ᠣᠯᠠᠨ ᠤᠯᠤᠰ ᠤᠨ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ ᠢ ᠰᠢᠨ᠎ᠡ ᠪᠠᠷ ᠨᠡᠮᠡᠬᠦ ᠶᠢ ᠵᠥᠪᠰᠢᠶᠡᠷᠡᠬᠦ ᠠᠴᠠ ᠡᠮᠦᠨᠡᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2023/7/19
     ᠣᠯᠠᠨ ᠤᠯᠤᠰ ᠤᠨ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ ᠢ ᠰᠢᠨ᠎ᠡ ᠪᠠᠷ ᠨᠡᠮᠡᠬᠦ ᠶᠢ ᠵᠥᠪᠰᠢᠶᠡᠷᠡᠬᠦ ᠠᠴᠠ ᠡᠮᠦᠨᠡᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠠᠯᠪᠠᠨ ᠵᠠᠷᠯᠠᠯ      ᠣᠶᠢᠷ᠎ᠠ ᠶᠢᠨ ᠬᠤᠭᠤᠴᠠᠭᠠᠨ ᠤ ᠮᠠᠨ ᠤ ᠣᠷᠣᠨ ᠤ ᠰᠢᠯᠢ ᠶᠢᠨ ᠭᠤᠤᠯ ᠤᠨ ᠠᠨ ᠱᠦᠨ ᠲᠡᠭᠡᠭᠡᠪᠦᠷᠢ ᠶᠢᠨ ᠬᠢᠵᠠᠭᠠᠷᠲᠤ ᠺᠣᠮᠫᠠᠨᠢ ᠨᠢ ᠵᠡᠭᠦᠨ ᠦᠵᠦᠮᠦᠴᠢᠨ ᠬᠤᠰᠢᠭᠤ ᠠᠴᠠ ᠮᠣᠩᠭᠤᠯ ᠤᠯᠤᠰ ᠤᠨ ᠡᠷᠳᠡᠨᠢᠴᠠᠭᠠᠨ ᠬᠦᠷᠬᠦ ᠡᠭᠡᠯᠵᠢ ᠶᠢᠨ ᠱᠤᠭᠤᠮ ᠨᠡᠮᠡᠬᠦ ᠪᠠᠷ ᠭᠤᠶᠤᠴᠢᠯᠠᠭᠰᠠᠨ ᠬᠠᠮᠢᠶ᠎ᠠ ᠪᠥᠬᠦᠶ ᠪᠠᠶᠢᠳᠠᠯ ᠢ ᠡᠳᠦᠭᠡ ᠵᠠᠷᠯᠠᠨ ᠨᠡᠶᠢᠲᠡᠯᠡᠵᠦ᠂ ᠡᠯ᠎ᠡ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠬᠠᠮᠢᠶ᠎ᠠ ᠪᠥᠬᠦᠶ ᠡᠵᠡᠩᠨᠡᠯᠲᠡ ᠶᠢᠨ ᠠᠵᠤ ᠠᠬᠤᠶᠢᠯᠠᠯ᠂ ᠨᠡᠶᠢᠭᠡᠮ ᠨᠡᠶᠢᠲᠡ ᠶᠢᠨ ᠰᠠᠨᠠᠯ ᠪᠤᠶᠤ ᠰᠠᠨᠠᠭᠤᠯᠭ᠎ᠠ ᠶᠢ ᠢᠯᠡ ᠪᠠᠷ ᠬᠤᠷᠢᠶᠠᠵᠤ᠂ ᠰᠠᠨᠠᠯ ᠪᠤᠶᠤ ᠰᠠᠨᠠᠭᠤᠯᠭ᠎ᠠ ᠪᠠᠨ 2023 ᠣᠨ ᠤ 7 ᠳ᠋ᠤᠭᠠᠷ ᠰᠠᠷ᠎ᠠ ᠶᠢᠨ 21 ᠤ ᠡᠳᠦᠷ ᠠᠴᠠ ᠡᠮᠦᠨ᠎ᠡ ᠡᠯᠧᠺᠲᠷᠣᠨ ᠰᠢᠦᠳᠠᠨ ᠤ ᠵᠦᠶᠯ ᠪᠤᠶᠤ ᠪᠢᠴᠢᠭ ᠤᠨ ᠬᠡᠯᠪᠡᠷᠢ ᠪᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠳᠤ ᠮᠡᠳᠡᠭᠦᠯᠦᠭᠡᠷᠡᠢ᠃ ᠬᠠᠷᠢᠭᠤ ᠲᠤᠰᠬᠠᠭᠰᠠᠨ ᠰᠠᠨᠠᠯ ᠨᠢ ᠵᠠᠰᠠᠭ ᠵᠠᠬᠢᠷᠭᠠᠨ ᠤ ᠪᠠᠶᠢᠭᠤᠯᠭ᠎ᠠ᠂ ᠠᠵᠤ ᠠᠬᠤᠶᠢᠯᠠᠯ ᠪᠤᠶᠤ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠢᠶᠠᠷ ᠨᠢᠭᠡᠴᠢ ᠪᠣᠯᠭᠠᠵᠤ᠂ ᠠᠵᠤ ᠠᠬᠤᠶᠢᠯᠠᠯ ᠢᠶᠠᠷ ᠨᠢᠭᠡᠴᠢ ᠪᠣᠯᠭᠠᠭᠰᠠᠨ ᠪᠣᠯ ᠠᠵᠤ ᠠᠬᠤᠶᠢᠯᠠᠯ ᠤᠨ ᠠᠯᠪᠠᠨ ᠲᠠᠮᠠᠭ᠎ᠠ ᠳᠠᠷᠤᠵᠤ ᠬᠠᠷᠢᠯᠴᠠᠬᠤ ᠠᠷᠭ᠎ᠠ ᠪᠠᠨ ᠲᠣᠳᠤᠷᠬᠠᠶᠢᠯᠠᠨ᠂ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠢᠶᠠᠷ ᠨᠢᠭᠡᠴᠢ ᠪᠣᠯᠭᠠᠭᠰᠠᠨ ᠪᠣᠯ ᠦᠨᠡᠨ ᠪᠣᠳᠠᠲᠠᠶ ᠣᠪᠣᠭ ᠨᠡᠷ᠎ᠡ ᠵᠢᠴᠢ ᠬᠠᠷᠢᠯᠴᠠᠬᠤ ᠠᠷᠭ᠎ᠠ ᠪᠠᠨ ᠲᠣᠳᠣᠷᠬᠠᠶᠢᠯᠠᠵᠤ᠂ ᠴᠠᠭ ᠲᠤᠬᠠᠶ ᠳᠤ ᠨᠢ ᠬᠢᠨᠠᠨ ᠬᠠᠷᠭᠤᠭᠤᠯᠬᠤ ᠳᠤ ᠲᠥᠬᠦᠮ ᠪᠣᠯᠭᠠᠬᠤ ᠬᠡᠷᠡᠭᠲᠡᠶ᠃       ᠬᠠᠶ᠋ᠢᠭ᠄ ᠥᠪᠥᠷ ᠮᠣᠩᠭᠤᠯ ᠤᠨ ᠬᠥᠬᠡᠬᠤᠲᠠ ᠶᠢᠨ ᠰᠠᠶᠢᠬᠠᠨ ᠲᠣᠭᠤᠷᠢᠭ ᠤᠨ ᠭᠠᠵᠠᠷ ᠰᠢᠨᠵᠢᠯᠡᠭᠡᠨ ᠤ ᠲᠣᠪᠴᠢᠶ᠎ᠠ ᠶᠢᠨ ᠡᠮᠦᠨ᠎ᠡ ᠵᠡᠭᠡᠯᠢ ᠶᠢᠨ 68 ᠳ᠋ᠤᠭᠠᠷ ᠨᠣᠮᠧᠷ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ      ᠰᠢᠦᠳᠠᠨ ᠳ᠋ᠤᠭᠠᠷ᠄ 010020      ᠳ᠋ᠢᠶᠠᠩᠬᠤᠸᠠ᠂ ᠹᠠᠺᠰ᠄ 0471 - 6386307      ᠢᠮᠧᠯ᠄ nmgysfwc@126.com      ᠵᠠᠷᠯᠠᠨ ᠨᠡᠶᠢᠲᠡᠯᠡᠬᠦ ᠬᠤᠭᠤᠴᠠᠭ᠎ᠠ᠄ 2023 ᠣᠨ ᠤ 7 ᠳ᠋ᠤᠭᠠᠷ ᠰᠠᠷ᠎ᠠ ᠶᠢᠨ 17 ᠤ ᠡᠳᠦᠷ ᠠᠴᠠ 21 ᠤ ᠡᠳᠦᠷ ᠪᠣᠯᠲᠠᠯ᠎ᠠ      ᠳᠠᠭᠠᠯᠳᠤᠭᠤᠯᠤᠯ᠄ ᠣᠯᠠᠨ ᠤᠯᠤᠰ ᠤᠨ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ ᠢ ᠰᠢᠨ᠎ᠡ ᠪᠠᠷ ᠨᠡᠮᠡᠬᠦ ᠶᠢ ᠭᠤᠶᠤᠴᠢᠯᠠᠬᠤ ᠠᠵᠤ ᠠᠬᠤᠶᠢᠯᠠᠯ ᠤᠨ ᠳᠠᠩᠰᠠᠯᠠᠬᠤ ᠬᠦᠰᠦᠨᠦᠭ
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号