ᠥᠪᠡᠷᠲᠡᠭᠡᠨ ᠵᠠᠰᠠᠬᠤ ᠣᠷᠣᠨ ᠤ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠠᠵᠢᠯᠯᠠᠭᠠᠨ ᠢ ᠬᠢᠨᠠᠨ ᠬᠡᠮᠵᠢᠬᠦ ᠬᠢᠭᠡᠳ ᠪᠠᠴᠢᠮ ᠪᠠᠶᠢᠳᠠᠯ ᠢ ᠠᠷᠭᠠᠴᠠᠭᠠᠨ ᠵᠢᠯᠤᠭᠤᠳᠬᠤ ᠲᠥᠪ ᠴᠠᠭ ᠠᠭᠤᠷ ᠤᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ ᠠᠵᠢᠯ ᠢ ᠴᠢᠩᠭᠠᠳᠬᠠᠪᠠ
ᠨᠡᠶᠢᠲᠡᠯᠡᠭᠰᠡᠨ ᠴᠠᠭ᠄
2023/8/10
     ᠣᠶᠢᠷ᠎ᠠ ᠶᠢᠨ ᠬᠤᠭᠤᠴᠠᠭᠠᠨ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠣᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠠᠵᠢᠯᠯᠠᠭᠠᠨ ᠢ ᠬᠢᠨᠠᠨ ᠬᠡᠮᠵᠢᠬᠦ ᠬᠢᠭᠡᠳ ᠪᠠᠴᠢᠮ ᠪᠠᠶᠢᠳᠠᠯ ᠢ ᠠᠷᠭᠠᠴᠠᠭᠠᠨ ᠵᠢᠯᠤᠭᠤᠳᠬᠤ ᠲᠥᠪ ᠤᠨ  ᠬᠢᠨ ᠴᠢᠬᠤᠯᠠ ᠶᠡᠭᠡ ᠴᠠᠭ ᠠᠭᠤᠷ ᠤᠨ ᠶᠠᠪᠤᠴᠠ ᠶᠢ ᠠᠷᠭᠠᠴᠠᠭᠠᠬᠤ ᠠᠵᠢᠯ ᠤᠨ ᠴᠢᠳᠠᠪᠤᠷᠢ ᠪᠠᠨ ᠲᠠᠰᠤᠷᠠᠯᠳᠡ ᠦᠭᠡᠢ ᠰᠢᠯᠢᠳᠡᠭᠵᠢᠭᠦᠯᠪᠡ᠃      ᠲᠤᠰ ᠲᠥᠪ ᠨᠢ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠦᠢᠯᠡᠴᠢᠯᠡᠭᠡᠨ ᠤ ᠲᠥᠪ ᠲᠠᠢ ᠬᠠᠮᠲᠤᠷᠠᠨ ᠵᠥᠪᠳᠡᠯᠴᠡᠵᠦ ᠰᠤᠳᠤᠯᠤᠨ ᠮᠠᠭᠠᠳᠯᠠᠬᠤ ᠪᠠᠨ ᠴᠢᠩᠭᠠᠳᠬᠠᠵᠤ᠂ ᠣᠯᠣᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠴᠠᠭ ᠠᠭᠤᠷ ᠤᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠠᠷᠭ᠎ᠠ ᠵᠠᠮ ᠢ ᠥᠷᠭᠡᠳᠬᠡᠪᠡ᠃ ᠠᠵᠤ ᠠᠬᠤᠶᠢᠯᠠᠯ ᠤᠨ ᠸᠢᠴᠡᠲ ᠢᠶᠠᠷ ᠳᠠᠮᠵᠢᠭᠤᠯᠤᠨ ᠪᠥᠬᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠳᠤ ᠴᠠᠭ ᠠᠭᠤᠷ ᠤᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠪᠡ᠃ 2023 ᠣᠨ ᠤ 7 ᠳ᠋ᠤᠭᠠᠷ ᠰᠠᠷ᠎ᠠ ᠶᠢᠨ 20 ᠤ ᠡᠳᠦᠷ ᠠᠴᠠ 8 ᠳ᠋ᠤᠭᠠᠷ ᠰᠠᠷ᠎ᠠ ᠶᠢᠨ 7 ᠤ ᠡᠳᠦᠷ ᠪᠣᠯᠲᠠᠯ᠎ᠠ᠂ ᠦᠶᠡᠷ ᠢ ᠰᠡᠷᠭᠡᠶᠢᠯᠡᠬᠦ ᠠᠵᠢᠯ ᠤᠨ ᠱᠠᠭᠠᠷᠳᠠᠯᠭ᠎ᠠ ᠶᠣᠰᠣᠭᠠᠷ᠂ ᠠᠵᠤ ᠠᠬᠤᠶᠢᠯᠠᠯ ᠤᠨ ᠸᠢᠴᠠᠲ ᠤᠨ  ᠪᠥᠬᠦ ᠣᠷᠣᠨ ᠤ ᠵᠠᠰᠠᠮᠠᠯ ᠵᠠᠮ ᠤᠨ ᠴᠠᠭ ᠠᠭᠤᠷ ᠤᠨ ᠬᠤᠯᠪᠣᠭᠠᠴᠢᠨ ᠢᠶᠠᠷ ᠳᠠᠮᠵᠢᠭᠤᠯᠤᠨ 1760 ᠵᠤᠷᠪᠤᠰ ᠴᠠᠭ ᠠᠭᠤᠷ ᠤᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠵᠦ᠂ ᠡᠭᠦᠨ ᠳᠤ ᠤᠯᠠᠭᠠᠨ ᠥᠩᠭᠡ ᠶᠢᠨ ᠲᠠᠰ ᠤᠨ ᠤᠷᠢᠳᠴᠢᠯᠠᠨ ᠰᠡᠷᠡᠮᠵᠢᠯᠡᠭᠦᠯᠬᠦ 15 ᠵᠤᠷᠪᠤᠰ᠂ ᠤᠯᠠᠪᠤᠷ ᠥᠩᠭᠡ ᠶᠢᠨ ᠲᠠᠰ ᠤᠨ ᠤᠷᠢᠳᠴᠢᠯᠠᠨ ᠰᠡᠷᠡᠮᠵᠢᠯᠡᠭᠦᠯᠬᠦ 397 ᠵᠤᠷᠪᠤᠰ᠂ ᠰᠢᠷ᠎ᠠ ᠥᠩᠭᠡ ᠶᠢᠨ ᠲᠠᠰ ᠤᠨ ᠤᠷᠢᠳᠴᠢᠯᠠᠨ ᠰᠡᠷᠡᠮᠵᠢᠯᠡᠭᠦᠯᠬᠦ 1159 ᠵᠤᠷᠪᠤᠰ᠂ ᠬᠥᠬᠡ ᠥᠩᠭᠡ ᠶᠢᠨ ᠲᠠᠰ ᠤᠨ ᠤᠷᠢᠳᠴᠢᠯᠠᠨ ᠰᠡᠷᠡᠮᠵᠢᠯᠡᠭᠦᠯᠬᠦ 189 ᠵᠤᠷᠪᠤᠰ᠂ ᠪᠥᠬᠦ ᠣᠷᠣᠨ ᠤ ᠭᠤᠣᠯ ᠪᠣᠯᠬᠤ ᠵᠠᠰᠠᠮᠠᠯ ᠵᠠᠮ ᠤᠨ ᠴᠠᠭ ᠠᠭᠤᠷ ᠤᠨ ᠨᠥᠬᠦᠴᠡᠯ ᠤᠨ ᠤᠷᠢᠳᠴᠢᠯᠠᠭᠰᠠᠨ ᠮᠡᠳᠡᠭᠡ 19 ᠬᠤᠭᠤᠴᠠᠭ᠎ᠠ᠂ ᠪᠥᠬᠦ ᠣᠷᠣᠨ ᠤ ᠭᠤᠣᠯ ᠪᠣᠯᠬᠤ ᠵᠠᠰᠠᠮᠠᠯ ᠵᠠᠮ ᠤᠨ ᠴᠠᠭ ᠠᠭᠤᠷ ᠤᠨ ᠲᠤᠰᠬᠠᠢ ᠮᠡᠳᠡᠭᠦᠯᠦᠯᠲᠡ ᠶᠢᠨ ᠮᠡᠳᠡᠭᠡ ᠵᠠᠩᠭᠢ 4 ᠬᠤᠭᠤᠴᠠᠭ᠎ᠠ ᠪᠣᠶ᠃ ᠡᠭᠦᠨ ᠤ ᠬᠠᠮᠲᠤ ᠡᠯ᠎ᠡ ᠠᠶᠢᠮᠠᠭ ᠬᠤᠲᠠ ᠶᠢᠨ ᠤᠯᠠᠭᠠᠨ᠂ ᠤᠯᠠᠪᠤᠷ ᠥᠩᠭᠡ ᠶᠢᠨ ᠤᠷᠢᠳᠴᠢᠯᠠᠨ ᠰᠡᠷᠡᠮᠵᠢᠯᠡᠭᠦᠯᠬᠦ ᠶᠢ ᠴᠠᠭ ᠲᠤᠬᠠᠢ ᠳᠤ ᠨᠢ ᠠᠶᠤᠯᠬᠦᠢ ᠦᠢᠯᠡᠳᠪᠦᠷᠢᠯᠡᠯ ᠤᠨ ᠠᠵᠢᠯ ᠤᠨ ᠴᠣᠭᠯᠠᠷᠠᠯ ᠳᠤ ᠳᠠᠮᠵᠢᠭᠤᠯᠤᠨ ᠲᠠᠷᠬᠠᠭᠠᠵᠤ᠂ ᠦᠶᠡᠷ ᠤᠨ ᠬᠤᠭᠤᠴᠠᠭᠠᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ᠂ ᠲᠡᠭᠡᠭᠡᠪᠦᠷᠢ ᠶᠢᠨ ᠦᠢᠯᠡᠴᠢᠯᠡᠭᠡ᠂ ᠵᠠᠰᠠᠮᠠᠯ ᠵᠠᠮ ᠤᠨ ᠠᠷᠠᠴᠢᠯᠠᠯᠲᠠ ᠬᠠᠮᠠᠭᠠᠯᠠᠯᠲᠠ ᠵᠡᠷᠭᠡ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠠᠵᠢᠯ ᠳᠤ ᠬᠦᠴᠦᠲᠡᠢ ᠮᠡᠷᠭᠡᠵᠢᠯ ᠤᠨ ᠲᠤᠯᠭᠠᠭᠤᠷᠢᠯᠠᠯ ᠬᠠᠩᠭᠠᠪᠠ᠃ ᠡᠭᠦᠨ ᠤ ᠬᠠᠮᠲᠤ ᠡᠯ᠎ᠡ ᠠᠶᠢᠮᠠᠭ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢ ᠪᠠᠭᠲᠠᠭᠠᠭᠰᠠᠨ 20 ᠬᠠᠮᠢᠶ᠎ᠠ ᠪᠦᠬᠦᠢ ᠨᠢᠭᠡᠴᠢ ᠶᠢᠨ ᠴᠠᠭ ᠠᠭᠤᠷ ᠢ ᠳᠠᠭᠠᠬᠤ ᠠᠷᠭ᠎ᠠ ᠬᠡᠮᠵᠢᠶ᠎ᠡ ᠶᠢ ᠡᠮᠬᠢᠯᠡᠨ ᠵᠠᠳᠠᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠴᠠᠭ ᠠᠭᠤᠷ ᠤᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠳᠠᠭᠠᠬᠤ ᠠᠵᠢᠯ ᠤᠨ ᠵᠦᠭᠯᠡᠭᠦᠷ︾ ︵ᠰᠠᠨᠠᠯ ᠬᠤᠷᠢᠶᠠᠬᠤ        ᠨᠣᠣᠷᠠᠭ︶ ᠢ ᠲᠤᠭᠤᠷᠪᠢᠬᠤ ᠶᠢᠨ ᠬᠠᠮᠲᠤ ᠡᠯ᠎ᠡ ᠨᠢᠭᠡᠴᠢ ᠶᠢᠨ ᠰᠠᠨᠠᠯ ᠰᠠᠨᠠᠭᠤᠯᠭ᠎ᠠ ᠶᠢ ᠬᠤᠷᠢᠶᠠᠪᠠ᠃      ᠲᠠᠷᠠᠭᠠᠴᠢ ᠶᠢᠨ ᠠᠯᠬᠤᠮ ᠳᠤ᠂ ᠲᠣᠰ ᠲᠥᠪ ᠨᠢ ᠵᠠᠰᠠᠮᠠᠯ ᠵᠠᠮ ᠤᠨ ᠵᠠᠮ ᠬᠠᠷᠢᠯᠴᠠᠭᠠᠨ ᠤ ᠴᠠᠭ ᠠᠭᠤᠷ ᠤᠨ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠦᠢᠯᠡᠴᠢᠯᠡᠭᠡ ᠶᠢ ᠦᠷᠭᠦᠯᠵᠢᠯᠡᠨ ᠴᠢᠩᠭᠠᠳᠬᠠᠵᠤ᠂ ᠰᠠᠯᠠᠭ᠎ᠠ ᠮᠥᠴᠢᠷ ᠤᠨ ᠬᠠᠮᠵᠢᠯᠴᠠᠨ ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠨ᠂ ᠴᠠᠭ ᠠᠭᠤᠷ ᠤᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠠᠷᠭ᠎ᠠ ᠵᠠᠮ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠴᠠᠭ ᠠᠭᠤᠷ ᠤᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠴᠠᠭ ᠲᠤᠬᠠᠶᠢᠴᠢ ᠴᠢᠨᠠᠷ ᠪᠠ ᠣᠨᠣᠪᠴᠢᠲᠤ ᠴᠢᠨᠠᠷ ᠢ ᠳᠡᠭᠡᠭᠰᠢᠯᠡᠭᠦᠯᠦᠨ᠂ ᠴᠠᠭ ᠠᠭᠤᠷ ᠤᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢᠨ ᠦᠢᠯᠡᠴᠢᠯᠡᠭᠡ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢ ᠲᠤᠯᠭᠠᠭᠤᠷᠢᠯᠠᠬᠤ ᠴᠢᠳᠠᠪᠤᠷᠢ ᠪᠠ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃               ︵ᠥᠪᠡᠷᠲᠡᠭᠡᠨ ᠵᠠᠰᠠᠬᠤ ᠣᠷᠣᠨ ᠤ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠠᠵᠢᠯᠯᠠᠭᠠᠨ ᠢ             ᠬᠢᠨᠠᠨ ᠬᠡᠮᠵᠢᠬᠦ ᠬᠢᠭᠡᠳ ᠪᠠᠴᠢᠮ ᠪᠠᠶᠢᠳᠠᠯ ᠢ ᠠᠷᠭᠠᠴᠠᠭᠠᠨ ᠵᠢᠯᠤᠭᠤᠳᠬᠤ ᠲᠥᠪ︶
 
ᠢᠷᠡᠯᠲᠡ᠄ ᠦᠪᠦᠷ ᠮᠣᠩᠭᠤᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号