ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢᠨ | ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠠᠷᠭ᠎ᠠ | ︵2022 ᠣᠨ ᠤ 12 ᠳ᠋ᠤᠭᠠᠷ ᠰᠠᠷ᠎ᠠ ᠶᠢᠨ 28 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 258 ᠳ᠋ᠤᠭᠠᠷ ᠲᠣᠭᠠᠲᠤ ᠶᠢ ᠨᠡᠶᠢᠲᠡᠯᠡᠵᠦ᠂ 2023 ᠣᠨ | ᠤ 3 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ︶ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ | ᠬᠡᠲᠦᠷᠡᠭᠦᠯᠦᠭᠰᠡᠨ ᠦᠢᠯᠡ ᠠᠵᠢᠯᠯᠠᠭ᠎ᠠ ᠶᠢ ᠵᠠᠰᠠᠵᠤ᠂ ᠵᠠᠰᠠᠮᠠᠯ ᠵᠠᠮ ᠤᠨ ᠠᠮᠤᠷ ᠲᠦᠪᠰᠢᠨ᠂ ᠪᠦᠷᠢᠨ ᠪᠦᠲᠦᠨ ᠪᠠ | ᠰᠠᠭᠠᠳ ᠦᠭᠡᠶ ᠨᠡᠪᠲᠡᠷᠡᠬᠦ ᠶᠢ ᠪᠠᠲᠤᠯᠠᠨ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ | ᠬᠠᠮᠠᠭᠠᠯᠠᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠮᠠᠯ ᠵᠠᠮ ᠤᠨ | ᠬᠠᠤᠯᠢ︾ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ | ᠬᠠᠤᠯᠢ︾ ︽ᠵᠠᠰᠠᠮᠠᠯ ᠵᠠᠮ ᠤᠨ ᠠᠮᠤᠷ ᠲᠦᠪᠰᠢᠨ ᠢ ᠬᠠᠮᠠᠭᠠᠯᠠᠬᠤ ᠳᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ | ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ | ᠤᠶᠠᠯᠳᠤᠭᠤᠯᠵᠤ᠂ ᠲᠤᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠪᠠᠨ ᠬᠡᠪᠴᠢᠶᠡᠨ | ᠳᠠᠬᠢ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠳᠤ | ᠲᠤᠰ ᠠᠷᠭ᠎ᠠ ᠲᠣᠬᠢᠷᠠᠨ᠎ᠠ᠃ | ᠲᠤᠰ ᠠᠷᠭ᠎ᠠ ᠳᠤ ᠬᠡᠯᠡᠵᠦ ᠪᠠᠶᠢᠭ᠎ᠠ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ | ᠠᠴᠠ ᠬᠡᠲᠦᠷᠡᠭᠦᠯᠦᠭᠰᠡᠨ ᠭᠡᠳᠡᠭ ᠨᠢ᠂ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢᠨ ᠲᠡᠷᠭᠡ ᠪᠠᠷᠠᠭ᠎ᠠ ᠶᠢᠨ ᠭᠠᠳᠠᠷ | ᠬᠦᠪᠡᠭᠡ ᠶᠢᠨ ᠬᠡᠮᠵᠢᠶ᠎ᠡ᠂ ᠲᠡᠩᠭᠡᠯᠢᠭ ᠤᠨ ᠳᠠᠭᠠᠭᠠᠴᠠ᠂ ᠶᠡᠷᠦᠩᠬᠡᠶ ᠮᠠᠰ ᠨᠢ ᠤᠯᠤᠰ ᠠᠴᠠ ᠲᠣᠭᠲᠠᠭᠠᠭᠰᠠᠨ | ᠪᠠᠷᠢᠮᠵᠢᠶ᠎ᠠ ᠠᠴᠠ ᠬᠡᠲᠦᠷᠡᠭᠰᠡᠨ ᠪᠤᠶᠤ ᠵᠠᠰᠠᠮᠠᠯ ᠵᠠᠮ᠂ ᠵᠠᠰᠠᠮᠠᠯ ᠵᠠᠮ ᠤᠨ ᠬᠥᠭᠦᠷᠭᠡ᠂ ᠵᠠᠰᠠᠮᠠᠯ ᠵᠠᠮ ᠤᠨ ᠨᠦᠬᠡᠨ ᠵᠠᠮ | ᠤᠨ ᠵᠠᠮ ᠬᠠᠷᠢᠯᠴᠠᠭᠠᠨ ᠤ ᠲᠡᠮᠳᠡᠭ ᠲᠤ ᠲᠣᠳᠣᠷᠬᠠᠶᠢᠯᠠᠭᠰᠠᠨ ᠳᠠᠭᠠᠭᠠᠴᠠ ᠶᠢ ᠬᠢᠵᠠᠭᠠᠷᠯᠠᠬᠤ᠂ ᠥᠨᠳᠥᠷ ᠢ | ᠬᠢᠵᠠᠭᠠᠷᠯᠠᠬᠤ᠂ ᠥᠷᠭᠡᠨ ᠢ ᠬᠢᠵᠠᠭᠠᠷᠯᠠᠬᠤ᠂ ᠤᠷᠲᠤ ᠶᠢ ᠬᠢᠵᠠᠭᠠᠷᠯᠠᠬᠤ ᠪᠠᠷᠢᠮᠵᠢᠶ᠎ᠠ ᠠᠴᠠ ᠬᠡᠲᠦᠷᠡᠭᠰᠡᠨ ᠢ ᠵᠢᠭᠠᠵᠤ | ᠪᠤᠶ᠃ | ᠭᠤᠷᠪᠠᠳᠤᠭᠠᠷ ᠵᠦᠢᠯ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ | ᠬᠡᠲᠦᠷᠡᠭᠦᠯᠦᠭᠰᠡᠨ ᠢ ᠵᠠᠰᠠᠬᠤ ᠳᠤ ᠵᠠᠰᠠᠭ ᠤᠨ ᠣᠷᠳᠣᠨ ᠤᠳᠤᠷᠢᠳᠬᠤ᠂ ᠰᠠᠯᠠᠭ᠎ᠠ ᠮᠥᠴᠢᠷ ᠬᠤᠯᠪᠤᠭᠠᠯᠠᠨ | ᠬᠥᠳᠡᠯᠦᠯᠴᠡᠬᠦ᠂ ᠦᠩᠭᠡᠨ ᠲᠠᠯ᠎ᠠ ᠪᠠ ᠦᠨᠳᠦᠰᠦ ᠠᠴᠠ ᠨᠢ ᠬᠠᠮᠲᠤ ᠳᠤ ᠨᠢ ᠵᠠᠰᠠᠬᠤ᠂ ᠤᠷᠳᠤ ᠬᠤᠭᠤᠴᠠᠭ᠎ᠠ ᠪᠠᠷ | ᠪᠦᠲᠦᠮᠵᠢᠲᠡᠢ ᠵᠠᠰᠠᠬᠤ ᠵᠠᠷᠴᠢᠮ ᠢ ᠪᠠᠷᠢᠮᠲᠠᠯᠠᠬᠤ ᠬᠡᠷᠡᠭᠲᠡᠢ᠃ | ᠳᠥᠷᠪᠡᠳᠦᠭᠡᠷ ᠵᠦᠶᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ | ᠨᠤᠭᠤᠳ ᠲᠣᠰ ᠵᠠᠰᠠᠭ ᠵᠠᠬᠢᠷᠭᠠᠨ ᠤ ᠣᠷᠣᠨ ᠤ ᠪᠠᠨ ᠬᠡᠪᠴᠢᠶᠡᠨ ᠳᠠᠬᠢ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ | ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠠᠵᠢᠯ ᠤᠨ ᠤᠳᠤᠷᠢᠳᠤᠯᠭ᠎ᠠ ᠪᠠᠨ ᠴᠢᠩᠭᠠᠳᠬᠠᠵᠤ᠂ | ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠠᠶᠤᠯᠭᠦᠢ ᠦᠶᠯᠡᠳᠪᠦᠷᠢᠯᠡᠯ ᠳᠤ ᠬᠢᠨᠠᠯᠲᠠ | ᠲᠠᠯᠪᠢᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠪᠠᠷᠠᠭ᠎ᠠ ᠲᠡᠭᠡᠭᠡᠪᠦᠷᠢᠯᠡᠬᠦ ᠲᠡᠷᠭᠡ | ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠠᠵᠢᠯ ᠤᠨ ᠬᠠᠮᠲᠤᠷᠠᠭᠰᠠᠨ ᠬᠤᠷᠠᠯ ᠪᠣᠯᠤᠨ | ᠰᠠᠯᠠᠭ᠎ᠠ ᠮᠥᠴᠢᠷ ᠤᠨ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠪᠠᠷᠠᠭ᠎ᠠ | ᠲᠡᠭᠡᠭᠡᠪᠦᠷᠢᠯᠡᠬᠦ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠠᠵᠢᠯ ᠢ ᠣᠨ ᠤ | ᠠᠵᠢᠯ ᠤᠨ ᠬᠠᠷᠠᠯᠲᠠ ᠶᠢᠨ ᠰᠢᠯᠭᠠᠨ ᠬᠢᠨᠠᠯᠲᠠ ᠳᠤ ᠣᠷᠣᠭᠤᠯᠬᠤ ᠬᠡᠷᠡᠭᠲᠡᠶ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠪᠠᠷᠠᠭ᠎ᠠ | ᠲᠡᠭᠡᠭᠡᠪᠦᠷᠢᠯᠡᠬᠦ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠠᠵᠢᠯ ᠤᠨ | ᠬᠡᠷᠡᠭᠰᠡᠬᠦ ᠵᠠᠷᠤᠳᠠᠯ ᠢ ᠲᠤᠰ ᠱᠠᠲᠤᠨ ᠤ ᠡᠳ᠋ ᠤᠨ ᠵᠠᠰᠠᠭ ᠤᠨ ᠲᠥᠰᠦᠪ ᠲᠤ ᠪᠠᠨ ᠣᠷᠣᠭᠤᠯᠬᠤ ᠬᠡᠷᠡᠭᠲᠡᠶ᠃ | ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠨᠤᠭᠤᠳ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ ᠲᠤᠰ ᠵᠠᠰᠠᠭ ᠵᠠᠬᠢᠷᠭᠠᠨ ᠤ | ᠣᠷᠣᠨ ᠤ ᠪᠠᠨ ᠬᠡᠪᠴᠢᠶᠡᠨ ᠳᠠᠬᠢ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ | ᠬᠡᠲᠦᠷᠡᠭᠦᠯᠦᠭᠰᠡᠨ ᠢ ᠵᠠᠰᠠᠬᠤ ᠠᠵᠢᠯ ᠢ ᠬᠠᠷᠢᠭᠤᠴᠠᠬᠤ ᠬᠡᠷᠡᠭᠲᠡᠶ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠥᠭᠵᠢᠭᠦᠯᠦᠯᠲᠡ ᠪᠠ | ᠥᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠡᠳ᠋ ᠤᠨ ᠵᠠᠰᠠᠭ᠂ ᠪᠠᠶᠢᠭᠠᠯᠢ ᠶᠢᠨ ᠡᠬᠢ | ᠪᠠᠶᠠᠯᠢᠭ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠲᠠᠷᠢᠶᠠᠯᠠᠩ ᠮᠠᠯ ᠠᠵᠤ | ᠠᠬᠤᠶ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ | ᠡᠨᠧᠷᠭᠢ ᠪᠠ ᠬᠤᠲᠠ ᠶᠢᠨ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠳ ᠲᠤᠰ ᠲᠤᠰ ᠤᠨ ᠡᠭᠦᠷᠭᠡ ᠬᠠᠷᠢᠭᠤᠴᠠᠯᠭ᠎ᠠ | ᠶᠢᠨ ᠢᠶᠠᠨ ᠶᠣᠰᠣᠭᠠᠷ᠂ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ | ᠬᠡᠲᠦᠷᠡᠭᠦᠯᠦᠭᠰᠡᠨ ᠢ ᠵᠠᠰᠠᠬᠤ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠶ᠃ | ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠬᠤᠯᠪᠣᠭᠳᠠᠯ ᠪᠦᠬᠦᠢ ᠵᠠᠰᠠᠭ | ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠳᠡᠮᠵᠢᠨ ᠬᠠᠮᠵᠢᠯᠴᠠᠵᠤ ᠪᠠᠶᠢᠭᠠᠳ ᠪᠠᠷᠠᠭ᠎ᠠ ᠲᠡᠭᠡᠭᠡᠪᠦᠷᠢᠯᠡᠬᠦ | ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠠᠵᠢᠯ ᠢ ᠥᠷᠨᠢᠭᠦᠯᠬᠦ ᠬᠡᠷᠡᠭᠲᠡᠶ᠃ | ᠵᠢᠷᠭᠤᠳᠤᠭᠠᠷ ᠵᠦᠶᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ | ᠨᠤᠭᠤᠳ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ | ᠶᠢᠨ ᠮᠡᠳᠡᠭᠡ ᠵᠠᠩᠭᠢᠴᠢᠯᠠᠭᠰᠠᠨ᠂ ᠤᠶᠤᠨᠴᠢᠯᠠᠭᠰᠠᠨ ᠪᠠᠶᠢᠭᠤᠯᠤᠯᠲᠠ ᠶᠢ ᠴᠢᠩᠭᠠᠳᠬᠠᠨ᠂ ᠬᠡᠮᠵᠢᠶ᠎ᠡ ᠳᠠᠭᠠᠭᠠᠴᠠ ᠠᠴᠠ | ᠬᠡᠲᠦᠷᠡᠭᠦᠯᠦᠭᠰᠡᠨ ᠢ ᠵᠠᠰᠠᠬᠤ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢ ᠳᠥᠯᠭᠢᠨ ᠠᠬᠢᠭᠤᠯᠵᠤ᠂ ᠵᠠᠮ | ᠬᠠᠷᠢᠯᠴᠠᠭ᠎ᠠ ᠲᠡᠭᠡᠭᠡᠪᠦᠷᠢ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ᠂ | ᠠᠵᠤ ᠦᠶᠯᠡᠳᠪᠦᠷᠢ ᠪᠠ ᠮᠡᠳᠡᠭᠡ ᠵᠠᠩᠭᠢᠴᠢᠯᠠᠯᠲᠠ᠂ ᠡᠳ᠋ ᠤᠨ ᠵᠠᠰᠠᠭ᠂ ᠪᠠᠶᠢᠭᠠᠯᠢ ᠶᠢᠨ ᠡᠬᠢ ᠪᠠᠶᠠᠯᠢᠭ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠲᠠᠷᠢᠶᠠᠯᠠᠩ ᠮᠠᠯ ᠠᠵᠤ ᠠᠬᠤᠶ᠂ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠡᠨᠧᠷᠭᠢ ᠪᠠ ᠬᠤᠲᠠ | ᠶᠢᠨ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠵᠢᠴᠢ ᠪᠠᠷᠠᠭ᠎ᠠ ᠲᠡᠭᠡᠭᠡᠪᠦᠷᠢᠯᠡᠬᠦ ᠡᠬᠢ ᠡᠭᠦᠰᠦᠯ ᠤᠨ ᠠᠵᠤ ᠠᠬᠤᠶᠢᠯᠠᠯ᠂ | ᠪᠠᠷᠠᠭ᠎ᠠ ᠲᠡᠭᠡᠭᠡᠪᠦᠷᠢᠯᠡᠬᠦ ᠡᠵᠡᠩᠨᠡᠭᠴᠢ ᠵᠡᠷᠭᠡ ᠶᠢ ᠮᠡᠳᠡᠭᠡ ᠵᠠᠩᠭᠢ ᠶᠢ ᠬᠠᠮᠲᠤ ᠪᠠᠷ ᠭᠥᠷᠳᠡᠬᠦ ᠲᠠᠪᠴᠠᠩ ᠳᠤ | ᠣᠷᠣᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠨ᠂ ᠵᠠᠰᠠᠬᠤ ᠬᠢᠷᠢ | ᠲᠥᠪᠰᠢᠨ ᠢᠶᠠᠨ ᠳᠡᠭᠡᠭᠰᠢᠯᠡᠭᠦᠯᠬᠦ ᠬᠡᠷᠡᠭᠲᠡᠶ᠃ | ᠳᠣᠯᠣᠳᠤᠭᠠᠷ ᠵᠦᠢᠯ ᠪᠠᠷᠠᠭ᠎ᠠ ᠲᠡᠭᠡᠭᠡᠪᠦᠷᠢᠯᠡᠬᠦ ᠡᠬᠢ ᠡᠭᠦᠰᠦᠯ ᠤᠨ ᠠᠵᠤ ᠠᠬᠤᠶᠢᠯᠠᠯ᠂ ᠪᠠᠷᠠᠭ᠎ᠠ | ᠲᠡᠭᠡᠭᠡᠪᠦᠷᠢᠯᠡᠬᠦ ᠡᠵᠡᠩᠨᠡᠭᠴᠢ ᠨᠢ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ | ᠨᠠᠶᠢᠳᠠᠪᠤᠷᠢᠵᠢᠭᠤᠯᠬᠤ ᠬᠡᠷᠡᠭᠲᠡᠶ᠃ | ᠪᠠᠷᠠᠭ᠎ᠠ ᠲᠡᠭᠡᠭᠡᠪᠦᠷᠢᠯᠡᠬᠦ ᠡᠬᠢ ᠡᠭᠦᠰᠦᠯ ᠤᠨ ᠠᠵᠤ ᠠᠬᠤᠶᠢᠯᠠᠯ᠂ ᠪᠠᠷᠠᠭ᠎ᠠ ᠲᠡᠭᠡᠭᠡᠪᠦᠷᠢᠯᠡᠬᠦ ᠡᠵᠡᠩᠨᠡᠭᠴᠢ᠂ | ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢᠨ ᠵᠢᠯᠣᠭᠤᠴᠢ ᠨᠢ ᠤᠯᠤᠰ ᠠᠴᠠ ᠲᠣᠭᠲᠠᠭᠠᠭᠰᠠᠨ ᠲᠡᠷᠭᠡ ᠬᠥᠰᠬᠡ ᠶᠢᠨ | ᠠᠴᠢᠶᠠᠯᠠᠬᠤ ᠬᠢᠵᠠᠭᠠᠷᠲᠠᠢ ᠬᠡᠮᠵᠢᠭᠳᠡᠯ ᠪᠣᠯᠤᠨ ᠵᠠᠰᠠᠮᠠᠯ ᠵᠠᠮ ᠤᠨ ᠵᠠᠮ ᠬᠠᠷᠢᠯᠴᠠᠭᠠᠨ ᠤ ᠲᠡᠮᠳᠡᠭ ᠲᠤ | ᠲᠣᠳᠣᠷᠬᠠᠶᠢᠯᠠᠭᠰᠠᠨ ᠳᠠᠭᠠᠭᠠᠴᠠ ᠶᠢ ᠬᠢᠵᠠᠭᠠᠷᠯᠠᠬᠤ᠂ ᠥᠨᠳᠥᠷ ᠢ ᠬᠢᠵᠠᠭᠠᠷᠯᠠᠬᠤ᠂ ᠥᠷᠭᠡᠨ ᠢ ᠬᠢᠵᠠᠭᠠᠷᠯᠠᠬᠤ᠂ | ᠣᠷᠳᠣ ᠶᠢ ᠬᠢᠵᠠᠭᠠᠷᠯᠠᠬᠤ ᠪᠠᠷᠢᠮᠵᠢᠶ᠎ᠠ ᠶᠢᠨ ᠶᠣᠰᠣᠭᠠᠷ ᠠᠴᠢᠶᠠᠯᠠᠬᠤ᠂ ᠲᠡᠭᠡᠭᠡᠪᠦᠷᠢᠯᠡᠬᠦ ᠪᠠ ᠡᠵᠡᠩᠨᠡᠬᠦ ᠶᠢ | ᠵᠢᠷᠤᠮᠵᠢᠭᠤᠯᠬᠤ ᠬᠡᠷᠡᠭᠲᠡᠶ᠃ | ᠪᠠᠷᠠᠭ᠎ᠠ ᠲᠡᠭᠡᠭᠡᠪᠦᠷᠢᠯᠡᠬᠦ ᠡᠬᠢ ᠡᠭᠦᠰᠦᠯ ᠤᠨ ᠨᠢᠭᠡᠴᠢ ᠳᠤ ᠵᠠᠮ ᠢᠶᠠᠷ ᠪᠠᠷᠠᠭ᠎ᠠ ᠲᠡᠭᠡᠭᠡᠪᠦᠷᠢᠯᠡᠬᠦ ᠥᠷᠲᠡᠭᠡ | ︵ᠲᠠᠯᠠᠪᠤᠷ︶᠂ ᠪᠠᠷᠠᠭ᠎ᠠ ᠶᠢᠨ ᠭᠦᠶᠯᠭᠡᠭᠡᠨ ᠤ ᠬᠦᠷᠢᠶᠡᠯᠡᠩ ᠲᠣᠭᠤᠷᠢᠭ᠂ ᠦᠶᠯᠡᠳᠪᠦᠷᠢ ᠠᠭᠤᠷᠬᠠᠶ ᠶᠢᠨ ᠠᠵᠤ | ᠠᠬᠤᠶᠢᠯᠠᠯ ᠵᠡᠷᠭᠡ ᠦᠶᠯᠡᠳᠪᠦᠷᠢᠯᠡᠯ ᠡᠵᠡᠩᠨᠡᠯᠲᠡ ᠶᠢᠨ ᠨᠢᠭᠡᠴᠢ ᠵᠢᠴᠢ ᠨᠡᠭᠦᠷᠡᠰᠦ᠂ ᠬᠦᠳᠡᠷ᠂ ᠪᠣᠯᠣᠳ ᠮᠠᠲ᠋ᠧᠷᠢᠶᠠᠯ᠂ | ᠱᠦᠶᠨᠢ᠂ ᠪᠧᠲ᠋ᠣᠨ᠂ ᠬᠠᠶᠢᠷ ᠴᠢᠯᠠᠭᠤ᠂ ᠰᠢᠪᠠᠷ ᠰᠢᠷᠣᠶ᠂ ᠲᠠᠸᠠᠷ ᠤᠨ ᠲᠡᠷᠭᠡ᠂ ᠴᠢᠬᠤᠯᠠ ᠶᠡᠭᠡ ᠲᠣᠨᠤᠭ | ᠲᠥᠬᠦᠭᠡᠷᠦᠮᠵᠢ ᠵᠡᠷᠭᠡ ᠪᠠᠷᠠᠭ᠎ᠠ ᠠᠴᠢᠶᠠᠯᠠᠬᠤ ᠭᠠᠵᠠᠷ ᠪᠠᠭᠲᠠᠨ᠎ᠠ᠃ | ᠨᠠᠶᠮᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠵᠠᠮ ᠬᠠᠷᠢᠯᠴᠠᠭ᠎ᠠ ᠲᠡᠭᠡᠭᠡᠪᠦᠷᠢ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠠᠵᠤ ᠦᠢᠯᠡᠳᠪᠦᠷᠢ ᠪᠣᠯᠤᠨ ᠮᠡᠳᠡᠭᠡ | ᠵᠠᠩᠭᠢᠴᠢᠯᠠᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ | ᠤᠳ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢᠲᠡᠭᠡᠮᠵᠢ ᠶᠢᠨ ᠳᠦᠷᠢᠮ ᠪᠠᠶᠢᠭᠤᠯᠵᠤ᠂ ᠪᠠᠷᠠᠭ᠎ᠠ | ᠲᠡᠭᠡᠭᠡᠪᠦᠷᠢᠯᠡᠬᠦ ᠡᠬᠢ ᠡᠭᠦᠰᠦᠯ ᠤᠨ ᠠᠵᠤ ᠠᠬᠤᠶᠢᠯᠠᠯ᠂ ᠪᠠᠷᠠᠭ᠎ᠠ ᠲᠡᠭᠡᠭᠡᠪᠦᠷᠢᠯᠡᠬᠦ ᠡᠵᠡᠩᠨᠡᠭᠴᠢ᠂ ᠪᠠᠷᠠᠭ᠎ᠠ | ᠲᠡᠭᠡᠭᠡᠪᠦᠷᠢᠯᠡᠬᠦ ᠲᠡᠷᠭᠡ ᠬᠥᠰᠬᠡ᠂ ᠵᠢᠯᠣᠭᠤᠴᠢ ᠵᠡᠷᠭᠡ ᠶᠢ ᠢᠲᠡᠭᠡᠮᠵᠢ ᠶᠢᠨ ᠬᠠᠮᠢᠶᠠᠷᠤᠯᠲᠠ ᠶᠢᠨ ᠰᠢᠰᠲ᠋ᠧᠮᠵᠢ ᠳᠤ | ᠣᠷᠣᠭᠤᠯᠵᠤ᠂ ᠬᠠᠮᠢᠶ᠎ᠠ ᠪᠦᠬᠦᠢ ᠢᠲᠡᠭᠡᠮᠵᠢ ᠶᠢᠨ ᠮᠡᠳᠡᠭᠡ ᠵᠠᠩᠭᠢ ᠶᠢ ᠢᠲᠡᠭᠡᠮᠵᠢ ᠶᠢᠨ ᠮᠡᠳᠡᠭᠡ ᠵᠠᠩᠭᠢ ᠶᠢᠨ | ᠲᠠᠪᠴᠠᠩ ᠳᠤ ᠣᠷᠣᠭᠤᠯᠬᠤ ᠬᠡᠷᠡᠭᠲᠡᠶ᠃ | ᠶᠢᠰᠦᠳᠦᠭᠡᠷ ᠵᠦᠶᠯ ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ ᠰᠡᠳᠬᠦᠯ᠂ ᠰᠦᠯᠵᠢᠶ᠎ᠡ ᠵᠡᠷᠭᠡ | ᠵᠠᠭᠤᠴᠢᠯᠠᠭᠤᠷ ᠤᠳ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ | ᠵᠠᠰᠠᠬᠤ ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ ᠬᠠᠮᠢᠶ᠎ᠠ ᠪᠥᠬᠦᠶ ᠮᠡᠳᠡᠯᠭᠡ ᠶᠢᠨ ᠤᠬᠠᠭᠤᠯᠭ᠎ᠠ ᠶᠢ | ᠥᠷᠨᠢᠭᠦᠯᠵᠦ᠂ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ | ᠦᠶᠯᠡ ᠠᠵᠢᠯᠯᠠᠭ᠎ᠠ ᠳᠤ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠶᠢ ᠴᠢᠩᠭᠠᠳᠬᠠᠬᠤ ᠬᠡᠷᠡᠭᠲᠡᠶ᠃ | ᠠᠷᠪᠠᠳᠤᠭᠠᠷ ᠵᠦᠶᠯ ᠶᠠᠮᠠᠷᠪᠠ ᠵᠣᠬᠢᠶᠠᠨ ᠪᠠᠶᠢᠭᠤᠯᠤᠯᠲᠠ ᠪᠣᠯᠤᠨ ᠬᠤᠪᠢ ᠬᠥᠮᠦᠨ ᠨᠢ ᠪᠠᠷᠠᠭ᠎ᠠ | ᠲᠡᠭᠡᠭᠡᠪᠦᠷᠢᠯᠡᠬᠦ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠬᠠᠤᠯᠢ ᠠᠴᠠ ᠵᠥᠷᠢᠴᠡᠭᠰᠡᠨ | ᠦᠶᠯᠡ ᠠᠵᠢᠯᠯᠠᠭ᠎ᠠ ᠶᠢ ᠴᠥᠮ ᠵᠠᠭᠠᠯᠳᠤᠬᠤ᠂ ᠢᠯᠡᠴᠢᠯᠡᠨ ᠮᠡᠳᠡᠭᠦᠯᠬᠦ ᠡᠷᠬᠡ ᠲᠠᠢ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ | ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ | ᠨᠤᠭᠤᠳ ᠵᠠᠭᠠᠯᠳᠤᠬᠤ᠂ ᠢᠯᠡᠴᠢᠯᠡᠨ ᠮᠡᠳᠡᠭᠦᠯᠬᠦ ᠶᠢ ᠬᠦᠯᠢᠶᠡᠨ ᠠᠪᠴᠤ ᠰᠢᠶᠳᠪᠦᠷᠢᠯᠡᠬᠦ ᠠᠷᠭ᠎ᠠ ᠵᠠᠮ ᠢ ᠨᠡᠶᠢᠭᠡᠮ ᠳᠤ | ᠨᠡᠶᠢᠲᠡᠯᠡᠵᠦ᠂ ᠬᠠᠤᠯᠢ ᠶᠣᠰᠣᠭᠠᠷ ᠴᠠᠭ ᠲᠤᠬᠠᠶ ᠳᠤ ᠨᠢ ᠰᠢᠶᠳᠪᠦᠷᠢᠯᠡᠬᠦ ᠶᠢᠨ ᠬᠠᠮᠲᠤ᠂ ᠰᠢᠶᠳᠪᠦᠷᠢᠯᠡᠭᠰᠡᠨ ᠦᠷ᠎ᠡ | ᠳ᠋ᠦᠩ ᠢ ᠵᠠᠭᠠᠯᠳᠤᠭᠰᠠᠨ᠂ ᠢᠯᠡᠴᠢᠯᠡᠨ ᠮᠡᠳᠡᠭᠦᠯᠦᠭᠰᠡᠨ ᠬᠥᠮᠦᠨ ᠳᠤ ᠬᠠᠷᠢᠭᠤ ᠲᠤᠰᠬᠠᠬᠤ ᠬᠡᠷᠡᠭᠲᠡᠶ᠃ | ᠬᠤᠶᠠᠳᠤᠭᠠᠷ ᠪᠦᠯᠦᠭ ᠡᠬᠢ ᠡᠭᠦᠰᠦᠯ ᠤᠨ ᠵᠠᠰᠠᠯᠲᠠ | ᠠᠷᠪᠠᠨ ᠨᠢᠭᠡᠳᠦᠭᠡᠷ ᠵᠦᠢᠯ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠦᠢᠯᠡᠳᠪᠦᠷᠢᠯᠡᠬᠦ᠂ ᠥᠭᠡᠷᠡᠴᠢᠯᠡᠨ | ᠤᠭᠰᠠᠷᠠᠬᠤ ᠳᠤ ᠲᠡᠷᠭᠡ ᠬᠥᠰᠬᠡ ᠶᠢᠨ ᠭᠠᠳᠠᠷ ᠬᠦᠪᠡᠭᠡ ᠶᠢᠨ ᠬᠡᠮᠵᠢᠶ᠎ᠡ᠂ ᠲᠡᠩᠭᠡᠯᠢᠭ ᠤᠨ ᠳᠠᠭᠠᠭᠠᠴᠠ᠂ ᠮᠠᠰ ᠤᠨ | ᠬᠢᠵᠠᠭᠠᠷᠲᠠᠢ ᠬᠡᠮᠵᠢᠭᠳᠡᠯ ᠵᠡᠷᠭᠡ ᠤᠯᠤᠰ ᠤᠨ ᠬᠤᠯᠪᠣᠭᠳᠠᠯ ᠪᠦᠬᠦᠢ ᠮᠠᠰᠢᠨ ᠲᠡᠷᠭᠡᠨ ᠤ ᠠᠮᠤᠷ ᠲᠥᠪᠰᠢᠨ ᠤ ᠮᠡᠷᠭᠡᠵᠢᠯ | ᠤᠨ ᠪᠠᠷᠢᠮᠵᠢᠶ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃ ᠤᠯᠤᠰ ᠤᠨ ᠬᠤᠯᠪᠣᠭᠳᠠᠯ ᠪᠦᠬᠦᠢ ᠪᠠᠷᠢᠮᠵᠢᠶ᠎ᠠ ᠳᠤ ᠨᠡᠶᠢᠴᠡᠬᠦ | ᠦᠭᠡᠶ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢ ᠦᠢᠯᠡᠳᠪᠦᠷᠢᠯᠡᠬᠦ᠂ ᠬᠡᠷᠡᠭᠯᠡᠬᠦ᠂ ᠪᠣᠷᠣᠯᠠᠭᠤᠯᠬᠤ ᠶᠢ | ᠴᠠᠭᠠᠵᠠᠯᠠᠨ᠎ᠠ᠃ | ᠶᠠᠮᠠᠷᠪᠠ ᠵᠣᠬᠢᠶᠠᠨ ᠪᠠᠶᠢᠭᠤᠯᠤᠯᠲᠠ ᠪᠣᠯᠤᠨ ᠬᠤᠪᠢ ᠬᠥᠮᠦᠨ ᠨᠢ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢ | ᠨᠡᠶᠢᠯᠡᠭᠦᠯᠦᠨ ᠤᠭᠰᠠᠷᠠᠬᠤ ᠪᠤᠶᠤ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢᠨ ᠭᠠᠳᠠᠷ ᠬᠡᠯᠪᠡᠷᠢ ᠪᠣᠯᠤᠨ ᠨᠢᠭᠡᠨᠲᠡ | ᠳᠠᠩᠰᠠᠯᠠᠭᠤᠯᠤᠭᠰᠠᠨ ᠬᠤᠯᠪᠣᠭᠳᠠᠯ ᠪᠦᠬᠦᠢ ᠮᠡᠷᠭᠡᠵᠢᠯ ᠤᠨ ᠲᠤᠭ᠎ᠠ ᠪᠠᠷᠢᠮᠲᠠ ᠶᠢ ᠳᠤᠷ᠎ᠠ ᠪᠠᠷ ᠢᠶᠠᠨ ᠬᠤᠪᠢᠷᠠᠭᠤᠯᠵᠤ | ᠪᠣᠯᠬᠤ ᠥᠬᠡᠶ᠃ | ᠵᠠᠳᠠᠯᠵᠤ ᠪᠣᠯᠬᠤ ᠦᠭᠡᠢ ᠡᠳ᠋ ᠪᠣᠳᠠᠰ ᠢ ᠲᠡᠭᠡᠭᠡᠪᠦᠷᠢᠯᠡᠬᠦ ᠳᠤ ᠲᠡᠷᠭᠡ ᠬᠥᠰᠬᠡ ᠶᠢ ᠥᠭᠡᠷᠡᠴᠢᠯᠡᠨ ᠤᠭᠰᠠᠷᠠᠬᠤ | ᠴᠢᠬᠤᠯᠠᠲᠠᠢ ᠪᠠᠶᠢᠪᠠᠯ᠂ ᠵᠣᠬᠢᠴᠠᠩᠭᠤᠢ ᠬᠢᠷᠢ ᠬᠡᠮ ᠪᠦᠬᠦᠢ ᠲᠡᠷᠭᠡ ᠬᠥᠰᠬᠡ ᠦᠢᠯᠡᠳᠪᠦᠷᠢᠯᠡᠬᠦ ᠠᠵᠤ ᠠᠬᠤᠶᠢᠯᠠᠯ ᠨᠢ | ᠲᠣᠭᠲᠠᠭᠠᠭᠰᠠᠨ ᠲᠡᠷᠭᠡᠨ ᠤ ᠬᠡᠯᠪᠡᠷᠢ ᠪᠠ ᠮᠡᠷᠭᠡᠵᠢᠯ ᠤᠨ ᠪᠤᠯᠵᠤᠯᠳᠤ ᠲᠤᠭ᠎ᠠ ᠶᠣᠰᠣᠭᠠᠷ ᠥᠭᠡᠷᠡᠴᠢᠯᠡᠨ | ᠤᠭᠰᠠᠷᠠᠬᠤ ᠶᠢᠨ ᠬᠠᠮᠲᠤ᠂ ᠬᠠᠤᠯᠢ ᠶᠣᠰᠣᠭᠠᠷ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠬᠤᠪᠢᠷᠠᠭᠤᠯᠬᠤ | ᠳᠠᠩᠰᠠᠯᠠᠯᠲᠠ ᠬᠢᠯᠭᠡᠬᠦ ᠪᠠᠷ ᠭᠤᠶᠤᠴᠢᠯᠠᠬᠤ ᠬᠡᠷᠡᠭᠲᠡᠢ᠃ | ᠠᠷᠪᠠᠨ ᠬᠤᠶᠠᠳᠤᠭᠠᠷ ᠵᠦᠶᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢ | ᠳᠡᠩᠰᠡᠯᠡᠨ ᠲᠡᠮᠳᠡᠭᠯᠡᠬᠦ ᠪᠠ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠪᠠᠶᠢᠴᠠᠭᠠᠬᠤ ᠲᠤᠬᠠᠶᠢᠯᠠᠭᠰᠠᠨ ᠠᠵᠢᠯ ᠢ | ᠭᠦᠶᠴᠡᠳᠬᠡᠬᠦ ᠳᠤ᠂ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢ ᠨᠡᠶᠢᠯᠡᠭᠦᠯᠦᠨ ᠤᠭᠰᠠᠷᠠᠭᠰᠠᠨ᠂ ᠥᠭᠡᠷᠡᠴᠢᠯᠡᠨ | ᠤᠭᠰᠠᠷᠠᠭᠰᠠᠨ ᠪᠠᠶᠢᠳᠠᠯ ᠢ ᠪᠠᠶᠢᠴᠠᠭᠠᠨ ᠰᠢᠯᠭᠠᠵᠤ᠂ ᠤᠯᠤᠰ ᠤᠨ ᠠᠮᠤᠷ ᠲᠥᠪᠰᠢᠨ ᠤ ᠮᠡᠷᠭᠡᠵᠢᠯ ᠤᠨ ᠪᠠᠷᠢᠮᠵᠢᠶ᠎ᠠ | ᠳᠤ ᠨᠡᠶᠢᠴᠡᠬᠦ ᠥᠬᠡᠶ ᠪᠠ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠭᠰᠠᠨ ᠪᠠᠷᠠᠭ᠎ᠠ ᠲᠡᠭᠡᠭᠡᠪᠦᠷᠢᠯᠡᠬᠦ ᠲᠡᠷᠭᠡ | ᠬᠥᠰᠬᠡ ᠳᠤ ᠳᠡᠩᠰᠡᠯᠡᠨ ᠲᠡᠮᠳᠡᠭᠯᠡᠬᠦ᠂ ᠦᠨᠡᠮᠯᠡᠯ ᠣᠯᠭᠤᠬᠤ ᠪᠠ ᠣᠨ ᠤ ᠪᠠᠶᠢᠴᠠᠭᠠᠯᠲᠠ ᠳᠤ ᠬᠢᠷᠢ ᠲᠡᠩᠴᠡᠭᠰᠡᠨ | ᠭᠡᠷᠡᠴᠢ ᠣᠯᠭᠤᠵᠤ ᠪᠣᠯᠬᠤ ᠥᠬᠡᠶ᠃ | ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠳ ᠳᠠᠩᠰᠠᠯᠠᠭᠤᠯᠵᠤ | ᠲᠡᠮᠳᠡᠭᠯᠡᠭᠦᠯᠦᠭᠰᠡᠨ ᠦᠭᠡᠢ ᠪᠠ ᠨᠡᠶᠢᠯᠡᠭᠦᠯᠦᠨ ᠤᠭᠰᠠᠷᠠᠭᠰᠠᠨ᠂ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠭᠰᠠᠨ | ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠳᠤ ᠲᠡᠷᠭᠡ ᠬᠥᠰᠬᠡ ᠶᠢᠨ ᠲᠡᠭᠡᠭᠡᠪᠦᠷᠢ ᠡᠵᠡᠩᠨᠡᠬᠦ ᠦᠨᠡᠮᠯᠡᠯ ᠭᠦᠢᠴᠡᠳᠬᠡᠵᠦ | ᠥᠭᠴᠦ ᠪᠣᠯᠬᠤ ᠦᠭᠡᠶ᠃ | ᠠᠷᠪᠠᠨ ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠠᠵᠤ ᠦᠢᠯᠡᠳᠪᠦᠷᠢ ᠪᠠ | ᠮᠡᠳᠡᠭᠡ ᠵᠠᠩᠭᠢᠴᠢᠯᠠᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠡᠨᠧᠷᠭᠢ ᠵᠡᠷᠭᠡ ᠰᠠᠯᠠᠭ᠎ᠠ ᠮᠥᠴᠢᠷ ᠤᠳ | ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢ | ᠨᠡᠶᠢᠯᠡᠭᠦᠯᠵᠦ ᠤᠭᠰᠠᠷᠠᠬᠤ᠂ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠬᠤ ᠠᠵᠢᠯ ᠡᠷᠬᠢᠯᠡᠵᠦ ᠪᠠᠶᠢᠭ᠎ᠠ ᠪᠤᠶᠤ | ᠬᠡᠷᠡᠭᠯᠡᠵᠦ ᠪᠠᠶᠢᠭ᠎ᠠ ᠦᠢᠯᠡ ᠠᠵᠢᠯᠯᠠᠭ᠎ᠠ ᠶᠢ ᠴᠠᠭ ᠲᠤᠬᠠᠶ ᠳᠤ ᠨᠢ ᠪᠠᠶᠢᠴᠠᠭᠠᠨ ᠰᠢᠶᠳᠪᠦᠷᠢᠯᠡᠬᠦ ᠬᠡᠷᠡᠭᠲᠡᠶ᠃ | ᠪᠠᠶᠢᠴᠠᠭᠠᠵᠤ ᠢᠯᠡᠷᠡᠭᠦᠯᠦᠭᠰᠡᠨ ᠨᠡᠶᠢᠯᠡᠭᠦᠯᠵᠦ ᠤᠭᠰᠠᠷᠠᠭᠰᠠᠨ᠂ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠭᠰᠠᠨ | ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢ᠂ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢᠨ ᠨᠢᠭᠡᠴᠢ ᠪᠤᠶᠤ ᠪᠠᠷᠠᠭ᠎ᠠ | ᠲᠡᠭᠡᠭᠡᠪᠦᠷᠢᠯᠡᠬᠦ ᠲᠡᠷᠭᠡ ᠬᠥᠰᠬᠡ ᠶᠢᠨ ᠥᠮᠴᠢᠯᠡᠭᠴᠢ ᠶᠢ ᠬᠠᠤᠯᠢ ᠶᠣᠰᠣᠭᠠᠷ ᠵᠠᠷᠯᠢᠭᠳᠠᠵᠤ ᠪᠠᠶᠢᠭᠠᠳ ᠦᠪᠡᠰᠦᠪᠡᠨ | ᠵᠠᠳᠠᠯᠤᠭᠤᠯᠬᠤ ᠬᠡᠷᠡᠭᠲᠡᠶ᠃ | ᠠᠷᠪᠠᠨ ᠳᠥᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠵᠠᠮ ᠬᠠᠷᠢᠯᠴᠠᠭ᠎ᠠ ᠲᠡᠭᠡᠭᠡᠪᠦᠷᠢ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠠᠵᠤ | ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠡᠨᠧᠷᠭᠢ ᠵᠡᠷᠭᠡ | ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ᠂ ᠲᠤᠰ ᠵᠠᠰᠠᠭ ᠵᠠᠬᠢᠷᠭᠠᠨ ᠤ ᠣᠷᠣᠨ ᠤ ᠪᠠᠨ ᠬᠡᠪᠴᠢᠶᠡᠨ ᠳᠠᠬᠢ ᠪᠠᠷᠠᠭ᠎ᠠ | ᠲᠡᠭᠡᠭᠡᠪᠦᠷᠢᠯᠡᠬᠦ ᠡᠬᠢ ᠡᠭᠦᠰᠦᠯ ᠤᠨ ᠨᠢᠭᠡᠴᠢ ᠶᠢ ᠬᠢᠨᠠᠨ ᠪᠠᠶᠢᠴᠠᠭᠠᠵᠤ᠂ ᠪᠠᠷᠠᠭ᠎ᠠ ᠲᠡᠭᠡᠭᠡᠪᠦᠷᠢᠯᠡᠬᠦ ᠡᠬᠢ ᠡᠭᠦᠰᠦᠯ ᠤᠨ | ᠨᠢᠭᠡᠴᠢ ᠶᠢᠨ ᠨᠡᠷᠡᠰ ᠢ ᠨᠠᠶᠢᠷᠠᠭᠤᠯᠤᠨ ᠵᠣᠬᠢᠶᠠᠵᠤ᠂ ᠪᠠᠷᠠᠭ᠎ᠠ ᠲᠠᠢ ᠲᠡᠭᠡᠭᠡᠪᠦᠷᠢᠯᠡᠭᠰᠡᠨ ᠬᠡᠮᠵᠢᠶ᠎ᠡ᠂ ᠬᠡᠮᠵᠢᠶ᠎ᠡ | ᠳᠠᠭᠠᠭᠠᠴᠠ ᠠᠴᠠ ᠬᠡᠲᠦᠷᠡᠭᠦᠯᠦᠭᠰᠡᠨ ᠲᠡᠭᠡᠭᠡᠪᠦᠷᠢ ᠶᠢᠨ ᠬᠠᠤᠯᠢ ᠠᠴᠠ ᠵᠥᠷᠢᠴᠡᠭᠰᠡᠨ ᠲᠡᠮᠳᠡᠭᠯᠡᠯ ᠵᠡᠷᠭᠡ ᠪᠠᠶᠢᠳᠠᠯ ᠢ | ᠦᠨᠳᠦᠰᠦᠯᠡᠨ᠂ ᠭᠤᠣᠯᠳᠠᠯᠭ᠎ᠠ ᠲᠠᠢ ᠪᠠᠷᠠᠭ᠎ᠠ ᠲᠡᠭᠡᠭᠡᠪᠦᠷᠢᠯᠡᠬᠦ ᠡᠬᠢ ᠡᠭᠦᠰᠦᠯ ᠤᠨ ᠨᠢᠭᠡᠴᠢ ᠶᠢ ᠲᠣᠭᠲᠠᠭᠠᠨ᠂ | ᠨᠡᠶᠢᠭᠡᠮ ᠳᠤ ᠨᠡᠶᠢᠲᠡᠯᠡᠬᠦ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠰᠢᠨᠡᠳᠬᠡᠬᠦ ᠬᠡᠷᠡᠭᠲᠡᠶ᠃ | ᠠᠷᠪᠠᠨ ᠲᠠᠪᠤᠳᠤᠭᠠᠷ ᠵᠦᠶᠯ ᠪᠠᠷᠠᠭ᠎ᠠ ᠲᠡᠭᠡᠭᠡᠪᠦᠷᠢᠯᠡᠬᠦ ᠡᠬᠢ ᠡᠭᠦᠰᠦᠯ ᠤᠨ ᠨᠢᠭᠡᠴᠢ ᠨᠦᠭᠦᠳ ᠳᠣᠤᠷᠠᠬᠢ | ᠲᠣᠭᠲᠠᠭᠠᠯ ᠢ ᠵᠢᠷᠤᠮᠯᠠᠬᠤ ᠬᠡᠷᠡᠭᠲᠡᠶ᠄ | ︵ᠨᠢᠭᠡ︶ ᠬᠤᠯᠪᠣᠭᠳᠠᠯ ᠪᠦᠬᠦᠢ ᠠᠵᠢᠯᠯᠠᠭᠰᠠᠳ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ | ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠪᠠᠶᠢᠭᠤᠯᠬᠤ ᠶᠢᠨ ᠬᠠᠮᠲᠤ ᠨᠠᠶᠢᠳᠠᠪᠤᠷᠢᠵᠢᠭᠤᠯᠬᠤ ᠬᠡᠷᠡᠭᠲᠡᠶ︔ | ︵ᠬᠤᠶᠠᠷ︶ ᠤᠯᠤᠰ ᠤᠨ ᠪᠠᠷᠢᠮᠵᠢᠶ᠎ᠠ ᠳᠤ ᠨᠡᠶᠢᠴᠡᠭᠰᠡᠨ ᠪᠠᠷᠠᠭ᠎ᠠ ᠲᠡᠭᠡᠭᠡᠪᠦᠷᠢᠯᠡᠬᠦ ᠬᠡᠮᠵᠢᠯᠲᠡ ᠶᠢᠨ ᠬᠦᠨᠳᠦ ᠶᠢ | ᠬᠡᠮᠵᠢᠬᠦ ᠪᠠ ᠬᠢᠨᠠᠨ ᠡᠵᠡᠮᠳᠡᠬᠦ ᠲᠥᠬᠦᠭᠡᠷᠦᠮᠵᠢ ᠶᠢ ᠲᠣᠭᠲᠠᠭᠠᠯ ᠶᠣᠰᠣᠭᠠᠷ ᠲᠣᠬᠢᠷᠠᠭᠤᠯᠬᠤ ᠶᠢᠨ ᠬᠠᠮᠲᠤ᠂ ᠪᠠᠷᠠᠭ᠎ᠠ | ᠲᠡᠭᠡᠭᠡᠪᠦᠷᠢᠯᠡᠬᠦ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠮᠡᠳᠡᠭᠡ ᠵᠠᠩᠭᠢ ᠶᠢᠨ | ᠲᠠᠪᠴᠠᠩ ᠯᠤᠭ᠎ᠠ ᠰᠦᠯᠵᠢᠶ᠎ᠡ ᠬᠤᠯᠪᠣᠬᠤ ᠬᠡᠷᠡᠭᠲᠡᠶ︔ | ︵ᠭᠤᠷᠪᠠ︶ ᠪᠠᠷᠠᠭ᠎ᠠ ᠠᠴᠢᠶᠠᠯᠠᠬᠤ᠂ ᠬᠦᠨᠳᠦ ᠶᠢ ᠬᠡᠮᠵᠢᠬᠦ᠂ ᠪᠠᠷᠢᠮᠲᠠ ᠣᠯᠭᠤᠬᠤ ᠵᠡᠷᠭᠡ ᠬᠤᠯᠪᠣᠭᠳᠠᠯ | ᠪᠦᠬᠦᠢ ᠠᠵᠢᠯᠯᠠᠭᠰᠠᠳ ᠲᠤ ᠪᠣᠯᠪᠠᠰᠤᠷᠠᠭᠤᠯᠤᠯ ᠬᠢᠬᠦ ᠬᠡᠷᠡᠭᠲᠡᠶ︔ | ︵ᠲᠥᠷᠪᠡ︶ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠵᠢᠴᠢ ᠵᠢᠯᠣᠭᠤᠴᠢ ᠶᠢᠨ ᠲᠡᠷᠭᠡ ᠶᠠᠪᠤᠭᠤᠯᠬᠤ | ᠦᠨᠡᠮᠯᠡᠯ᠂ ᠵᠠᠮ ᠲᠡᠭᠡᠭᠡᠪᠦᠷᠢ ᠶᠢᠨ ᠦᠨᠡᠮᠯᠡᠯ ᠪᠠ ᠵᠠᠮ ᠲᠡᠭᠡᠭᠡᠪᠦᠷᠢ ᠶᠢᠨ ᠠᠵᠢᠯ ᠡᠷᠬᠢᠯᠡᠬᠦ ᠬᠢᠷᠢ ᠬᠡᠮ ᠤᠨ ᠦᠨᠡᠮᠯᠡᠯ ᠢ | ᠳᠠᠩᠰᠠᠯᠠᠬᠤ ᠬᠡᠷᠡᠭᠲᠡᠶ︔ | ︵ᠲᠠᠪᠤ︶ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠶᠢᠨ ᠳᠠᠩᠰᠠᠯᠠᠬᠤ᠂ ᠪᠦᠷᠢᠳᠬᠡᠬᠦ ᠪᠠ | ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠬᠦ ᠶᠢᠨ ᠬᠠᠮᠲᠤ᠂ ᠬᠤᠯᠪᠣᠭᠳᠠᠯ | ᠪᠦᠬᠦᠢ ᠲᠣᠭᠲᠠᠭᠠᠯ ᠶᠣᠰᠣᠭᠠᠷ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ | ᠬᠠᠮᠢᠶ᠎ᠠ ᠪᠦᠬᠦᠢ ᠮᠡᠳᠡᠭᠡ ᠵᠠᠩᠭᠢ ᠪᠠᠨ ᠮᠡᠳᠡᠭᠦᠯᠦᠨ ᠬᠦᠷᠭᠡᠬᠦ ᠬᠡᠷᠡᠭᠲᠡᠶ︔ | ︵ᠵᠢᠷᠭᠤᠭ᠎ᠠ︶ ᠬᠠᠤᠯᠢ ᠬᠡᠷᠡᠭᠵᠢᠭᠦᠯᠬᠦ ᠠᠵᠢᠯᠳᠠᠨ ᠤ ᠬᠢᠨᠠᠯᠲᠠ ᠪᠠᠶᠢᠴᠠᠭᠠᠯᠲᠠ ᠶᠢ ᠬᠦᠯᠢᠶᠡᠵᠦ᠂ ᠴᠠᠭᠳᠠᠨ | ᠪᠠᠶᠢᠴᠠᠭᠠᠬᠤ ᠪᠠ ᠣᠷᠣᠵᠤ ᠰᠠᠭᠤᠬᠤ ᠠᠵᠢᠯᠳᠠᠨ ᠳᠤ ᠴᠢᠬᠤᠯᠠ ᠪᠦᠬᠦᠢ ᠲᠦᠬᠦᠮ ᠨᠥᠬᠦᠴᠡᠯ ᠬᠠᠩᠭᠠᠵᠤ᠂ | ᠬᠤᠯᠪᠣᠭᠳᠠᠯ ᠪᠦᠬᠦᠢ ᠪᠠᠶᠢᠳᠠᠯ ᠪᠣᠯᠤᠨ ᠮᠠᠲ᠋ᠧᠷᠢᠶᠠᠯ ᠢ ᠦᠨᠡᠨ ᠮᠥᠨ ᠢᠶᠠᠷ ᠨᠢ ᠬᠠᠩᠭᠠᠬᠤ ᠬᠡᠷᠡᠭᠲᠡᠢ᠃ | ᠠᠷᠪᠠᠨ ᠵᠢᠷᠭᠤᠳᠤᠭᠠᠷ ᠵᠦᠢᠯ ᠪᠠᠷᠠᠭ᠎ᠠ ᠲᠡᠭᠡᠭᠡᠪᠦᠷᠢᠯᠡᠬᠦ ᠡᠬᠢ ᠡᠭᠦᠰᠦᠯ ᠤᠨ ᠨᠢᠭᠡᠴᠢ ᠨᠦᠭᠦᠳ ᠳᠣᠣᠷᠠᠬᠢ | ᠮᠡᠲᠦ ᠦᠢᠯᠡ ᠠᠵᠢᠯᠯᠠᠭ᠎ᠠ ᠪᠠᠶᠢᠵᠤ ᠪᠣᠯᠬᠤ ᠦᠭᠡᠶ᠄ | ︵ᠨᠢᠭᠡ︶ ᠲᠡᠷᠭᠡ ᠶᠠᠪᠤᠭᠤᠯᠬᠤ ᠦᠨᠡᠮᠯᠡᠯ᠂ ᠵᠠᠮ ᠲᠡᠭᠡᠭᠡᠪᠦᠷᠢ ᠶᠢᠨ ᠦᠨᠡᠮᠯᠡᠯ ᠦᠭᠡᠶ ᠪᠤᠶᠤ ᠳᠠᠩᠰᠠᠯᠠᠭᠤᠯᠵᠤ | ᠲᠡᠮᠳᠡᠭᠯᠡᠭᠦᠯᠦᠭᠰᠡᠨ ᠦᠭᠡᠶ ᠪᠠᠷᠠᠭ᠎ᠠ ᠲᠡᠭᠡᠭᠡᠪᠦᠷᠢᠯᠡᠬᠦ ᠪᠤᠰᠤᠳ ᠲᠡᠷᠭᠡ ᠬᠥᠰᠬᠡ ᠳᠤ ᠪᠠᠷᠠᠭ᠎ᠠ ᠠᠴᠢᠶᠠᠯᠠᠬᠤ᠂ | ᠲᠡᠭᠡᠭᠡᠪᠦᠷᠢ ᠲᠣᠬᠢᠷᠠᠭᠤᠯᠬᠤ︔ | ︵ᠬᠤᠶᠠᠷ︶ ᠵᠠᠮ ᠲᠡᠭᠡᠭᠡᠪᠦᠷᠢ ᠶᠢᠨ ᠠᠵᠢᠯ ᠡᠷᠬᠢᠯᠡᠬᠦ ᠬᠢᠷᠢ ᠬᠡᠮ ᠣᠯᠤᠭᠠᠳᠤᠶ ᠵᠢᠯᠣᠭᠤᠴᠢ ᠶᠢᠨ | ᠵᠢᠯᠣᠭᠤᠳᠴᠤ ᠪᠠᠶᠢᠭ᠎ᠠ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠳᠤ ᠪᠠᠷᠠᠭ᠎ᠠ ᠠᠴᠢᠶᠠᠯᠠᠬᠤ᠂ ᠲᠡᠭᠡᠭᠡᠪᠦᠷᠢ | ᠲᠣᠬᠢᠷᠠᠭᠤᠯᠬᠤ︔ | ︵ᠭᠤᠷᠪᠠ︶ ᠨᠡᠶᠢᠯᠡᠭᠦᠯᠵᠦ ᠤᠭᠰᠠᠷᠠᠭᠰᠠᠨ᠂ ᠭᠠᠳᠠᠷ ᠬᠡᠯᠪᠡᠷᠢ ᠪᠠ ᠨᠢᠭᠡᠨᠲᠡ ᠳᠠᠩᠰᠠᠯᠠᠭᠤᠯᠤᠭᠰᠠᠨ | ᠬᠤᠯᠪᠣᠭᠳᠠᠯ ᠪᠦᠬᠦᠢ ᠮᠡᠷᠭᠡᠵᠢᠯ ᠤᠨ ᠲᠤᠭ᠎ᠠ ᠪᠠᠷᠢᠮᠲᠠ ᠶᠢ ᠳᠤᠷ᠎ᠠ ᠪᠠᠷ ᠢᠶᠠᠨ ᠬᠤᠪᠢᠷᠠᠭᠤᠯᠤᠭᠰᠠᠨ ᠪᠠᠷᠠᠭ᠎ᠠ | ᠲᠡᠭᠡᠭᠡᠪᠦᠷᠢᠯᠡᠬᠦ ᠲᠡᠷᠭᠡ ᠬᠥᠰᠬᠡ ᠳᠤ ᠪᠠᠷᠠᠭ᠎ᠠ ᠠᠴᠢᠶᠠᠯᠠᠬᠤ᠂ ᠲᠡᠭᠡᠭᠡᠪᠦᠷᠢ ᠲᠣᠬᠢᠷᠠᠭᠤᠯᠬᠤ︔ | ︵ᠲᠥᠷᠪᠡ︶ ᠪᠠᠷᠢᠮᠵᠢᠶ᠎ᠠ ᠠᠴᠠ ᠬᠡᠲᠦᠷᠡᠭᠦᠯᠦᠨ ᠪᠠᠷᠠᠭ᠎ᠠ ᠠᠴᠢᠶᠠᠯᠠᠬᠤ᠂ ᠲᠡᠭᠡᠭᠡᠪᠦᠷᠢ ᠲᠣᠬᠢᠷᠠᠭᠤᠯᠬᠤ︔ | ︵ᠲᠠᠪᠤ︶ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢ | ᠳᠤᠷ᠎ᠠ ᠪᠠᠷ ᠢᠶᠠᠨ ᠲᠠᠯᠪᠢᠵᠤ ᠶᠠᠪᠤᠭᠤᠯᠬᠤ︔ | ︵ᠵᠢᠷᠭᠤᠭ᠎ᠠ︶ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠳᠤ | ᠬᠤᠳᠠᠯ ᠬᠠᠭᠤᠷᠮᠠᠭ ᠪᠠᠷᠠᠭ᠎ᠠ ᠠᠴᠢᠶᠠᠯᠠᠭᠰᠠᠨ᠂ ᠲᠡᠭᠡᠭᠡᠪᠦᠷᠢ ᠲᠣᠬᠢᠷᠠᠭᠤᠯᠤᠭᠰᠠᠨ ᠭᠡᠷᠡᠴᠢ ᠬᠠᠩᠭᠠᠬᠤ᠃ | ᠠᠷᠪᠠᠨ ᠳᠣᠯᠣᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠳ ᠣᠷᠣᠵᠤ ᠰᠠᠭᠤᠬᠤ | ᠪᠤᠶᠤ ᠴᠠᠭᠳᠠᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠭᠤᠣᠯᠳᠠᠯᠭ᠎ᠠ ᠲᠠᠢ ᠪᠠᠷᠠᠭ᠎ᠠ | ᠲᠡᠭᠡᠭᠡᠪᠦᠷᠢᠯᠡᠬᠦ ᠡᠬᠢ ᠡᠭᠦᠰᠦᠯ ᠤᠨ ᠨᠢᠭᠡᠴᠢ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠡᠷᠡᠭᠵᠢᠭᠦᠯᠬᠦ ᠬᠡᠷᠡᠭᠲᠡᠶ᠃ | ᠠᠷᠪᠠᠨ ᠨᠠᠶᠮᠠᠳᠤᠭᠠᠷ ᠵᠦᠢᠯ ᠪᠠᠷᠠᠭ᠎ᠠ ᠲᠡᠭᠡᠭᠡᠪᠦᠷᠢᠯᠡᠬᠦ ᠳᠤ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ | ᠵᠠᠰᠠᠬᠤ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠤᠰ ᠠᠵᠢᠯ ᠲᠥᠷᠥᠯ ᠤᠨ ᠪᠠᠷᠠᠭ᠎ᠠ ᠲᠡᠭᠡᠭᠡᠪᠦᠷᠢᠯᠡᠬᠦ ᠡᠬᠢ | ᠡᠭᠦᠰᠦᠯ ᠤᠨ ᠨᠢᠭᠡᠴᠢ ᠳᠤ ᠪᠠᠷᠠᠭ᠎ᠠ ᠠᠴᠢᠶᠠᠯᠠᠭᠰᠠᠨ᠂ ᠲᠡᠭᠡᠭᠡᠪᠦᠷᠢ ᠲᠣᠬᠢᠷᠠᠭᠤᠯᠤᠭᠰᠠᠨ ᠪᠠᠶᠢᠳᠠᠯ ᠳᠤ ᠬᠢᠨᠠᠯᠲᠠ | ᠲᠠᠯᠪᠢᠵᠤ ᠪᠠᠶᠢᠴᠠᠭᠠᠬᠤ ᠬᠡᠷᠡᠭᠲᠡᠶ᠃ ᠬᠢᠨᠠᠯᠲᠠ ᠲᠠᠯᠪᠢᠵᠤ ᠪᠠᠶᠢᠴᠠᠭᠠᠬᠤ ᠶᠠᠪᠤᠴᠠ ᠳᠤ ᠬᠡᠮᠵᠢᠶ᠎ᠡ ᠳᠠᠭᠠᠭᠠᠴᠠ ᠠᠴᠠ | ᠬᠡᠲᠦᠷᠡᠭᠦᠯᠦᠭᠰᠡᠨ ᠢ ᠣᠯᠵᠤ ᠮᠡᠳᠡᠪᠡᠯ᠂ ᠪᠠᠷᠠᠭ᠎ᠠ ᠲᠡᠭᠡᠭᠡᠪᠦᠷᠢᠯᠡᠬᠦ ᠡᠬᠢ ᠡᠭᠦᠰᠦᠯ ᠤᠨ ᠨᠢᠭᠡᠴᠢ ᠶᠢ ᠴᠡᠭᠴᠡᠯᠡᠨ | ᠵᠠᠰᠠᠭᠤᠯᠬᠤ ᠪᠠᠷ ᠱᠠᠭᠠᠷᠳᠠᠬᠤ ᠬᠡᠷᠡᠭᠲᠡᠶ︔ ᠲᠤᠰ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠡᠭᠦᠷᠭᠡ | ᠬᠠᠷᠢᠭᠤᠴᠠᠯᠭ᠎ᠠ ᠶᠢᠨ ᠬᠡᠪᠴᠢᠶᠡᠨ ᠳᠤ ᠦᠯᠦ ᠬᠠᠷᠢᠶᠠᠯᠠᠭᠳᠠᠬᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ᠂ | ᠬᠠᠮᠢᠶ᠎ᠠ ᠪᠦᠬᠦᠢ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠴᠠᠭ ᠲᠤᠬᠠᠶ ᠳᠤ ᠨᠢ | ᠮᠡᠳᠡᠭᠳᠡᠬᠦ ᠬᠡᠷᠡᠭᠲᠡᠢ᠃ | ᠠᠷᠪᠠ ᠶᠢᠰᠦᠳᠦᠭᠡᠷ ᠵᠦᠢᠯ ᠪᠠᠷᠠᠭ᠎ᠠ ᠲᠡᠭᠡᠭᠡᠪᠦᠷᠢᠯᠡᠬᠦ ᠡᠬᠢ ᠡᠭᠦᠰᠦᠯ ᠤᠨ ᠨᠢᠭᠡᠴᠢ ᠶᠢᠨ ᠦᠢᠯᠡᠳᠪᠦᠷᠢᠯᠡᠯ | ᠡᠵᠡᠩᠨᠡᠯᠲᠡ ᠶᠢᠨ ᠵᠥᠪᠰᠢᠶᠡᠷᠡᠯ ᠤᠨ ᠰᠠᠯᠠᠭ᠎ᠠ ᠮᠥᠴᠢᠷ᠂ ᠳᠠᠩᠰᠠᠯᠠᠨ ᠲᠡᠮᠳᠡᠭᠯᠡᠬᠦ ᠰᠠᠯᠠᠭ᠎ᠠ ᠮᠥᠴᠢᠷ ᠵᠡᠷᠭᠡ ᠠᠵᠢᠯ | ᠲᠦᠷᠦᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ | ᠬᠠᠮᠢᠶᠠᠷᠬᠤ ᠰᠠᠯᠠᠭ᠎ᠠ ᠮᠥᠴᠢᠷ ᠢ ᠬᠠᠪᠰᠤᠷᠤᠨ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ | ᠠᠴᠠ ᠬᠡᠲᠦᠷᠡᠭᠦᠯᠦᠭᠰᠡᠨ ᠢ ᠵᠠᠰᠠᠬᠤ ᠠᠵᠢᠯ ᠢ ᠰᠠᠶᠢᠲᠤᠷ ᠬᠢᠵᠦ᠂ ᠰᠢᠯᠵᠢᠭᠦᠯᠦᠨ ᠬᠦᠷᠭᠡᠭᠰᠡᠨ ᠬᠡᠷᠡᠭ ᠢ ᠨᠢ ᠬᠠᠤᠯᠢ | ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ | ᠬᠤᠷᠢᠳᠤᠭᠠᠷ ᠵᠦᠢᠯ ᠪᠠᠷᠠᠭ᠎ᠠ ᠲᠡᠭᠡᠭᠡᠪᠦᠷᠢᠯᠡᠬᠦ ᠡᠵᠡᠩᠨᠡᠭᠴᠢ ᠳᠣᠣᠷᠠᠬᠢ ᠲᠣᠭᠲᠠᠭᠠᠯ ᠢ ᠵᠢᠷᠤᠮᠯᠠᠬᠤ | ᠬᠡᠷᠡᠭᠲᠡᠢ᠄ | ︵ᠨᠢᠭᠡ︶ ᠬᠠᠷᠢᠶ᠎ᠠ ᠪᠦᠬᠦᠢ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢᠨ ᠵᠢᠯᠣᠭᠤᠴᠢ ᠳᠤ ᠠᠮᠤᠷ | ᠲᠥᠪᠰᠢᠨ ᠤ ᠮᠡᠳᠡᠯᠭᠡ ᠶᠢᠨ ᠪᠣᠯᠪᠠᠰᠤᠷᠠᠭᠤᠯᠤᠯ ᠬᠢᠵᠦ᠂ ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ ᠲᠡᠷᠭᠡ | ᠬᠥᠰᠬᠡ ᠬᠠᠩᠭᠠᠵᠤ ᠲᠡᠭᠡᠭᠡᠪᠦᠷᠢ ᠶᠢᠨ ᠡᠵᠡᠩᠨᠡᠯᠲᠡ ᠶᠢᠨ ᠠᠵᠢᠯᠯᠠᠭ᠎ᠠ ᠥᠷᠨᠢᠭᠦᠯᠦᠨ᠎ᠡ︔ | ︵ᠬᠤᠶᠠᠷ︶ ᠤᠯᠤᠰ ᠤᠨ ᠪᠠᠷᠢᠮᠵᠢᠶ᠎ᠠ ᠪᠤᠶᠤ ᠠᠵᠢᠯ ᠲᠥᠷᠥᠯ ᠤᠨ ᠪᠠᠷᠢᠮᠵᠢᠶ᠎ᠠ ᠶᠢᠨ ᠶᠣᠰᠣᠭᠠᠷ | ᠲᠣᠭᠲᠠᠭᠠᠭᠰᠠᠨ ᠲᠡᠷᠭᠡ ᠬᠥᠰᠬᠡ ᠶᠢ ᠬᠢᠵᠠᠭᠠᠷᠲᠠᠢ ᠬᠡᠮᠵᠢᠭᠳᠡᠯ ᠢᠶᠠᠷ ᠪᠠᠷᠠᠭ᠎ᠠ ᠠᠴᠢᠶᠠᠯᠠᠬᠤ᠂ ᠲᠡᠭᠡᠭᠡᠪᠦᠷᠢ | ᠲᠣᠬᠢᠷᠠᠭᠤᠯᠬᠤ ᠶᠢ ᠵᠥᠪᠰᠢᠶᠡᠷᠡᠨ᠎ᠡ︔ | ︵ᠭᠤᠷᠪᠠ︶ ᠠᠵᠢᠯ ᠡᠷᠬᠢᠯᠡᠬᠦ ᠬᠢᠷᠢ ᠬᠡᠮ ᠤᠨ ᠦᠨᠡᠮᠯᠡᠯ ᠣᠯᠤᠭᠠᠳᠤᠶ ᠪᠠᠷᠠᠭ᠎ᠠ ᠲᠡᠭᠡᠭᠡᠪᠦᠷᠢᠯᠡᠬᠦ ᠲᠡᠷᠭᠡ | ᠬᠥᠰᠬᠡ ᠶᠢᠨ ᠵᠢᠯᠣᠭᠤᠴᠢ ᠶᠢ ᠤᠷᠢᠨ ᠬᠡᠷᠡᠭᠯᠡᠵᠦ ᠪᠣᠯᠬᠤ ᠦᠭᠡᠶ᠂ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢᠨ | ᠵᠢᠯᠣᠭᠤᠴᠢ ᠶᠢ ᠵᠢᠭᠠᠨ ᠳᠣᠬᠢᠵᠤ᠂ ᠠᠯᠪᠠᠳᠠᠵᠤ ᠪᠠᠶᠢᠭᠠᠳ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠪᠠᠷᠠᠭ᠎ᠠ | ᠶᠢᠨ ᠲᠡᠭᠡᠭᠡᠪᠦᠷᠢ ᠶᠢ ᠬᠢᠯᠭᠡᠵᠦ ᠪᠣᠯᠬᠤ ᠦᠭᠡᠶ︔ | ︵ᠲᠥᠷᠪᠡ︶ ᠪᠠᠷᠠᠭ᠎ᠠ ᠠᠴᠢᠶᠠᠯᠠᠬᠤ ᠡᠬᠢ ᠡᠭᠦᠰᠦᠯ ᠤᠨ ᠨᠢᠭᠡᠴᠢ ᠠᠶᠤᠯᠭᠦᠢ ᠦᠶᠯᠡᠳᠪᠦᠷᠢᠯᠡᠯ ᠤᠨ ᠡᠭᠦᠷᠭᠡ | ᠪᠠᠨ ᠭᠦᠶᠴᠡᠳᠬᠡᠬᠦ ᠦᠭᠡᠶ ᠪᠤᠶᠤ ᠡᠰᠡᠬᠦᠯ᠎ᠡ ᠠᠮᠤᠷ ᠲᠥᠪᠰᠢᠨ ᠤ ᠠᠰᠠᠭᠤᠳᠠᠯ ᠣᠷᠣᠰᠢᠵᠤ ᠪᠠᠶᠢᠬᠤ ᠶᠢ ᠣᠯᠵᠤ | ᠮᠡᠳᠡᠪᠡᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠴᠠᠭ ᠲᠤᠬᠠᠶ ᠳᠤ ᠨᠢ ᠮᠡᠳᠡᠭᠳᠡᠬᠦ ᠬᠡᠷᠡᠭᠲᠡᠶ︔ | ︵ᠲᠠᠪᠤ︶ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠲᠣᠭᠲᠠᠭᠠᠭᠰᠠᠨ ᠪᠤᠰᠤᠳ | ᠡᠭᠦᠷᠭᠡ᠃ | ᠭᠤᠷᠪᠠᠳᠤᠭᠠᠷ ᠪᠦᠯᠦᠭ ᠵᠠᠮ ᠤᠨ ᠵᠠᠰᠠᠯᠲᠠ | ᠬᠤᠷᠢᠨ ᠨᠢᠭᠡᠳᠦᠭᠡᠷ ᠵᠦᠢᠯ ᠬᠠᠤᠯᠢ ᠠᠴᠠ ᠵᠥᠷᠢᠴᠡᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ | ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢᠨ ᠵᠠᠮ ᠳᠡᠭᠡᠷ᠎ᠡ ᠭᠠᠷᠬᠤ ᠶᠢ ᠴᠠᠭᠠᠵᠠᠯᠠᠨ᠎ᠠ᠃ | ᠵᠠᠳᠠᠯᠵᠤ ᠪᠣᠯᠬᠤ ᠦᠭᠡᠢ ᠡᠳ᠋ ᠪᠣᠳᠠᠰ ᠢ ᠲᠡᠭᠡᠭᠡᠪᠦᠷᠢᠯᠡᠬᠦ ᠶᠢᠨ ᠬᠠᠮᠲᠤ ᠤᠯᠤᠰ ᠤᠨ ᠵᠠᠰᠠᠮᠠᠯ ᠵᠠᠮ ᠤᠨ ᠲᠡᠷᠭᠡ | ᠬᠥᠰᠬᠡ ᠶᠢᠨ ᠨᠡᠪᠲᠡᠷᠡᠬᠦ ᠬᠢᠵᠠᠭᠠᠷᠲᠠᠢ ᠬᠡᠮᠵᠢᠭᠳᠡᠯ ᠠᠴᠠ ᠬᠡᠲᠦᠷᠡᠭᠰᠡᠨ ᠬᠡᠮᠵᠢᠶ᠎ᠡ ᠠᠴᠠ ᠬᠡᠲᠦᠷᠡᠭᠦᠯᠦᠨ ᠲᠡᠭᠡᠭᠡᠪᠦᠷᠢᠯᠡᠬᠦ | ᠲᠡᠷᠭᠡ ᠬᠥᠰᠬᠡ ᠵᠠᠰᠠᠮᠠᠯ ᠵᠠᠮ ᠤᠨ ᠬᠡᠮᠵᠢᠶ᠎ᠡ ᠠᠴᠠ ᠬᠡᠲᠦᠷᠡᠭᠦᠯᠦᠨ ᠲᠡᠭᠡᠭᠡᠪᠦᠷᠢᠯᠡᠬᠦ ᠶᠢ ᠵᠥᠪᠰᠢᠶᠡᠷᠡᠬᠦ ᠭᠠᠷᠳᠠᠮ ᠢ | ᠬᠠᠤᠯᠢ ᠶᠣᠰᠣᠭᠠᠷ ᠭᠦᠢᠴᠡᠳᠬᠡᠵᠦ᠂ ᠵᠢᠭᠠᠨ ᠲᠣᠭᠲᠠᠭᠠᠭᠰᠠᠨ ᠴᠠᠭ᠂ ᠵᠠᠮ ᠱᠤᠭᠤᠮ᠂ ᠬᠤᠷᠳᠤᠴᠠ ᠪᠠᠷ ᠶᠠᠪᠤᠭᠤᠯᠬᠤ | ᠶᠢᠨ ᠬᠠᠮᠲᠤ ᠢᠯᠡᠷᠬᠡᠶ ᠲᠡᠮᠳᠡᠭ ᠡᠯᠭᠦᠬᠦ ᠬᠡᠷᠡᠭᠲᠡᠶ᠃ | ᠬᠤᠷᠢᠨ ᠬᠤᠶᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠨᠤᠭᠤᠳ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ | ᠬᠡᠲᠦᠷᠡᠭᠦᠯᠦᠭᠰᠡᠨ ᠢ ᠪᠠᠶᠢᠴᠠᠭᠠᠬᠤ ᠳᠤ᠂ ᠵᠠᠰᠠᠮᠠᠯ ᠵᠠᠮ ᠤᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ | ᠪᠠᠶᠢᠴᠠᠭᠠᠨ ᠬᠡᠮᠵᠢᠬᠦ ᠥᠷᠲᠡᠭᠡ ᠳᠤ ᠪᠠᠶᠢᠴᠠᠭᠠᠨ ᠬᠡᠮᠵᠢᠬᠦ᠂ ᠨᠡᠭᠦᠳᠡᠯ ᠪᠠᠶᠢᠴᠠᠭᠠᠨ ᠬᠡᠮᠵᠢᠬᠦ᠂ ᠬᠡᠮᠵᠢᠶ᠎ᠡ ᠳᠠᠭᠠᠭᠠᠴᠠ | ᠠᠴᠠ ᠬᠡᠲᠦᠷᠡᠭᠦᠯᠦᠭᠰᠡᠨ ᠢ ᠪᠠᠶᠢᠴᠠᠭᠠᠨ ᠬᠡᠮᠵᠢᠬᠦ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ ᠪᠠᠷ ᠪᠠᠶᠢᠴᠠᠭᠠᠨ | ᠬᠡᠮᠵᠢᠬᠦ ᠵᠡᠷᠭᠡ ᠠᠷᠭ᠎ᠠ ᠮᠠᠶ᠋ᠢᠭ ᠢ ᠠᠪᠴᠤ ᠪᠣᠯᠤᠨ᠎ᠠ᠃ | ᠬᠤᠷᠢᠨ ᠭᠤᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠨᠢ ᠨᠢᠭᠡᠳᠦᠯᠲᠡᠶ ᠲᠥᠯᠥᠪᠵᠢᠭᠦᠯᠬᠦ᠂ ᠵᠦᠢ | ᠵᠣᠬᠢᠰᠲᠠᠶ ᠪᠠᠶᠢᠷᠢᠯᠠᠭᠤᠯᠬᠤ᠂ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ᠂ ᠴᠠᠭ ᠲᠤ ᠨᠢ ᠲᠣᠬᠢᠷᠠᠭᠤᠯᠤᠨ | ᠲᠣᠬᠢᠷᠠᠭᠤᠯᠤᠯᠲᠠ ᠬᠢᠬᠦ ᠵᠠᠷᠴᠢᠮ ᠤᠨ ᠶᠣᠰᠣᠭᠠᠷ᠂ ᠵᠠᠰᠠᠮᠠᠯ ᠵᠠᠮ ᠤᠨ ᠬᠡᠮᠵᠢᠶ᠎ᠡ ᠳᠠᠭᠠᠭᠠᠴᠠ ᠠᠴᠠ | ᠬᠡᠲᠦᠷᠡᠭᠦᠯᠦᠭᠰᠡᠨ ᠢ ᠪᠠᠶᠢᠴᠠᠭᠠᠨ ᠬᠡᠮᠵᠢᠬᠦ ᠥᠷᠲᠡᠭᠡ ᠴᠡᠭ ᠪᠠᠶᠢᠷᠢᠯᠠᠭᠤᠯᠬᠤ ᠲᠥᠰᠦᠯ ᠢᠶᠠᠨ ᠳᠤᠷᠠᠳᠬᠤ ᠶᠢᠨ | ᠬᠠᠮᠲᠤ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠰᠠᠨᠠᠯ ᠢ ᠬᠤᠷᠢᠶᠠᠵᠤ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ | ᠳᠠᠷᠠᠭ᠎ᠠ ᠬᠡᠷᠡᠭᠵᠢᠭᠦᠯᠬᠦ ᠬᠡᠷᠡᠭᠲᠡᠶ᠃ | ᠵᠠᠰᠠᠮᠠᠯ ᠵᠠᠮ ᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠳᠤ᠂ | ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠪᠠᠶᠢᠴᠠᠭᠠᠨ ᠬᠡᠮᠵᠢᠬᠦ ᠥᠷᠲᠡᠭᠡ ᠴᠡᠭ ᠢ ᠪᠦᠲᠦᠭᠡᠨ ᠪᠠᠶᠢᠭᠤᠯᠬᠤ | ᠲᠥᠯᠥᠪᠵᠢᠭᠦᠯᠭᠡ ᠶᠣᠰᠣᠭᠠᠷ᠂ ᠵᠠᠰᠠᠮᠠᠯ ᠵᠠᠮ ᠤᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠪᠠᠶᠢᠴᠠᠭᠠᠨ | ᠬᠡᠮᠵᠢᠬᠦ ᠥᠷᠲᠡᠭᠡ ᠴᠡᠭ᠂ ᠲᠡᠷᠭᠡ ᠬᠥᠰᠬᠡ ᠶᠢ ᠪᠠᠶᠢᠴᠠᠭᠠᠨ ᠬᠡᠮᠵᠢᠬᠦ᠂ ᠲᠡᠷᠭᠡ ᠬᠥᠰᠬᠡ ᠶᠢᠨ ᠬᠦᠨᠳᠦ ᠶᠢ ᠬᠡᠮᠵᠢᠬᠦ | ᠵᠡᠷᠭᠡ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ ᠶᠢ ᠵᠠᠰᠠᠮᠠᠯ ᠵᠠᠮ ᠤᠨ ᠳᠠᠭᠠᠯᠲᠠ ᠲᠥᠬᠦᠭᠡᠷᠦᠮᠵᠢ ᠪᠣᠯᠭᠠᠨ | ᠪᠠᠷᠢᠯᠭ᠎ᠠ ᠶᠢᠨ ᠲᠥᠰᠦᠪ ᠲᠤ ᠬᠠᠮᠲᠤ ᠳᠤ ᠨᠢ ᠵᠢᠭᠰᠠᠭᠠᠨ ᠣᠷᠣᠭᠤᠯᠵᠤ᠂ ᠵᠠᠰᠠᠮᠠᠯ ᠵᠠᠮ ᠤᠨ ᠭᠤᠣᠯ ᠴᠣᠭᠴᠠ | ᠪᠠᠷᠢᠯᠭ᠎ᠠ ᠯᠤᠭ᠎ᠠ ᠵᠡᠷᠭᠡ ᠳᠤ ᠨᠢ ᠵᠢᠷᠤᠵᠤ ᠲᠥᠯᠥᠪᠯᠡᠵᠦ᠂ ᠵᠡᠷᠭᠡ ᠳᠤ ᠨᠢ ᠪᠦᠲᠦᠭᠡᠨ ᠪᠠᠶᠢᠭᠤᠯᠵᠤ᠂ ᠵᠡᠷᠭᠡ ᠳᠤ ᠨᠢ | ᠰᠢᠯᠭᠠᠨ ᠠᠪᠴᠤ ᠠᠵᠢᠯᠯᠠᠭᠤᠯᠬᠤ ᠬᠡᠷᠡᠭᠲᠡᠶ᠃ | ᠬᠤᠷᠢᠨ ᠳᠥᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠨᠤᠭᠤᠳ ᠳᠡᠭᠡᠳᠦ ᠬᠤᠷᠳᠤ ᠶᠢᠨ ᠵᠠᠰᠠᠮᠠᠯ ᠵᠠᠮ ᠤᠨ ᠭᠠᠷᠴᠠ ᠣᠷᠤᠴᠠ᠂ ᠲᠡᠷᠭᠡ | ᠵᠣᠭᠰᠣᠭᠠᠬᠤ ᠲᠣᠭᠤᠷᠢᠭ᠂ ᠦᠢᠯᠡᠴᠢᠯᠡᠭᠡᠨ ᠤ ᠲᠣᠭᠤᠷᠢᠭ ᠵᠢᠴᠢ ᠡᠩ ᠤᠨ ᠵᠠᠰᠠᠮᠠᠯ ᠵᠠᠮ ᠤᠨ ᠰᠦᠢᠳᠬᠡᠯ | ᠬᠤᠷᠢᠶᠠᠬᠤ ᠥᠷᠲᠡᠭᠡ ᠵᠡᠷᠭᠡ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠲᠡᠭᠡᠭᠡᠪᠦᠷᠢ ᠶᠢᠨ ᠦᠢᠯᠡ ᠠᠵᠢᠯᠯᠠᠭ᠎ᠠ | ᠶᠢᠨ ᠣᠯᠠᠨ ᠭᠠᠷᠳᠠᠭ ᠵᠠᠮ ᠤᠨ ᠬᠡᠰᠡᠭ᠂ ᠵᠠᠩᠭᠢᠯᠠᠭ᠎ᠠ ᠶᠢᠨ ᠴᠡᠭ ᠲᠤ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢᠨ | ᠥᠷᠲᠡᠭᠡ ᠠᠴᠠ ᠵᠠᠶᠢᠯᠠᠵᠤ ᠲᠣᠭᠤᠷᠢᠨ ᠶᠠᠪᠤᠬᠤ᠂ ᠣᠶᠢᠷ᠎ᠠ ᠵᠠᠮ ᠳᠤ ᠪᠤᠴᠠᠭᠠᠨ ᠠᠴᠢᠶᠠᠯᠠᠬᠤ ᠵᠡᠷᠭᠡ ᠦᠢᠯᠡ | ᠠᠵᠢᠯᠯᠠᠭ᠎ᠠ ᠶᠢ ᠪᠠᠶᠢᠴᠠᠭᠠᠨ ᠬᠡᠮᠵᠢᠬᠦ ᠬᠡᠷᠡᠭᠲᠡᠶ᠃ ᠨᠡᠭᠦᠳᠡᠯ ᠪᠠᠶᠢᠴᠠᠭᠠᠨ ᠬᠡᠮᠵᠢᠭᠰᠡᠨ ᠬᠡᠮᠵᠢᠶ᠎ᠡ ᠠᠴᠠ | ᠬᠡᠲᠦᠷᠡᠭᠦᠯᠦᠭᠰᠡᠨ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ | ᠪᠠᠶᠢᠴᠠᠭᠠᠨ ᠬᠡᠮᠵᠢᠬᠦ ᠣᠶᠢᠷ᠎ᠠ ᠬᠠᠪᠢ ᠶᠢᠨ ᠵᠠᠰᠠᠮᠠᠯ ᠵᠠᠮ ᠤᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ | ᠪᠠᠶᠢᠴᠠᠭᠠᠨ ᠬᠡᠮᠵᠢᠬᠦ ᠥᠷᠲᠡᠭᠡ ᠴᠡᠭ ᠪᠤᠶᠤ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ | ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠵᠢᠭᠠᠨ | ᠲᠣᠭᠲᠠᠭᠠᠬᠤ ᠶᠢᠨ ᠬᠠᠮᠲᠤ ᠨᠡᠶᠢᠲᠡᠯᠡᠭᠰᠡᠨ ᠬᠠᠤᠯᠢ ᠬᠡᠷᠡᠭᠵᠢᠭᠦᠯᠬᠦ ᠥᠷᠲᠡᠭᠡ ᠭᠠᠵᠠᠷ᠂ ᠲᠡᠷᠭᠡ ᠵᠣᠭᠰᠤᠭᠠᠬᠤ | ᠲᠠᠯᠠᠪᠠᠢ᠂ ᠠᠴᠢᠶ᠎ᠠ ᠪᠠᠭᠤᠯᠭᠠᠬᠤ ᠲᠠᠯᠠᠪᠠᠶ ᠵᠡᠷᠭᠡ ᠲᠡᠷᠭᠡ ᠬᠥᠰᠬᠡ ᠵᠣᠭᠰᠣᠭᠠᠬᠤ ᠪᠠ ᠠᠴᠢᠶ᠎ᠠ ᠪᠠᠭᠤᠯᠭᠠᠬᠤ ᠨᠥᠬᠦᠴᠡᠯ | ᠲᠠᠢ ᠭᠠᠵᠠᠷ ᠪᠤᠶᠤ ᠲᠠᠯᠠᠪᠤᠷ ᠲᠤ ᠬᠥᠲᠥᠯᠥᠨ ᠵᠢᠯᠣᠭᠤᠳᠴᠤ ᠪᠠᠶᠢᠭᠠᠳ ᠰᠢᠶᠳᠪᠦᠷᠢᠯᠡᠬᠦ ᠬᠡᠷᠡᠭᠲᠡᠶ᠃ | ᠳᠡᠭᠡᠳᠦ ᠬᠤᠷᠳᠤ ᠶᠢᠨ ᠵᠠᠰᠠᠮᠠᠯ ᠵᠠᠮ ᠤᠨ ᠲᠡᠭᠡᠭᠡᠪᠦᠷᠢ ᠶᠢᠨ ᠡᠵᠡᠩᠨᠡᠯᠲᠡ ᠶᠢᠨ ᠨᠢᠭᠡᠴᠢ ᠨᠦᠭᠦᠳ ᠬᠠᠷᠢᠶ᠎ᠠ | ᠪᠦᠬᠦᠢ ᠳᠡᠭᠡᠳᠦ ᠬᠤᠷᠳᠤ ᠶᠢᠨ ᠵᠠᠰᠠᠮᠠᠯ ᠵᠠᠮ ᠤᠨ ᠭᠠᠷᠴᠠ ᠣᠷᠤᠴᠠ ᠶᠢᠨ ᠮᠡᠷᠭᠡᠵᠢᠯ ᠤᠨ ᠬᠢᠨᠠᠨ ᠡᠵᠡᠮᠳᠡᠬᠦ | ᠲᠥᠬᠦᠭᠡᠷᠦᠮᠵᠢ ᠶᠢᠨ ᠴᠤᠭᠯᠠᠭᠤᠯᠤᠭᠰᠠᠨ ᠬᠠᠤᠯᠢ ᠠᠴᠠ ᠵᠦᠷᠢᠴᠡᠭᠰᠡᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ | ᠲᠡᠷᠭᠡ ᠬᠥᠰᠬᠡ ᠶᠢᠨ ᠬᠠᠮᠢᠶ᠎ᠠ ᠪᠦᠬᠦᠢ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠪᠠᠷᠠᠭ᠎ᠠ ᠲᠡᠭᠡᠭᠡᠪᠦᠷᠢᠯᠡᠬᠦ ᠲᠡᠷᠭᠡ | ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠮᠡᠳᠡᠭᠡ ᠵᠠᠩᠭᠢ ᠶᠢᠨ ᠲᠠᠪᠴᠠᠩ ᠳᠤ ᠴᠠᠭ | ᠲᠤᠬᠠᠶ ᠳᠤ ᠨᠢ ᠳᠠᠮᠵᠢᠭᠤᠯᠬᠤ ᠬᠡᠷᠡᠭᠲᠡᠶ᠃ | ᠬᠤᠷᠢᠨ ᠲᠠᠪᠤᠳᠤᠭᠠᠷ ᠵᠦᠶᠯ ᠵᠠᠰᠠᠮᠠᠯ ᠵᠠᠮ ᠤᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ | ᠪᠠᠶᠢᠴᠠᠭᠠᠨ ᠬᠡᠮᠵᠢᠬᠦ ᠥᠷᠲᠡᠭᠡ ᠨᠢ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ | ᠪᠣᠯᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠬᠠᠮᠲᠤᠷᠠᠨ ᠬᠠᠤᠯᠢ ᠬᠡᠷᠡᠭᠵᠢᠭᠦᠯᠬᠦ ᠶᠢ ᠬᠡᠷᠡᠭᠵᠢᠭᠦᠯᠦᠨ᠎ᠡ᠃ | ᠬᠤᠷᠢᠨ ᠵᠢᠷᠭᠤᠳᠤᠭᠠᠷ ᠵᠦᠢᠯ ᠵᠠᠰᠠᠮᠠᠯ ᠵᠠᠮ ᠤᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ | ᠪᠠᠶᠢᠴᠠᠭᠠᠨ ᠬᠡᠮᠵᠢᠬᠦ ᠥᠷᠲᠡᠭᠡ ᠨᠢ ᠥᠷᠲᠡᠭᠡᠨ ᠤ ᠡᠮᠦᠨᠡᠬᠢ ᠲᠡᠷᠭᠡ ᠵᠠᠯᠠᠬᠤ᠂ ᠠᠮᠤᠷ ᠲᠦᠪᠰᠢᠨ ᠤ ᠲᠥᠬᠦᠭᠡᠷᠦᠮᠵᠢ | ᠲᠣᠬᠢᠷᠠᠭᠤᠯᠵᠤ᠂ ᠴᠢᠬᠤᠯᠠ ᠪᠦᠬᠦᠢ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠪᠠ ᠪᠠᠶᠢᠴᠠᠭᠠᠨ ᠬᠡᠮᠵᠢᠬᠦ᠂ | ᠠᠴᠢᠶᠠᠯᠠᠵᠤ ᠪᠠᠭᠤᠯᠭᠠᠬᠤ᠂ ᠴᠢᠮᠡᠭᠡ ᠬᠤᠯᠪᠣᠭᠠᠨ ᠤ ᠲᠥᠬᠦᠭᠡᠷᠦᠮᠵᠢ ᠲᠣᠬᠢᠷᠠᠭᠤᠯᠵᠤ᠂ ᠥᠷᠲᠡᠭᠡᠨ ᠤ ᠳᠣᠲᠣᠷᠠᠬᠢ | ᠢᠯᠡᠷᠬᠡᠶ ᠣᠷᠣᠨ ᠪᠠᠶᠢᠷᠢ ᠳᠤ ᠵᠥᠪᠰᠢᠶᠡᠷᠡᠭᠰᠡᠨ ᠪᠠᠶᠢᠭᠤᠯᠭ᠎ᠠ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ | ᠴᠣᠭᠴᠠ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ᠂ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ | ᠳ᠋ᠢᠶᠠᠩᠬᠤᠸᠠ᠂ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠮᠠᠭᠠᠳᠯᠠᠨ ᠲᠣᠭᠲᠠᠭᠠᠬᠤ ᠪᠠᠷᠢᠮᠵᠢᠶ᠎ᠠ᠂ ᠬᠡᠮᠵᠢᠶ᠎ᠡ | ᠳᠠᠭᠠᠭᠠᠴᠠ ᠠᠴᠠ ᠬᠡᠲᠦᠷᠡᠭᠦᠯᠦᠭᠰᠡᠨ ᠢ ᠪᠠᠶᠢᠴᠠᠭᠠᠨ ᠬᠡᠮᠵᠢᠬᠦ ᠳᠡᠰ ᠳᠠᠷᠠᠭᠠᠯᠠᠯ᠂ ᠵᠠᠰᠠᠭ ᠵᠠᠬᠢᠷᠭᠠᠨ ᠢᠶᠠᠷ ᠰᠢᠢᠳᠬᠡᠨ | ᠲᠣᠷᠭᠠᠬᠤ ᠪᠠᠷᠢᠮᠵᠢᠶ᠎ᠠ ᠵᠡᠷᠭᠡ ᠮᠡᠳᠡᠭᠡ ᠵᠠᠩᠭᠢ ᠶᠢ ᠨᠡᠶᠢᠲᠡ ᠳᠤ ᠵᠠᠷᠯᠠᠬᠤ ᠬᠡᠷᠡᠭᠲᠡᠶ᠃ | ᠵᠠᠰᠠᠮᠠᠯ ᠵᠠᠮ ᠤᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠪᠠᠶᠢᠴᠠᠭᠠᠨ ᠬᠡᠮᠵᠢᠬᠦ ᠥᠷᠲᠡᠭᠡ ᠨᠢ | ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢᠨ ᠨᠡᠪᠳᠡᠷᠡᠯ ᠤᠨ ᠬᠡᠮᠵᠢᠶ᠎ᠡ ᠶᠣᠰᠣᠭᠠᠷ᠂ ᠪᠠᠷᠠᠭ᠎ᠠ ᠲᠡᠭᠡᠭᠡᠪᠦᠷᠢᠯᠡᠬᠦ ᠲᠡᠷᠭᠡ | ᠬᠥᠰᠬᠡ ᠶᠢ ᠪᠠᠶᠢᠴᠠᠭᠠᠨ ᠬᠡᠮᠵᠢᠬᠦ ᠨᠡᠪᠲᠡᠷᠡᠬᠦ ᠵᠠᠮ᠂ ᠲᠡᠷᠭᠡ ᠬᠥᠰᠬᠡ ᠵᠠᠯᠠᠬᠤ ᠵᠠᠮ ᠢ ᠵᠦᠢ ᠵᠣᠬᠢᠰᠲᠠᠶ ᠪᠠᠶᠢᠷᠢᠯᠠᠭᠤᠯᠬᠤ | ᠪᠠ ᠵᠣᠬᠢᠴᠠᠩᠭᠤᠶ ᠬᠡᠪᠴᠢᠶ᠎ᠡ ᠪᠦᠬᠦᠢ ᠲᠡᠷᠭᠡ ᠵᠣᠭᠰᠣᠭᠠᠬᠤ ᠲᠣᠭᠤᠷᠢᠭ᠂ ᠠᠴᠢᠶ᠎ᠠ ᠪᠠᠭᠤᠯᠭᠠᠬᠤ ᠲᠣᠭᠤᠷᠢᠭ ᠢ | ᠲᠣᠬᠢᠷᠠᠭᠤᠯᠤᠨ ᠪᠠᠶᠢᠭᠤᠯᠵᠤ᠂ ᠲᠡᠷᠭᠡ ᠬᠥᠰᠬᠡ ᠶᠢ ᠪᠠᠶᠢᠴᠠᠭᠠᠨ ᠬᠡᠮᠵᠢᠬᠦ ᠠᠴᠠ ᠪᠣᠯᠵᠤ ᠪᠤᠰᠤᠳ ᠲᠡᠷᠭᠡ ᠬᠥᠰᠬᠡ | ᠶᠢᠨ ᠬᠡᠪ ᠢᠶᠠᠷ ᠨᠡᠪᠲᠡᠷᠡᠬᠦ ᠪᠠ ᠵᠠᠮ ᠬᠠᠷᠢᠯᠴᠠᠭᠠᠨ ᠤ ᠠᠮᠤᠷ ᠲᠥᠪᠰᠢᠨ ᠢ ᠨᠥᠯᠥᠭᠡᠯᠡᠵᠦ ᠪᠣᠯᠬᠤ ᠦᠭᠡᠶ᠃ | ᠬᠤᠷᠢᠨ ᠳᠣᠯᠣᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠣᠨ ᠵᠠᠰᠠᠭ ᠣᠨ | ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠶᠢᠨ ᠲᠤᠬᠠᠢ ᠶᠢᠨ ᠭᠠᠵᠠᠷ ᠲᠤ ᠨᠢ ᠪᠠᠶᠢᠴᠠᠭᠠᠨ ᠬᠡᠮᠵᠢᠵᠦ ᠮᠠᠭᠠᠳᠯᠠᠨ ᠲᠣᠭᠲᠠᠭᠠᠭᠰᠠᠨ | ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢ ᠳᠣᠣᠷᠠᠬᠢ ᠲᠣᠭᠲᠠᠭᠠᠯ | ᠶᠣᠰᠣᠭᠠᠷ ᠰᠢᠢᠳᠪᠦᠷᠢᠯᠡᠬᠦ ᠬᠡᠷᠡᠭᠲᠡᠢ᠄ | ︵ᠨᠢᠭᠡ︶ ᠬᠤᠪᠢᠶᠠᠨ ᠠᠴᠢᠶᠠᠯᠠᠵᠤ ᠪᠣᠯᠬᠤ ᠪᠠᠷᠠᠭ᠎ᠠ ᠲᠡᠭᠡᠭᠡᠪᠦᠷᠢᠯᠡᠭᠰᠡᠨ ᠮᠥᠷᠲᠡᠭᠡᠨ ᠲᠤᠬᠠᠢ ᠶᠢᠨ | ᠲᠠᠯᠠᠪᠠᠢ ᠳᠤ ᠨᠢ ᠠᠴᠢᠶ᠎ᠠ ᠪᠠᠭᠤᠯᠭᠠᠬᠤ ᠨᠥᠬᠦᠴᠡᠯ ᠢ ᠪᠦᠷᠢᠯᠳᠦᠭᠦᠯᠦᠭᠰᠡᠨ ᠪᠠᠶᠢᠪᠠᠯ᠂ ᠲᠤᠬᠠᠢ ᠶᠢᠨ ᠬᠥᠮᠦᠨ ᠢ | ᠵᠠᠷᠯᠢᠭᠳᠠᠵᠤ ᠪᠠᠶᠢᠭᠠᠳ ᠥᠪᠡᠰᠦᠪᠡᠨ ᠠᠴᠢᠶ᠎ᠠ ᠪᠠᠭᠤᠯᠭᠠᠬᠤ᠂ ᠬᠤᠪᠢᠶᠠᠨ ᠠᠴᠢᠶᠠᠯᠠᠬᠤ ᠵᠡᠷᠭᠡ ᠵᠠᠯᠠᠷᠠᠭᠤᠯᠬᠤ ᠠᠷᠭ᠎ᠠ | ᠬᠡᠮᠵᠢᠶ᠎ᠡ ᠠᠪᠤᠭᠤᠯᠵᠤ᠂ ᠬᠠᠤᠯᠢ ᠠᠴᠠ ᠵᠥᠷᠢᠴᠡᠭᠰᠡᠨ ᠪᠠᠶᠢᠳᠠᠯ ᠢ ᠨᠢ ᠠᠷᠢᠯᠭᠠᠭᠤᠯᠬᠤ ᠬᠡᠷᠡᠭᠲᠡᠢ᠃ ᠠᠴᠢᠶ᠎ᠠ | ᠪᠠᠭᠤᠯᠭᠠᠬᠤ᠂ ᠬᠤᠪᠢᠶᠠᠨ ᠠᠴᠢᠶᠠᠯᠠᠭᠰᠠᠨ ᠤ ᠳᠠᠷᠠᠭᠠᠬᠢ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢ ᠳᠠᠬᠢᠨ | ᠪᠠᠶᠢᠴᠠᠭᠠᠵᠤ᠂ ᠲᠣᠭᠲᠠᠭᠠᠭᠰᠠᠨ ᠪᠠᠷᠢᠮᠵᠢᠶ᠎ᠠ ᠳᠤ ᠨᠡᠶᠢᠴᠡᠭᠰᠡᠨ ᠤ ᠳᠠᠷᠠᠭ᠎ᠠ ᠰᠠᠶ᠋ᠢ ᠵᠠᠮ ᠳᠤ ᠭᠠᠷᠴᠤ ᠶᠠᠪᠤᠭᠤᠯᠵᠤ | ᠪᠣᠯᠤᠨ᠎ᠠ︔ | ︵ᠬᠤᠶᠠᠷ︶ ᠬᠤᠪᠢᠶᠠᠨ ᠠᠴᠢᠶᠠᠯᠠᠵᠤ ᠪᠣᠯᠬᠤ ᠪᠠᠷᠠᠭ᠎ᠠ ᠲᠡᠭᠡᠭᠡᠪᠦᠷᠢᠯᠡᠵᠦ ᠪᠠᠶᠢᠭ᠎ᠠ ᠪᠣᠯᠪᠠᠴᠤ ᠲᠤᠬᠠᠶ ᠶᠢᠨ | ᠲᠠᠯᠠᠪᠠᠶ ᠳᠤ ᠨᠢ ᠠᠴᠢᠶ᠎ᠠ ᠪᠠᠭᠤᠯᠭᠠᠬᠤ ᠨᠥᠬᠦᠴᠡᠯ ᠢ ᠪᠦᠷᠢᠯᠳᠦᠭᠦᠯᠦᠭᠰᠡᠨ ᠦᠭᠡᠢ ᠪᠣᠯ᠂ ᠲᠤᠬᠠᠢ ᠶᠢᠨ ᠬᠥᠮᠦᠨ ᠢ | ᠵᠠᠷᠯᠢᠭᠳᠠᠨ ᠣᠶᠢᠷ᠎ᠠ ᠬᠠᠪᠢ ᠶᠢᠨ ᠠᠴᠢᠶ᠎ᠠ ᠪᠠᠭᠤᠯᠭᠠᠬᠤ ᠨᠥᠬᠦᠴᠡᠯ ᠢ ᠪᠦᠷᠢᠯᠳᠦᠭᠦᠯᠦᠭᠰᠡᠨ ᠭᠠᠵᠠᠷ ᠲᠠᠯᠠᠪᠤᠷ ᠲᠤ | ᠣᠴᠢᠭᠤᠯᠵᠤ ᠠᠴᠢᠶ᠎ᠠ ᠪᠠᠭᠤᠯᠭᠠᠭᠤᠯᠵᠤ᠂ ᠬᠤᠪᠢᠶᠠᠨ ᠠᠴᠢᠶᠠᠯᠠᠵᠤ᠂ ᠬᠠᠤᠯᠢ ᠠᠴᠠ ᠵᠥᠷᠢᠴᠡᠭᠰᠡᠨ ᠪᠠᠶᠢᠳᠠᠯ ᠢ ᠨᠢ | ᠠᠷᠢᠯᠭᠠᠭᠤᠯᠬᠤ ᠬᠡᠷᠡᠭᠲᠡᠶ᠃ ᠠᠴᠢᠶ᠎ᠠ ᠪᠠᠭᠤᠯᠭᠠᠬᠤ᠂ ᠬᠤᠪᠢᠶᠠᠨ ᠠᠴᠢᠶᠠᠯᠠᠭᠰᠠᠨ ᠤ ᠳᠠᠷᠠᠭᠠᠬᠢ ᠪᠠᠷᠠᠭ᠎ᠠ | ᠲᠡᠭᠡᠭᠡᠪᠦᠷᠢᠯᠡᠬᠦ ᠲᠡᠷᠭᠡ ᠬᠥᠰᠬᠡ ᠶᠢ ᠳᠠᠬᠢᠨ ᠪᠠᠶᠢᠴᠠᠭᠠᠵᠤ᠂ ᠲᠣᠭᠲᠠᠭᠠᠭᠰᠠᠨ ᠪᠠᠷᠢᠮᠵᠢᠶ᠎ᠠ ᠳᠤ ᠨᠡᠶᠢᠴᠡᠭᠰᠡᠨ ᠤ | ᠳᠠᠷᠠᠭ᠎ᠠ ᠰᠠᠶ᠋ᠢ ᠵᠠᠮ ᠳᠤ ᠭᠠᠷᠴᠤ ᠶᠠᠪᠤᠭᠤᠯᠵᠤ ᠪᠣᠯᠤᠨ᠎ᠠ︔ | ︵ᠭᠤᠷᠪᠠ︶ ᠵᠠᠳᠠᠯᠵᠤ ᠪᠣᠯᠬᠤ ᠦᠭᠡᠶ ᠲᠣᠮᠣ ᠵᠦᠢᠯ ᠤᠨ ᠡᠳ᠋ ᠪᠠᠷᠠᠭ᠎ᠠ ᠲᠡᠭᠡᠭᠡᠪᠦᠷᠢᠯᠡᠬᠦ ᠳᠤ ᠬᠡᠮᠵᠢᠶ᠎ᠡ ᠠᠴᠠ | ᠬᠡᠲᠦᠷᠡᠭᠦᠯᠦᠨ ᠲᠡᠭᠡᠭᠡᠪᠦᠷᠢᠯᠡᠬᠦ ᠵᠥᠪᠰᠢᠶᠡᠷᠡᠯ ᠤᠨ ᠭᠠᠷᠳᠠᠮ ᠭᠦᠢᠴᠡᠳᠬᠡᠭᠰᠡᠨ ᠦᠭᠡᠶ ᠪᠣᠯ᠂ ᠲᠤᠬᠠᠢ ᠶᠢᠨ ᠬᠥᠮᠦᠨ ᠢ | ᠵᠠᠷᠯᠢᠭᠳᠠᠨ ᠬᠠᠤᠯᠢ ᠠᠴᠠ ᠵᠥᠷᠢᠴᠡᠭᠰᠡᠨ ᠪᠠᠶᠢᠳᠠᠯ ᠢ ᠨᠢ ᠠᠷᠢᠯᠭᠠᠭᠤᠯᠵᠤ᠂ ᠪᠠᠶᠢᠴᠠᠭᠠᠨ ᠰᠢᠶᠳᠪᠦᠷᠢᠯᠡᠬᠦ ᠶᠢ | ᠬᠦᠯᠢᠶᠡᠯᠭᠡᠬᠦ ᠶᠢᠨ ᠬᠠᠮᠲᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠬᠦᠷᠴᠦ ᠬᠡᠮᠵᠢᠶ᠎ᠡ ᠠᠴᠠ ᠬᠡᠲᠦᠷᠡᠭᠦᠯᠦᠨ | ᠲᠡᠭᠡᠭᠡᠪᠦᠷᠢᠯᠡᠬᠦ ᠶᠢ ᠵᠥᠪᠰᠢᠶᠡᠷᠡᠬᠦ ᠭᠠᠷᠳᠠᠮ ᠬᠢᠯᠭᠡᠬᠦ ᠪᠠᠷ ᠭᠤᠶᠤᠴᠢᠯᠠᠬᠤ ᠪᠠᠨ ᠲᠤᠬᠠᠢ ᠶᠢᠨ ᠬᠥᠮᠦᠨ ᠳᠤ ᠮᠡᠳᠡᠭᠳᠡᠬᠦ | ᠬᠡᠷᠡᠭᠲᠡᠶ︔ | ︵ᠲᠥᠷᠪᠡ︶ ᠨᠣᠴᠣᠮᠠᠲᠠᠭᠠᠶ᠂ ᠳᠡᠯᠪᠡᠷᠡᠮᠡᠲᠡᠭᠡᠶ᠂ ᠳᠣᠭᠰᠢᠨ ᠬᠤᠣᠷᠲᠠᠢ᠂ ᠰᠠᠴᠤᠷᠠᠭ ᠴᠢᠨᠠᠷᠲᠠᠶ ᠵᠡᠷᠭᠡ ᠠᠶᠤᠯ | ᠲᠠᠢ ᠡᠳ᠋ ᠪᠤᠳᠠᠰ ᠢ ᠠᠴᠢᠶᠠᠯᠠᠬᠤ ᠪᠤᠶᠤ ᠬᠤᠯᠢᠵᠤ ᠰᠠᠪᠠᠯᠠᠬᠤ ᠳᠤ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ | ᠲᠣᠭᠲᠠᠭᠠᠯ ᠤᠨ ᠶᠣᠰᠣᠭᠠᠷ ᠭᠦᠢᠴᠡᠳᠬᠡᠬᠦ ᠬᠡᠷᠡᠭᠲᠡᠶ᠃ | ᠳᠠᠭᠠᠭᠠᠨ ᠲᠡᠭᠡᠭᠡᠪᠦᠷᠢᠯᠡᠭᠴᠢ ᠲᠠᠪᠤᠨ ᠡᠳᠦᠷ ᠤᠨ ᠳᠣᠲᠣᠷ᠎ᠠ ᠪᠠᠭᠤᠯᠭᠠᠭᠰᠠᠨ ᠪᠠᠷᠠᠭ᠎ᠠ ᠪᠠᠨ ᠰᠢᠢᠳᠪᠦᠷᠢᠯᠡᠬᠦ | ᠬᠡᠷᠡᠭᠲᠡᠢ︔ ᠬᠤᠭᠤᠴᠠᠭ᠎ᠠ ᠥᠩᠭᠡᠷᠡᠲᠡᠯ᠎ᠡ ᠰᠢᠶᠳᠪᠦᠷᠢᠯᠡᠬᠦ ᠦᠭᠡᠶ ᠪᠣᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ | ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ | ᠪᠦᠬᠦᠢ ᠲᠣᠭᠲᠠᠭᠠᠯ ᠶᠣᠰᠣᠭᠠᠷ ᠰᠢᠶᠳᠪᠦᠷᠢᠯᠡᠨ᠎ᠡ᠃ | ᠬᠤᠷᠢᠨ ᠨᠠᠶᠮᠠᠳᠤᠭᠠᠷ ᠵᠦᠢᠯ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢᠨ ᠵᠢᠯᠣᠭᠤᠴᠢ ᠬᠡᠮᠵᠢᠶ᠎ᠡ | ᠳᠠᠭᠠᠭᠠᠴᠠ ᠠᠴᠠ ᠬᠡᠲᠦᠷᠡᠭᠦᠯᠦᠭᠰᠡᠨ ᠢ ᠪᠠᠶᠢᠴᠠᠭᠠᠨ ᠬᠡᠮᠵᠢᠬᠦ ᠵᠢᠠᠭᠠᠬᠤ ᠲᠡᠮᠳᠡᠭ ᠪᠤᠶᠤ ᠬᠠᠤᠯᠢ ᠬᠡᠷᠡᠭᠵᠢᠭᠦᠯᠬᠦ | ᠠᠵᠢᠯᠲᠠᠨ ᠤ ᠵᠢᠯᠣᠭᠤᠳᠤᠯᠭ᠎ᠠ ᠶᠣᠰᠣᠭᠠᠷ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠪᠠᠶᠢᠴᠠᠭᠠᠨ ᠬᠡᠮᠵᠢᠬᠦ ᠶᠢ | ᠬᠦᠯᠢᠶᠡᠵᠦ᠂ ᠨᠡᠪᠲᠡᠷᠡᠬᠦ ᠲᠡᠷᠭᠡᠨ ᠵᠠᠮ ᠢ ᠵᠣᠷᠢᠭᠤᠳᠠ ᠪᠥᠭᠯᠡᠬᠦ᠂ ᠬᠤᠷᠢᠭ᠎ᠠ ᠶᠢ ᠠᠯᠪᠠ ᠪᠠᠷ ᠳᠠᠭᠠᠷᠢᠬᠤ ᠪᠤᠶᠤ | ᠪᠤᠰᠤᠳ ᠠᠷᠭ᠎ᠠ ᠮᠠᠶ᠋ᠢᠭ ᠢᠶᠠᠷ ᠪᠠᠶᠢᠴᠠᠭᠠᠨ ᠬᠡᠮᠵᠢᠬᠦ ᠡᠮᠬᠢ ᠳᠢᠭᠯᠢᠮ ᠢ ᠰᠠᠮᠠᠭᠤᠷᠠᠭᠤᠯᠵᠤ ᠪᠣᠯᠬᠤ ᠦᠭᠡᠶ᠂ ᠣᠶᠢᠷ᠎ᠠ | ᠵᠠᠮ ᠳᠤ ᠪᠤᠴᠠᠭᠠᠨ ᠠᠴᠢᠶᠠᠯᠠᠬᠤ ᠵᠡᠷᠭᠡ ᠠᠷᠭ᠎ᠠ ᠮᠠᠶ᠋ᠢᠭ ᠢ ᠠᠪᠴᠤ ᠪᠠᠶᠢᠴᠠᠭᠠᠨ ᠬᠡᠮᠵᠢᠬᠦ ᠠᠴᠠ ᠵᠠᠶᠢᠯᠠᠵᠤ ᠪᠣᠯᠬᠤ | ᠦᠭᠡᠶ᠃ | ᠬᠤᠷᠢ ᠶᠢᠰᠦᠳᠦᠭᠡᠷ ᠵᠦᠶᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠰᠦᠶᠳᠬᠡᠯ ᠬᠤᠷᠢᠶᠠᠬᠤ | ᠵᠠᠰᠠᠮᠠᠯ ᠵᠠᠮ ᠤᠨ ᠡᠵᠡᠩᠨᠡᠯᠲᠡ ᠬᠠᠮᠢᠶᠠᠷᠤᠯᠲᠠ ᠶᠢᠨ ᠨᠢᠭᠡᠴᠢ ᠨᠢ ᠪᠠᠷᠠᠭ᠎ᠠ ᠲᠡᠭᠡᠭᠡᠪᠦᠷᠢᠯᠡᠬᠦ ᠭᠤᠤᠯ ᠨᠡᠪᠲᠡᠷᠡᠬᠦ ᠵᠠᠮ᠂ | ᠴᠢᠬᠤᠯᠠ ᠬᠥᠭᠦᠷᠭᠡ᠂ ᠴᠢᠬᠤᠯᠠ ᠨᠦᠬᠡᠨ ᠵᠠᠮ ᠤᠨ ᠣᠷᠤᠴᠠ ᠵᠢᠴᠢ ᠪᠠᠷᠠᠭ᠎ᠠ ᠲᠡᠭᠡᠭᠡᠪᠦᠷᠢᠯᠡᠬᠦ ᠨᠡᠪᠲᠡᠷᠡᠯ ᠤᠨ ᠬᠡᠮᠵᠢᠶ᠎ᠡ | ᠪᠠᠷ ᠨᠡᠯᠢᠶᠡᠳ ᠶᠡᠭᠡ ᠵᠠᠮ ᠤᠨ ᠬᠡᠰᠡᠭ ᠪᠣᠯᠤᠨ ᠵᠠᠩᠭᠢᠯᠠᠭ᠎ᠠ ᠴᠡᠭ ᠲᠤ ᠬᠡᠮᠵᠢᠶ᠎ᠡ ᠳᠠᠭᠠᠭᠠᠴᠠ ᠠᠴᠠ | ᠬᠡᠲᠦᠷᠡᠭᠦᠯᠦᠭᠰᠡᠨ ᠢ ᠪᠠᠶᠢᠴᠠᠭᠠᠨ ᠬᠡᠮᠵᠢᠬᠦ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ ᠲᠣᠬᠢᠷᠠᠭᠤᠯᠬᠤ ᠶᠢᠨ | ᠬᠠᠮᠲᠤ᠂ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢ ᠪᠠᠶᠢᠴᠠᠭᠠᠨ ᠬᠡᠮᠵᠢᠭᠰᠡᠨ ᠮᠡᠳᠡᠭᠡ ᠵᠠᠩᠭᠢ ᠪᠠᠨ ᠬᠡᠮᠵᠢᠶ᠎ᠡ | ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠮᠡᠳᠡᠭᠡ ᠵᠠᠩᠭᠢ ᠶᠢᠨ ᠲᠠᠪᠴᠠᠩ ᠳᠤ ᠴᠠᠭ ᠲᠤᠬᠠᠶ ᠳᠤ ᠨᠢ | ᠳᠠᠮᠵᠢᠭᠤᠯᠤᠨ ᠬᠦᠷᠭᠡᠵᠦ᠂ ᠬᠠᠤᠯᠢ ᠠᠴᠠ ᠵᠥᠷᠢᠴᠡᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠣᠯᠵᠤ | ᠮᠡᠳᠡᠭᠰᠡᠨ ᠲᠡᠭᠡᠭᠡᠪᠦᠷᠢ ᠶᠢᠨ ᠲᠡᠷᠭᠡ ᠬᠥᠰᠬᠡ ᠶᠢ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ | ᠮᠥᠴᠢᠷ ᠪᠤᠶᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠰᠢᠶᠳᠪᠦᠷᠢᠯᠡᠬᠦ ᠬᠡᠷᠡᠭᠲᠡᠶ᠃ | ᠭᠤᠴᠢᠳᠤᠭᠠᠷ ᠵᠦᠶᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ | ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠨᠢ ᠬᠠᠤᠯᠢ ᠴᠠᠭᠠᠵᠠ᠂ ᠵᠠᠰᠠᠭ | ᠵᠠᠬᠢᠷᠭᠠᠨ ᠤ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ᠂ ᠬᠥᠳᠡᠯᠦᠩᠭᠦᠶ ᠪᠠᠶᠢᠳᠠᠯ ᠤᠨ ᠪᠠᠶᠢᠴᠠᠭᠠᠨ ᠬᠡᠮᠵᠢᠬᠦ | ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ᠂ ᠳᠡᠭᠡᠳᠦ ᠬᠤᠷᠳᠤ ᠶᠢᠨ ᠵᠠᠰᠠᠮᠠᠯ ᠵᠠᠮ ᠤᠨ ᠭᠠᠷᠴᠠ ᠣᠷᠤᠴᠠ ᠶᠢᠨ | ᠮᠡᠷᠭᠡᠵᠢᠯ ᠤᠨ ᠪᠠᠶᠢᠴᠠᠭᠠᠨ ᠬᠡᠮᠵᠢᠵᠦ ᠬᠢᠨᠠᠨ ᠡᠵᠡᠮᠳᠡᠬᠦ ᠲᠥᠬᠦᠭᠡᠷᠦᠮᠵᠢ ᠶᠢ ᠠᠰᠢᠭᠯᠠᠨ ᠬᠠᠤᠯᠢ ᠠᠴᠠ ᠵᠥᠷᠢᠴᠡᠭᠰᠡᠨ | ᠪᠣᠳᠠᠲᠤ ᠶᠠᠪᠤᠳᠠᠯ ᠢ ᠴᠤᠭᠯᠠᠭᠤᠯᠵᠤ᠂ ᠲᠣᠭᠲᠠᠪᠤᠷᠢᠵᠢᠭᠤᠯᠤᠭᠰᠠᠨ ᠪᠣᠯ᠂ ᠬᠠᠤᠯᠢ ᠲᠦᠷᠢᠮ ᠪᠠ ᠮᠡᠷᠭᠡᠵᠢᠯ ᠤᠨ ᠬᠢᠨᠠᠨ | ᠬᠠᠷᠭᠤᠭᠤᠯᠤᠯᠲᠠ ᠪᠠᠷ ᠳᠠᠮᠵᠢᠭᠤᠯᠵᠤ᠂ ᠡᠯᠧᠺᠲᠷᠣᠨ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ ᠨᠢ ᠪᠠᠷᠢᠮᠵᠢᠶ᠎ᠠ | ᠳᠤ ᠨᠡᠶᠢᠴᠡᠭᠰᠡᠨ᠂ ᠪᠠᠶᠢᠷᠢᠯᠠᠭᠤᠯᠤᠭᠰᠠᠨ ᠨᠢ ᠵᠦᠶ ᠵᠣᠬᠢᠰᠲᠠᠶ᠂ ᠲᠡᠮᠳᠡᠭ ᠨᠢ ᠢᠯᠡ ᠲᠣᠳᠣ ᠪᠠᠶᠢᠬᠤ ᠶᠢ ᠪᠠᠲᠤᠯᠠᠵᠤ᠂ | ᠪᠠᠶᠢᠷᠢᠯᠠᠭᠤᠯᠤᠭᠰᠠᠨ ᠭᠠᠵᠠᠷ ᠢ ᠨᠡᠶᠢᠭᠡᠮ ᠳᠤ ᠨᠡᠶᠢᠲᠡᠯᠡᠵᠦ᠂ ᠣᠯᠤᠭᠰᠠᠨ ᠡᠯᠧᠺᠲᠷᠣᠨ ᠳ᠋ᠠᠶᠢᠲ᠋ᠠ ᠪᠠᠷ ᠰᠠᠶ᠋ᠢ ᠬᠡᠷᠡᠭ | ᠤᠨ ᠪᠣᠳᠠᠲᠤ ᠶᠠᠪᠤᠳᠠᠯ ᠢ ᠮᠠᠭᠠᠳᠯᠠᠨ ᠲᠣᠭᠲᠠᠭᠠᠬᠤ ᠭᠡᠷᠡᠴᠢ ᠪᠠᠷᠢᠮᠲᠠ ᠪᠣᠯᠭᠠᠵᠤ ᠪᠣᠯᠤᠨ᠎ᠠ᠃ | ᠡᠯᠧᠺᠲᠷᠣᠨ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ ᠨᠢ ᠬᠠᠤᠯᠢ ᠠᠴᠠ ᠵᠥᠷᠢᠴᠡᠭᠰᠡᠨ ᠪᠣᠳᠠᠲᠤ | ᠬᠡᠷᠡᠭ ᠢ ᠦᠨᠡᠨ ᠪᠣᠳᠠᠲᠠᠢ᠂ ᠲᠣᠳᠣᠷᠬᠠᠢ᠂ ᠪᠦᠷᠢᠨ ᠪᠦᠲᠦᠨ᠂ ᠵᠥᠪ ᠣᠨᠣᠪᠴᠢᠲᠠᠢ ᠲᠡᠮᠳᠡᠭᠯᠡᠭᠰᠡᠨ ᠪᠠᠶᠢᠬᠤ | ᠬᠡᠷᠡᠭᠲᠡᠢ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠲᠡᠮᠳᠡᠭᠯᠡᠯ ᠤᠨ ᠠᠭᠤᠯᠭ᠎ᠠ ᠨᠢ ᠱᠠᠭᠠᠷᠳᠠᠯᠭ᠎ᠠ ᠳᠤ ᠨᠡᠶᠢᠴᠡᠬᠦ ᠡᠰᠡᠬᠦ ᠶᠢ ᠬᠢᠨᠠᠨ | ᠬᠠᠷᠭᠤᠭᠤᠯᠬᠤ ᠬᠡᠷᠡᠭᠲᠡᠢ︔ ᠬᠢᠨᠠᠨ ᠬᠠᠷᠭᠤᠭᠤᠯᠤᠭᠰᠠᠨ ᠦᠭᠡᠢ ᠪᠤᠶᠤ ᠬᠢᠨᠠᠨ ᠬᠠᠷᠭᠤᠭᠤᠯᠤᠭᠠᠳ ᠱᠠᠭᠠᠷᠳᠠᠯᠭ᠎ᠠ ᠳᠤ | ᠨᠡᠶᠢᠴᠡᠬᠦ ᠦᠭᠡᠢ ᠪᠠᠶᠢᠪᠠᠯ᠂ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠭᠡᠷᠡᠴᠢ ᠪᠠᠷᠢᠮᠲᠠ ᠪᠣᠯᠭᠠᠵᠤ ᠪᠣᠯᠬᠤ | ᠦᠭᠡᠢ᠃ | ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠬᠢᠨᠠᠨ ᠬᠠᠷᠭᠤᠭᠤᠯᠤᠭᠠᠳ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠨᠢ ᠬᠠᠤᠯᠢ ᠠᠴᠠ | ᠵᠥᠷᠢᠴᠡᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠨᠤᠲᠠᠯᠠᠭᠰᠠᠨ ᠪᠣᠯ ᠬᠠᠤᠯᠢ ᠠᠴᠠ ᠵᠥᠷᠢᠴᠡᠭᠰᠡᠨ | ᠪᠣᠳᠠᠲᠤ ᠬᠡᠷᠡᠭ᠂ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠮᠡᠳᠡᠭᠡ ᠵᠠᠩᠭᠢ ᠶᠢ ᠮᠠᠰᠢᠨ ᠲᠡᠷᠭᠡ | ᠳᠠᠩᠰᠠᠯᠠᠭᠤᠯᠤᠭᠰᠠᠨ ᠮᠡᠳᠡᠭᠡ ᠵᠠᠩᠭᠢ ᠶᠢᠨ ᠳᠣᠲᠣᠷᠠᠬᠢ ᠬᠠᠷᠢᠯᠴᠠᠬᠤ ᠠᠷᠭ᠎ᠠ ᠮᠠᠶ᠋ᠢᠭ ᠤᠨ ᠶᠣᠰᠣᠭᠠᠷ ᠪᠢᠴᠢᠭ ᠤᠨ | ᠮᠡᠳᠡᠭᠳᠡᠯ᠂ ᠳ᠋ᠢᠶᠠᠩᠬᠤᠸᠠ᠂ ᠭᠠᠷ ᠤᠲᠠᠰᠤᠨ ᠤ ᠣᠬᠤᠷ ᠮᠡᠳᠡᠭᠡ᠂ ᠰᠢᠯᠵᠢᠮᠡᠯ ᠢᠨᠲ᠋ᠧᠷ ᠰᠦᠯᠵᠢᠶᠡᠨ ᠤ ᠬᠡᠷᠡᠭᠯᠡᠭᠡᠨ | ᠤ ᠫᠷᠤᠭ᠍ᠷᠠᠮ ᠵᠡᠷᠭᠡ ᠠᠷᠭ᠎ᠠ ᠮᠠᠶ᠋ᠢᠭ ᠢᠶᠠᠷ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢᠨ ᠥᠮᠴᠢᠯᠡᠭᠴᠢ ᠪᠤᠶᠤ ᠪᠠᠷᠠᠭ᠎ᠠ | ᠲᠡᠭᠡᠭᠡᠪᠦᠷᠢᠯᠡᠬᠦ ᠲᠡᠷᠭᠡ ᠬᠥᠰᠬᠡ ᠶᠢᠨ ᠵᠢᠯᠣᠭᠤᠴᠢ ᠳᠤ ᠮᠡᠳᠡᠭᠳᠡᠬᠦ ᠬᠡᠷᠡᠭᠲᠡᠶ᠃ ᠳᠡᠭᠡᠷ᠎ᠡ ᠳᠤᠷᠠᠳᠤᠭᠰᠠᠨ ᠠᠷᠭ᠎ᠠ ᠮᠠᠶ᠋ᠢᠭ | ᠢᠶᠠᠷ ᠳᠠᠮᠵᠢᠭᠤᠯᠤᠨ ᠮᠡᠳᠡᠭᠳᠡᠬᠦ ᠶᠢᠨ ᠠᠷᠭ᠎ᠠ ᠥᠬᠡᠶ ᠪᠣᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠰᠦᠯᠵᠢᠶᠡᠨ | ᠥᠷᠲᠡᠭᠡ ᠶᠢᠨ ᠵᠠᠷᠯᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠮᠡᠳᠡᠭᠳᠡᠵᠦ ᠪᠣᠯᠤᠨ᠎ᠠ᠃ ᠪᠠᠷᠠᠭ᠎ᠠ ᠲᠡᠭᠡᠭᠡᠪᠦᠷᠢᠯᠡᠬᠦ | ᠲᠡᠷᠭᠡ ᠬᠥᠰᠬᠡ ᠶᠢᠨ ᠥᠮᠴᠢᠯᠡᠭᠴᠢ ᠪᠤᠶᠤ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢᠨ ᠵᠢᠯᠣᠭᠤᠴᠢ ᠨᠢ ᠮᠡᠳᠡᠭᠳᠡᠯ | ᠪᠤᠶᠤ ᠵᠠᠷᠯᠠᠨ ᠮᠡᠳᠡᠭᠳᠡᠭᠰᠡᠨ ᠢ ᠬᠦᠯᠢᠶᠡᠨ ᠠᠪᠤᠭᠰᠠᠨ ᠡᠳᠦᠷ ᠠᠴᠠ ᠡᠬᠢᠯᠡᠨ ᠭᠤᠴᠢᠨ ᠡᠳᠦᠷ ᠤᠨ ᠳᠣᠲᠣᠷ᠎ᠠ | ᠰᠢᠶᠳᠪᠦᠷᠢᠯᠡᠬᠦ ᠬᠡᠷᠡᠭᠲᠡᠶ᠃ | ᠭᠤᠴᠢᠨ ᠨᠢᠭᠡᠳᠦᠭᠡᠷ ᠵᠦᠢᠯ ᠵᠠᠰᠠᠮᠠᠯ ᠵᠠᠮ ᠤᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠪᠠᠶᠢᠴᠠᠭᠠᠨ | ᠬᠡᠮᠵᠢᠬᠦ ᠥᠷᠲᠡᠭᠡ ᠪᠠ ᠳᠡᠭᠡᠳᠦ ᠬᠤᠷᠳᠤ ᠶᠢᠨ ᠵᠠᠰᠠᠮᠠᠯ ᠵᠠᠮ ᠤᠨ ᠭᠠᠷᠴᠠ ᠣᠷᠤᠴᠠ ᠶᠢᠨ ᠭᠠᠵᠠᠷ ᠵᠢᠩᠯᠡᠭᠦᠷ᠂ | ᠳᠥᠭᠦᠮ ᠪᠠᠶᠢᠴᠠᠭᠠᠨ ᠬᠡᠮᠵᠢᠬᠦ ᠭᠠᠵᠠᠷ ᠵᠢᠩᠯᠡᠭᠦᠷ ᠵᠢᠴᠢ ᠲᠡᠷᠭᠡ ᠵᠣᠭᠰᠣᠭᠠᠬᠤ ᠦᠭᠡᠶ ᠪᠠᠷ ᠪᠠᠶᠢᠴᠠᠭᠠᠨ ᠬᠡᠮᠵᠢᠬᠦ | ᠬᠡᠮᠵᠢᠯᠲᠡ ᠶᠢᠨ ᠪᠠᠭᠠᠵᠢ ᠬᠡᠷᠡᠭᠰᠡᠯ ᠢ ᠬᠠᠤᠯᠢ ᠶᠣᠰᠣᠭᠠᠷ ᠬᠠᠮᠢᠶᠠᠷᠬᠤ ᠶᠢᠨ ᠬᠠᠮᠲᠤ᠂ ᠬᠠᠤᠯᠢ ᠪᠠᠷ ᠲᠣᠭᠲᠠᠭᠠᠭᠰᠠᠨ | ᠬᠢᠷᠢ ᠬᠡᠮ ᠲᠠᠢ ᠬᠡᠮᠵᠢᠯᠲᠡ ᠶᠢᠨ ᠪᠠᠶᠢᠭᠤᠯᠤᠮᠵᠢ ᠪᠠᠷ ᠰᠢᠯᠭᠠᠨ ᠲᠣᠭᠲᠠᠭᠠᠯᠭᠠᠬᠤ ᠬᠡᠷᠡᠭᠲᠡᠶ᠃ ᠲᠣᠭᠲᠠᠭᠠᠯ ᠶᠣᠰᠣᠭᠠᠷ | ᠰᠢᠯᠭᠠᠨ ᠲᠣᠭᠲᠠᠭᠠᠭᠰᠠᠨ ᠤᠢᠭᠡᠢ᠂ ᠬᠤᠭᠤᠴᠠᠭ᠎ᠠ ᠬᠡᠲᠦᠷᠡᠲᠡᠯ᠎ᠡ ᠬᠢᠨᠠᠨ ᠲᠣᠭᠲᠠᠭᠠᠭᠰᠠᠨ ᠤᠢᠭᠡᠢ ᠪᠤᠶᠤ ᠰᠢᠯᠭᠠᠨ | ᠲᠣᠭᠲᠠᠭᠠᠭᠠᠳ ᠬᠢᠷᠢ ᠲᠡᠩᠴᠡᠭᠰᠡᠨ ᠤᠢᠭᠡᠢ ᠪᠣᠯ ᠬᠡᠷᠡᠭᠯᠡᠵᠦ ᠪᠣᠯᠬᠤ ᠤᠢᠭᠡᠢ᠃ | ᠭᠤᠴᠢᠨ ᠬᠤᠶᠠᠳᠤᠭᠠᠷ ᠵᠦᠢᠯ ᠶᠠᠮᠠᠷᠪᠠ ᠵᠣᠬᠢᠶᠠᠨ ᠪᠠᠶᠢᠭᠤᠯᠤᠯᠲᠠ ᠪᠤᠶᠤ ᠬᠤᠪᠢ ᠬᠥᠮᠦᠨ ᠭᠡᠳ ᠬᠡᠮᠵᠢᠶ᠎ᠡ | ᠳᠠᠭᠠᠭᠠᠴᠠ ᠠᠴᠠ ᠬᠡᠲᠦᠷᠡᠭᠦᠯᠭᠦᠰᠡᠨ ᠢ ᠪᠠᠶᠢᠴᠠᠭᠠᠨ ᠬᠡᠮᠵᠢᠬᠦ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ᠂ | ᠪᠡᠯᠡᠳᠬᠡᠮᠵᠢ ᠶᠢ ᠡᠪᠳᠡᠵᠦ ᠪᠣᠯᠬᠤ ᠦᠭᠡᠶ᠂ ᠲᠡᠷᠭᠡ ᠵᠣᠭᠰᠣᠭᠠᠬᠤ ᠦᠭᠡᠶ ᠪᠠᠷ ᠬᠡᠮᠵᠢᠶ᠎ᠡ ᠳᠠᠭᠠᠭᠠᠴᠠ ᠠᠴᠠ | ᠬᠡᠲᠦᠷᠡᠭᠦᠯᠭᠦᠰᠡᠨ ᠢ ᠪᠠᠶᠢᠴᠠᠭᠠᠨ ᠬᠡᠮᠵᠢᠬᠦ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ᠂ ᠪᠡᠯᠡᠳᠬᠡᠮᠵᠢ ᠶᠢᠨ | ᠠᠵᠢᠯᠯᠠᠭᠠᠨ ᠢ ᠬᠠᠷᠰᠢᠯᠠᠵᠤ ᠪᠣᠯᠬᠤ ᠦᠭᠡᠶ᠂ ᠬᠠᠮᠢᠶ᠎ᠠ ᠪᠦᠬᠦᠢ ᠲᠤᠭ᠎ᠠ ᠪᠠᠷᠢᠮᠲᠠ ᠶᠢ ᠵᠠᠳᠠᠷᠠᠭᠤᠯᠬᠤ᠂ ᠬᠠᠰᠤᠬᠤ᠂ | ᠥᠭᠡᠷᠡᠲᠦᠭᠦᠯᠵᠦ ᠪᠣᠯᠬᠤ ᠦᠭᠡᠶ᠃ | ᠭᠤᠴᠢᠨ ᠭᠤᠷᠪᠠᠳᠤᠭᠠᠷ ᠵᠦᠢᠯ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠨᠢ ᠲᠡᠷᠭᠡ ᠵᠣᠭᠰᠣᠭᠠᠬᠤ | ᠦᠭᠡᠶ ᠪᠠᠷ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠭᠦᠰᠡᠨ ᠢ ᠪᠠᠶᠢᠴᠠᠭᠠᠨ ᠬᠡᠮᠵᠢᠬᠦ ᠮᠡᠷᠭᠡᠵᠢᠯ ᠤᠨ ᠬᠢᠨᠠᠨ ᠡᠵᠡᠮᠳᠡᠬᠦ | ᠣᠷᠣᠨ ᠪᠦᠰᠡ ᠶᠢ ᠥᠩᠭᠡᠷᠡᠬᠦ ᠦᠶ᠎ᠡ ᠳᠤ᠂ ᠵᠠᠮ ᠬᠠᠷᠢᠯᠴᠠᠭᠠᠨ ᠤ ᠲᠡᠮᠳᠡᠭ ᠵᠢᠷᠤᠭᠠᠰᠤ ᠶᠣᠰᠣᠭᠠᠷ ᠶᠠᠪᠤᠭᠤᠯᠬᠤ | ᠬᠡᠷᠡᠭᠲᠡᠶ᠂ ᠳᠣᠣᠷᠠᠬᠢ ᠮᠡᠲᠦ ᠦᠢᠯᠡ ᠠᠵᠢᠯᠯᠠᠭ᠎ᠠ ᠪᠠᠶᠢᠵᠤ ᠪᠣᠯᠬᠤ ᠦᠭᠡᠶ᠄ | ︵ᠨᠢᠭᠡ︶ ᠵᠣᠷᠢᠭᠤᠳᠠ ᠬᠡᠳᠦ ᠳᠣᠣᠷ᠎ᠠ ᠬᠤᠷᠳᠤᠴᠠ ᠪᠠᠷ ᠶᠠᠪᠤᠭᠤᠯᠬᠤ᠂ ᠲᠦᠷᠭᠡᠨ ᠲᠣᠷᠣᠮᠰᠤᠯᠠᠬᠤ᠂ ᠣᠯᠠᠨ | ᠲᠡᠷᠭᠡ ᠬᠦᠰᠬᠡ ᠶᠢ ᠵᠡᠷᠭᠡᠴᠡᠭᠦᠯᠬᠦ᠂ ᠪᠣᠷᠪᠢᠳᠤᠨ ᠳᠠᠭᠠᠬᠤ ᠪᠤᠶᠤ ᠬᠦᠨᠳᠦ ᠶᠢ ᠬᠡᠮᠵᠢᠬᠦ ᠲᠣᠨᠣᠭᠯᠠᠯ ᠠᠴᠠ | ᠵᠠᠶᠢᠳᠠᠭᠤᠯᠬᠤ ᠵᠡᠷᠭᠡ ᠠᠷᠭ᠎ᠠ ᠮᠠᠶ᠋ᠢᠭ ᠢ ᠠᠪᠴᠤ ᠪᠠᠶᠢᠴᠠᠭᠠᠨ ᠬᠡᠮᠵᠢᠬᠦ ᠠᠴᠠ ᠵᠠᠶᠢᠯᠠᠬᠤ︔ | ︵ᠬᠤᠶᠠᠷ︶ ᠵᠠᠮ ᠠᠯᠤᠰᠯᠠᠬᠤ᠂ ᠱᠤᠭᠤᠮ ᠳᠠᠷᠤᠬᠤ᠂ ᠮᠠᠰᠢᠨ ᠲᠡᠷᠭᠡ ᠶᠢᠨ ᠨᠣᠮᠧᠷ ᠤᠨ ᠫᠠᠶᠢᠰᠠ ᠶᠢ | ᠵᠣᠷᠢᠭᠤᠳᠠ ᠬᠠᠯᠬᠠᠯᠠᠬᠤ᠂ ᠪᠣᠬᠢᠷᠲᠤᠭᠤᠯᠬᠤ ᠪᠤᠶᠤ ᠬᠠᠭᠤᠷᠮᠠᠭᠯᠠᠨ ᠵᠣᠬᠢᠶᠠᠭᠰᠠᠨ ᠢ ᠬᠡᠷᠡᠭᠯᠡᠬᠦ ᠵᠡᠷᠭᠡ ᠠᠷᠭ᠎ᠠ ᠮᠠᠶ᠋ᠢᠭ | ᠢᠶᠠᠷ ᠪᠠᠶᠢᠴᠠᠭᠠᠨ ᠬᠡᠮᠵᠢᠬᠦ ᠠᠴᠠ ᠵᠠᠶᠢᠯᠠᠬᠤ᠃ | ᠭᠤᠴᠢᠨ ᠳᠥᠷᠪᠡᠳᠦᠭᠡᠷ ᠵᠦᠢᠯ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠮ | ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠤᠮᠤ ᠰᠢᠶᠠᠩ ᠪᠠᠯᠭᠠᠰᠤ ᠶᠢᠨ | ᠠᠷᠠᠳ ᠤᠨ ᠵᠠᠰᠠᠭ ᠤᠨ ᠣᠷᠳᠣᠨ ᠨᠢ ᠰᠢᠶᠠᠩ ᠤᠨ ᠵᠠᠮ᠂ ᠲᠣᠰᠬᠤᠨ ᠤ ᠵᠠᠮ ᠢ ᠬᠠᠮᠠᠭᠠᠯᠠᠬᠤ ᠬᠡᠷᠡᠭᠴᠡᠭᠡ ᠶᠢ | ᠦᠨᠳᠦᠰᠦᠯᠡᠨ᠂ ᠰᠢᠶᠠᠩ ᠤᠨ ᠵᠠᠮ᠂ ᠲᠣᠰᠬᠤᠨ ᠤ ᠵᠠᠮ ᠤᠨ ᠭᠠᠷᠴᠠ ᠣᠷᠤᠴᠠ ᠳᠤ ᠥᠨᠳᠥᠷ ᠢ ᠬᠢᠵᠠᠭᠠᠷᠯᠠᠬᠤ᠂ | ᠥᠷᠭᠡᠨ ᠢ ᠬᠢᠵᠠᠭᠠᠷᠯᠠᠬᠤ ᠴᠢᠬᠤᠯᠠ ᠪᠦᠬᠦᠢ ᠲᠥᠬᠦᠭᠡᠷᠦᠮᠵᠢ ᠶᠢ ᠬᠠᠤᠯᠢ ᠶᠣᠰᠣᠭᠠᠷ ᠪᠠᠶᠢᠷᠢᠯᠠᠭᠤᠯᠵᠤ ᠪᠣᠯᠤᠨ᠎ᠠ᠂ | ᠭᠡᠬᠦ ᠳᠤ ᠪᠠᠨ ᠭᠠᠯ ᠤᠨᠲᠠᠷᠠᠭᠠᠬᠤ ᠪᠠ ᠡᠷᠡᠭᠦᠯ ᠬᠠᠮᠠᠭᠠᠯᠠᠯ ᠤᠨ ᠲᠦᠷᠭᠡᠨ ᠠᠪᠤᠷᠠᠬᠤ ᠵᠡᠷᠭᠡ ᠪᠠᠴᠢᠮ ᠪᠠᠶᠢᠳᠠᠯ ᠢ | ᠠᠷᠭᠠᠴᠠᠭᠠᠬᠤ ᠬᠡᠷᠡᠭᠴᠡᠭᠡ ᠶᠢ ᠨᠥᠯᠥᠭᠡᠯᠡᠵᠦ ᠪᠣᠯᠬᠤ ᠦᠭᠡᠶ᠂ ᠨᠡᠪᠲᠡᠷᠡᠬᠦ ᠲᠡᠷᠭᠡ ᠬᠥᠰᠬᠡ ᠠᠴᠠ ᠰᠦᠢᠳᠬᠡᠯ | ᠬᠤᠷᠢᠶᠠᠵᠤ ᠪᠣᠯᠬᠤ ᠦᠭᠡᠶ᠃ | ᠳᠥᠷᠪᠡᠳᠦᠭᠡᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ | ᠭᠤᠴᠢᠨ ᠲᠠᠪᠤᠳᠤᠭᠠᠷ ᠵᠦᠢᠯ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ᠂ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠮᠠᠯ ᠵᠠᠮ ᠤᠨ ᠬᠠᠤᠯᠢ︾᠂ ︽ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾᠂ ︽ᠵᠠᠰᠠᠮᠠᠯ | ᠵᠠᠮ ᠤᠨ ᠠᠮᠤᠷ ᠲᠦᠪᠰᠢᠨ ᠢ ᠬᠠᠮᠠᠭᠠᠯᠠᠬᠤ ᠳᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ | ᠲᠣᠭᠲᠠᠭᠠᠯ ᠳᠤ ᠨᠢᠭᠡᠨᠲᠡ ᠪᠣᠳᠠᠲᠠᠶ ᠰᠢᠢᠳᠬᠡᠯ ᠲᠣᠷᠭᠠᠭᠤᠯᠢ ᠶᠢᠨ ᠲᠣᠭᠲᠠᠭᠠᠯ ᠭᠠᠷᠭᠠᠵᠤ᠂ ᠲᠣᠭᠲᠠᠭᠠᠯ ᠢᠶᠠᠷ ᠨᠢ | ᠬᠡᠷᠡᠭᠵᠢᠭᠦᠯᠬᠦ ᠬᠡᠷᠡᠭᠲᠡᠶ᠃ | ᠭᠤᠴᠢᠨ ᠵᠢᠷᠭᠤᠳᠤᠭᠠᠷ ᠵᠦᠶᠯ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠨ᠂ ᠪᠠᠷᠠᠭ᠎ᠠ ᠲᠡᠭᠡᠭᠡᠪᠦᠷᠢᠯᠡᠬᠦ | ᠡᠬᠢ ᠡᠭᠦᠰᠦᠯ ᠤᠨ ᠨᠢᠭᠡᠴᠢ ᠳᠤ ᠳᠣᠤᠷᠠᠬᠢ ᠮᠡᠲᠦ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠬᠤᠰᠢᠭᠤ ᠰᠢᠶᠠᠨ | ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ | ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠵᠤ᠂ 1000 ᠲᠥᠭᠦᠷᠢᠭ ᠠᠴᠠ ᠳᠡᠭᠡᠭᠰᠢ 3000 | ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠬᠤ ᠬᠡᠷᠡᠭᠲᠡᠶ᠄ | ︵ᠨᠢᠭᠡ︶ ᠤᠯᠤᠰ ᠤᠨ ᠪᠠᠷᠢᠮᠵᠢᠶ᠎ᠠ ᠳᠤ ᠨᠡᠶᠢᠴᠡᠭᠰᠡᠨ ᠪᠠᠷᠠᠭ᠎ᠠ ᠲᠡᠭᠡᠭᠡᠪᠦᠷᠢᠯᠡᠬᠦ ᠬᠡᠮᠵᠢᠯᠲᠡ ᠶᠢᠨ ᠬᠦᠨᠳᠦ ᠶᠢ | ᠬᠡᠮᠵᠢᠬᠦ ᠪᠠ ᠬᠢᠨᠠᠨ ᠡᠵᠡᠮᠳᠡᠬᠦ ᠲᠥᠬᠦᠭᠡᠷᠦᠮᠵᠢ ᠶᠢ ᠲᠣᠭᠲᠠᠭᠠᠯ ᠶᠣᠰᠣᠭᠠᠷ ᠲᠣᠬᠢᠷᠠᠭᠤᠯᠤᠭᠰᠠᠨ ᠦᠭᠡᠶ︔ | ︵ᠬᠤᠶᠠᠷ︶ ᠴᠤᠭᠯᠠᠭᠤᠯᠤᠭᠰᠠᠨ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢᠨ ᠬᠦᠨᠳᠦ ᠶᠢ ᠬᠡᠮᠵᠢᠬᠦ ᠲᠤᠭ᠎ᠠ | ᠪᠠᠷᠢᠮᠲᠠ ᠪᠣᠯᠤᠨ ᠬᠢᠨᠠᠨ ᠡᠵᠡᠮᠳᠡᠬᠦ ᠲᠤᠭ᠎ᠠ ᠪᠠᠷᠢᠮᠲᠠ ᠶᠢ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢᠨ ᠬᠡᠮᠵᠢᠶ᠎ᠡ | ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠮᠡᠳᠡᠭᠡ ᠵᠠᠩᠭᠢ ᠶᠢᠨ ᠲᠠᠪᠴᠠᠩ ᠯᠤᠭ᠎ᠠ ᠰᠦᠯᠵᠢᠶ᠎ᠡ ᠬᠤᠯᠪᠤᠭᠰᠠᠨ | ᠦᠭᠡᠶ︔ | ︵ᠭᠤᠷᠪᠠ︶ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠶᠢᠨ ᠳᠠᠩᠰᠠᠯᠠᠬᠤ᠂ ᠪᠦᠷᠢᠳᠬᠡᠬᠦ ᠪᠠ | ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠦᠭᠰᠡᠨ ᠦᠭᠡᠶ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠬᠠᠮᠢᠶ᠎ᠠ ᠪᠦᠬᠦᠢ ᠮᠡᠳᠡᠭᠡ ᠵᠠᠩᠭᠢ ᠪᠠᠨ ᠮᠡᠳᠡᠭᠦᠯᠦᠨ | ᠬᠦᠷᠭᠡᠭᠰᠡᠨ ᠦᠭᠡᠶ᠃ | ᠭᠤᠴᠢᠨ ᠳᠣᠯᠣᠳᠤᠭᠠᠷ ᠵᠦᠶᠯ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠨ᠂ ᠪᠠᠷᠠᠭ᠎ᠠ ᠲᠡᠭᠡᠭᠡᠪᠦᠷᠢᠯᠡᠬᠦ | ᠡᠬᠢ ᠡᠭᠦᠰᠦᠯ ᠤᠨ ᠨᠢᠭᠡᠴᠢ ᠳᠤ ᠳᠣᠤᠷᠠᠬᠢ ᠮᠡᠲᠦ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠬᠤᠰᠢᠭᠤ ᠰᠢᠶᠠᠨ | ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ | ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠨ ᠵᠠᠯᠠᠷᠠᠭᠤᠯᠵᠤ᠂ 1 ᠲᠦᠮᠡᠨ ᠲᠥᠭᠦᠷᠢᠭ ᠠᠴᠠ ᠳᠡᠭᠡᠭᠰᠢ 3 | ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠬᠤ ᠬᠡᠷᠡᠭᠲᠡᠶ᠄ | ︵ᠨᠢᠭᠡ︶ ᠲᠡᠷᠭᠡ ᠶᠠᠪᠤᠭᠤᠯᠬᠤ ᠦᠨᠡᠮᠯᠡᠯ᠂ ᠵᠠᠮ ᠲᠡᠭᠡᠭᠡᠪᠦᠷᠢ ᠶᠢᠨ ᠦᠨᠡᠮᠯᠡᠯ ᠦᠭᠡᠶ ᠪᠤᠶᠤ ᠳᠠᠩᠰᠠᠯᠠᠵᠤ | ᠲᠡᠮᠳᠡᠭᠯᠡᠭᠦᠯᠦᠭᠰᠡᠨ ᠦᠭᠡᠶ ᠪᠠᠷᠠᠭ᠎ᠠ ᠶᠢᠨ ᠲᠡᠭᠡᠭᠡᠪᠦᠷᠢ ᠶᠢᠨ ᠪᠤᠰᠤᠳ ᠲᠡᠷᠭᠡ ᠬᠥᠰᠬᠡ ᠳᠤ ᠪᠠᠷᠠᠭ᠎ᠠ ᠠᠴᠢᠶᠠᠯᠠᠬᠤ᠂ | ᠲᠡᠭᠡᠭᠡᠪᠦᠷᠢ ᠲᠣᠬᠢᠷᠠᠭᠤᠯᠬᠤ︔ | ︵ᠬᠤᠶᠠᠷ︶ ᠨᠡᠶᠢᠯᠡᠭᠦᠯᠵᠦ ᠤᠭᠰᠠᠷᠠᠭᠰᠠᠨ᠂ ᠭᠠᠳᠠᠷ ᠬᠡᠯᠪᠡᠷᠢ ᠪᠠ ᠨᠢᠭᠡᠨᠲᠡ ᠳᠠᠩᠰᠠᠯᠠᠭᠤᠯᠤᠭᠰᠠᠨ | ᠬᠤᠯᠪᠣᠭᠳᠠᠯ ᠪᠦᠬᠦᠢ ᠮᠡᠷᠭᠡᠵᠢᠯ ᠤᠨ ᠲᠤᠭ᠎ᠠ ᠪᠠᠷᠢᠮᠲᠠ ᠶᠢ ᠳᠤᠷ᠎ᠠ ᠪᠠᠷ ᠢᠶᠠᠨ ᠬᠤᠪᠢᠷᠠᠭᠤᠯᠤᠭᠰᠠᠨ ᠪᠠᠷᠠᠭ᠎ᠠ | ᠲᠡᠭᠡᠭᠡᠪᠦᠷᠢᠯᠡᠬᠦ ᠲᠡᠷᠭᠡ ᠬᠥᠰᠬᠡ ᠳᠤ ᠪᠠᠷᠠᠭ᠎ᠠ ᠠᠴᠢᠶᠠᠯᠠᠬᠤ᠂ ᠲᠡᠭᠡᠭᠡᠪᠦᠷᠢ ᠲᠣᠬᠢᠷᠠᠭᠤᠯᠬᠤ︔ | ︵ᠭᠤᠷᠪᠠ︶ ᠪᠠᠷᠢᠮᠵᠢᠶ᠎ᠠ ᠶᠣᠰᠣᠭᠠᠷ ᠪᠠᠷᠠᠭ᠎ᠠ ᠠᠴᠢᠶᠠᠯᠠᠭᠰᠠᠨ ᠦᠭᠡᠢ᠂ ᠲᠡᠭᠡᠭᠡᠪᠦᠷᠢ ᠲᠣᠬᠢᠷᠠᠭᠤᠯᠤᠭᠰᠠᠨ | ᠦᠭᠡᠶ︔ | ︵ᠲᠥᠷᠪᠡ︶ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢ | ᠳᠤᠷ᠎ᠠ ᠪᠠᠷ ᠢᠶᠠᠨ ᠲᠠᠯᠪᠢᠵᠤ ᠶᠠᠪᠤᠭᠤᠯᠬᠤ︔ | ︵ᠲᠠᠪᠤ︶ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠳᠤ | ᠬᠤᠳᠠᠯ ᠬᠠᠭᠤᠷᠮᠠᠭ ᠠᠴᠢᠶᠠᠯᠠᠭᠰᠠᠨ᠂ ᠲᠡᠭᠡᠭᠡᠪᠦᠷᠢ ᠲᠣᠬᠢᠷᠠᠭᠤᠯᠤᠭᠰᠠᠨ ᠭᠡᠷᠡᠴᠢ ᠬᠠᠩᠭᠠᠬᠤ᠃ | ᠭᠤᠴᠢᠨ ᠨᠠᠶᠮᠠᠳᠤᠭᠠᠷ ᠵᠦᠶᠯ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠨ᠂ ᠪᠠᠷᠠᠭ᠎ᠠ ᠲᠡᠭᠡᠭᠡᠪᠦᠷᠢᠯᠡᠬᠦ | ᠡᠬᠢ ᠡᠭᠦᠰᠦᠯ ᠤᠨ ᠨᠢᠭᠡᠴᠢ ᠨᠢ ᠵᠠᠮ ᠲᠡᠭᠡᠭᠡᠪᠦᠷᠢ ᠶᠢᠨ ᠠᠵᠢᠯ ᠡᠷᠬᠢᠯᠡᠬᠦ ᠬᠢᠷᠢ ᠬᠡᠮ ᠤᠨ ᠦᠨᠡᠮᠯᠡᠯ ᠣᠯᠤᠭᠠᠳᠤᠶ | ᠵᠢᠯᠣᠭᠤᠴᠢ ᠶᠢᠨ ᠵᠢᠯᠣᠭᠤᠳᠴᠤ ᠪᠠᠶᠢᠭ᠎ᠠ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠳᠤ ᠪᠠᠷᠠᠭ᠎ᠠ ᠠᠴᠢᠶᠠᠯᠠᠭᠰᠠᠨ᠂ | ᠲᠡᠭᠡᠭᠡᠪᠦᠷᠢ ᠲᠣᠬᠢᠷᠠᠭᠤᠯᠤᠭᠰᠠᠨ ᠪᠣᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠨ | ᠵᠠᠯᠠᠷᠠᠭᠤᠯᠵᠤ᠂ ᠲᠡᠷᠭᠡ ᠪᠦᠷᠢ ᠶᠢ 1000 ᠲᠥᠭᠦᠷᠢᠭ ᠵᠣᠭᠤᠰ ᠢᠶᠠᠷ ᠲᠣᠷᠭᠠᠬᠤ ᠬᠡᠷᠡᠭᠲᠡᠶ᠃ | ᠭᠤᠴᠢ ᠶᠢᠰᠦᠳᠦᠭᠡᠷ ᠵᠦᠢᠯ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠨ᠂ ᠳᠣᠣᠷᠠᠬᠢ ᠮᠡᠲᠦ ᠦᠢᠯᠡ | ᠠᠵᠢᠯᠯᠠᠭ᠎ᠠ ᠶᠢᠨ ᠨᠢᠭᠡ ᠨᠢ ᠪᠠᠶᠢᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ | ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠤᠨ | ᠶᠣᠰᠣᠭᠠᠷ ᠰᠢᠶᠳᠪᠦᠷᠢᠯᠡᠬᠦ ᠬᠡᠷᠡᠭᠲᠡᠶ᠄ | ︵ᠨᠢᠭᠡ︶ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠲᠡᠷᠭᠡ ᠵᠣᠭᠰᠣᠭᠠᠬᠤ ᠦᠭᠡᠶ ᠪᠠᠷ ᠬᠡᠮᠵᠢᠶ᠎ᠡ ᠳᠠᠭᠠᠭᠠᠴᠠ | ᠠᠴᠠ ᠬᠡᠲᠦᠷᠡᠭᠦᠯᠦᠭᠰᠡᠨ ᠢ ᠪᠠᠶᠢᠴᠠᠭᠠᠨ ᠬᠡᠮᠵᠢᠬᠦ ᠮᠡᠷᠭᠡᠵᠢᠯ ᠤᠨ ᠬᠢᠨᠠᠨ ᠡᠵᠡᠮᠳᠡᠬᠦ ᠣᠷᠣᠨ ᠪᠦᠰᠡ ᠶᠢ ᠥᠩᠭᠡᠷᠡᠬᠦ | ᠦᠶ᠎ᠡ ᠳᠤ᠂ ᠬᠡᠳᠦ ᠳᠣᠣᠷ᠎ᠠ ᠬᠤᠷᠳᠤᠴᠠ ᠪᠠᠷ ᠶᠠᠪᠤᠭᠤᠯᠬᠤ᠂ ᠲᠦᠷᠭᠡᠨ ᠲᠣᠷᠣᠮᠰᠤᠯᠠᠬᠤ᠂ ᠣᠯᠠᠨ ᠲᠡᠷᠭᠡ ᠬᠦᠰᠬᠡ | ᠶᠢ ᠵᠡᠷᠭᠡᠴᠡᠭᠦᠯᠬᠦ᠂ ᠪᠣᠷᠪᠢᠳᠤᠨ ᠳᠠᠭᠠᠬᠤ ᠪᠤᠶᠤ ᠬᠦᠨᠳᠦ ᠶᠢ ᠬᠡᠮᠵᠢᠬᠦ ᠲᠣᠨᠣᠭᠯᠠᠯ ᠠᠴᠠ ᠵᠠᠶᠢᠳᠠᠭᠤᠯᠬᠤ ᠵᠡᠷᠭᠡ ᠠᠷᠭ᠎ᠠ | ᠮᠠᠶ᠋ᠢᠭ ᠢ ᠠᠪᠴᠤ ᠪᠠᠶᠢᠴᠠᠭᠠᠨ ᠬᠡᠮᠵᠢᠬᠦ ᠠᠴᠠ ᠵᠠᠶᠢᠯᠠᠬᠤ︔ | ︵ᠬᠤᠶᠠᠷ︶ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠲᠡᠷᠭᠡ ᠵᠣᠭᠰᠣᠭᠠᠬᠤ ᠦᠭᠡᠶ ᠪᠠᠷ ᠬᠡᠮᠵᠢᠶ᠎ᠡ | ᠳᠠᠭᠠᠭᠠᠴᠠ ᠠᠴᠠ ᠬᠡᠲᠦᠷᠡᠭᠦᠯᠦᠭᠰᠡᠨ ᠢ ᠪᠠᠶᠢᠴᠠᠭᠠᠨ ᠬᠡᠮᠵᠢᠬᠦ ᠮᠡᠷᠭᠡᠵᠢᠯ ᠤᠨ ᠬᠢᠨᠠᠨ ᠡᠵᠡᠮᠳᠡᠬᠦ ᠣᠷᠣᠨ ᠪᠦᠰᠡ ᠶᠢ | ᠥᠩᠭᠡᠷᠡᠬᠦ ᠦᠶ᠎ᠡ ᠳᠤ᠂ ᠵᠠᠮ ᠠᠯᠤᠰᠯᠠᠬᠤ᠂ ᠱᠤᠭᠤᠮ ᠳᠠᠷᠤᠬᠤ᠂ ᠮᠠᠰᠢᠨ ᠲᠡᠷᠭᠡ ᠶᠢᠨ ᠨᠣᠮᠧᠷ ᠤᠨ ᠫᠠᠶᠢᠰᠠ ᠶᠢ | ᠵᠣᠷᠢᠭᠤᠳᠠ ᠬᠠᠯᠬᠠᠯᠠᠬᠤ᠂ ᠪᠣᠬᠢᠷᠲᠤᠭᠤᠯᠬᠤ ᠪᠤᠶᠤ ᠬᠠᠭᠤᠷᠮᠠᠭᠯᠠᠨ ᠵᠣᠬᠢᠶᠠᠭᠰᠠᠨ ᠢ ᠬᠡᠷᠡᠭᠯᠡᠬᠦ ᠵᠡᠷᠭᠡ ᠠᠷᠭ᠎ᠠ ᠮᠠᠶ᠋ᠢᠭ | ᠢᠶᠠᠷ ᠪᠠᠶᠢᠴᠠᠭᠠᠨ ᠬᠡᠮᠵᠢᠬᠦ ᠠᠴᠠ ᠵᠠᠶᠢᠯᠠᠬᠤ᠃ | ︵ᠭᠤᠷᠪᠠ︶ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠪᠠᠶᠢᠴᠠᠭᠠᠨ ᠬᠡᠮᠵᠢᠬᠦ ᠮᠡᠷᠭᠡᠵᠢᠯ ᠤᠨ ᠬᠢᠨᠠᠨ | ᠡᠵᠡᠮᠳᠡᠬᠦ ᠲᠥᠬᠦᠭᠡᠷᠦᠮᠵᠢ᠂ ᠪᠡᠯᠡᠳᠬᠡᠮᠵᠢ ᠶᠢ ᠡᠪᠳᠡᠵᠦ᠂ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ | ᠪᠠᠶᠢᠴᠠᠭᠠᠨ ᠬᠡᠮᠵᠢᠬᠦ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ᠂ ᠪᠡᠯᠡᠳᠬᠡᠮᠵᠢ ᠶᠢᠨ ᠠᠵᠢᠯᠯᠠᠭᠠᠨ ᠢ | ᠬᠠᠷᠰᠢᠯᠠᠬᠤ᠂ ᠬᠠᠮᠢᠶ᠎ᠠ ᠪᠥᠬᠦᠶ ᠲᠤᠭ᠎ᠠ ᠪᠠᠷᠢᠮᠲᠠ ᠶᠢ ᠵᠠᠳᠠᠷᠠᠭᠤᠯᠬᠤ᠂ ᠬᠠᠰᠤᠬᠤ᠂ ᠥᠭᠡᠷᠡᠲᠦᠭᠦᠯᠬᠦ᠃ | ᠳᠥᠴᠢᠳᠦᠭᠡᠷ ᠵᠦᠶᠯ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠨ᠂ ᠨᠡᠶᠢᠯᠡᠭᠦᠯᠵᠦ ᠤᠭᠰᠠᠷᠠᠭᠰᠠᠨ ᠪᠠ | ᠬᠠᠤᠯᠢ ᠪᠤᠰᠤ ᠪᠠᠷ ᠥᠭᠡᠷᠡᠴᠢᠯᠡᠨ ᠤᠭᠰᠠᠷᠠᠭᠰᠠᠨ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢ ᠵᠢᠯᠣᠭᠤᠳᠴᠤ | ᠪᠠᠶᠢᠭ᠎ᠠ ᠵᠢᠯᠣᠭᠤᠴᠢ ᠶᠢ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ ᠰᠢᠢᠳᠬᠡᠨ ᠲᠣᠷᠭᠠᠬᠤ ᠬᠡᠷᠡᠭᠲᠡᠶ︔ ᠪᠠᠷᠠᠭ᠎ᠠ | ᠲᠡᠭᠡᠭᠡᠪᠦᠷᠢᠯᠡᠬᠦ ᠲᠡᠷᠭᠡ ᠬᠥᠰᠬᠡ ᠶᠢ ᠨᠡᠶᠢᠯᠡᠭᠦᠯᠵᠦ ᠤᠭᠰᠠᠷᠠᠬᠤ ᠪᠠ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠬᠤ | ᠠᠵᠢᠯ ᠡᠷᠬᠢᠯᠡᠵᠦ ᠪᠠᠶᠢᠭ᠎ᠠ ᠡᠵᠡᠩᠨᠡᠭᠴᠢ ᠶᠢ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ | ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ | ᠶᠣᠰᠣᠭᠠᠷ ᠰᠢᠢᠳᠬᠡᠨ ᠲᠣᠷᠭᠠᠬᠤ ᠬᠡᠷᠡᠭᠲᠡᠶ︔ ᠡᠵᠡᠩᠨᠡᠯᠲᠡ ᠶᠢᠨ ᠦᠨᠡᠮᠯᠡᠯ ᠦᠭᠡᠶ ᠪᠠᠷ ᠪᠠᠷᠠᠭ᠎ᠠ ᠲᠡᠭᠡᠭᠡᠪᠦᠷᠢᠯᠡᠬᠦ | ᠲᠡᠷᠭᠡ ᠬᠥᠰᠬᠡ ᠶᠢ ᠨᠡᠶᠢᠯᠡᠭᠦᠯᠵᠦ ᠤᠭᠰᠠᠷᠠᠬᠤ ᠪᠠ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠭᠰᠠᠨ ᠡᠵᠡᠩᠨᠡᠭᠴᠢ | ᠶᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠰᠢᠢᠳᠬᠡᠨ ᠲᠣᠷᠭᠠᠬᠤ ᠬᠡᠷᠡᠭᠲᠡᠶ᠃ | ᠳᠥᠴᠢᠨ ᠨᠢᠭᠡᠳᠦᠭᠡᠷ ᠵᠦᠢᠯ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠨ᠂ ᠬᠤᠰᠢᠭᠤ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠯᠠᠨ | ᠬᠠᠮᠢᠶᠠᠷᠬᠤ ᠰᠠᠯᠠᠭ᠎ᠠ ᠮᠥᠴᠢᠷ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠤᠶᠤ ᠪᠤᠰᠤᠳ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠠᠵᠢᠯᠲᠠᠨ ᠳᠤ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠬᠠᠤᠯᠢ ᠶᠣᠰᠣᠭᠠᠷ ᠰᠢᠢᠳᠬᠡᠯ | ᠣᠯᠭᠤᠨ᠎ᠠ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ | ᠨᠡᠬᠡᠮᠵᠢᠯᠡᠨ᠎ᠡ᠄ | ︵ᠨᠢᠭᠡ︶ ᠮᠠᠰᠢᠨ ᠲᠡᠷᠭᠡᠨ ᠤ ᠤᠯᠤᠰ ᠤᠨ ᠠᠮᠤᠷ ᠲᠥᠪᠰᠢᠨ ᠤ ᠮᠡᠷᠭᠡᠵᠢᠯ ᠤᠨ ᠪᠠᠷᠢᠮᠵᠢᠶ᠎ᠠ ᠳᠤ ᠨᠡᠶᠢᠴᠡᠬᠦ | ᠦᠭᠡᠶ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠳᠤ ᠳᠠᠩᠰᠠᠯᠠᠨ ᠲᠡᠮᠳᠡᠭᠯᠡᠬᠦ ᠪᠠ ᠨᠣᠮᠧᠷ ᠤᠨ ᠫᠠᠶᠢᠰᠠ᠂ ᠲᠡᠷᠭᠡ | ᠶᠠᠪᠤᠭᠤᠯᠬᠤ ᠦᠨᠡᠮᠯᠡᠯ᠂ ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ ᠲᠡᠮᠳᠡᠭ᠂ ᠵᠠᠮ ᠲᠡᠭᠡᠭᠡᠪᠦᠷᠢ ᠶᠢᠨ ᠦᠨᠡᠮᠯᠡᠯ ᠢ | ᠣᠯᠭᠤᠬᠤ︔ | ︵ᠬᠤᠶᠠᠷ︶ ᠲᠣᠭᠲᠠᠭᠠᠯ ᠠᠴᠠ ᠵᠥᠷᠢᠴᠡᠨ ᠬᠡᠮᠵᠢᠶ᠎ᠡ ᠠᠴᠠ ᠬᠡᠲᠦᠷᠡᠭᠦᠯᠦᠭᠰᠡᠨ ᠪᠠᠷᠠᠭ᠎ᠠ ᠲᠡᠭᠡᠭᠡᠪᠦᠷᠢᠯᠡᠬᠦ | ᠲᠡᠷᠭᠡ ᠬᠥᠰᠬᠡ ᠳᠤ ᠵᠠᠰᠠᠮᠠᠯ ᠵᠠᠮ ᠤᠨ ᠬᠡᠮᠵᠢᠶ᠎ᠡ ᠠᠴᠠ ᠬᠡᠲᠦᠷᠡᠭᠦᠯᠦᠭᠰᠡᠨ ᠲᠡᠭᠡᠭᠡᠪᠦᠷᠢ ᠶᠢᠨ ᠵᠥᠪᠰᠢᠶᠡᠷᠡᠯ ᠢ | ᠭᠦᠢᠴᠡᠳᠬᠡᠵᠦ ᠥᠭᠬᠦ︔ | ︵ᠭᠤᠷᠪᠠ︶ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢ | ᠲᠣᠭᠲᠠᠭᠠᠯ ᠠᠴᠠ ᠵᠥᠷᠢᠴᠡᠨ ᠲᠠᠯᠪᠢᠵᠤ ᠶᠠᠪᠤᠭᠤᠯᠬᠤ︔ | ︵ᠲᠥᠷᠪᠡ︶ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢ ᠬᠠᠤᠯᠢ ᠠᠴᠠ ᠵᠥᠷᠢᠴᠡᠨ ᠦᠯᠡᠳᠡᠭᠡᠵᠦ ᠠᠪᠬᠤ | ᠪᠤᠶᠤ ᠬᠠᠤᠯᠢ ᠶᠣᠰᠣᠭᠠᠷ ᠦᠯᠡᠳᠡᠭᠡᠵᠦ ᠠᠪᠤᠭᠰᠠᠨ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢ ᠬᠡᠷᠡᠭᠯᠡᠬᠦ︔ | ︵ᠲᠠᠪᠤ︶ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ | ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠠᠭᠠᠯᠳᠤᠭᠰᠠᠨ᠂ ᠢᠯᠡᠴᠢᠯᠡᠨ ᠮᠡᠳᠡᠭᠦᠯᠦᠭᠰᠡᠨ ᠢ ᠬᠦᠯᠢᠶᠡᠨ | ᠠᠪᠤᠭᠠᠳ᠂ ᠴᠠᠭ ᠲᠤᠬᠠᠶ ᠳᠤ ᠨᠢ ᠵᠣᠬᠢᠶᠠᠨ ᠪᠠᠶᠢᠭᠤᠯᠤᠨ ᠬᠢᠨᠠᠨ ᠪᠠᠶᠢᠴᠠᠭᠠᠭᠰᠠᠨ ᠦᠭᠡᠶ︔ | ︵ᠵᠢᠷᠭᠤᠭ᠎ᠠ︶ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ᠂ ᠠᠯᠪᠠᠨ ᠲᠤᠰᠢᠶᠠᠯ ᠳᠤ ᠪᠠᠨ ᠠᠯᠮᠠᠶᠢᠷᠠᠨ | ᠣᠰᠣᠯᠳᠠᠭᠰᠠᠨ᠂ ᠭᠤᠶᠠᠴᠢᠯᠠᠨ ᠬᠠᠤᠯᠢ ᠶᠣᠰᠣ ᠶᠢ ᠵᠥᠷᠢᠴᠡᠭᠰᠡᠨ ᠪᠤᠰᠤᠳ ᠦᠶᠯᠡ ᠠᠵᠢᠯᠯᠠᠭ᠎ᠠ᠃ | ᠲᠠᠪᠤᠳᠤᠭᠠᠷ ᠪᠦᠯᠦᠭ ᠳᠠᠭᠠᠯᠳᠤᠭᠤᠯᠤᠭᠰᠠᠨ ᠲᠦᠷᠢᠮ | ᠳᠥᠴᠢᠨ ᠬᠤᠶᠠᠳᠤᠭᠠᠷ ᠵᠦᠶᠯ ᠲᠤᠰ ᠠᠷᠭ᠎ᠠ ᠶᠢ 2023 ᠣᠨ ᠤ 3 ᠳ᠋ᠤᠭᠠᠷ ᠰᠠᠷ᠎ᠠ ᠶᠢᠨ 1 ᠤ ᠡᠳᠦᠷ | ᠠᠴᠠ ᠡᠬᠢᠯᠡᠨ ᠬᠡᠷᠡᠭᠵᠢᠭᠦᠯᠦᠨ᠎ᠡ᠃ 2013 ᠣᠨ ᠤ 8 ᠳ᠋ᠤᠭᠠᠷ ᠰᠠᠷ᠎ᠠ ᠶᠢᠨ 21 ᠤ ᠡᠳᠦᠷ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠡᠶᠢᠲᠡᠯᠡᠭᠰᠡᠨ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ | ᠬᠡᠲᠦᠷᠡᠭᠦᠯᠦᠭᠰᠡᠨ ᠢ ᠵᠠᠰᠠᠬᠤ ᠠᠷᠭ᠎ᠠ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠵᠠᠷᠯᠢᠭ 198 ᠳ᠋ᠤᠭᠠᠷ ᠲᠣᠭᠠᠲᠤ︶ ᠶᠢ ᠬᠠᠮᠲᠤ ᠳᠤ ᠨᠢ ᠬᠦᠴᠦᠨ ᠦᠭᠡᠶ ᠪᠣᠯᠭᠠᠨ᠎ᠠ᠃ | ᠬᠠᠮᠢᠶ᠎ᠠ ᠪᠥᠬᠦᠶ ᠲᠠᠶᠢᠯᠤᠮᠵᠢ᠄ ᠵᠢᠷᠤᠭᠲᠤ ᠲᠠᠶᠢᠯᠤᠮᠵᠢ — ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ | ᠠᠷᠭ᠎ᠠ | ᠪᠢᠴᠢᠭ ᠮᠠᠲ᠋ᠧᠷᠢᠶᠠᠯ ᠢ ᠪᠠᠭᠤᠯᠭᠠᠬᠤ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠠᠭ᠎ᠠ | ᠲᠡᠭᠡᠭᠡᠪᠦᠷᠢᠯᠡᠬᠦ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢ ᠵᠠᠰᠠᠬᠤ ᠠᠷᠭ᠎ᠠ.docx |