11 ᠳ᠋ᠦ᠋ᠭᠡᠷ ᠰᠠᠷ᠎ᠠ ᠶᠢᠨ 23 ᠤ ᠡᠳᠦᠷ ᠠᠴᠠ 24 ᠤ ᠡᠳᠦᠷ ᠪᠣᠯᠲᠠᠯ᠎ᠠ᠂ ᠬᠥᠯᠥᠨ ᠪᠤᠶᠢᠷ ᠬᠤᠲᠠ ᠶᠢᠨ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠠᠴᠠ ᠬᠠᠮᠢᠶ᠎ᠠ ᠪᠥᠬᠦᠶ ᠨᠢᠭᠡᠴᠢ ᠶᠢ ᠵᠣᠬᠢᠶᠠᠨ ᠪᠠᠶᠢᠭᠤᠯᠵᠤ 111 | ᠤᠯᠤᠰ ᠤᠨ ᠵᠠᠮ ᠤᠨ ᠭᠠᠨ ᠾᠧ ᠲᠠᠷᠢᠶᠠᠯᠠᠩ ᠤᠨ ᠲᠠᠯᠠᠪᠠᠶ ᠠᠴᠠ ᠳ᠋ᠠ ᠶᠠᠩ ᠱᠤ᠋ ᠬᠦᠷᠬᠦ ᠬᠡᠰᠡᠭ ᠤᠨ ᠨᠢᠭᠡᠳᠦᠭᠡᠷ | ᠳᠡᠰ ᠤᠨ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠪᠠᠷᠢᠯᠭ᠎ᠠ ᠳᠠᠭᠤᠰᠴᠤ ᠰᠢᠯᠭᠠᠨ | ᠠᠪᠬᠤ ᠠᠵᠢᠯ ᠢ ᠥᠷᠨᠢᠭᠦᠯᠪᠡ᠃ ᠬᠤᠶᠠᠷ ᠡᠳᠦᠷ ᠤᠨ ᠲᠤᠬᠠᠶ ᠶᠢᠨ ᠭᠠᠵᠠᠷ ᠤᠨ ᠰᠤᠭᠤᠴᠢᠨ ᠪᠠᠶᠢᠴᠠᠭᠠᠯᠲᠠ᠂ | ᠬᠤᠷᠠᠯ ᠢᠶᠠᠷ ᠰᠤᠳᠤᠯᠬᠤ ᠪᠠᠷ ᠳᠡᠮᠵᠢᠨ᠂ ᠲᠣᠰ ᠲᠥᠷᠥᠯ ᠵᠦᠢᠯ ᠨᠢ ᠪᠠᠷᠢᠯᠭ᠎ᠠ ᠳᠠᠭᠤᠰᠬᠠᠵᠤ ᠰᠢᠯᠭᠠᠨ ᠠᠪᠬᠤ ᠶᠢ | ᠤᠷᠤᠭᠰᠢᠲᠠᠶ ᠥᠩᠭᠡᠷᠡᠭᠦᠯᠪᠡ᠃ | | | | | | ᠲᠤᠰ ᠲᠦᠷᠦᠯ ᠵᠦᠢᠯ ᠪᠣᠯ ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ | ᠣᠷᠴᠣᠨ ᠤ ᠥᠪᠡᠷᠲᠡᠭᠡᠨ ᠵᠠᠰᠠᠬᠤ ᠬᠤᠰᠢᠭᠤ ᠪᠣᠯᠤᠨ ᠬᠥᠯᠥᠨ ᠪᠤᠶᠢᠷ ᠬᠤᠳᠠ ᠶᠢᠨ ᠠᠵᠤ ᠠᠬᠤᠢ ᠶᠢᠨ | ᠶᠠᠪᠤᠯᠴᠠᠭ᠎ᠠ ᠶᠢᠨ ᠴᠢᠬᠤᠯᠠ ᠲᠡᠭᠡᠭᠡᠪᠦᠷᠢ ᠶᠢᠨ ᠵᠠᠮ ᠪᠠᠶᠢᠵᠤ᠂ ᠮᠥᠨᠴᠦ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠭᠤᠣᠯ ᠱᠤᠭᠤᠮ ᠤᠨ ᠵᠠᠰᠠᠮᠠᠯ ᠵᠠᠮ ᠤᠨ ᠲᠣᠣᠷ ᠤᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠃ | ᠲᠥᠷᠥᠯ ᠵᠦᠢᠯ ᠨᠢ ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠪᠣᠯᠤᠨ ᠣᠷᠴᠣᠨ ᠤ | ᠥᠪᠡᠷᠲᠡᠭᠡᠨ ᠵᠠᠰᠠᠬᠤ ᠬᠤᠰᠢᠭᠤᠨ ᠤ ᠬᠢᠯᠢ ᠳᠣᠲᠣᠷ᠎ᠠ ᠪᠠᠶᠢᠷᠢᠯᠠᠵᠤ᠂ ᠪᠠᠷᠢᠯᠭ᠎ᠠ ᠶᠢ ᠶᠡᠷᠦᠩᠬᠡᠶ ᠳᠠᠭᠠᠭᠠᠴᠢᠯᠠᠨ | ᠬᠠᠮᠢᠶᠠᠷᠬᠤ ᠵᠠᠭᠪᠤᠷ ᠢᠶᠠᠷ ᠪᠥᠲᠥᠭᠡᠨ ᠪᠠᠶᠢᠭᠤᠯᠵᠤ᠂ ᠭᠤᠤᠯ ᠱᠤᠭᠤᠮ ᠤᠨ ᠪᠥᠬᠦ ᠣᠷᠳᠣ ᠨᠢ 52.808 ᠺᠢᠯᠣᠮᠧᠲᠷ | ᠪᠠᠶᠢᠵᠤ᠂ ᠪᠠᠰᠠ ᠳ᠋ᠠ ᠶᠠᠩ ᠱᠦ ᠶᠢᠨ ᠡᠮᠦᠨ᠎ᠡ ᠲᠠᠯ᠎ᠠ ᠶᠢᠨ ᠵᠠᠯᠭᠠᠯᠲᠠ ᠶᠢᠨ ᠱᠤᠭᠤᠮ ᠢ 7.486 ᠺᠢᠯᠣᠮᠧᠲᠷ᠂ ᠭᠠᠨ | ᠾᠧ ᠲᠠᠷᠢᠶᠠᠯᠠᠩ ᠤᠨ ᠲᠠᠯᠠᠪᠠᠶ ᠶᠢᠨ ᠵᠠᠯᠭᠠᠯᠲᠠ ᠶᠢᠨ ᠱᠤᠭᠤᠮ ᠢ 0.745 ᠺᠢᠯᠣᠮᠧᠲᠷ᠂ ᠪᠠᠶᠠᠨᠮᠠᠨᠳᠤ ᠵᠠᠯᠭᠠᠯᠲᠠ ᠶᠢᠨ | ᠱᠤᠭᠤᠮ ᠢ 5.13 ᠺᠢᠯᠣᠮᠧᠲᠷ ᠲᠣᠬᠢᠷᠠᠭᠤᠯᠪᠠ᠃ ᠪᠦᠬᠦ᠋ᠢᠯᠨ ᠱᠤᠭᠤᠮ ᠳᠡᠭᠡᠷ᠎ᠡ ᠶᠡᠭᠡ ᠬᠥᠭᠦᠷᠭᠡ 3᠂ ᠳᠤᠮᠳᠠ | ᠬᠥᠭᠦᠷᠭᠡ 15᠂ ᠵᠢᠵᠢᠭ ᠬᠥᠭᠦᠷᠭᠡ 2᠂ ᠰᠦᠢᠳᠬᠡᠯ ᠬᠤᠷᠢᠶᠠᠬᠤ ᠥᠷᠲᠡᠭᠡ ᠪᠠ ᠠᠷᠠᠴᠢᠯᠠᠨ ᠬᠠᠮᠠᠭᠠᠯᠠᠬᠤ | ᠠᠵᠢᠯ ᠤᠨ ᠲᠣᠭᠤᠷᠢᠭ ᠲᠤᠰ ᠪᠦᠷᠢ 1 ᠲᠣᠬᠢᠷᠠᠭᠤᠯᠪᠠ᠃ ᠲᠣᠰ ᠲᠥᠷᠥᠯ ᠵᠦᠢᠯ ᠢ 2020 ᠣᠨ ᠤ 5 ᠳ᠋ᠤᠭᠠᠷ | ᠰᠠᠷ᠎ᠠ ᠠᠴᠠ ᠡᠬᠢᠯᠡᠨ ᠪᠠᠶᠢᠭᠤᠯᠵᠤ᠂ ᠨᠢᠭᠡᠳᠦᠭᠡᠷ ᠳᠡᠰ ᠤᠨ ᠵᠠᠰᠠᠮᠠᠯ ᠵᠠᠮ ᠤᠨ ᠪᠠᠷᠢᠮᠵᠢᠶ᠎ᠠ ᠶᠢ ᠬᠡᠷᠡᠭᠯᠡᠨ᠂ | ᠲᠥᠰᠥᠪᠯᠡᠭᠰᠡᠨ ᠬᠤᠷᠳᠤᠴᠠ ᠨᠢ ᠴᠠᠭ ᠪᠦᠷᠢ 100 ᠺᠢᠯᠣᠮᠧᠲᠷ ᠪᠠᠶᠢᠵᠤ᠂ ᠲᠦᠢᠮᠣ ᠲᠥᠰᠦᠪ ᠤᠨ ᠶᠡᠷᠦᠩᠬᠡᠶ ᠪᠠᠯᠠ | ᠣᠷᠣᠭᠤᠯᠤᠯᠲᠠ ᠨᠢ 13.8 ᠳ᠋ᠦᠩᠰᠢᠭᠤᠷ ᠲᠥᠭᠦᠷᠢᠭ ᠪᠣᠯᠤᠨ᠎ᠠ᠃ | | | | | | ᠲᠣᠰ ᠲᠥᠷᠥᠯ ᠵᠦᠢᠯ ᠤᠨ ᠪᠠᠷᠢᠯᠭ᠎ᠠ ᠳᠠᠭᠤᠰᠴᠤ ᠲᠡᠷᠭᠡ ᠨᠡᠪᠲᠡᠷᠡᠭᠰᠡᠨ ᠨᠢ ᠵᠠᠮ ᠳᠠᠭᠠᠤ ᠶᠢᠨ ᠣᠯᠠᠨ | ᠲᠦᠮᠡᠨ ᠤ ᠶᠠᠪᠤᠵᠤ ᠰᠠᠭᠤᠬᠤ ᠨᠥᠬᠦᠴᠡᠯ ᠢ ᠦᠨᠡᠨ ᠬᠦ ᠰᠠᠶᠢᠵᠢᠷᠠᠭᠤᠯᠵᠤ᠂ ᠪᠠᠷᠠᠭᠤᠨ ᠣᠷᠣᠨ ᠢ ᠶᠡᠭᠡ ᠪᠠᠷ ᠨᠡᠭᠡᠭᠡᠨ | ᠬᠥᠭᠵᠢᠭᠦᠯᠬᠦ ᠶᠢ ᠠᠬᠢᠭᠤᠯᠬᠤ ᠵᠢᠴᠢ ᠵᠡᠭᠦᠨ ᠬᠤᠶᠢᠲᠤ ᠣᠷᠣᠨ ᠤ ᠬᠠᠭᠤᠴᠢᠨ ᠠᠵᠤ ᠦᠢᠯᠡᠳᠪᠦᠷᠢ ᠶᠢᠨ ᠰᠠᠭᠤᠷᠢᠨ ᠢ | ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠶ ᠠᠬᠢᠭᠤᠯᠬᠤ᠂ ᠤᠯᠤᠰ ᠤᠨ ᠭᠤᠤᠯᠳᠠᠯᠭ᠎ᠠ ᠲᠠᠢ ᠭᠤᠤᠯ | ᠱᠤᠭᠤᠮ ᠤᠨ ᠵᠠᠰᠠᠮᠠᠯ ᠵᠠᠮ ᠤᠨ ᠲᠣᠤᠷ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ᠂ ᠣᠷᠣᠨ ᠪᠦᠰᠡ ᠶᠢᠨ ᠠᠵᠤ | ᠠᠬᠤᠶ ᠶᠢ ᠳᠠᠶᠢᠴᠢᠯᠠᠬᠤ ᠵᠡᠷᠭᠡ ᠳᠤ ᠴᠥᠮ ᠴᠢᠬᠤᠯᠠ ᠠᠴᠢ ᠬᠤᠯᠪᠣᠭᠳᠠᠯ ᠲᠠᠢ ᠶᠤᠮ᠃ |