2023 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠦᠯᠦᠭ ᠬᠠᠤᠯᠢ ᠶᠢ ᠬᠦᠨᠳᠦ ᠨᠣᠴᠢᠲᠠᠢ ᠵᠥᠷᠢᠴᠡᠵᠦ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠲᠡᠭᠡᠭᠡᠪᠦᠷᠢ ᠶᠢᠨ ᠢᠲᠡᠭᠡᠯ ᠠᠯᠳᠠᠭᠰᠠᠨ ᠲᠤᠬᠠᠢ ᠶᠢᠨ ᠬᠥᠮᠥᠨ ᠤ ᠨᠡᠷᠡᠰ
ᠨᠡᠶᠢᠲᠡᠯᠡᠭᠰᠡᠨ ᠴᠠᠭ᠄
2023/4/21
     ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠳᠤᠮᠳᠠᠳᠤ ᠤᠯᠤᠰ ᠤᠨ ᠠᠷᠠᠳ ᠤᠨ       ᠪᠠᠩᠬᠢ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠵᠡᠷᠭᠡ 36 ᠶᠠᠮᠤᠨ ᠬᠤᠷᠢᠶ᠎ᠠ ᠶᠢᠨ ᠬᠤᠯᠪᠤᠭᠠᠯᠠᠨ ᠭᠠᠷ ᠤᠨ ᠥᠰᠥᠭ ᠵᠢᠷᠤᠭᠰᠠᠨ ︽ᠬᠠᠤᠯᠢ ᠶᠢ ᠬᠦᠨᠳᠦ ᠨᠣᠴᠢᠲᠠᠢ ᠵᠥᠷᠢᠴᠡᠵᠦ ᠢᠲᠡᠭᠡᠯ ᠠᠯᠳᠠᠭᠰᠠᠨ ᠬᠡᠮᠵᠢᠶ᠎ᠡ ᠳᠠᠭᠠᠭᠠᠴᠠ  ᠠᠴᠠ ᠬᠡᠲᠦᠷᠡᠭᠦᠯᠦᠭᠰᠡᠨ ᠲᠡᠭᠡᠭᠡᠪᠦᠷᠢ ᠶᠢᠨ ᠲᠡᠷᠭᠡ ᠬᠥᠰᠬᠡ ᠶᠢᠨ ᠬᠠᠮᠢᠶ᠎ᠠ ᠪᠦᠬᠦᠢ ᠬᠠᠷᠢᠭᠤᠴᠠᠯᠭ᠎ᠠ ᠶᠢᠨ ᠭᠤᠣᠯ ᠴᠣᠭᠴᠠ ᠳᠤ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠬᠦ ᠲᠤᠬᠠᠢ ᠬᠠᠮᠲᠤᠷᠠᠯᠴᠠᠭᠠᠨ ᠤ ᠰᠠᠨᠠᠭᠤᠯᠤᠮᠵᠢ︾ ᠪᠠ ︽ᠵᠠᠮ ᠬᠠᠷᠢᠯᠴᠠᠭ᠎ᠠ ᠲᠡᠭᠡᠭᠡᠪᠦᠷᠢ ᠶᠢᠨ ᠢᠲᠡᠭᠡᠮᠵᠢ ᠲᠠᠢ ᠪᠠᠶᠢᠬᠤ ᠶᠢ ᠬᠤᠯᠪᠤᠭᠠᠯᠠᠨ ᠵᠣᠷᠢᠭᠵᠢᠭᠤᠯᠬᠤ ᠪᠠ ᠢᠲᠡᠭᠡᠯ ᠠᠯᠳᠠᠭᠰᠠᠨ ᠢ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠡᠲᠡᠭᠡᠳ ᠤᠨ ᠨᠡᠷᠡᠰ ᠤᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠦᠨᠳᠦᠰᠦᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ︽ᠢᠲᠡᠭᠡᠮᠵᠢᠲᠦ ᠵᠠᠮ ᠬᠠᠷᠢᠯᠴᠠᠭ᠎ᠠ · ᠥᠪᠥᠷ ᠮᠣᠩᠭᠤᠯ︾ ᠰᠦᠯᠵᠢᠶ᠎ᠡ    http://jtyst.nmg.gov.cn/xyjtnmg︶ ᠪᠠᠷ ᠳᠠᠮᠵᠢᠭᠤᠯᠤᠨ 2023 ᠣᠨ ᠤ ᠠᠩᠬᠠᠳᠠᠭᠴᠢ ᠪᠦᠯᠦᠭ ᠬᠠᠤᠯᠢ ᠶᠢ ᠬᠦᠨᠳᠦ ᠨᠣᠴᠢᠲᠠᠢ ᠵᠥᠷᠢᠴᠡᠵᠦ ᠬᠡᠮᠵᠢᠶ᠎ᠡ ᠳᠠᠭᠠᠭᠠᠴᠠ ᠠᠴᠠ ᠬᠡᠲᠦᠷᠡᠭᠦᠯᠦᠭᠰᠡᠨ ᠢᠲᠡᠭᠡᠯ ᠠᠯᠳᠠᠭᠰᠠᠨ ᠲᠤᠬᠠᠢ ᠶᠢᠨ ᠬᠥᠮᠥᠨ ᠤ ᠮᠡᠳᠡᠭᠡ ᠵᠠᠩᠭᠢ ᠶᠢ ᠵᠠᠷᠯᠠᠨ ᠨᠡᠶᠢᠲᠡᠯᠡᠪᠡ᠂ ᠵᠠᠷᠯᠠᠨ ᠨᠡᠶᠢᠲᠡᠯᠡᠬᠦ ᠬᠤᠭᠤᠴᠠᠭ᠎ᠠ ᠨᠢ 10 ᠠᠵᠢᠯᠯᠠᠬᠤ ᠡᠳᠦᠷ ᠪᠣᠯᠣᠨ᠎ᠠ᠃      ᠬᠡᠷᠪᠡ ᠵᠠᠷᠯᠠᠨ ᠨᠡᠶᠢᠲᠡᠯᠡᠬᠦ ᠬᠤᠭᠤᠴᠠᠭᠠᠨ ᠳᠤ ᠮᠡᠳᠡᠭᠡ ᠵᠠᠩᠭᠢ ᠳᠤ ᠣᠨᠳᠣᠣ ᠰᠠᠨᠠᠯ ᠲᠠᠢ ᠪᠠᠶᠢᠪᠠᠯ᠂ 0471-6284550 ᠤᠲᠠᠰᠤ ᠪᠠᠷ ᠳᠠᠮᠵᠢᠭᠤᠯᠤᠨ ᠵᠠᠭᠠᠯᠳᠤᠵᠤ ᠭᠤᠮᠣᠳᠠᠯ ᠲᠣᠭᠠᠴᠢᠵᠤ ᠪᠣᠯᠣᠨ᠎ᠠ᠃      ᠨᠢᠭᠡ᠂ ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ 1 ᠵᠢᠯ ᠤᠨ ᠳᠣᠲᠣᠷ᠎ᠠ ᠬᠠᠤᠯᠢ ᠠᠴᠠ ᠵᠥᠷᠢᠴᠡᠨ ᠬᠡᠮᠵᠢᠶ᠎ᠡ ᠠᠴᠠ ᠬᠡᠲᠦᠷᠡᠭᠦᠯᠦᠭᠰᠡᠨ ᠨᠢ 3 ᠤᠳᠠᠭ᠎ᠠ ᠠᠴᠠ ᠬᠡᠲᠦᠷᠡᠪᠡ
     ᠬᠤᠶᠠᠷ᠂ ᠵᠠᠮ ᠲᠡᠭᠡᠭᠡᠪᠦᠷᠢ ᠶᠢᠨ ᠠᠵᠤ ᠠᠬᠤᠶᠢᠯᠠᠯ ᠤᠨ 1 ᠵᠢᠯ ᠤᠨ ᠳᠣᠲᠣᠷ᠎ᠠ ᠬᠠᠤᠯᠢ ᠠᠴᠠ ᠵᠥᠷᠢᠴᠡᠨ ᠬᠡᠮᠵᠢᠶ᠎ᠡ ᠠᠴᠠ ᠬᠡᠲᠦᠷᠡᠭᠦᠯᠦᠭᠰᠡᠨ ᠪᠠᠷᠠᠭ᠎ᠠ ᠶᠢᠨ ᠲᠡᠭᠡᠭᠡᠪᠦᠷᠢ ᠶᠢᠨ ᠲᠡᠷᠭᠡ ᠬᠥᠰᠬᠡ 10% ᠶᠢ ᠬᠡᠲᠦᠷᠡᠪᠡ
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号