ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠰᠤᠳᠤᠯᠭᠠᠨ ᠤ ᠬᠦᠷᠢᠶᠡᠯᠡᠩ ᠤᠨ 2023 ᠣᠨ ᠤ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠢᠯᠡ ᠨᠡᠶᠢᠲᠡᠯᠡᠬᠦ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2023/12/18
    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠰᠢᠯᠵᠢᠭᠦᠯᠬᠦ ᠲᠣᠬᠠᠢ ᠬᠡᠷᠡᠭᠵᠢᠭᠦᠯᠬᠦ ᠠᠷᠭ᠎ᠠ ︾ ︵ᠥᠪᠥᠷ ᠵᠠᠰᠠᠭ ᠲᠠᠷᠬᠠᠭᠠᠭᠰᠠᠨ ﹇2017﹈ 77 ᠳ᠋ᠤᠭᠠᠷ ᠲᠣᠭᠠᠲᠤ︶ ᠪᠠ ︽ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠠᠵᠢᠯ ᠦᠶᠯᠡᠰ ᠤᠨ ᠨᠢᠭᠡᠴᠢ ᠶᠢᠨ         ︿ᠰᠠᠭᠠᠳ ᠥᠬᠡᠶ ᠨᠡᠪᠲᠡᠷᠡᠬᠦ ᠵᠠᠮ﹀ ᠢᠶᠠᠷ ᠣᠷᠣᠭᠤᠯᠤᠨ ᠠᠪᠴᠢᠷᠠᠬᠤ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ  ᠢ ᠬᠢᠨᠠᠨ ᠵᠥᠪᠰᠢᠶᠡᠷᠡᠬᠦ ᠲᠦᠷᠢᠮ ᠠᠴᠠ ᠪᠦᠷᠢᠳᠬᠡᠨ ᠳᠠᠩᠰᠠᠯᠠᠬᠤ ᠲᠦᠷᠢᠮ ᠪᠣᠯᠭᠠᠨ ᠬᠤᠪᠢᠷᠠᠭᠤᠯᠬᠤ ᠬᠤᠯᠪᠣᠭᠳᠠᠯ ᠪᠥᠬᠦᠶ ᠵᠦᠶᠯᠡᠰ ᠤᠨ ᠲᠤᠬᠠᠶ ᠮᠡᠳᠡᠭᠳᠡᠯ︾ ︵ᠥᠪᠥᠷ ᠬᠥᠮᠦᠨ ᠨᠡᠶᠢᠭᠡᠮ ᠲᠠᠷᠬᠠᠭᠠᠭᠰᠠᠨ  ﹇2022﹈ 78 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠰᠤᠳᠤᠯᠭᠠᠨ ᠤ ᠬᠦᠷᠢᠶᠡᠯᠡᠩ ᠴᠢᠳᠠᠪᠤᠷᠢᠲᠠᠨ ᠣᠷᠣᠭᠤᠯᠤᠨ ᠠᠪᠴᠢᠷᠠᠬᠤ ᠠᠯᠪᠠᠨ ᠵᠠᠷ ᠨᠡᠶᠢᠲᠡᠯᠡᠬᠦ᠂ ᠨᠡᠷ᠎ᠡ ᠮᠡᠳᠡᠭᠦᠯᠵᠦ ᠬᠢᠨᠠᠨ ᠪᠠᠶᠢᠴᠠᠭᠠᠬᠤ᠂ ᠲᠤᠰᠬᠠᠶ ᠮᠡᠷᠭᠡᠵᠢᠯᠲᠡᠨ ᠢᠶᠠᠷ ᠦᠨᠡᠯᠡᠨ ᠵᠢᠱᠢᠵᠦ ᠮᠠᠭᠠᠳᠯᠠᠨ ᠲᠣᠭᠲᠠᠭᠠᠬᠤ᠂ ᠰᠢᠨᠵᠢᠯᠡᠨ ᠪᠠᠶᠢᠴᠠᠭᠠᠬᠤ᠂ ᠪᠡᠶ᠎ᠡ ᠶᠢᠨ ᠪᠠᠶᠢᠴᠠᠭᠠᠯᠲᠠ ᠬᠢᠬᠦ ᠵᠡᠷᠭᠡ ᠲᠠᠰ ᠳᠠᠷᠠᠭᠠᠯᠠᠯ ᠢ ᠵᠣᠬᠢᠶᠠᠨ ᠪᠠᠶᠢᠭᠤᠯᠬᠤ ᠪᠠᠷ ᠳᠡᠮᠵᠢᠨ᠂ ᠨᠡᠶᠢᠲᠡ 2 ᠬᠥᠮᠦᠨ ᠣᠷᠣᠭᠤᠯᠤᠨ ᠠᠪᠴᠢᠷᠠᠬᠤ ᠪᠠᠷ ᠪᠠᠶᠢᠭ᠎ᠠ ᠴᠢᠳᠠᠪᠤᠷᠢᠲᠠᠨ ᠤ ᠬᠡᠪᠴᠢᠶᠡᠨ ᠳᠤ ᠣᠷᠣᠵᠤ᠂ ᠡᠳᠦᠭᠡ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠢᠯᠡ ᠨᠡᠶᠢᠲᠡᠯᠡᠨ᠎ᠡ᠃     ᠨᠢᠭᠡ᠂ ᠢᠯᠡ ᠨᠡᠶᠢᠲᠡᠯᠡᠬᠦ ᠡᠲᠡᠭᠡᠳ
20231218104322.png      
    ᠬᠤᠶᠠᠷ᠂ ᠢᠯᠡ ᠨᠡᠶᠢᠲᠡᠯᠡᠬᠦ ᠴᠠᠭ     2023 ᠣᠨ ᠤ 12 ᠳ᠋ᠤᠭᠠᠷ ᠰᠠᠷ᠎ᠠ ᠶᠢᠨ 15 ᠤ ᠡᠳᠦᠷ ᠠᠴᠠ 2023 ᠣᠨ ᠤ 12 ᠳ᠋ᠤᠭᠠᠷ ᠰᠠᠷ᠎ᠠ ᠶᠢᠨ 21 ᠤ ᠡᠳᠦᠷ ᠪᠣᠯᠲᠠᠯ᠎ᠠ᠃     ᠭᠤᠷᠪᠠ᠂ ᠬᠦᠯᠢᠶᠡᠨ ᠠᠪᠬᠤ ᠠᠷᠭ᠎ᠠ ᠮᠠᠶ᠋ᠢᠭ     ᠨᠢᠭᠡᠴᠢ ᠪᠠ ᠬᠤᠪᠢ ᠬᠥᠮᠦᠨ ᠨᠢ ᠤᠲᠠᠰᠤ᠂ ᠵᠠᠬᠢᠳᠠᠯ ᠵᠡᠷᠭᠡ ᠬᠡᠯᠪᠡᠷᠢ ᠪᠠᠷ ᠳᠡᠭᠡᠷ᠎ᠡ ᠳᠤᠷᠠᠳᠤᠭᠰᠠᠨ ᠢᠯᠡ ᠪᠠᠷ ᠨᠡᠶᠢᠲᠡᠯᠡᠭᠰᠡᠨ ᠬᠥᠮᠦᠰ ᠤᠨ ᠬᠤᠯᠪᠣᠭᠳᠠᠯ ᠪᠥᠬᠦᠶ ᠪᠠᠶᠢᠳᠠᠯ ᠪᠠ ᠠᠰᠠᠭᠤᠳᠠᠯ ᠢ ᠲᠤᠰᠬᠠᠵᠤ᠂ ᠮᠠᠲ᠋ᠧᠷᠢᠶᠠᠯ ᠢ ᠲᠤᠰᠬᠠᠭᠰᠠᠨ ᠨᠢᠭᠡᠴᠢ ᠨᠢ ᠠᠯᠪᠠᠨ ᠲᠠᠮᠠᠭ᠎ᠠ ᠳᠠᠷᠤᠵᠤ᠂ ᠬᠤᠪᠢ ᠬᠥᠮᠦᠨ ᠨᠢ ᠦᠨᠡᠨ ᠨᠡᠷ᠎ᠡ ᠪᠠᠨ ᠪᠢᠴᠢᠬᠦ ᠶᠢᠨ ᠬᠠᠮᠲᠤ ᠬᠠᠷᠢᠯᠴᠠᠬᠤ ᠠᠷᠭ᠎ᠠ ᠮᠠᠶ᠋ᠢᠭ ᠢᠶᠠᠨ ᠬᠠᠩᠭᠠᠬᠤ ᠬᠡᠷᠡᠭᠲᠡᠶ᠃     ᠭᠥᠯᠢᠶᠡᠨ ᠠᠪᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨᠡᠬᠢ 9᠄ 00—12᠄ 00᠂ ᠦᠳᠡ  ᠶᠢᠨ ᠬᠤᠶᠢᠨᠠᠬᠢ 14᠄ 30—17᠄ 30᠃       ᠬᠦᠯᠢᠶᠡᠨ ᠠᠪᠬᠤ ᠤᠲᠠᠰᠤ᠄ 0471— 6916876᠃                       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ                       2023 ᠣᠨ ᠤ 12 ᠳ᠋ᠤᠭᠠᠷ ᠰᠠᠷ᠎ᠠ ᠶᠢᠨ 14 ᠤ ᠡᠳᠦᠷ
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号