2022 ᠣᠨ ᠤ ᠥᠪᠥᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠳᠡᠯᠭᠡᠷᠡᠭᠦᠯᠬᠦ ᠭᠠᠷᠴᠠᠭ ᠢ ᠵᠠᠷᠯᠠᠨ ᠨᠡᠶᠢᠲᠡᠯᠡᠪᠡ
ᠨᠡᠶᠢᠲᠡᠯᠡᠭᠰᠡᠨ ᠴᠠᠭ᠄
2023/1/18
     ᠥᠪᠥᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠳᠡᠯᠭᠡᠷᠡᠭᠦᠯᠦᠯᠲᠡ ᠪᠠ ᠬᠡᠷᠡᠭᠯᠡᠯᠲᠡ ᠶᠢ ᠴᠢᠩᠭᠠᠳᠬᠠᠵᠤ ᠂ ᠠᠵᠢᠯ ᠲᠥᠷᠥᠯ ᠤᠨ ᠲᠡᠷᠢᠭᠦᠨ ᠤ ᠬᠡᠷᠡᠭᠯᠡᠭᠡᠨ ᠤ ᠰᠢᠨ᠎ᠡ ᠮᠡᠷᠭᠡᠵᠢᠯ ᠢ ᠢᠳᠡᠪᠬᠢᠲᠡᠢ ᠬᠡᠷᠡᠭᠯᠡᠬᠦ ᠶᠢ ᠵᠣᠷᠢᠭᠵᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠶᠢ ᠠᠬᠢᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠬᠦ ᠶᠢᠨ ᠲᠥᠯᠥᠭᠡ᠂ ᠥᠪᠥᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠳᠡᠯᠭᠡᠷᠡᠭᠦᠯᠬᠦ ᠲᠥᠪ ᠠᠴᠠ ᠡᠯ᠎ᠡ ᠠᠶᠢᠮᠠᠭ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠲᠢᠩᠬᠢᠮ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠨᠢᠭᠡᠴᠢ ᠶᠢ ᠵᠣᠬᠢᠶᠠᠨ ᠪᠠᠶᠢᠭᠤᠯᠵᠤ 2022 ᠣᠨ ᠤ ︽ᠥᠪᠥᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠳᠡᠯᠭᠡᠷᠡᠭᠦᠯᠬᠦ ᠭᠠᠷᠴᠠᠭ︾ ᠢ ᠭᠤᠶᠤᠴᠢᠯᠠᠨ ᠮᠡᠳᠡᠭᠦᠯᠬᠦ ᠠᠵᠢᠯ ᠢ ᠥᠷᠨᠢᠭᠦᠯᠵᠦ᠂ ᠦᠷ᠎ᠡ ᠪᠦᠲᠦᠭᠡᠯ ᠲᠠᠢ ᠨᠢᠭᠡᠴᠢ ᠰᠠᠶᠢᠨ ᠳᠤᠷ᠎ᠠ  ᠠᠴᠠ ᠪᠠᠨ ᠭᠤᠶᠤᠴᠢᠯᠠᠨ ᠮᠡᠳᠡᠭᠦᠯᠵᠦ᠂ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠠᠨᠢᠯᠴᠠᠭᠤᠯᠬᠤ ᠪᠠᠷ ᠳᠡᠮᠵᠢᠨ᠂ ᠳᠡᠯᠭᠡᠷᠡᠭᠦᠯᠬᠦ ᠲᠥᠪ ᠠᠴᠠ ᠭᠤᠶᠤᠴᠢᠯᠠᠨ ᠮᠡᠳᠡᠭᠦᠯᠦᠭᠰᠡᠨ ᠦᠷ᠎ᠡ ᠪᠦᠲᠦᠭᠡᠯ ᠤᠨ ᠮᠠᠲ᠋ᠧᠷᠢᠶᠠᠯ ᠳᠤ ᠠᠩᠬ᠎ᠠ ᠠᠯᠬᠤᠮ ᠤᠨ ᠬᠢᠨᠠᠨ ᠪᠠᠶᠢᠴᠠᠭᠠᠯᠲᠠ ᠬᠢᠬᠦ ᠶᠢᠨ ᠬᠠᠮᠲᠤ᠂ 2022 ᠣᠨ ᠤ 12 ᠳ᠋ᠤᠭᠠᠷ ᠰᠠᠷ᠎ᠠ ᠶᠢᠨ 30 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠡᠳᠦᠭᠡ ᠬᠢᠨᠠᠨ ᠲᠣᠭᠲᠠᠭᠠᠭᠰᠠᠨ ᠦᠷ᠎ᠡ ᠳ᠋ᠦᠩ ᠢ ᠵᠠᠷᠯᠠᠨ ᠨᠡᠶᠢᠲᠡᠯᠡᠶ᠎ᠡ᠃      ᠵᠠᠷᠯᠠᠨ ᠨᠡᠶᠢᠲᠡᠯᠡᠬᠦ ᠴᠠᠭ ᠨᠢ 5 ᠠᠵᠢᠯᠯᠠᠬᠤ ᠡᠳᠦᠷ ᠪᠣᠯᠣᠨ᠎ᠠ᠃ ᠬᠡᠷᠪᠡ ᠣᠨᠳᠣᠣ ᠰᠠᠨᠠᠯ ᠲᠠᠢ ᠪᠣᠯ ᠥᠪᠥᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠳᠡᠯᠭᠡᠷᠡᠭᠦᠯᠬᠦ ᠲᠥᠪ ᠲᠤ ᠪᠢᠴᠢᠭ ᠢᠶᠠᠷ ᠳᠤᠷᠠᠳᠬᠤ ᠶᠢᠨ ᠬᠠᠮᠲᠤ᠂ ᠴᠢᠬᠤᠯᠠ ᠪᠦᠬᠦᠢ ᠭᠡᠷᠡᠴᠢᠯᠡᠬᠦ ᠪᠢᠴᠢᠭ ᠮᠠᠲ᠋ᠧᠷᠢᠶᠠᠯ ᠬᠠᠩᠭᠠᠵᠤ ᠪᠣᠯᠣᠨ᠎ᠠ᠃      ᠬᠠᠷᠢᠯᠴᠠᠬᠤ ᠬᠥᠮᠥᠨ᠄ ᠯᠢᠦ ᠪᠦᠦ ᠾᠧ    0471-4688217      ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠰᠢᠨᠬᠤᠸᠠ ᠶᠡᠭᠡ ᠵᠡᠭᠡᠯᠢ ᠶᠢᠨ 3 ᠳ᠋ᠤᠭᠠᠷ ᠨᠣᠮᠧᠷ      ᠰᠢᠤᠳᠠᠨ ᠳ᠋ᠤᠭᠠᠷ᠄ 010010      ᠳᠠᠭᠠᠯᠳᠤᠭᠤᠯᠤᠯ᠄ 2022 ᠣᠨ ᠤ ᠥᠪᠥᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠳᠡᠯᠭᠡᠷᠡᠭᠦᠯᠬᠦ ᠭᠠᠷᠴᠠᠭ ᠢ ᠵᠠᠷᠯᠠᠨ ᠨᠡᠶᠢᠲᠡᠯᠡᠬᠦ ᠨᠡᠷᠡᠰ ᠵᠢᠴᠢ ᠦᠷ᠎ᠡ ᠪᠦᠲᠦᠭᠡᠯ ᠤᠨ ᠲᠣᠪᠴᠢ ᠲᠠᠨᠢᠯᠴᠠᠭᠤᠯᠭ᠎ᠠ᠂ docx                                  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ                                              2023 ᠣᠨ ᠤ 1 ᠳ᠋ᠦ᠋ᠭᠡᠷ ᠰᠠᠷ᠎ᠠ ᠶᠢᠨ 17 ᠤ ᠡᠳᠦᠷ
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号