ᠬᠢᠩᠭᠠᠨ ᠠᠶᠢᠮᠠᠭ ᠤᠨ ᠵᠠᠬᠢᠷᠭ᠎ᠠ ᠬᠢᠭᠡᠳ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠴᠠᠬᠢᠯᠭᠠᠨ ᠴᠡᠨᠡᠭᠯᠡᠬᠦ ᠪᠠᠭᠠᠨ᠎ᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠲᠤᠷᠠᠯᠴᠠᠭᠠᠨ ᠤ ᠪᠣᠷᠣ ᠲᠥᠯᠥᠪ ᠤᠨ ᠵᠥᠪᠯᠡᠯᠴᠡᠭᠡᠷ ᠲᠣᠭᠲᠠᠪᠠ
ᠨᠡᠶᠢᠲᠡᠯᠡᠭᠰᠡᠨ ᠴᠠᠭ᠄
2023/8/10
     8 ᠳ᠋ᠤᠭᠠᠷ ᠰᠠᠷ᠎ᠠ ᠶᠢᠨ 8 ᠤ ᠡᠳᠦᠷ᠂ ᠬᠢᠩᠭᠠᠨ ᠠᠶᠢᠮᠠᠭ ᠤᠨ ᠵᠠᠬᠢᠷᠭ᠎ᠠ ᠬᠢᠭᠡᠳ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠴᠠᠬᠢᠯᠭᠠᠨ ᠴᠡᠨᠡᠭᠯᠡᠬᠦ ᠪᠠᠭᠠᠨ᠎ᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠲᠤᠷᠠᠯᠴᠠᠭᠠᠨ ᠤ ᠪᠣᠷᠣ ᠲᠥᠯᠥᠪ ᠤᠨ ᠵᠥᠪᠯᠡᠯᠴᠡᠭᠡᠷ ᠲᠣᠭᠲᠠᠪᠠ᠃ ᠬᠢᠩᠭᠠᠨ ᠠᠶᠢᠮᠠᠭ ᠤᠨ ᠳᠡᠳ᠋ ᠳᠠᠷᠤᠭ᠎ᠠ ᠯᠢᠶᠠᠩ ᠶᠠᠨ ᠵᠢᠶᠦ᠋ᠨ᠂ ᠥᠪᠥᠷ ᠮᠣᠩᠭᠤᠯ ᠤᠨ ᠵᠠᠮ ᠬᠠᠷᠢᠯᠴᠠᠭᠠᠨ ᠤ ᠪᠦᠯᠦᠭᠯᠡᠯ ᠤᠨ ᠶᠡᠷᠦᠩᠬᠡᠢ ᠳᠠᠭᠠᠭᠠᠮᠠᠯ ᠯᠢᠦ ᠰᠢᠤᠸᠠᠢ ᠦ᠋ ᠬᠤᠶᠠᠷ ᠲᠠᠯ᠎ᠠ ᠶᠢ ᠲᠥᠯᠥᠭᠡᠯᠡᠨ ᠭᠡᠷ᠎ᠡ ᠲᠣᠭᠲᠠᠪᠠ᠃ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠳᠠᠷᠤᠭ᠎ᠠ ᠭᠤᠤ ᠱᠢ ᠴᠢᠨ ᠤ ᠨᠠᠶᠢᠳᠠᠯᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠡᠷᠬᠢᠯᠡᠭᠴᠢ ᠷᠦᠩ ᠶᠣᠣ ᠭᠡᠷ᠎ᠡ ᠲᠣᠭᠲᠠᠬᠤ ᠶᠢ ᠭᠡᠷᠡᠴᠢᠯᠡᠵᠡᠢ᠃
     ᠵᠥᠪᠯᠡᠯᠴᠡᠭᠡᠷ ᠢ ᠦᠨᠳᠦᠰᠦᠯᠡᠪᠡᠯ᠂ ᠬᠤᠶᠠᠷ ᠲᠠᠯ᠎ᠠ ᠪᠠᠷ ᠢᠶᠠᠨ ᠬᠢᠩᠭᠠᠨ ᠠᠶᠢᠮᠠᠭ ᠤᠨ ᠭᠠᠵᠠᠷ ᠣᠷᠣᠨ ᠤ ᠲᠠᠷᠢᠶᠠᠯᠠᠬᠤ ᠮᠠᠯᠵᠢᠬᠤ ᠣᠷᠣᠨ ᠤ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠲᠠᠯ᠎ᠠ ᠪᠠᠷ ᠬᠠᠮᠲᠤᠷᠠᠯᠴᠠᠭ᠎ᠠ ᠪᠠᠨ ᠴᠢᠩᠭᠠᠳᠬᠠᠵᠤ᠂ ᠲᠠᠷᠢᠶᠠᠯᠠᠬᠤ ᠮᠠᠯᠵᠢᠬᠤ ᠣᠷᠣᠨ ᠤ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠰᠢᠢᠳᠪᠦᠷᠢᠯᠡᠬᠦ ᠶᠢ ᠬᠠᠮᠲᠣ ᠪᠠᠷ ᠠᠬᠢᠭᠤᠯᠵᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠡᠷᠡᠭᠯᠡᠭᠡᠨ ᠤ ᠳᠠᠯᠳᠠ ᠬᠦᠴᠦᠨ ᠢ ᠬᠥᠭᠵᠢᠭᠡᠵᠦ᠂ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠬᠥᠳᠡᠭᠡ ᠪᠠᠭᠤᠯᠭᠠᠬᠤ ᠶᠢ ᠨᠠᠩ ᠰᠠᠶᠢᠲᠤᠷ ᠳᠡᠮᠵᠢᠨ᠎ᠡ᠃
