ ᠬᠠᠮᠢᠶᠠᠷᠤᠯᠲᠠ ᠶᠢᠨ ᠠᠷᠭ᠎ᠠ︾ ᠪᠠᠷ ᠯᠠᠪᠯᠠᠯᠲᠠ ᠪᠣᠯᠭᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ︾ ᠶᠢ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠬᠢᠨᠠᠯᠲᠠ | ᠬᠠᠮᠢᠶᠠᠷᠤᠯᠲᠠ ᠶᠢᠨ ᠠᠷᠭ᠎ᠠ︾ ᠪᠣᠯᠭᠠᠨ ᠵᠠᠰᠠᠪᠠ᠃ | ᠬᠤᠶᠠᠷ᠂ ᠲᠣᠭᠲᠠᠭᠠᠭᠰᠠᠨ ᠦᠨᠳᠦᠰᠦᠯᠡᠯ | ︵ᠨᠢᠭᠡ︶ ᠬᠠᠤᠯᠢ ᠴᠠᠭᠠᠵᠠ ᠬᠠᠤᠯᠢ ᠲᠣᠭᠲᠠᠭᠠᠯ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠮᠠᠯ ᠵᠠᠮ ᠤᠨ ᠬᠠᠤᠯᠢ᠂ ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠠᠤᠯᠢ᠂ ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠨ ᠲᠣᠭᠤᠷᠢᠨ ᠢ ᠬᠠᠮᠠᠭᠠᠯᠠᠬᠤ ᠬᠠᠤᠯᠢ᠂ ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠬᠥᠷᠥᠰᠥ ᠰᠢᠷᠣᠢ ᠶᠢ ᠬᠠᠮᠠᠭᠠᠯᠠᠬᠤ ᠬᠠᠤᠯᠢ᠂ ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠬᠠᠤᠯᠢ᠂ ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠤᠯᠢ᠂ ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠶᠢᠨ ᠳᠦᠷᠢᠮ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠬᠠᠶᠢᠨ ᠪᠠᠶᠢᠴᠠᠭᠠᠵᠤ ᠵᠢᠷᠤᠵᠤ | ᠲᠥᠯᠥᠪᠯᠡᠬᠦ ᠬᠠᠮᠢᠶᠠᠷᠤᠯᠲᠠ ᠶᠢᠨ ᠳᠦᠷᠢᠮ᠂ ᠰᠦᠢᠳᠬᠡᠯ ᠬᠤᠷᠢᠶᠠᠬᠤ ᠵᠠᠰᠠᠮᠠᠯ ᠵᠠᠮ ᠤᠨ ᠬᠠᠮᠢᠶᠠᠷᠤᠯᠲᠠ ᠶᠢᠨ ᠳᠦᠷᠢᠮ | ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠠᠤᠯᠢ ᠶᠢ ᠬᠡᠷᠡᠭᠵᠢᠭᠦᠯᠬᠦ ᠳᠦ᠋ᠷᠢᠮ᠂ ᠭᠠᠵᠠᠷ ᠤᠨ ᠭᠠᠢ | ᠭᠠᠮᠰᠢᠭ ᠢ ᠰᠡᠷᠭᠡᠶᠢᠯᠡᠨ ᠵᠠᠰᠠᠬᠤ ᠳᠦᠷᠢᠮ | ︵ᠬᠤᠶᠠᠷ︶ ᠰᠠᠯᠠᠭ᠎ᠠ ᠮᠥᠴᠢᠷ ᠤᠨ ᠳᠦᠷᠢᠮ ᠲᠣᠭᠲᠠᠭᠠᠯ | ᠵᠠᠰᠠᠮᠠᠯ ᠵᠠᠮ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ | ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠠᠮᠢᠶᠠᠷᠤᠯᠲᠠ ᠶᠢᠨ ᠠᠷᠭ᠎ᠠ᠂ ᠵᠠᠰᠠᠮᠠᠯ ᠵᠠᠮ ᠤᠨ ᠪᠦᠲᠦᠭᠡᠨ | ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠠᠷᠭ᠎ᠠ᠂ ᠵᠠᠰᠠᠮᠠᠯ ᠵᠠᠮ ᠤᠨ ᠪᠠᠷᠢᠯᠭ᠎ᠠ ᠶᠢᠨ ᠵᠢᠷᠤᠭ | ᠲᠥᠯᠥᠪᠯᠡᠭᠡ ᠶᠢ ᠬᠤᠪᠢᠷᠠᠭᠤᠯᠬᠤ ᠬᠠᠮᠢᠶᠠᠷᠤᠯᠲᠠ ᠶᠢᠨ ᠠᠷᠭ᠎ᠠ᠂ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ | ᠬᠢᠨᠠᠯᠲᠠ ᠬᠠᠮᠢᠶᠠᠷᠤᠯᠲᠠ ᠶᠢᠨ ᠠᠷᠭ᠎ᠠ᠂ ᠵᠠᠰᠠᠮᠠᠯ ᠵᠠᠮ ᠤᠰᠤᠨ ᠲᠡᠭᠡᠭᠡᠪᠦᠷᠢ ᠶᠢᠨ ᠪᠠᠷᠢᠯᠭ᠎ᠠ ᠶᠢᠨ ᠶᠠᠰᠤ ᠴᠢᠨᠠᠷ ᠤᠨ | ᠬᠢᠨᠠᠯᠲᠠ ᠬᠠᠮᠢᠶᠠᠷᠤᠯᠲᠠ ᠶᠢᠨ ᠲᠣᠭᠲᠠᠭᠠᠯ | ︵ᠭᠤᠷᠪᠠ︶ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ | ᠵᠠᠰᠠᠮᠠᠯ ᠵᠠᠮ ᠤᠨ ᠪᠠᠷᠢᠯᠭ᠎ᠠ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠵᠢᠷᠤᠭ | ᠲᠥᠯᠥᠪᠯᠡᠭᠡ ᠶᠢᠨ ᠪᠢᠴᠢᠭ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠬᠤ ᠠᠷᠭ᠎ᠠ ︵ᠵᠠᠮ ᠵᠠᠰᠠᠮᠠᠯ ᠵᠠᠮ ᠲᠠᠷᠬᠠᠭᠠᠭᠰᠠᠨ ﹇ | 2007﹈ 358 ᠳ᠋ᠤᠭᠠᠷ ᠲᠣᠭᠠᠲᠤ︶᠂ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ | ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠠᠷᠭ᠎ᠠ ︵ᠵᠠᠮ ᠵᠠᠰᠠᠮᠠᠯ ᠵᠠᠮ ᠲᠠᠷᠬᠠᠭᠠᠭᠰᠠᠨ ﹇2009﹈ | 731 ᠳ᠋ᠦ᠋ᠭᠡᠷ ᠲᠣᠭᠠᠲᠤ︶᠂ ︽ᠣᠲᠣ ᠦᠶ᠎ᠡ ᠶᠢᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠰᠠᠭᠤᠷᠢ | ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠲᠤᠬᠠᠢ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠤ ᠰᠠᠨᠠᠯ︾ ︵ᠥᠪᠥᠷ ᠵᠠᠰᠠᠭ ᠲᠠᠷᠬᠠᠭᠠᠭᠰᠠᠨ ﹇2017﹈ | 82 ᠳ᠋ᠤᠭᠠᠷ ᠲᠣᠭᠠᠲᠤ︶᠂ ︽ᠥᠪᠡᠷᠲᠡᠭᠡᠨ ᠵᠠᠰᠠᠬᠤ ᠣᠷᠣᠨ ᠤ ᠵᠠᠰᠠᠮᠠᠯ ᠵᠠᠮ ᠤᠨ ᠵᠠᠮ ᠬᠠᠷᠢᠯᠴᠠᠭᠠᠨ ᠤ ᠪᠡᠯᠡ | ᠣᠷᠣᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠭᠤᠯᠤᠯ ᠲᠣᠭᠲᠠᠴᠠ ᠶᠢ ᠰᠢᠯᠤᠭᠤᠳᠬᠠᠬᠤ ᠵᠢᠷᠭᠤᠭᠠᠨ | ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠳᠠᠷᠤᠮᠠᠯᠯᠠᠨ ᠲᠠᠷᠬᠠᠭᠠᠬᠤ ᠲᠤᠬᠠᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠤ ᠮᠡᠳᠡᠭᠳᠡᠯ︾ ︵ᠥᠪᠥᠷ ᠵᠠᠰᠠᠭ | ᠲᠠᠷᠬᠠᠭᠠᠭᠰᠠᠨ ﹇2022﹈ 29 ᠳ᠋ᠦ᠋ᠭᠡᠷ ᠲᠣᠭᠠᠲᠤ︶᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠠᠯᠪᠠᠨ | ᠲᠢᠩᠬᠢᠮ ᠤᠨ ᠪᠣᠬᠢᠷᠳᠤᠯ ᠦᠭᠡᠢ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠬᠦ ᠲᠤᠬᠠᠢ | ᠵᠢᠯᠤᠭᠤᠳᠬᠤ ᠰᠠᠨᠠᠯ ︵ᠵᠠᠮ ᠠᠯᠪᠠᠨ ᠵᠠᠰᠠᠮᠠᠯ ᠵᠠᠮ ﹇2016﹈ 93 ᠳ᠋ᠤᠭᠠᠷ ᠲᠣᠭᠠᠲᠤ︶᠂ ᠵᠠᠰᠠᠮᠠᠯ ᠵᠠᠮ ᠤᠰᠤᠨ | ᠲᠡᠭᠡᠭᠡᠪᠦᠷᠢ ᠶᠢᠨ ᠪᠠᠷᠢᠯᠭ᠎ᠠ ᠶᠢᠨ BIM ᠮᠡᠷᠭᠡᠵᠢᠯ ᠤᠨ ᠬᠡᠷᠡᠭᠯᠡᠯᠲᠡ ᠶᠢ ᠲᠦᠯᠬᠢᠨ ᠠᠬᠢᠭᠤᠯᠬᠤ ᠲᠤᠬᠠᠢ ᠵᠢᠯᠤᠭᠤᠳᠬᠤ | ᠰᠠᠨᠠᠯ ᠵᠠᠮ ᠠᠯᠪᠠᠨ ᠵᠠᠰᠠᠮᠠᠯ ᠵᠠᠮ ﹇2017﹈ 205 ᠳ᠋ᠤᠭᠠᠷ ᠲᠣᠭᠠᠲᠤ᠂ ᠵᠠᠰᠠᠮᠠᠯ ᠵᠠᠮ ᠤᠨ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠨᠢᠭᠡᠴᠢ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠵᠠᠮ | ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠰᠠᠨᠠᠯ ᠤᠳ ︵ᠵᠠᠮ ᠵᠠᠰᠠᠮᠠᠯ ᠵᠠᠮ ᠲᠠᠷᠬᠠᠭᠠᠭᠰᠠᠨ ﹇2021﹈ 438 | ᠳ᠋ᠤᠭᠠᠷ ᠲᠣᠭᠠᠲᠤ︶᠂ ᠡᠩ ᠤᠨ ᠵᠠᠰᠠᠮᠠᠯ ᠵᠠᠮ ᠤᠨ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ ᠪᠠ ᠪᠦᠲᠦᠭᠡᠨ | ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠵᠠᠮ ᠬᠠᠷᠢᠯᠴᠠᠭ᠎ᠠ | ᠲᠡᠭᠡᠭᠡᠪᠦᠷᠢ ᠶᠢᠨ ᠶᠠᠮᠤᠨ ᠤ ᠵᠢᠯᠤᠭᠤᠳᠬᠤ ᠰᠠᠨᠠᠯ ︵ᠵᠠᠮ ᠵᠠᠰᠠᠮᠠᠯ ᠵᠠᠮ ᠲᠠᠷᠬᠠᠭᠠᠭᠰᠠᠨ ﹇2022﹈ 71 ᠳ᠋ᠦ᠋ᠭᠡᠷ | ᠲᠣᠭᠠᠲᠤ︶᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠵᠠᠰᠠᠮᠠᠯ ᠵᠠᠮ ᠤᠰᠤᠨ ᠲᠡᠭᠡᠭᠡᠪᠦᠷᠢ ᠶᠢᠨ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ | ᠴᠢᠩᠭᠠᠳᠬᠠᠬᠤ ᠲᠤᠬᠠᠢ ᠰᠠᠨᠠᠯ ︵ᠵᠠᠮ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠭᠲᠠᠭᠠᠯ ﹇2022﹈ | 7 ᠳ᠋ᠤᠭᠠᠷ ᠲᠣᠭᠠᠲᠤ︶ | ᠭᠤᠷᠪᠠ᠂ ᠠᠷᠭ᠎ᠠ ᠶᠢᠨ ᠭᠤᠣᠯ ᠠᠭᠤᠯᠭ᠎ᠠ | ︽ᠠᠷᠭ᠎ᠠ︾ ᠨᠢ ᠨᠡᠶᠢᠲᠡ ᠲᠤᠯᠤᠭᠠᠨ ᠪᠦᠯᠦᠭ᠂ ᠭᠤᠴᠢᠨ ᠲᠤᠯᠤᠭᠠᠨ ᠵᠦᠢᠯ ᠲᠠᠢ᠂ ᠭᠤᠣᠯ ᠠᠭᠤᠯᠭ᠎ᠠ ᠨᠢ | ᠳᠣᠣᠷᠠᠬᠢ ᠮᠡᠲᠦ᠄ | ᠨᠢᠭᠡᠳᠦᠭᠡᠷ ᠪᠦᠯᠦᠭ ᠨᠢ ᠶᠡᠷᠦᠩᠬᠡᠢ ᠳᠦᠷᠢᠮ ᠤᠨ ᠬᠡᠰᠡᠭ ᠪᠣᠯᠤᠨ᠎ᠠ᠂ ᠭᠤᠣᠯᠳᠠᠭᠤ ᠠᠷᠭ᠎ᠠ ᠶᠢᠨ ᠬᠡᠷᠡᠭᠯᠡᠬᠦ | ᠬᠡᠪᠴᠢᠶ᠎ᠡ᠂ ᠲᠥᠷᠥᠯ ᠵᠦᠢᠯ ᠤᠨ ᠲᠥᠷᠥᠯ ᠠᠩᠭᠢᠯᠠᠯ ᠤᠨ ᠲᠣᠮᠢᠶᠠᠯᠠᠯ᠂ ᠵᠠᠰᠠᠮᠠᠯ ᠵᠠᠮ ᠤᠨ ᠪᠦᠲᠦᠭᠡᠨ | ᠪᠠᠶᠢᠭᠤᠯᠤᠯᠲᠠ ᠶᠢᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠵᠠᠷᠴᠢᠮ ᠢ ᠲᠣᠭᠲᠠᠭᠠᠵᠠᠢ᠃ ᠲᠣᠰ ᠠᠷᠭ᠎ᠠ ᠶᠢ | ᠥᠪᠡᠷᠲᠡᠭᠡᠨ ᠵᠠᠰᠠᠬᠤ ᠣᠷᠣᠨ ᠤ ᠬᠢᠯᠢ ᠳᠣᠲᠣᠷᠠᠬᠢ ᠤᠯᠤᠰ ᠮᠤᠵᠢ ᠶᠢᠨ ᠵᠠᠮ ᠤᠨ ᠵᠠᠰᠠᠮᠠᠯ ᠵᠠᠮ ᠢ ᠰᠢᠨ᠎ᠡ ᠪᠠᠷ | ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠭᠡᠷᠡᠴᠢᠯᠡᠵᠦ ᠥᠷᠭᠡᠳᠬᠡᠨ ᠪᠠᠶᠢᠭᠤᠯᠬᠤ ᠪᠠᠷᠢᠯᠭ᠎ᠠ ᠵᠢᠴᠢ ᠲᠤᠰᠠᠭᠠᠷ | ᠵᠠᠰᠠᠮᠠᠯ ᠵᠠᠮ ᠤᠨ ᠣᠨᠴᠠ ᠶᠡᠭᠡ ᠬᠥᠭᠦᠷᠭᠡ᠂ ᠣᠨᠴᠠ ᠣᠷᠳᠣ ᠨᠦᠬᠡᠨ ᠵᠠᠮ ᠤᠨ ᠪᠦᠲᠦᠭᠡᠨ ᠪᠠᠶᠢᠭᠤᠯᠤᠯᠲᠠ ᠶᠢᠨ | ᠪᠠᠷᠢᠯᠭ᠎ᠠ ᠳᠤ ᠬᠡᠷᠡᠭᠯᠡᠵᠦ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠢ ᠲᠡᠭᠦᠨ ᠤ ᠬᠢᠨᠠᠯᠲᠠ | ᠬᠠᠮᠢᠶᠠᠷᠤᠯᠲᠠ ᠶᠢᠨ ᠠᠷᠭ᠎ᠠ ᠶᠢᠨ ᠶᠣᠰᠣᠭᠠᠷ ᠬᠡᠷᠡᠭᠵᠢᠭᠦᠯᠦᠨ᠎ᠡ᠃ | ᠬᠤᠶᠠᠳᠤᠭᠠᠷ ᠪᠦᠯᠦᠭ ᠨᠢ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠵᠢᠴᠢ ᠡᠷᠬᠡ ᠮᠡᠳᠡᠯ ᠪᠣᠯᠤᠨ᠎ᠠ᠂ | ᠭᠤᠣᠯᠳᠠᠭᠤ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠣᠯᠣᠨ ᠵᠠᠰᠠᠮᠠᠯ ᠵᠠᠮ ᠤᠨ ᠲᠥᠷᠥᠯ ᠵᠦᠢᠯ ᠤᠨ ᠬᠢᠨᠠᠨ | ᠬᠠᠮᠢᠶᠠᠷᠬᠤ ᠡᠷᠬᠡ ᠮᠡᠳᠡᠯ ᠢ ᠲᠣᠳᠣᠷᠬᠠᠶᠢᠯᠠᠪᠠ᠃ ᠵᠠᠰᠠᠭ ᠤᠨ ᠣᠷᠳᠣᠨ ᠠᠴᠠ ᠪᠡᠯᠡ ᠣᠷᠣᠭᠤᠯᠤᠭᠰᠠᠨ ᠵᠠᠰᠠᠮᠠᠯ | ᠵᠠᠮ ᠤᠨ ᠲᠥᠷᠥᠯ ᠵᠦᠢᠯ ᠳᠠᠬᠢ ᠤᠯᠤᠰ ᠤᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠥᠷᠥᠯ ᠵᠦᠢᠯ ᠵᠢᠴᠢ | ᠥᠪᠡᠷᠲᠡᠭᠡᠨ ᠵᠠᠰᠠᠬᠤ ᠣᠷᠣᠨ ᠠᠴᠠ ᠲᠣᠭᠲᠠᠭᠠᠭᠰᠠᠨ ᠬᠡᠰᠡᠭ ᠴᠢᠬᠤᠯᠠ ᠶᠡᠭᠡ ᠲᠥᠷᠥᠯ ᠵᠦᠢᠯ᠂ ᠥᠪᠡᠷᠲᠡᠭᠡᠨ | ᠵᠠᠰᠠᠬᠤ ᠣᠷᠣᠨ ᠤ ᠲᠤᠰ ᠱᠠᠲᠤᠨ ᠠᠴᠠ ᠪᠡᠯᠡ ᠣᠷᠤᠭᠤᠯᠤᠭᠰᠠᠨ᠂ ᠥᠪᠡᠷᠲᠡᠭᠡᠨ ᠵᠠᠰᠠᠬᠤ ᠣᠷᠣᠨ ᠤ ᠲᠤᠰ | ᠱᠠᠲᠤᠨ ᠤ ᠤᠯᠤᠰ ᠤᠨ ᠥᠮᠴᠢᠯᠡᠯᠲᠦ ᠵᠠᠮ ᠬᠠᠷᠢᠯᠴᠠᠭᠠᠨ ᠤ ᠠᠵᠤ ᠠᠬᠤᠶᠢᠯᠠᠯ ᠤᠨ ᠬᠡᠷᠡᠭᠵᠢᠭᠦᠯᠦᠭᠰᠡᠨ ᠵᠠᠰᠠᠭ ᠤᠨ | ᠣᠷᠳᠣᠨ ᠠᠴᠠ ᠪᠡᠯᠡ ᠣᠷᠣᠭᠤᠯᠤᠭᠰᠠᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ | ᠪᠠᠭᠲᠠᠭᠠᠭᠠᠳ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠭᠤᠣᠯᠳᠠᠯᠭ᠎ᠠ ᠲᠠᠢ ᠵᠠᠰᠠᠮᠠᠯ ᠵᠠᠮ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠭᠡᠵᠦ ᠨᠢᠭᠡᠳᠦᠯᠲᠡᠶ ᠨᠡᠷᠡᠶᠢᠳᠴᠦ᠂ ᠥᠪᠡᠷᠲᠡᠭᠡᠨ ᠵᠠᠰᠠᠬᠤ ᠣᠷᠣᠨ ᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠪᠣᠳᠠᠲᠠᠶ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ︔ ᠣᠷᠣᠨ | ᠨᠤᠲᠤᠭ ᠤᠨ ᠳᠡᠭᠡᠳᠦ ᠬᠤᠷᠳᠤ ᠶᠢᠨ ᠵᠠᠰᠠᠮᠠᠯ ᠵᠠᠮ᠂ ᠡᠩ ᠤᠨ ᠤᠯᠤᠰ ᠮᠤᠵᠢ ᠶᠢᠨ ᠵᠠᠰᠠᠮᠠᠯ ᠵᠠᠮ ᠢ ᠡᠯ᠎ᠡ ᠠᠶᠢᠮᠠᠭ | ᠬᠤᠲᠠ ᠠᠴᠠ ᠬᠠᠷᠢᠭᠤᠴᠠᠨ ᠪᠦᠲᠦᠭᠡᠨ ᠪᠠᠶᠢᠭᠤᠯᠬᠤ ᠪᠡᠯᠡ ᠮᠥᠩᠭᠦ ᠴᠤᠭᠯᠠᠭᠤᠯᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠡᠯ᠎ᠡ ᠠᠶᠢᠮᠠᠭ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠠᠴᠠ | ᠪᠣᠳᠠᠲᠠᠶ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠡᠵᠡᠩᠨᠡᠯᠲᠡ ᠶᠢᠨ ᠴᠢᠨᠠᠷᠲᠠᠶ ᠵᠠᠰᠠᠮᠠᠯ ᠵᠠᠮ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠲᠥᠷᠥᠯ ᠵᠦᠢᠯ ᠤᠨ ᠪᠠᠶᠢᠭ᠎ᠠ ᠭᠠᠵᠠᠷ ᠤᠨ ᠠᠶᠢᠮᠠᠭ ᠬᠤᠲᠠ ᠶᠢᠨ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠠᠴᠠ ᠬᠠᠷᠢᠭᠤᠴᠠᠨ ᠬᠢᠨᠠᠨ ᠬᠠᠮᠢᠶᠠᠷᠤᠨ᠎ᠠ᠃ | ᠭᠤᠷᠪᠠᠳᠤᠭᠠᠷ ᠪᠦᠯᠦᠭ ᠨᠢ ᠪᠦᠲᠦᠭᠡᠨ ᠪᠠᠶᠢᠭᠤᠯᠬᠤ ᠳᠡᠰ ᠳᠠᠷᠠᠭᠠᠯᠠᠯ ᠤᠨ ᠬᠢᠨᠠᠯᠲᠠ ᠬᠠᠮᠢᠶᠠᠷᠤᠯᠲᠠ ᠪᠣᠯᠤᠨ᠎ᠠ᠂ | ᠪᠦᠲᠦᠭᠡᠨ ᠪᠠᠶᠢᠭᠤᠯᠬᠤ ᠳᠡᠰ ᠳᠠᠷᠠᠭᠠᠯᠠᠯ ᠤᠨ ᠱᠠᠭᠠᠷᠳᠠᠯᠭ᠎ᠠ ᠶᠢ ᠲᠣᠳᠣᠷᠬᠠᠶᠢᠯᠠᠪᠠ᠃ ᠵᠠᠰᠠᠮᠠᠯ ᠵᠠᠮ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠵᠢᠷᠤᠭ ᠲᠥᠯᠥᠪᠯᠡᠭᠡ ᠶᠢ ᠬᠢᠨᠠᠨ ᠵᠥᠪᠰᠢᠶᠡᠷᠡᠬᠦ ᠡᠷᠬᠡ ᠮᠡᠳᠡᠯ ᠵᠢᠴᠢ ᠵᠢᠷᠤᠭ | ᠲᠥᠯᠥᠪᠯᠡᠭᠡ ᠶᠢ ᠬᠤᠪᠢᠷᠠᠭᠤᠯᠬᠤ ᠶᠢ ᠬᠢᠨᠠᠨ ᠵᠥᠪᠰᠢᠶᠡᠷᠡᠬᠦ ᠡᠷᠬᠡ ᠮᠡᠳᠡᠯ ᠢ ᠲᠣᠳᠣᠷᠬᠠᠶᠢᠯᠠᠵᠤ᠂ ᠬᠤᠶᠠᠳᠤᠭᠠᠷ | ᠪᠦᠯᠦᠭ ᠲᠤ ᠲᠣᠳᠣᠷᠬᠠᠢ ᠲᠣᠭᠲᠠᠭᠠᠭᠰᠠᠨ ᠪᠣᠳᠠᠲᠠᠢ ᠬᠢᠨᠠᠯᠲᠠ ᠬᠠᠮᠢᠶᠠᠷᠤᠯᠲᠠ ᠶᠢᠨ ᠱᠠᠲᠤ ᠳᠠᠪᠬᠤᠷᠭ᠎ᠠ᠂ ᠪᠠᠷᠢᠯᠭ᠎ᠠ | ᠪᠠᠷᠢᠬᠤ ᠶᠢ ᠵᠥᠪᠰᠢᠶᠡᠷᠡᠬᠦ᠂ ᠠᠵᠢᠯ ᠲᠤᠰᠢᠶᠠᠭᠰᠠᠨ ᠢ ᠰᠢᠯᠭᠠᠨ ᠠᠪᠬᠤ ᠵᠢᠴᠢ ᠪᠠᠷᠢᠯᠭ᠎ᠠ ᠳᠠᠭᠤᠰᠤᠭᠰᠠᠨ ᠢ ᠰᠢᠯᠭᠠᠨ | ᠠᠪᠬᠤ ᠡᠷᠬᠡ ᠮᠡᠳᠡᠯ ᠪᠠ ᠠᠵᠢᠯ ᠤᠨ ᠱᠠᠭᠠᠷᠳᠠᠯᠭ᠎ᠠ ᠶᠢ ᠦᠨᠳᠦᠰᠦᠯᠡᠬᠦ ᠬᠡᠷᠡᠭᠲᠡᠢ᠃ | ᠳᠥᠷᠪᠡᠳᠦᠭᠡᠷ ᠪᠦᠯᠦᠭ ᠨᠢ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ | ᠪᠣᠯᠤᠨ᠎ᠠ᠂ ᠲᠥᠷᠥᠯ ᠵᠦᠢᠯ ᠤᠨ ᠬᠠᠤᠯᠢ ᠶᠢᠨ ᠡᠷᠬᠡᠲᠡᠨ ᠤ ᠲᠤᠬᠠᠢ ᠶᠢᠨ ᠲᠠᠯᠠᠪᠠᠢ ᠶᠢᠨ ᠬᠠᠮᠢᠶᠠᠷᠤᠯᠲᠠ ᠶᠢᠨ | ᠪᠠᠶᠢᠭᠤᠯᠤᠮᠵᠢ ᠶᠢᠨ ᠬᠢᠷᠢ ᠬᠡᠮ ᠤᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠡᠭᠦᠨ ᠳᠤ ᠳᠡᠭᠡᠳᠦ ᠬᠤᠷᠳᠤ ᠶᠢᠨ ᠵᠠᠰᠠᠮᠠᠯ | ᠵᠠᠮ ᠤᠨ ᠲᠥᠷᠥᠯ ᠵᠦᠢᠯ ᠳᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠨᠢᠭᠡᠳᠦᠯᠲᠡᠢ ᠲᠣᠭᠲᠠᠭᠠᠯ ᠶᠣᠰᠣᠭᠠᠷ᠂ | ᠪᠤᠰᠤᠳ ᠵᠡᠷᠭᠡ ᠳᠡᠰ ᠤᠨ ᠵᠠᠰᠠᠮᠠᠯ ᠵᠠᠮ ᠤᠨ ᠲᠥᠷᠥᠯ ᠵᠦᠢᠯ ᠤᠨ ᠬᠠᠤᠯᠢ ᠶᠢᠨ ᠡᠷᠬᠡᠲᠡᠨ ᠤ ᠲᠤᠬᠠᠢ ᠶᠢᠨ | ᠲᠠᠯᠠᠪᠠᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠬᠢᠷᠢ ᠬᠡᠮ ᠢ ᠲᠣᠳᠣᠷᠬᠠᠶᠢᠯᠠᠪᠠ᠃ ᠵᠢᠴᠢ ᠳᠠᠭᠠᠭᠠᠴᠢᠯᠠᠯᠲᠠ | ᠵᠠᠷᠯᠠᠬᠤ᠂ ᠬᠥᠯᠥᠰᠦᠨ ᠠᠵᠢᠯᠴᠢᠨ ᠤ ᠴᠠᠯᠢᠩ ᠤᠨ ᠬᠠᠮᠢᠶᠠᠷᠤᠯᠲᠠ᠂ ᠢᠲᠡᠭᠡᠮᠵᠢ ᠶᠢᠨ ᠦᠨᠡᠯᠡᠯᠲᠡ᠂ ᠬᠢᠨᠠᠯᠲᠠ | ᠪᠠᠶᠢᠴᠠᠭᠠᠯᠲᠠ ᠵᠡᠷᠭᠡ ᠳᠤ ᠲᠣᠭᠲᠠᠭᠠᠯ ᠭᠠᠷᠭᠠᠵᠠᠢ᠃ | ᠲᠠᠪᠤᠳᠤᠭᠠᠷ ᠪᠦᠯᠦᠭ ᠨᠢ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠣᠯᠤᠨ᠎ᠠ᠂ | ᠬᠤᠶᠠᠳᠤᠭᠠᠷ ᠪᠦᠯᠦᠭ ᠲᠤ ᠲᠣᠳᠣᠷᠬᠠᠢ ᠲᠣᠭᠲᠠᠭᠠᠭᠰᠠᠨ ᠪᠣᠳᠠᠲᠠᠢ ᠬᠢᠨᠠᠯᠲᠠ ᠬᠠᠮᠢᠶᠠᠷᠤᠯᠲᠠ ᠶᠢᠨ ᠱᠠᠲᠤ | ᠳᠠᠪᠬᠤᠷᠭ᠎ᠠ ᠶᠢ ᠦᠨᠳᠦᠰᠦᠯᠡᠨ᠂ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠭᠦᠷᠭᠡ | ᠬᠠᠷᠢᠭᠤᠴᠠᠯᠭ᠎ᠠ ᠵᠢᠴᠢ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠶᠠᠰᠤ ᠴᠢᠨᠠᠷ ᠤᠨ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠣᠭᠲᠠᠴᠠ᠂ ᠠᠵᠢᠯ ᠡᠷᠭᠢᠯᠡᠬᠦ ᠨᠢᠭᠡᠴᠢ ᠶᠢᠨ ᠶᠠᠰᠤ ᠴᠢᠨᠠᠷ ᠤᠨ ᠠᠮᠤᠷ | ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠵᠡᠷᠭᠡ ᠲᠠᠯ᠎ᠠ ᠪᠠᠷ ᠲᠣᠭᠲᠠᠭᠠᠯ ᠭᠠᠷᠭᠠᠪᠠ᠃ | ᠵᠢᠷᠭᠤᠳᠤᠭᠠᠷ ᠪᠦᠯᠦᠭ ᠨᠢ ᠪᠦᠲᠦᠭᠡᠨ ᠪᠠᠶᠢᠭᠤᠯᠬᠤ ᠪᠡᠯᠡ ᠮᠦᠩᠭᠦ ᠶᠢᠨ ᠬᠢᠨᠠᠯᠲᠠ ᠬᠠᠮᠢᠶᠠᠷᠤᠯᠲᠠ ᠪᠣᠯᠤᠨ᠎ᠠ᠂ | ᠵᠠᠰᠠᠭ ᠤᠨ ᠣᠷᠳᠣᠨ ᠤ ᠪᠡᠯᠠ ᠣᠷᠣᠭᠤᠯᠤᠭᠰᠠᠨ ᠲᠥᠷᠥᠯ ᠵᠦᠢᠯ ᠤᠨ ᠪᠡᠯᠡ ᠮᠥᠩᠭᠦ ᠶᠢᠨ ᠬᠢᠨᠠᠯᠲᠠ | ᠬᠠᠮᠢᠶᠠᠷᠤᠯᠲᠠ ᠶᠢᠨ ᠠᠭᠤᠯᠭ᠎ᠠ᠂ ᠦᠨ᠎ᠡ ᠦᠷᠲᠡᠭ ᠤᠨ ᠬᠠᠮᠢᠶᠠᠷᠤᠯᠲᠠ ᠶᠢᠨ ᠱᠠᠭᠠᠷᠳᠠᠯᠭ᠎ᠠ ᠵᠢᠴᠢ ᠪᠡᠯᠡ ᠮᠥᠩᠭᠦ ᠶᠢ | ᠨᠠᠶᠢᠳᠠᠪᠤᠷᠢᠵᠢᠭᠤᠯᠬᠤ ᠲᠣᠭᠲᠠᠭᠠᠯ ᠢ ᠲᠣᠳᠣᠷᠬᠠᠶᠢᠯᠠᠭᠰᠠᠨ ᠤ ᠬᠠᠮᠲᠤ᠂ ᠪᠠᠷᠢᠯᠭ᠎ᠠ ᠶᠢᠨ ᠶᠠᠰᠤ ᠴᠢᠨᠠᠷ ᠤᠨ | ᠪᠠᠲᠤᠯᠠᠭᠠᠲᠤ ᠮᠥᠩᠭᠦ ᠶᠢ ᠪᠤᠴᠠᠭᠠᠬᠤ ᠲᠠᠯ᠎ᠠ ᠪᠠᠷ ᠪᠣᠳᠠᠲᠠᠢ ᠱᠠᠭᠠᠷᠳᠠᠯᠭ᠎ᠠ ᠭᠠᠷᠭᠠᠪᠠ᠃ | ᠳᠣᠯᠣᠳᠤᠭᠠᠷ ᠪᠦᠯᠦᠭ ᠨᠢ ᠳᠠᠭᠠᠯᠳᠤᠭᠤᠯᠤᠭᠰᠠᠨ ᠲᠦᠷᠢᠮ ᠪᠣᠯᠤᠨ᠎ᠠ᠂ ᠠᠷᠭ᠎ᠠ ᠶᠢᠨ ᠬᠦᠴᠦᠨ ᠲᠠᠢ | ᠬᠤᠭᠤᠴᠠᠭ᠎ᠠ ᠨᠢ ᠲᠠᠪᠤᠨ ᠵᠢᠯ ᠪᠣᠯᠬᠤ ᠪᠠᠷ ᠲᠣᠭᠲᠠᠭᠠᠵᠠᠢ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ︾ ︵ᠥᠪᠥᠷ ᠵᠠᠮ | ᠲᠠᠷᠬᠠᠭᠠᠭᠰᠠᠨ ﹇2009﹈ 571 ᠳ᠋ᠦ᠋ᠭᠡᠷ ᠲᠣᠭᠠᠲᠤ︶ ᠶᠢ ᠡᠭᠦᠨ ᠤ ᠬᠠᠮᠲᠤ ᠬᠦᠴᠦᠨ ᠦᠭᠡᠢ ᠪᠣᠯᠭᠠᠪᠠ᠃ | | | | | | |