ᠥᠪᠥᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠪᠡᠯᠡᠳᠬᠡᠯ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ ᠪᠠᠶᠢᠨ᠎ᠠ
ᠨᠡᠶᠢᠲᠡᠯᠡᠭᠰᠡᠨ ᠴᠠᠭ᠄
2023/11/27
    ᠣᠶᠢᠷ᠎ᠠ ᠶᠢᠨ ᠡᠳᠦᠷ ᠤᠳ ᠲᠤ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠨᠠᠷᠢᠨ ᠨᠢᠮᠪᠠᠶ ᠪᠠᠶᠢᠷᠢᠯᠠᠭᠤᠯᠤᠨ᠂ ᠠᠷᠭ᠎ᠠ ᠬᠡᠮᠵᠢᠶ᠎ᠡ ᠪᠠᠨ ᠴᠢᠩᠭᠠᠷᠠᠭᠤᠯᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠤᠷᠤᠯᠳᠤᠭᠠᠨ ᠤ ᠬᠤᠭᠤᠴᠠᠭᠠᠨ ᠳᠠᠬᠢ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠲᠤᠯᠠᠭ᠎ᠠ ᠶᠢᠨ ᠪᠡᠯᠡᠳᠬᠡᠯ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠤᠷᠤᠯᠳᠤᠭᠠᠨ ᠤ ᠶᠠᠪᠤᠳᠠᠯ ᠤᠨ ᠵᠠᠮ ᠬᠠᠷᠢᠯᠴᠠᠭᠠᠨ ᠤ ᠠᠮᠤᠷ ᠲᠦᠪᠰᠢᠨ ᠰᠠᠭᠠᠳ ᠥᠬᠡᠶ᠂ ᠥᠨᠳᠥᠷ ᠪᠦᠲᠦᠮᠵᠢᠲᠡᠶ ᠠᠵᠢᠯᠯᠠᠭᠠᠨ ᠢ ᠦᠨᠡᠨ ᠬᠦ ᠪᠠᠲᠤᠯᠠᠨ᠎ᠠ᠃
1.jpg
2.jpg
     ᠬᠠᠷᠢᠭᠤᠴᠠᠯᠭ᠎ᠠ ᠶᠢ ᠪᠠᠬᠢᠵᠢᠭᠦᠯᠵᠦ᠂ ᠯᠠᠪᠳᠠᠭᠤᠨ ᠪᠠᠲᠤᠲᠠᠶ ᠲᠤᠬᠢᠷᠠᠭᠤᠯᠤᠨ ᠪᠠᠶᠢᠷᠢᠯᠠᠭᠤᠯᠤᠨ᠎ᠠ᠃ ︽ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠬᠤᠭᠤᠴᠠᠭᠠᠨ ᠳᠠᠬᠢ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠲᠤᠯᠠᠭ᠎ᠠ ᠶᠢᠨ ᠠᠵᠢᠯ ᠤᠨ ᠲᠥᠰᠦᠯ︾ ᠶᠣᠰᠣᠭᠠᠷ᠂ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠡᠭᠦᠷᠭᠡ ᠶᠢ ᠨᠠᠶᠢᠳᠠᠪᠤᠷᠢᠵᠢᠭᠤᠯᠤᠨ᠎ᠠ᠃     ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠬᠢᠭᠡᠳ ᠠᠶᠢᠮᠠᠭ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠤᠨ ᠳᠡᠭᠡᠳᠦ ᠳᠣᠤᠷᠠᠳᠤ ᠱᠠᠲᠤ ᠪᠠᠷ ᠢᠶᠠᠨ ᠬᠠᠮᠲᠤᠷᠠᠨ ᠬᠥᠳᠡᠯᠦᠯᠴᠡᠵᠦ᠂ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢᠨ ᠶᠣᠰᠣᠭᠠᠷ᠂ ᠶᠡᠷᠦᠩᠬᠡᠶᠢᠯᠡᠨ ᠵᠣᠬᠢᠴᠠᠭᠤᠯᠬᠤ᠂ ᠲᠡᠭᠡᠭᠡᠪᠦᠷᠢ ᠶᠢᠨ ᠬᠦᠴᠦᠨ ᠢ ᠪᠠᠲᠤᠯᠠᠬᠤ ᠵᠢᠴᠢ ᠨᠡᠭᠦᠷᠡᠰᠦᠲᠥ᠋ᠷᠥᠭᠴᠢ ᠶᠢ ᠪᠠᠭᠤᠷᠠᠭᠤᠯᠤᠨ ᠭᠠᠳᠠᠭᠰᠢᠯᠠᠭᠤᠯᠬᠤ ᠶᠢ ᠪᠠᠭᠠᠰᠬᠠᠬᠤ᠂ ᠰᠠᠭᠠᠳ ᠥᠬᠡᠶ ᠨᠡᠪᠲᠡᠷᠡᠬᠦ ᠶᠢ ᠪᠠᠲᠤᠯᠠᠬᠤ᠂ ᠣᠷᠴᠢᠨ ᠲᠣᠭᠤᠷᠢᠨ ᠢ ᠵᠠᠰᠠᠬᠤ ᠵᠡᠷᠭᠡ 4 ᠲᠠᠯ᠎ᠠ ᠪᠠᠷ ᠤᠷᠤᠯᠳᠤᠭᠠᠨ ᠤ ᠬᠤᠭᠤᠴᠠᠭᠠᠨ ᠳᠠᠬᠢ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠲᠤᠯᠠᠭ᠎ᠠ ᠶᠢᠨ ᠡᠯ᠎ᠡ ᠵᠦᠶᠯ ᠤᠨ ᠠᠵᠢᠯ ᠢ ᠪᠥᠬᠦ ᠲᠠᠯ᠎ᠠ ᠪᠠᠷ ᠳᠥᠯᠭᠢᠨ ᠠᠬᠢᠭᠤᠯᠤᠨ᠎ᠠ᠃     ᠬᠠᠮᠵᠢᠯᠴᠠᠭ᠎ᠠ ᠪᠠᠨ ᠴᠢᠩᠭᠠᠳᠬᠠᠵᠤ᠂ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ ᠯᠤᠭ᠎ᠠ ᠴᠠᠭ ᠠᠭᠤᠷ ᠤᠨ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠲᠣᠭᠲᠠᠴᠠ ᠶᠢ ᠪᠠᠶᠢᠭᠤᠯᠵᠤ᠂ ᠪᠦᠬᠦ ᠣᠷᠣᠨ ᠤ ᠴᠠᠭ ᠠᠭᠤᠷ ᠢ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤ ᠨᠢ ᠡᠵᠡᠮᠰᠢᠨ᠂ ᠪᠣᠷᠣᠭᠠᠨ ᠴᠠᠰᠤ ᠤᠷᠤᠭᠰᠠᠨ ᠵᠡᠷᠭᠡ ᠪᠠᠶᠢᠳᠠᠯ ᠎ ᠢ ᠴᠠᠭ ᠲᠤᠬᠠᠶ ᠳᠤ ᠨᠢ ᠡᠵᠡᠮᠰᠢᠵᠦ᠂ ᠡᠳᠦᠷ ᠪᠦᠷᠢ ᠬᠥᠯᠥᠨ ᠪᠤᠶᠢᠷ ᠬᠤᠲᠠ᠂ ᠤᠯᠠᠭᠠᠨᠬᠠᠳᠠ ᠬᠤᠲᠠ᠂ ᠤᠯᠠᠭᠠᠨᠴᠠᠪ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠳᠤ ᠭᠤᠣᠯ ᠪᠣᠯᠬᠤ ᠵᠠᠰᠠᠮᠠᠯ ᠵᠠᠮ ᠤᠨ ᠴᠠᠭ ᠠᠭᠤᠷ ᠤᠨ ᠨᠥᠬᠦᠴᠡᠯ ᠤᠨ ᠤᠷᠢᠳᠴᠢᠯᠠᠭᠰᠠᠨ ᠮᠡᠳᠡᠭᠡ ᠶᠢ ᠮᠡᠳᠡᠭᠦᠯᠦᠨ ᠬᠦᠷᠭᠡᠵᠦ᠂ ᠪᠦᠬᠦ ᠬᠦᠴᠦᠨ ᠢᠶᠠᠷ ᠎ ᠢᠶᠠᠨ ᠵᠠᠪᠳᠤᠨ ᠨᠡᠪᠲᠡᠷᠡᠭᠦᠯᠵᠦ ᠰᠠᠭᠠᠳ ᠦᠭᠡᠶ ᠨᠡᠪᠲᠡᠷᠡᠭᠦᠯᠬᠦ ᠪᠡᠯᠡᠳᠬᠡᠯ ᠢ ᠰᠠᠶᠢᠲᠤᠷ ᠬᠢᠵᠦ᠂ ᠭᠠᠷᠴᠤ ᠮᠡᠳᠡᠬᠦ ᠶᠡᠭᠡ ᠬᠡᠪᠴᠢᠶᠡᠨ ᠤ ᠬᠦᠢᠲᠡᠨ᠂ ᠮᠥᠰᠥ ᠴᠠᠰᠤ᠂ ᠮᠥᠰᠥ ᠬᠥᠯᠳᠡᠬᠦ ᠵᠡᠷᠭᠡ ᠭᠡᠨᠡᠳᠲᠡ ᠶᠢᠨ ᠪᠠᠶᠢᠳᠠᠯ ᠢ ᠠᠷᠭᠠᠴᠠᠭᠠᠨ᠎ᠠ᠃      ᠦᠶᠯᠡᠴᠢᠯᠡᠭᠡ ᠪᠠᠨ ᠳᠡᠭᠡᠭᠰᠢᠯᠡᠭᠦᠯᠵᠦ᠂ ᠲᠡᠭᠡᠭᠡᠪᠦᠷᠢ ᠶᠢᠨ ᠬᠦᠴᠦᠨ ᠤ ᠪᠠᠲᠤᠯᠠᠭ᠎ᠠ ᠶᠢ ᠰᠠᠶᠢᠲᠤᠷ  ᠬᠢᠨ᠎ᠡ᠃ ᠬᠥᠯᠥᠨ ᠪᠣᠶᠢᠷ ᠬᠤᠲᠠ᠂ ᠤᠯᠠᠭᠠᠨᠬᠠᠳᠠ ᠬᠤᠲᠠ᠂ ᠤᠯᠠᠭᠠᠨᠴᠠᠪ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢ ᠵᠢᠯᠣᠭᠤᠳᠴᠤ᠂ ᠤᠷᠤᠯᠳᠤᠭᠠᠨ ᠤ ᠬᠡᠷᠡᠭᠯᠡᠬᠦ ᠲᠡᠷᠭᠡ ᠡᠯᠰᠡᠬᠦ᠂ ᠲᠣᠬᠢᠷᠠᠭᠤᠯᠬᠤ ᠠᠵᠢᠯ ᠢ ᠨᠢᠭᠡᠨᠲᠡ ᠤᠷᠢᠳᠴᠢᠯᠠᠨ ᠵᠣᠬᠢᠶᠠᠨ ᠪᠠᠶᠢᠭᠤᠯᠤᠭᠰᠠᠨ ᠤ ᠬᠠᠮᠲᠤ᠂ ᠲᠡᠷᠭᠡ ᠲᠣᠬᠢᠷᠠᠭᠤᠯᠬᠤ ᠲᠣᠭᠲᠠᠴᠠ ᠶᠢ ᠪᠠᠶᠢᠭᠤᠯᠵᠤ᠂ ᠤᠷᠤᠯᠳᠤᠭᠠᠨ ᠤ ᠶᠠᠪᠤᠳᠠᠯ ᠤᠨ ᠲᠡᠭᠡᠭᠡᠪᠦᠷᠢ ᠶᠢᠨ ᠬᠦᠴᠦᠨ ᠤ ᠬᠡᠷᠡᠭᠴᠡᠭᠡ ᠶᠢ ᠬᠠᠩᠭᠠᠪᠠ᠃ ᠳᠡᠭᠡᠳᠦ ᠬᠤᠷᠳᠤ ᠶᠢᠨ ᠵᠠᠰᠠᠮᠠᠯ ᠵᠠᠮ ᠤᠨ ᠦᠶᠯᠡᠴᠢᠯᠡᠭᠡᠨ ᠤ ᠲᠣᠭᠤᠷᠢᠭ ᠲᠤ ᠴᠠᠬᠢᠯᠭᠠᠨ ᠴᠡᠨᠡᠭᠯᠡᠬᠦ ᠱᠣᠩ᠂ ᠪᠤᠴᠠᠯᠤᠭᠰᠠᠨ ᠤᠰᠤ ᠬᠠᠩᠭᠠᠬᠤ᠂ ᠥᠪᠡᠰᠦᠪᠡᠨ ᠦᠶᠯᠡᠴᠢᠯᠡᠬᠦ ᠬᠤᠭᠤᠯᠠ ᠶᠢᠨ ᠬᠡᠮᠵᠢᠶ᠎ᠡ ᠶᠢ ᠨᠡᠮᠡᠭᠳᠡᠭᠦᠯᠬᠦ ᠵᠡᠷᠭᠡ ᠣᠯᠠᠨ ᠵᠦᠶᠯ ᠤᠨ ᠦᠶᠯᠡᠴᠢᠯᠡᠭᠡᠨ ᠤ ᠬᠡᠯᠪᠡᠷᠢ ᠶᠢ ᠨᠡᠮᠡᠵᠦ ᠲᠣᠬᠢᠷᠠᠭᠤᠯᠬᠤ ᠪᠠᠷ ᠳᠠᠮᠵᠢᠭᠤᠯᠤᠨ᠂ ᠦᠶᠯᠡᠴᠢᠯᠡᠭᠡᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠭᠦᠨ ᠤ ᠬᠠᠮᠲᠤ᠂ ᠮᠠᠰᠢᠨ ᠲᠡᠷᠭᠡᠨ ᠤ ᠰᠢᠨ᠎ᠡ ᠡᠨᠧᠷᠭᠢ ᠶᠢᠨ ᠬᠥᠭᠵᠢᠯᠲᠡ ᠶᠢ ᠠᠬᠢᠭᠤᠯᠵᠤ᠂ ᠭᠤᠣᠯᠳᠠᠭᠤ ᠲᠦᠷᠢᠶᠡᠰᠦᠨ ᠮᠠᠰᠢᠨ ᠲᠡᠷᠭᠡ᠂ ᠨᠡᠶᠢᠲᠡ ᠶᠢᠨ ᠮᠠᠰᠢᠨ ᠲᠡᠷᠭᠡ ᠵᠡᠷᠭᠡ ᠤᠯᠠᠨ ᠨᠡᠶᠢᠲᠡ ᠶᠢᠨ ᠬᠦᠷᠢᠶᠡᠨ ᠎ ᠳᠤ ᠰᠢᠨ᠎ᠡ ᠡᠨᠧᠷᠭᠢ ᠶᠢᠨ ᠮᠠᠰᠢᠨ ᠲᠡᠷᠭᠡ ᠬᠡᠷᠡᠭᠯᠡᠬᠦ ᠶᠢ ᠳᠡᠯᠭᠡᠷᠡᠭᠦᠯᠦᠨ᠎ᠡ᠃ ᠬᠥᠯᠥᠨ ᠪᠣᠶᠢᠷ ᠬᠤᠲᠠ ᠨᠢᠭᠡᠨᠲᠡ ᠪᠥᠬᠦ ᠬᠤᠲᠠ ᠶᠢᠨ ᠴᠠᠭᠳᠠᠨ ᠶᠠᠪᠤᠬᠤ ᠲᠦᠷᠢᠶᠡᠰᠦᠨ ᠮᠠᠰᠢᠨ ᠲᠡᠷᠭᠡᠨ ᠤ ᠤᠶᠤᠨᠲᠤ ᠦᠵᠦᠭᠦᠷ ᠢ ᠤᠭᠰᠠᠷᠠᠬᠤ ᠪᠠ ᠭᠤᠤᠯ ᠬᠤᠲᠠ ᠲᠣᠭᠤᠷᠢᠭ ᠤᠨ ᠭᠤᠤᠯᠳᠠᠯᠭ᠎ᠠ ᠲᠠᠢ ᠣᠷᠣᠨ ᠪᠦᠰᠡ ᠶᠢᠨ 120 ᠤᠶᠤᠨᠲᠤ ᠨᠡᠶᠢᠲᠡ ᠶᠢᠨ ᠮᠠᠰᠢᠨ ᠲᠡᠷᠭᠡᠨ ᠎ ᠤ ᠡᠯᠧᠺᠲᠷᠣᠨ ᠥᠷᠲᠡᠭᠡᠨ ᠤ ᠫᠠᠶᠢᠰᠠ ᠶᠢᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠪᠡ᠃ ᠮᠥᠰᠥᠨ ᠪᠥᠮᠪᠦᠭᠡ ᠎ ᠶᠢᠨ ᠢᠯᠠ ᠳᠤᠭᠤᠶᠢᠯᠠᠩ ᠤᠨ ᠤᠷᠤᠯᠳᠤᠭᠠᠨ ᠤ ᠬᠤᠭᠤᠴᠠᠭᠠᠨ ᠳᠤ᠂ ᠬᠥᠯᠥᠨ ᠪᠤᠶᠢᠷ ᠬᠤᠳᠠ ᠶᠢᠨ ᠬᠢᠨ ᠨᠡᠶᠢᠳᠡ 1083 ᠮᠠᠰᠢᠨ ᠲᠡᠷᠭᠡ ᠲᠣᠮᠢᠯᠠᠵᠤ᠂ ᠡᠭᠦᠨ ᠳᠤ 50 ᠰᠠᠭᠤᠳᠠᠯ ᠲᠠᠢ ᠠᠶᠠᠨᠴᠢᠳ ᠤᠨ ᠲᠡᠷᠭᠡ ᠶᠢ 302᠂ 35 ᠰᠠᠭᠤᠳᠠᠯ ᠲᠠᠢ ᠠᠶᠠᠨᠴᠢᠳ ᠤᠨ ᠲᠡᠷᠭᠡ ᠶᠢ 114᠂ ᠺᠤᠰᠲ 59᠂ ᠬᠤᠳᠠᠯᠳᠤᠭᠠᠨ ᠤ  ᠶᠠᠪᠤᠳᠠᠯ ᠤᠨ ᠲᠡᠷᠭᠡ ᠶᠢ 608 ᠲᠣᠮᠢᠯᠠᠪᠠ᠃      ᠣᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠵᠠᠰᠠᠮᠠᠯ ᠵᠠᠮ ᠤᠨ ᠰᠠᠭᠠᠳ ᠥᠬᠡᠶ ᠨᠡᠪᠲᠡᠷᠡᠬᠦ ᠎ ᠶᠢ ᠪᠠᠲᠤᠯᠠᠨ᠎ᠠ᠃ ᠴᠠᠰᠤ ᠣᠷᠣᠬᠤ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠨ ᠰᠢᠶᠳᠪᠦᠷᠢᠯᠡᠬᠦ ᠶᠢ ᠪᠠᠲᠤᠯᠠᠵᠤ᠂ ᠤᠷᠤᠯᠳᠤᠭᠠᠨ ᠳᠤ ᠬᠤᠯᠪᠣᠭᠳᠠᠬᠤ ᠬᠥᠯᠥᠨ ᠪᠣᠶᠢᠷ ᠬᠤᠲᠠ᠂ ᠤᠯᠠᠭᠠᠨᠬᠠᠳᠠ ᠬᠤᠲᠠ᠂ ᠤᠯᠠᠭᠠᠨᠴᠠᠪ ᠬᠤᠲᠠ ᠶᠢᠨ ᠵᠠᠰᠠᠮᠠᠯ ᠵᠠᠮ ᠢ ᠲᠣᠭᠤᠷᠢᠨ ᠪᠠᠶᠢᠴᠠᠭᠠᠬᠤ ᠳᠠᠪᠲᠠᠮᠵᠢ ᠤᠳᠠᠭ᠎ᠠ ᠪᠠᠨ ᠨᠡᠮᠡᠭᠳᠡᠭᠦᠯᠵᠦ᠂ ᠵᠠᠰᠠᠮᠠᠯ ᠵᠠᠮ ᠤᠨ ᠮᠤᠷᠤᠶ ᠵᠠᠮ᠂ ᠡᠭᠴᠡ ᠬᠥᠲᠥᠯ᠂ ᠬᠥᠭᠦᠷᠭᠡᠨ ᠭᠤᠯᠳᠤᠩ ᠵᠡᠷᠭᠡ ᠵᠠᠮ ᠳᠠᠭᠠᠤ ᠶᠢᠨ ᠲᠦᠭᠦᠭᠡᠷᠦᠮᠵᠢ ᠳᠤ ᠭᠤᠤᠯᠳᠠᠯᠭ᠎ᠠ ᠎ ᠲᠠᠢ ᠲᠣᠭᠤᠷᠢᠨ ᠪᠠᠶᠢᠴᠠᠭᠠᠯᠲᠠ ᠬᠢᠵᠦ᠂ ᠠᠰᠠᠭᠤᠳᠠᠯ ᠢ ᠴᠠᠭ ᠲᠤᠬᠠᠶ ᠳᠤ ᠨᠢ ᠢᠯᠡᠷᠡᠭᠦᠯᠦᠨ᠂ ᠬᠡᠮ ᠰᠤᠭᠤᠭ ᠢ ᠰᠢᠶᠳᠪᠦᠷᠢᠯᠡᠵᠦ᠂ ᠠᠮᠠᠷᠬᠠᠨ ᠬᠥᠯᠳᠡᠬᠦ ᠵᠠᠮ ᠤᠨ ᠬᠡᠰᠡᠭ ᠲᠤ ᠬᠠᠯᠲᠤᠷᠢᠬᠤ ᠠᠴᠠ ᠰᠡᠷᠭᠡᠶᠢᠯᠡᠬᠦ ᠮᠠᠲ᠋ᠧᠷᠢᠶᠠᠯ᠂ ᠴᠠᠰᠤ ᠬᠠᠶᠢᠯᠠᠭᠤᠯᠬᠤ ᠡᠳ᠋ ᠢ ᠴᠠᠭ ᠲᠤᠬᠠᠶ ᠳᠤ ᠨᠢ ᠰᠠᠴᠤᠨ᠎ᠠ᠃ ᠡᠭᠦᠨ ᠤ ᠬᠠᠮᠲᠤ᠂ ᠡᠳᠦᠷ ᠲᠤᠲᠤᠮ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠢ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠭᠠᠵᠤ ᠨᠡᠪᠲᠡᠷᠡᠬᠦ ᠶᠢ ᠪᠠᠲᠤᠯᠠᠬᠤ ᠡᠩᠨᠡᠭᠡ᠂ ᠲᠥᠬᠦᠭᠡᠷᠦᠮᠵᠢ ᠪᠣᠯᠤᠨ ᠡᠳ᠋ ᠪᠠᠷᠠᠭ᠎ᠠ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂       ︽ᠪᠠᠭ᠎ᠠ ᠴᠠᠰᠤᠨ ᠲᠣᠮᠲᠠ ᠵᠡᠷᠭᠡ ᠶᠢᠨ ᠴᠠᠰᠤ ᠶᠢ ᠳᠣᠣᠷ᠎ᠠ ᠳᠣᠣᠷ᠎ᠠ ᠨᠢ ᠴᠡᠪᠡᠷᠯᠡᠵᠦ᠂ ᠶᠡᠭᠡ ᠴᠠᠰᠤ ᠣᠷᠣᠪᠠᠯ ᠨᠢᠭᠡ ᠨᠡᠪᠲᠡᠷᠡᠬᠦ ᠲᠡᠷᠭᠡᠨ ᠵᠠᠮ ᠢ ᠪᠠᠲᠤᠯᠠᠬᠤ︾ ᠵᠠᠷᠴᠢᠮ ᠤᠨ ᠶᠣᠰᠣᠭᠠᠷ᠂ ᠴᠠᠰᠤ ᠣᠷᠣᠵᠤ ᠮᠥᠰᠥ ᠬᠥᠯᠳᠡᠬᠦ ᠪᠠ ᠵᠠᠮ ᠬᠠᠷᠢᠯᠴᠠᠭᠠᠨ ᠤ ᠠᠳᠡᠯ ᠭᠠᠷᠪᠠᠯ᠂ ᠴᠠᠰᠤ ᠶᠢ ᠦᠳᠲᠡᠷ ᠲᠦᠷᠭᠡᠨ ᠠᠷᠢᠯᠭᠠᠨ᠂ ᠬᠠᠷᠰᠢ ᠰᠠᠭᠠᠳ ᠢ ᠪᠤᠰᠢᠭᠤ ᠲᠦᠷᠭᠡᠨ ᠠᠷᠢᠯᠭᠠᠵᠤ᠂ ᠵᠠᠰᠠᠮᠠᠯ ᠵᠠᠮ ᠤᠨ ᠨᠡᠪᠲᠡᠷᠡᠬᠦ ᠶᠢ ᠪᠠᠲᠤᠯᠠᠨ᠎ᠠ᠃     ᠬᠠᠤᠯᠢ ᠬᠡᠷᠡᠭᠵᠢᠭᠦᠯᠬᠦ ᠶᠢ ᠵᠢᠷᠤᠮᠵᠢᠭᠤᠯᠵᠤ᠂ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠵᠠᠰᠠᠮᠠᠯ ᠵᠠᠮ ᠎ ᠤᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠵᠤ ᠪᠠᠶᠢᠭ᠎ᠠ ᠶᠢ ᠵᠠᠰᠠᠬᠤ ᠪᠠ ︽ᠬᠤᠶᠠᠷ ᠠᠶᠠᠨᠴᠢᠳ ᠤᠨ ᠲᠡᠭᠡᠭᠡᠪᠦᠷᠢ ᠪᠣᠯᠤᠨ ᠨᠢᠭᠡ ᠠᠶᠤᠯᠲᠤ ᠡᠳ᠋ ᠤᠨ ᠲᠡᠭᠡᠭᠡᠪᠦᠷᠢ︾ ᠵᠡᠷᠭᠡ ᠭᠤᠤᠯᠳᠠᠯᠭ᠎ᠠ ᠲᠠᠢ ᠲᠡᠷᠭᠡ ᠬᠥᠰᠬᠡ ᠶᠢᠨ ᠬᠥᠳᠡᠯᠦᠩᠭᠦᠶ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠷᠠᠭᠤᠯᠵᠤ᠂ ᠭᠡᠨᠡᠨ ᠢᠶᠠᠷ ᠠᠵᠢᠯᠯᠠᠬᠤ᠂ ᠲᠦᠭᠰᠢᠭᠦᠷᠢ ᠳᠤ ᠬᠤᠯᠪᠣᠭᠳᠠᠭᠰᠠᠨ ᠡᠵᠡᠩᠨᠡᠯᠲᠡ ᠶᠢ ᠴᠢᠩᠭ᠎ᠠ ᠴᠠᠭᠠᠵᠠᠯᠠᠨ᠂ ᠠᠶᠦᠯᠭᠦᠢ ᠡᠵᠡᠩᠨᠡᠬᠦ ᠨᠥᠬᠦᠴᠡᠯ ᠢ ᠪᠦᠷᠢᠯᠳᠦᠭᠦᠯᠦᠭᠡᠳᠦᠶ ᠦᠶ᠎ᠡ ᠳᠤ᠂ ᠵᠣᠭᠰᠣᠭᠠᠬᠤ ᠴᠢᠬᠤᠯᠠᠲᠠᠶ ᠶᠢ ᠨᠢ ᠵᠣᠭᠰᠣᠭᠠᠵᠤ᠂ ᠵᠣᠭᠰᠣᠭᠠᠬᠤ ᠴᠢᠬᠤᠯᠠᠲᠠᠶ ᠶᠢ ᠎ ᠨᠢ ᠪᠦᠬᠦᠨ ᠢ ᠵᠣᠭᠰᠣᠭᠠᠬᠤ ᠬᠡᠷᠡᠭᠲᠡᠶ᠃ ᠨᠡᠭᠦᠳᠡᠯ ᠢᠷᠡᠯᠲᠡ ᠶᠢᠨ ᠪᠣᠬᠢᠷᠲᠤᠯ ᠪᠠ ᠳᠡᠭᠳᠡᠮᠡᠯ ᠲᠣᠭᠤᠰᠣᠨ ᠤ ᠪᠣᠬᠢᠷᠲᠤᠯ ᠵᠡᠷᠭᠡ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶ᠎ᠡ ᠴᠠᠷᠠᠭ᠎ᠠ ᠶᠢᠨ ᠲᠤᠰᠬᠠᠶ ᠵᠦᠶᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠥᠷᠨᠢᠭᠦᠯᠵᠦ᠂ ᠪᠠᠷᠠᠭᠠᠨ ᠤ ᠭᠦᠶᠯᠭᠡᠭᠡᠨ ᠤ ᠰᠠᠭᠤᠷᠢᠨ ᠭᠠᠵᠠᠷ᠂ ᠪᠠᠷᠠᠭᠠᠨ ᠎ ᠤ ᠲᠡᠭᠡᠭᠡᠪᠦᠷᠢ ᠶᠢᠨ ᠲᠡᠷᠭᠡ ᠬᠥᠰᠬᠡ ᠶᠢᠨ ᠲᠡᠷᠭᠡᠨ ᠵᠣᠭᠰᠣᠭᠠᠯ ᠪᠠ ᠠᠮᠠᠷᠠᠬᠤ ᠲᠣᠭᠤᠷᠢᠭ᠂ ᠲᠣᠰᠣᠨ ᠤ ᠵᠦᠶᠯ ᠤᠨ ᠲᠡᠭᠡᠭᠡᠪᠦᠷᠢ ᠶᠢᠨ ᠲᠡᠷᠭᠡ ᠬᠥᠰᠬᠡ᠂ ᠪᠠᠷᠢᠯᠭ᠎ᠠ ᠶᠢᠨ ᠭᠠᠵᠠᠷ ᠵᠡᠷᠭᠡ ᠪᠠᠷ ᠭᠤᠤᠯᠳᠠᠯᠭ᠎ᠠ ᠪᠣᠯᠭᠠᠵᠤ᠂ ᠣᠷᠴᠢᠨ ᠲᠣᠭᠤᠷᠢᠨ ᠢ ᠪᠣᠬᠢᠷᠲᠤᠭᠤᠯᠬᠤ ᠲᠠᠢ ᠬᠤᠯᠪᠣᠭᠳᠠᠭᠰᠠᠨ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠶᠳᠪᠦᠷᠢᠯᠡᠵᠦ᠂ ᠬᠦᠳᠡᠯᠭᠡᠭᠡᠨᠳᠦ ᠲᠣᠰᠣ ᠨᠡᠮᠡᠬᠦ ᠲᠡᠷᠭᠡ ᠳᠤ ᠦᠷᠭᠦᠯᠵᠢᠯᠡᠨ ᠴᠣᠬᠢᠯᠲᠠ ᠥᠭᠬᠦ ᠪᠠ ᠠᠷᠢᠯᠭᠠᠨ᠎ᠠ᠃      ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠨᠢ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠎ ᠤᠨ ᠴᠤᠭᠯᠠᠭᠠᠨ ᠤ ᠪᠡᠯᠡᠳᠬᠡᠯ ᠺᠣᠮᠢᠰ ᠤᠨ ᠭᠥᠯᠢᠶᠡᠨ ᠠᠪᠬᠤ ᠬᠡᠯᠲᠡᠰ᠂ ᠣᠷᠴᠢᠨ ᠲᠣᠭᠤᠷᠢᠨ ᠤ ᠵᠠᠰᠠᠯᠲᠠ ᠶᠢᠨ ᠬᠡᠯᠲᠡᠰ ᠲᠠᠢ ᠬᠠᠮᠵᠢᠯᠴᠠᠨ ᠬᠥᠯᠥᠨ ᠪᠣᠶᠢᠷ ᠬᠤᠲᠠ᠂ ᠤᠯᠠᠭᠠᠨᠬᠠᠳᠠ ᠬᠤᠲᠠ᠂ ᠤᠯᠠᠭᠠᠨᠴᠠᠪ ᠲᠤ ᠠᠵᠢᠯ ᠤᠨ ᠵᠢᠯᠣᠭᠤᠳᠣᠯᠭ᠎ᠠ ᠪᠠᠨ ᠴᠢᠩᠭᠠᠳᠬᠠᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠲᠤᠯᠠᠭ᠎ᠠ ᠶᠢᠨ ᠠᠵᠢᠯ ᠳᠤ ᠣᠷᠣᠰᠢᠵᠤ ᠪᠠᠶᠢᠭ᠎ᠠ ᠠᠰᠠᠭᠤᠳᠠᠯ ᠢ ᠵᠣᠬᠢᠴᠠᠭᠤᠯᠤᠨ ᠰᠢᠶᠳᠪᠦᠷᠢᠯᠡᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠲᠤᠯᠠᠭ᠎ᠠ ᠶᠢᠨ ᠠᠵᠢᠯ ᠤᠨ ᠪᠠᠶᠢᠭᠤᠯᠤᠯ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠪᠠᠴᠢᠮ ᠪᠠᠶᠢᠳᠠᠯ ᠢ ᠠᠷᠭᠠᠴᠠᠭᠠᠬᠤ ᠬᠤᠷᠳᠤᠴᠠ᠂ ᠰᠢᠶᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠠᠶᠤᠯ ᠠᠴᠠ ᠠᠪᠤᠷᠠᠵᠤ ᠪᠠᠴᠢᠮ ᠪᠠᠶᠢᠳᠠᠯ ᠢ ᠠᠷᠭᠠᠴᠠᠭᠠᠬᠤ ᠬᠥᠮᠦᠰ᠂ ᠲᠥᠬᠦᠭᠡᠷᠦᠮᠵᠢ᠂ ᠡᠳ᠋ ᠪᠣᠳᠠᠰ ᠭᠤᠷᠪᠠ ᠶᠢ ᠪᠣᠳᠠᠲᠠᠶᠢᠵᠢᠭᠤᠯᠬᠤ ᠶᠢ ᠪᠡᠶᠡᠯᠡᠭᠦᠯᠵᠦ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠪᠠᠲᠤᠯᠠᠭ᠎ᠠ ᠶᠢᠨ ᠠᠵᠢᠯ ᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号