     ᠭᠠᠷ ᠤᠨ ᠦᠰᠦᠭ ᠵᠢᠷᠤᠬᠤ ᠶᠣᠰᠣᠯᠠᠯ ᠠᠴᠠ ᠡᠮᠦᠨ᠎ᠡ᠂ ᠬᠢᠩᠭᠠᠨ ᠠᠶᠢᠮᠠᠭ ᠤᠨ ᠵᠠᠬᠢᠷᠭ᠎ᠠ ᠨᠢ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠴᠠᠬᠢᠯᠭᠠᠨ ᠴᠡᠨᠡᠭᠯᠡᠬᠦ ᠪᠠᠭᠠᠨ᠎ᠠ ᠶᠢᠨ ᠪᠦᠲᠦᠭᠡᠨ ᠪᠠᠶᠢᠭᠤᠯᠤᠯᠲᠠ ᠶᠢᠨ ᠲᠤᠰᠬᠠᠢ ᠠᠵᠢᠯ ᠤᠨ ᠳᠤᠭᠤᠶᠢᠯᠠᠩ ᠲᠠᠢ ᠶᠠᠷᠢᠯᠴᠠᠬᠤ ᠬᠤᠷᠠᠯ ᠬᠢᠪᠡ᠃ ᠬᠤᠶᠠᠷ ᠲᠠᠯ᠎ᠠ ᠪᠠᠷ ᠢᠶᠠᠨ ︽ᠲᠠᠪᠤ ᠶᠢ ᠨᠢᠭᠡᠳᠬᠡᠬᠦ︾ ᠶᠢ ᠨᠠᠶᠢᠳᠠᠪᠤᠷᠢᠵᠢᠭᠤᠯᠬᠤ ᠲᠣᠭᠤᠷᠢᠨ ᠳᠤ᠂ ᠵᠠᠮ ᠬᠠᠷᠢᠯᠴᠠᠭᠠᠨ ᠤ ᠪᠦᠯᠦᠭᠯᠡᠯ ᠤᠨ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠬᠦ᠂ ᠡᠵᠡᠩᠨᠡᠯᠲᠡ ᠶᠢᠨ ᠣᠷᠴᠢᠨ ᠨᠦᠬᠦᠴᠡᠯ ᠢ ᠰᠢᠯᠢᠳᠡᠭᠵᠢᠭᠦᠯᠬᠦ ᠶᠢ ᠳᠡᠮᠵᠢᠬᠦ ᠵᠡᠷᠭᠡ ᠲᠠᠯ᠎ᠠ ᠪᠠᠷ ᠰᠣᠯᠢᠯᠴᠠᠭ᠎ᠠ ᠬᠢᠵᠦ᠂ ᠰᠣᠯᠢᠯᠴᠠᠭ᠎ᠠ ᠬᠠᠮᠲᠤᠷᠠᠯᠴᠠᠭ᠎ᠠ ᠪᠠᠨ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ ᠶᠢ ᠠᠬᠢᠭᠤᠯᠵᠤ᠂ ᠬᠤᠳᠠ ᠬᠥᠳᠡᠭᠡ ᠶᠢᠨ ᠴᠠᠬᠢᠯᠭᠠᠨ ᠴᠡᠨᠡᠭᠯᠡᠬᠦ ᠪᠦᠷᠢᠨ ᠲᠡᠭᠦᠯᠳᠡᠷ ᠰᠠᠭᠤᠷᠢ ᠲᠥᠬᠦᠭᠡᠷᠦᠮᠵᠢ ᠶᠢᠨ ᠲᠣᠣᠷ ᠢ ᠲᠦᠷᠭᠡᠨ ᠪᠠᠶᠢᠭᠤᠯᠵᠤ᠂ ᠮᠠᠨ ᠤ ᠣᠷᠣᠨ ᠤ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠵᠦ᠂ ᠮᠠᠨ ᠤ ᠣᠷᠣᠨ ᠤ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠬᠤ ᠶᠢ ᠲᠤᠯᠭᠠᠭᠤᠷᠢᠯᠠᠨ ᠪᠠᠲᠤᠯᠠᠨ᠎ᠠ ᠭᠡᠵᠦ ᠰᠠᠨᠠᠯ ᠨᠢᠭᠡᠲᠡᠢ ᠢᠯᠡᠳᠬᠡᠪᠡ᠃                      ︵ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ                       ᠦᠢᠯᠡᠰ ᠤᠨ ᠬᠥᠭᠵᠢᠯᠲᠡ ᠶᠢᠨ ᠲᠥᠪ ︶
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号