︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠤᠯ ᠱᠤᠭᠤᠮ ᠤᠨ ᠵᠠᠰᠠᠮᠠᠯ ᠵᠠᠮ ᠤᠨ ᠵᠠᠮ  ᠳᠤ ᠬᠤᠯᠪᠣᠭᠳᠠᠬᠤ ᠢᠨᠵᠧᠨᠧᠷᠢᠩ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠴᠤᠪᠤᠷᠠᠯ︾ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2023/4/4
ᠡᠯ᠎ᠡ ᠠᠶᠢᠮᠠᠭ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠦᠶᠯᠡᠰ ᠤᠨ ᠬᠥᠭᠵᠢᠯᠲᠡ ᠶᠢᠨ ᠲᠥᠪ᠂ ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠷᠦᠩᠬᠡᠶ ᠠᠩᠭᠢ᠂ ᠥᠪᠥᠷ ᠮᠣᠩᠭᠤᠯ ᠤᠨ ᠳᠡᠭᠡᠳᠦ ᠬᠤᠷᠳᠤ ᠶᠢᠨ ᠵᠠᠰᠠᠮᠠᠯ ᠵᠠᠮ ᠤᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠵᠠᠰᠠᠮᠠᠯ ᠵᠠᠮ ᠤᠨ ᠵᠠᠮ ᠬᠠᠷᠢᠯᠴᠠᠭᠠᠨ ᠤ ᠪᠠᠯᠠ ᠣᠷᠣᠭᠤᠯᠤᠯᠲᠠ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ᠄      ᠥᠪᠡᠷᠲᠡᠭᠡᠨ ᠵᠠᠰᠠᠬᠤ ᠣᠷᠣᠨ ᠤ ︽ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ ᠪᠠᠨ ᠰᠢᠯᠢᠳᠡᠭᠵᠢᠭᠦᠯᠵᠦ ᠠᠵᠢᠯ ᠤᠨ ᠴᠤᠪᠤᠷᠠᠯ ᠢ ᠰᠢᠯᠢᠳᠡᠭᠵᠢᠭᠦᠯᠬᠦ︾ ᠲᠤᠰᠬᠠᠶ ᠠᠵᠢᠯᠯᠠᠭ᠎ᠠ ᠶᠢᠨ ᠠᠵᠢᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠪᠦᠬᠦ ᠣᠷᠣᠨ ᠤ ᠭᠤᠤᠯ ᠱᠤᠭᠤᠮ ᠤᠨ ᠵᠠᠰᠠᠮᠠᠯ ᠵᠠᠮ ᠤᠨ ᠵᠠᠮ ᠳᠤ ᠬᠤᠯᠪᠣᠭᠳᠠᠬᠤ ᠢᠨᠵᠧᠨᠧᠷᠢᠩ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠴᠤᠪᠤᠷᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠶᠢᠨ ᠲᠤᠰᠠᠳᠠ᠂ ᠲᠢᠩᠬᠢᠮ ᠠᠴᠠ ᠵᠠᠮ ᠳᠤ ᠬᠤᠯᠪᠣᠭᠳᠠᠬᠤ ᠢᠨᠵᠧᠨᠧᠷᠢᠩ ᠤᠨ ᠵᠠᠰᠠᠭ ᠵᠠᠬᠢᠷᠭᠠᠨ ᠤ ᠵᠥᠪᠰᠢᠶᠡᠷᠡᠯ ᠢ ᠭᠦᠶᠴᠡᠳᠬᠡᠬᠦ ᠪᠠᠶᠢᠭᠤᠯᠭ᠎ᠠ᠂ ᠭᠤᠶᠤᠴᠢᠯᠠᠬᠤ ᠮᠠᠲ᠋ᠧᠷᠢᠶᠠᠯ᠂ ᠬᠢᠨᠠᠨ ᠪᠠᠶᠢᠴᠠᠭᠠᠬᠤ ᠴᠠᠭ ᠬᠤᠭᠤᠴᠠᠭ᠎ᠠ ᠶᠢ ᠲᠣᠳᠣᠷᠬᠠᠶᠢᠯᠠᠵᠤ᠂ ᠵᠠᠮ ᠳᠤ ᠬᠤᠯᠪᠣᠭᠳᠠᠬᠤ ᠢᠨᠵᠧᠨᠧᠷᠢᠩ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠴᠤᠪᠤᠷᠠᠯ  ᠤᠨ ᠵᠢᠷᠤᠭ ᠪᠠ ᠵᠠᠰᠠᠭ ᠵᠠᠬᠢᠷᠭᠠᠨ ᠤ ᠵᠥᠪᠰᠢᠶᠡᠷᠡᠯ ᠤᠨ ᠤᠯᠠᠷᠢᠯ ᠤᠨ ᠮᠡᠳᠡᠭᠦᠯᠬᠦ ᠬᠦᠰᠦᠨᠦᠭᠲᠦ ᠶᠢ ᠳᠠᠬᠢᠨ ᠰᠢᠨ᠎ᠡ  ᠪᠠᠷ ᠲᠣᠭᠲᠠᠭᠠᠬᠤ ᠶᠢᠨ ᠬᠠᠮᠲᠤ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠮᠢᠶ᠎ᠠ ᠪᠦᠬᠦᠢ ᠪᠢᠴᠢᠭ ᠬᠠᠷ᠎ᠠ ᠶᠢ ᠬᠤᠷᠢᠶᠠᠩᠭᠤᠶᠢᠯᠠᠨ ︵ᠳᠠᠭᠠᠯᠳᠤᠭᠤᠯᠤᠯ ᠳᠤ ᠨᠠᠷᠢᠨ ᠦᠵᠡᠭᠡᠷᠡᠶ︶᠂ ᠡᠯ᠎ᠡ ᠨᠢᠭᠡᠴᠢ ᠨᠦᠭᠦᠳ ᠴᠢᠩᠭ᠎ᠠ ᠬᠡᠷᠡᠭᠵᠢᠭᠦᠯᠬᠦ ᠬᠡᠷᠡᠭᠲᠡᠶ᠃ ᠬᠡᠷᠡᠭᠵᠢᠭᠦᠯᠬᠦ ᠶᠠᠪᠤᠴᠠ ᠳᠤ ᠬᠡᠷᠪᠡ ᠵᠠᠰᠠᠪᠤᠷᠢ ᠣᠷᠣᠭᠤᠯᠬᠤ ᠰᠠᠨᠠᠭᠤᠯᠭ᠎ᠠ ᠪᠠᠶᠢᠪᠠᠯ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠵᠠᠰᠠᠮᠠᠯ ᠵᠠᠮ ᠤᠨ ᠭᠠᠵᠠᠷ ᠲᠤ ᠴᠠᠭ ᠲᠤᠬᠠᠶ ᠳᠤ ᠨᠢ ᠬᠠᠷᠢᠭᠤ ᠲᠤᠰᠬᠠᠵᠤ᠂ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠳᠤ ᠲᠥᠬᠦᠮ ᠦᠵᠡᠭᠦᠯᠬᠦ ᠬᠡᠷᠡᠭᠲᠡᠶ᠃      ᠬᠠᠷᠢᠯᠴᠠᠬᠤ ᠬᠥᠮᠦᠨ᠄ ᠡᠦ ᡁᠢ ᠶᠠᠩ᠂ ᠬᠠᠷᠢᠯᠴᠠᠬᠤ ᠤᠲᠠᠰᠤ᠄ 0471 - 6965356      ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠤᠯ ᠱᠤᠭᠤᠮ ᠤᠨ ᠵᠠᠰᠠᠮᠠᠯ ᠵᠠᠮ ᠤᠨ ᠵᠠᠮ ᠳᠤ ᠬᠤᠯᠪᠣᠭᠳᠠᠬᠤ ᠢᠨᠵᠧᠨᠧᠷᠢᠩ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠴᠤᠪᠤᠷᠠᠯ.doc      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ                                 2023 ᠣᠨ ᠤ 3 ᠳ᠋ᠤᠭᠠᠷ ᠰᠠᠷ᠎ᠠ ᠶᠢᠨ 31 ᠤ ᠡᠳᠦᠷ
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号