ᠬᠤᠶᠠᠳᠤᠭᠠᠷ ᠳᠡᠰ ᠤᠨ ᠥᠷᠲᠡᠭ ᠦᠶᠯᠡᠳᠦᠭᠴᠢ ᠶᠢᠨ ᠡᠯᠧᠺᠲᠷᠣᠨ ᠳᠠᠩᠰᠠᠯᠠᠭᠤᠯᠤᠭᠰᠠᠨ ᠦᠨᠡᠮᠯᠡᠯ ᠨᠢ ᠬᠡᠵᠢᠶ᠎ᠡ ᠭᠠᠷ ᠭᠦᠶᠴᠡᠳᠬᠡᠯ ᠬᠢᠵᠦ ᠪᠣᠯᠬᠤ ᠪᠣᠶ
ᠨᠡᠶᠢᠲᠡᠯᠡᠭᠰᠡᠨ ᠴᠠᠭ᠄
2023/5/22
     ᠯᠠᠪᠯᠠᠬᠤ ᠠᠭᠤᠯᠭ᠎ᠠ᠄ ᠮᠢᠨᠦ ᠰᠢᠯᠭᠠᠵᠤ ᠣᠯᠤᠭᠰᠠᠨ ᠬᠤᠶᠠᠳᠤᠭᠠᠷ ᠳᠡᠰ ᠤᠨ ᠥᠷᠲᠡᠭ ᠦᠶᠯᠡᠳᠦᠭᠴᠢ ︵ᠵᠠᠮ ᠬᠠᠷᠢᠯᠴᠠᠭ᠎ᠠ ᠲᠡᠭᠡᠭᠡᠪᠦᠷᠢ ᠶᠢᠨ ᠢᠨᠵᠧᠨᠧᠷᠢᠩ︶ ᠨᠢ ᠵᠥᠪᠬᠡᠨ ᠰᠦᠯᠵᠢᠶᠡᠨ ᠳᠡᠭᠡᠷ᠎ᠡ ᠳᠠᠩᠰᠠᠯᠠᠭᠤᠯᠤᠭᠰᠠᠨ ᠮᠡᠳᠡᠭᠡ ᠵᠠᠩᠭᠢ ᠲᠠᠢ᠂ ᠲᠡᠭᠡᠪᠡᠯ ᠬᠡᠵᠢᠶ᠎ᠡ ᠬᠤᠶᠠᠳᠤᠭᠠᠷ ᠳᠡᠰ ᠤᠨ ᠥᠷᠲᠡᠭ ᠦᠶᠯᠡᠳᠦᠭᠴᠢ ︵ᠵᠠᠮ ᠬᠠᠷᠢᠯᠴᠠᠭ᠎ᠠ   ᠲᠡᠭᠡᠭᠡᠪᠦᠷᠢ ᠶᠢᠨ ᠢᠨᠵᠧᠨᠧᠷᠢᠩ︶ ᠶᠢᠨ ᠡᠯᠧᠺᠲᠷᠣᠨ ᠳᠠᠩᠰᠠᠯᠠᠭᠤᠯᠤᠭᠰᠠᠨ ᠦᠨᠡᠮᠯᠡᠯ ᠲᠠᠷᠬᠠᠭᠠᠬᠤ ᠪᠣᠶ᠂ ᠪᠣᠳᠠᠲᠠᠶ ᠠᠵᠢᠯ ᠤᠨ ᠳᠤᠮᠳᠠ ᠦᠷᠭᠦᠯᠵᠢ ᠡᠨᠡ ᠦᠨᠡᠮᠯᠡᠯ ᠢ ᠬᠡᠷᠡᠭᠯᠡᠬᠦ ᠴᠢᠬᠤᠯᠠᠲᠠᠶ ᠤᠴᠢᠷ ᠠᠴᠠ᠂ ᠭᠡᠪᠡᠴᠦ ᠣᠳᠣᠬᠠᠨ ᠳᠤ ᠵᠥᠪᠬᠡᠨ ᠰᠦᠯᠵᠢᠶᠡᠨ ᠳᠡᠭᠡᠷ᠎ᠡ ᠳᠠᠩᠰᠠᠯᠠᠭᠤᠯᠤᠭᠰᠠᠨ ᠮᠡᠳᠡᠭᠡ ᠵᠠᠩᠭᠢ ᠲᠠᠢ᠂ ᠪᠣᠳᠠᠲᠠᠶ ᠠᠵᠢᠯ ᠳᠤ ᠮᠠᠰᠢ ᠣᠯᠠᠨ ᠳᠥᠭᠦᠮ ᠦᠭᠡᠢ ᠪᠠᠶᠢᠳᠠᠯ ᠢ ᠠᠪᠴᠢᠷᠠᠵᠠᠶ᠃      ᠬᠠᠷᠢᠭᠤᠯᠲᠠ᠄ ︽ᠵᠠᠮ ᠬᠠᠷᠢᠯᠴᠠᠭ᠎ᠠ ᠲᠡᠭᠡᠭᠡᠪᠦᠷᠢ ᠶᠢᠨ ᠢᠨᠵᠧᠨᠧᠷᠢᠩ ᠤᠨ ᠥᠷᠲᠡᠭ ᠦᠶᠯᠡᠳᠦᠭᠴᠢ ᠶᠢᠨ ᠢᠨᠵᠧᠨᠧᠷ ᠢ ᠳᠠᠩᠰᠠᠯᠠᠭᠤᠯᠬᠤ ᠬᠠᠮᠢᠶᠠᠷᠤᠯᠲᠠ ᠶᠢᠨ ᠠᠷᠭ᠎ᠠ︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ 2023 ᠣᠨ ᠤ 4 ᠳ᠋ᠦ᠋ᠭᠡᠷ ᠰᠠᠷ᠎ᠠ ᠳᠤ ᠨᠢᠭᠡᠨᠲᠡ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠰᠠᠶᠢᠳ ᠤᠨ ᠵᠠᠷᠯᠢᠭ ︵2023 ᠣᠨ ᠤ 2 ᠳ᠋ᠤᠭᠠᠷ ᠲᠣᠭᠠᠲᠤ︶ ᠢᠶᠠᠷ ᠨᠡᠶᠢᠲᠡᠯᠡᠭᠰᠡᠨ ᠪᠥᠭᠡᠳ 2023 ᠣᠨ ᠤ 8 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ᠠᠷᠭ᠎ᠠ ᠳᠤ ᠨᠢᠭᠡᠳᠦᠭᠡᠷ ᠳᠡᠰ᠂ ᠬᠤᠶᠠᠳᠤᠭᠠᠷ ᠳᠡᠰ ᠤᠨ ᠥᠷᠲᠡᠭ ᠦᠢᠯᠡᠳᠦᠭᠴᠢ ᠶᠢᠨ ᠢᠨᠵᠧᠨᠧᠷ ᠤᠨ ᠠᠵᠢᠯ ᠡᠷᠭᠢᠯᠡᠬᠦ ᠬᠢᠷᠢ ᠬᠡᠮ ᠲᠠᠢ ᠬᠥᠮᠦᠰ ᠤᠨ ᠳᠠᠩᠰᠠᠯᠠᠭᠤᠯᠬᠤ ᠬᠠᠮᠢᠶᠠᠷᠤᠯᠲᠠ ᠶᠢᠨ ᠠᠷᠭ᠎ᠠ ᠶᠢ ᠲᠣᠳᠣᠷᠬᠠᠶᠢᠯᠠᠵᠤ᠂ ᠲᠡᠭᠦᠨ ᠤ ᠳᠠᠩᠰᠠᠯᠠᠭᠤᠯᠤᠭᠰᠠᠨ ᠦᠨᠡᠮᠯᠡᠯ ᠤᠨ ᠡᠯᠧᠺᠲᠷᠣᠨ ᠦᠨᠡᠮᠯᠡᠯ ᠪᠠ ᠴᠠᠭᠠᠰᠤᠨ ᠦᠨᠡᠮᠯᠡᠯ ᠤᠨ ᠬᠡᠪ ᠶᠠᠩᠵᠤ ᠶᠢ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠠᠴᠠ ᠨᠢᠭᠡᠳᠦᠯᠲᠡᠶ ᠲᠣᠭᠲᠠᠭᠠᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠳᠠᠩᠰᠠᠯᠠᠭᠤᠯᠤᠭᠰᠠᠨ ᠦᠨᠡᠮᠯᠡᠯ ᠤᠨ ᠬᠡᠪ ᠶᠠᠩᠵᠤ ᠶᠢ ᠨᠡᠶᠢᠲᠡᠯᠡᠭᠰᠡᠨ ᠤ ᠳᠠᠷᠠᠭ᠎ᠠ᠂ ᠴᠠᠭ ᠲᠤᠬᠠᠶ ᠳᠤ ᠨᠢ ᠲᠣᠭᠲᠠᠭᠠᠯ ᠶᠣᠰᠣᠭᠠᠷ ᠲᠠᠷᠬᠠᠭᠠᠨ᠎ᠠ᠃
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号